ᠪᠢᠴᠢᠭ ᠮᠠᠲ᠋ᠧᠷᠢᠶᠠᠯ ᠤᠨ ᠨᠡᠷᠡᠶᠢᠳᠦᠯ᠄ ︽ᠳ᠋ᠦᠩ ᠾᠧ ᠲᠣᠭᠤᠷᠢᠭ ᠤᠨ 2022 ᠣᠨ ᠤ ᠪᠤᠴᠠᠵᠤ | ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ ᠲᠥᠰᠥᠯ︾ ᠢ ᠳᠠᠷᠤᠮᠠᠯᠯᠠᠨ | ᠲᠠᠷᠬᠠᠭᠠᠬᠤ ᠲᠤᠬᠠᠢ ᠮᠡᠳᠡᠭᠳᠡᠯ | ᠪᠢᠴᠢᠭ ᠮᠠᠲ᠋ᠧᠷᠢᠶᠠᠯ ᠲᠠᠷᠬᠠᠭᠠᠭᠰᠠᠨ ᠨᠢᠭᠡᠴᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ | ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ | ᠳᠤᠭᠤᠶᠢᠯᠠᠩ | ᠪᠢᠴᠢᠭ ᠮᠠᠲ᠋ᠧᠷᠢᠶᠠᠯ ᠲᠠᠷᠬᠠᠭᠠᠭᠰᠠᠨ ᠴᠠᠭ᠄ 2022 ᠣᠨ ᠤ 7 ᠰᠠᠷ᠎ᠠ ᠶᠢᠨ 28 ᠤ ᠡᠳᠦᠷ | ᠪᠢᠴᠢᠭ ᠮᠠᠲ᠋ᠧᠷᠢᠶᠠᠯ ᠤᠨ ᠳ᠋ᠤᠭᠠᠷ᠄ ᠪᠦᠦ ᠳ᠋ᠦᠩ ᠰᠢᠶᠠᠩ ᠵᠧᠨ ᠳᠤᠭᠤᠶᠢᠯᠠᠩ ᠲᠠᠷᠬᠠᠭᠠᠭᠰᠠᠨ ﹇2022﹈ | 5 ᠳ᠋ᠤᠭᠠᠷ ᠲᠣᠭᠠᠲᠤ | ᠪᠢᠴᠢᠭ ᠮᠠᠲ᠋ᠧᠷᠢᠶᠠᠯ ᠤᠨ ᠲᠠᠨᠢᠯᠴᠠᠭᠤᠯᠭ᠎ᠠ᠄ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠤᠯᠠᠮ ᠨᠢᠭᠡ | ᠠᠯᠬᠤᠮ ᠡᠮᠬᠢᠯᠡᠨ ᠲᠣᠳᠣᠷᠬᠠᠶᠢᠯᠠᠬᠤ ᠶᠢᠨ ᠲᠥᠯᠥᠭᠡ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠩᠭᠤ ᠶᠢᠨ ᠬᠢᠨᠠᠨ | ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠠᠬᠢᠭᠤᠯᠵᠤ᠂ ᠳ᠋ᠦᠩ ᠾᠧ ᠲᠣᠭᠤᠷᠢᠭ ᠤᠨ ᠬᠢᠨ ︽ | ᠳ᠋ᠦᠩ ᠾᠧ ᠲᠣᠭᠤᠷᠢᠭ ᠤᠨ 2022 ᠣᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ | ᠬᠠᠪᠰᠤᠷᠤᠨ ᠲᠡᠳᠬᠦᠬᠦ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠳᠠᠬᠢᠨ ᠶᠠᠳᠠᠭᠤᠷᠠᠬᠤ ᠠᠴᠠ | ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠪᠠᠶᠢᠩᠭᠤᠵᠢᠭᠤᠯᠤᠨ ᠥᠷᠨᠢᠭᠦᠯᠦᠭᠰᠡᠨ | ᠰᠠᠭᠤᠷᠢᠨ ᠳᠡᠭᠡᠷ᠎ᠡ᠂ ᠪᠢᠴᠢᠭ ᠮᠠᠲᠧᠷᠢᠶᠠᠯ ᠳᠤ ᠲᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠬᠤ ᠡᠷᠦᠬᠡ︵ᠪᠠᠰᠠ | ︽ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠯᠭᠠᠬᠤ ᠡᠲᠡᠭᠡᠳ︾ᠭᠡᠳᠡᠭ᠂ ︽ᠬᠢᠨᠠᠨ ᠰᠢᠯᠭᠠᠬᠤ ᠡᠲᠡᠭᠡᠳ︾ᠭᠡᠵᠦ | ᠳᠥᠭᠦᠮᠴᠢᠯᠡᠨ᠎ᠡ︶︶ ᠶᠢ ᠢᠯᠭᠠᠨ ᠲᠠᠨᠢᠬᠤ᠂ ᠬᠠᠪᠰᠤᠷᠤᠨ ᠲᠡᠳᠬᠦᠬᠦ ᠡᠯ᠎ᠡ ᠲᠠᠯ᠎ᠠ ᠶᠢᠨ ᠠᠵᠢᠯ ᠤᠨ ᠱᠠᠭᠠᠷᠳᠠᠯᠭ᠎ᠠ ᠶᠢ | ᠤᠯᠠᠮ ᠨᠢᠭᠡ ᠠᠯᠬᠤᠮ ᠡᠮᠬᠢᠯᠡᠨ ᠲᠣᠳᠣᠷᠬᠠᠶᠢᠯᠠᠪᠠ᠂ ᠳᠥᠭᠦᠮᠬᠡᠨ ᠢᠶᠠᠷ ᠬᠡᠯᠡᠪᠡᠯ᠂ ᠢᠯᠭᠠᠨ ᠲᠠᠨᠢᠬᠤ ᠬᠡᠪᠴᠢᠶᠡᠨ ᠳᠠᠬᠢ | ᠰᠢᠨ᠎ᠡ ᠪᠠᠷ ᠶᠠᠳᠠᠭᠤᠷᠠᠬᠤ ᠪᠤᠶᠤ ᠲᠠᠬᠢᠨ ᠶᠠᠳᠠᠭᠤᠷᠠᠬᠤ ᠲᠦᠭᠰᠢᠭᠦᠷᠢ ᠲᠠᠢ ᠬᠥᠮᠥᠰ ᠢ ᠪᠦᠬᠦᠨ ᠢ ᠲᠤᠰᠢᠶᠠᠵᠤ᠂ ᠴᠠᠭ | ᠲᠤᠬᠠᠢ ᠳᠤᠨᠢ ᠬᠠᠪᠰᠤᠷᠤᠨ ᠲᠡᠳᠬᠦᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠴᠢᠨᠠᠭᠰᠢᠳᠠ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠡᠮᠬᠢ ᠵᠢᠷᠤᠮ ᠲᠠᠢ ᠵᠣᠯᠭᠠᠭᠤᠯᠬᠤ ᠬᠡᠷᠡᠭᠲᠡᠢ᠃ | ᠬᠠᠷᠢᠯᠴᠠᠬᠤ ᠤᠲᠠᠰᠤ᠄ 4388696 | ︽ᠳ᠋ᠦᠩ ᠾᠧ ᠲᠣᠭᠤᠷᠢᠭ ᠤᠨ 2022 ᠣᠨ ᠤ ᠪᠤᠴᠠᠵᠤ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ | ᠬᠠᠪᠰᠤᠷᠤᠨ ᠲᠡᠳᠬᠦᠬᠦ ᠲᠤᠬᠠᠢ ᠠᠵᠢᠯ ᠤᠨ ᠲᠥᠰᠥᠯ︾ ᠢ ᠮᠡᠳᠡᠭᠳᠡᠬᠦ | ᠾᠧ ᠳ᠋ᠦᠩ ᠪᠠᠯᠭᠠᠰᠤ᠂ ᠰᠢᠷᠴᠢᠨ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠣᠷᠣᠨ ᠤ ᠰᠤᠷᠭᠠᠨ | ᠬᠥᠮᠦᠵᠢᠯ ᠤᠨ ᠲᠣᠪᠴᠢᠶ᠎ᠠ᠂ ᠣᠷᠣᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠣᠷᠣᠨ ᠤ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ᠂ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠷᠣᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ | ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ᠂ ᠣᠷᠣᠨ ᠤ ᠵᠡᠮᠳᠡᠭᠴᠦᠳ ᠤᠨ ᠬᠤᠯᠪᠣᠭ᠎ᠠ ᠳᠤ᠄ | ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠡᠮᠬᠢᠯᠡᠨ ᠲᠣᠳᠣᠷᠬᠠᠶᠢᠯᠠᠵᠤ᠂ | ᠪᠠᠶᠢᠩᠭᠤ ᠶᠢᠨ ᠴᠢᠨᠠᠷᠲᠠᠢ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ | ᠠᠵᠢᠯ ᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠡᠳᠦᠭᠡ ︽ᠳ᠋ᠦᠩ ᠾᠧ ᠲᠣᠭᠤᠷᠢᠭ ᠤᠨ 2022 ᠣᠨ ᠤ | ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ ᠲᠥᠰᠥᠯ︾ ᠢ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠪᠣᠯᠪᠠᠤ᠃ | | ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ | 2022 ᠣᠨ ᠤ 7 ᠰᠠᠷ᠎ᠠ ᠶᠢᠨ 28 ᠤ ᠡᠳᠦᠷ | ᠳ᠋ᠦᠩ ᠾᠧ ᠲᠣᠭᠤᠷᠢᠭ ᠤᠨ 2022 ᠣᠨ ᠤ ᠪᠤᠴᠠᠵᠤ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ | ᠬᠠᠪᠰᠤᠷᠤᠨ ᠲᠡᠳᠬᠦᠬᠦ ᠠᠵᠢᠯ ᠤᠨ ᠲᠥᠰᠥᠯ | ᠰᠢ ᠶᠢᠨ ᠫᠢᠩ ᠶᠡᠷᠦᠩᠬᠡᠢ ᠱᠦᠵᠢ ᠶᠢᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ | ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠣᠷᠣᠨ ᠤ ᠡᠯ᠎ᠡ ᠱᠠᠲᠤᠨ ᠤ | ᠡᠯ᠎ᠡ ᠰᠠᠯᠠᠭ᠎ᠠ ᠮᠥᠴᠢᠷ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ | ᠠᠵᠢᠯ ᠤᠨ ᠬᠠᠷᠢᠭᠤᠴᠠᠯᠭ᠎ᠠ ᠶᠢ ᠦᠷᠭᠦᠯᠵᠢᠯᠡᠨ ᠴᠢᠩᠭ᠎ᠠ ᠠᠳᠬᠤᠵᠤ᠂ ᠬᠡᠪᠴᠢᠶᠡᠵᠢᠯ ᠤᠨ ᠴᠢᠨᠠᠷᠲᠠᠢ ᠳᠠᠬᠢᠨ | ᠶᠠᠳᠠᠭᠤᠷᠠᠬᠤ ᠪᠠᠶᠢᠳᠠᠯ ᠭᠠᠷᠬᠤ ᠦᠭᠡᠢ ᠪᠠᠶᠢᠬᠤ ᠶᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ | ᠂ ᠳ᠋ᠦᠩ ᠾᠧ ᠲᠣᠭᠤᠷᠢᠭ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠥᠳᠡᠯᠦᠩᠭᠦᠢ ᠬᠢᠨᠠᠨ ᠬᠡᠮᠵᠢᠬᠦ | ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠬᠦ ᠠᠵᠢᠯ ᠤᠨ ᠲᠥᠰᠥᠯ ︵ᠥᠪᠥᠷ ᠨᠠᠮ ᠤᠨ ᠲᠠᠷᠢᠶᠠᠯᠠᠩ | ᠮᠠᠯ ᠠᠵᠤ ᠠᠬᠤᠢ ᠶᠢᠨ ᠳᠤᠭᠤᠶᠢᠯᠠᠩ ᠲᠠᠷᠬᠠᠭᠠᠭᠰᠠᠨ ﹇2021﹈ 2 ᠳ᠋ᠤᠭᠠᠷ ᠲᠣᠭᠠᠲᠤ᠂ ᠪᠤᠭᠤᠲᠤ ᠲᠠᠷᠢᠶᠠᠯᠠᠩ | ᠮᠠᠯ ᠠᠵᠤ ᠠᠬᠤᠢ ᠶᠢᠨ ᠳᠤᠭᠤᠶᠢᠯᠠᠩ ᠲᠠᠷᠬᠠᠭᠠᠭᠰᠠᠨ ﹇2021﹈ 2 ᠳ᠋ᠤᠭᠠᠷ ᠲᠣᠭᠠᠲᠤ︶ ᠲᠠᠢ ᠤᠶᠠᠯᠳᠤᠭᠤᠯᠤᠨ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠨ | ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ ᠲᠥᠰᠥᠯ︾ ︵ᠥᠪᠥᠷ ᠨᠠᠮ ᠤᠨ ᠲᠠᠷᠢᠶᠠᠯᠠᠩ ᠮᠠᠯ ᠠᠵᠤ | ᠠᠬᠤᠢ ᠶᠢᠨ ᠳᠤᠭᠤᠶᠢᠯᠠᠩ ᠲᠠᠷᠬᠠᠭᠠᠭᠰᠠᠨ ﹇2022﹈ 3 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠦᠨᠳᠦᠰᠦᠯᠡᠨ᠂ ᠣᠨᠴᠣᠭᠤᠶᠢᠯᠠᠨ ᠲᠣᠰ ᠲᠥᠰᠥᠯ ᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ︽ᠳᠥᠷᠪᠡ ᠶᠢ ᠬᠠᠰᠤᠬᠤ ᠦᠭᠡᠢ︾ ᠠᠵᠢᠯ ᠤᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠢᠨᠠᠨ | ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ | ᠬᠥᠳᠡᠯᠦᠩᠭᠦᠢ ᠬᠢᠨᠠᠨ ᠬᠡᠮᠵᠢᠬᠦ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠠᠵᠢᠯ ᠤᠨ ᠶᠠᠪᠤᠴᠠ ᠶᠢ ᠳᠥᠭᠦᠮᠴᠢᠯᠡᠵᠦ᠂ | ᠮᠠᠭᠠᠳᠯᠠᠨ ᠲᠣᠭᠲᠠᠭᠠᠬᠤ ᠴᠠᠭ ᠬᠤᠭᠤᠴᠠᠭ᠎ᠠ ᠶᠢ ᠪᠣᠭᠤᠨᠢᠰᠬᠠᠵᠤ᠂ ᠬᠢᠨᠠᠨ ᠬᠡᠮᠵᠢᠬᠦ ᠠᠷᠭ᠎ᠠ ᠵᠠᠮ ᠢ ᠥᠷᠭᠡᠳᠬᠡᠨ | ᠰᠠᠭᠠᠳ ᠦᠭᠡᠢ ᠨᠠᠪᠲᠠᠷᠡᠭᠦᠯᠵᠦ᠂ ᠲᠤᠭ᠎ᠠ ᠪᠠᠷᠢᠮᠲᠠ ᠶᠢ ᠬᠠᠷᠢᠴᠠᠭᠤᠯᠤᠨ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ | ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠬᠤ ᠡᠷᠦᠬᠡ ᠶᠢ ᠨᠠᠷᠢᠯᠢᠭ ᠣᠨᠣᠴᠢᠲᠠᠢ ᠪᠠᠷ ᠲᠣᠭᠲᠠᠭᠠᠨ᠎ᠠ ︵ᠪᠠᠰᠠ ︽ | ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠯᠭᠠᠬᠤ ᠡᠲᠡᠭᠡᠳ︾ ᠭᠡᠳᠡᠭ᠂ ᠳᠥᠭᠦᠮᠴᠢᠯᠡᠭᠡᠳ ︽ᠬᠢᠨᠠᠨ | ᠰᠢᠯᠭᠠᠬᠤ ᠡᠲᠡᠭᠡᠳ︾ ᠭᠡᠳᠡᠭ᠂ ᠳᠣᠷᠣᠭᠰᠢ ᠠᠳᠠᠯᠢ︶᠃ ᠬᠢᠨᠠᠨ ᠬᠡᠮᠵᠢᠵᠦ ᠬᠠᠪᠰᠤᠷᠤᠨ ᠲᠡᠳᠬᠦᠬᠦ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠤᠨᠢᠨ ᠳᠡᠭᠡᠷ᠎ᠡ ᠨᠢ ᠬᠢᠨᠠᠨ ᠬᠡᠮᠵᠢᠵᠦ᠂ ᠴᠠᠭ | ᠲᠤᠬᠠᠢ ᠳᠤᠨᠢ ᠬᠠᠪᠰᠤᠷᠤᠨ ᠲᠡᠳᠬᠦᠬᠦ ᠶᠢ ᠦᠨᠡᠨᠬᠦ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠬᠥᠮᠥᠨ | ᠠᠮᠠ ᠶᠢᠨ ᠣᠷᠣᠯᠭ᠎ᠠ ᠶᠢ ᠳᠠᠰᠤᠷᠠᠯᠳᠠ ᠦᠭᠡᠢ ᠨᠡᠮᠡᠭᠳᠡᠭᠦᠯᠵᠦ᠂ ᠶᠠᠳᠠᠭᠤᠷᠠᠬᠤ ᠪᠠ ᠳᠠᠬᠢᠨ ᠶᠠᠳᠠᠭᠤᠷᠠᠬᠤ | ᠲᠦᠭᠰᠢᠭᠦᠷᠢ ᠶᠢ ᠪᠤᠢ ᠪᠣᠯᠭᠠᠭᠰᠠᠨ ᠨᠢᠭᠡ ᠡᠷᠦᠬᠡ ᠶᠢ ᠢᠯᠡᠷᠡᠭᠦᠯᠵᠦ᠂ ᠨᠢᠭᠡ ᠡᠷᠦᠬᠡ ᠳᠤ ᠣᠷᠣᠭᠤᠯᠵᠤ᠂ ᠴᠠᠭ ᠲᠤᠬᠠᠢ | ᠳᠤᠨᠢ ᠬᠠᠪᠰᠤᠷᠤᠨ ᠲᠡᠳᠬᠦᠵᠦ᠂ ᠲᠦᠭᠰᠢᠭᠦᠷᠢ ᠶᠢ ᠴᠠᠭ ᠲᠤᠬᠠᠢ ᠳᠤᠨᠢ ᠠᠷᠢᠯᠭᠠᠵᠤ᠂ ᠶᠠᠳᠠᠭᠤ ᠶᠢ ᠰᠡᠷᠭᠡᠶᠢᠯᠡᠬᠦ | ᠪᠦᠬᠦᠯᠢ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠡᠮᠬᠢ ᠵᠢᠷᠤᠮ ᠲᠠᠢ | ᠵᠣᠯᠭᠠᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ | ᠬᠤᠶᠠᠷ᠂ ᠠᠵᠢᠯ ᠤᠨ ᠠᠭᠤᠯᠭ᠎ᠠ | ︽ᠥᠪᠡᠷᠲᠡᠭᠡᠨ ᠵᠠᠰᠠᠬᠤ ᠣᠷᠣᠨ ᠤ 2022 ᠣᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢᠨ ᠬᠢᠨᠠᠨ | ᠬᠡᠮᠵᠢᠵᠦ ᠬᠠᠪᠰᠤᠷᠤᠨ ᠲᠡᠳᠬᠦᠬᠦ ᠠᠵᠢᠯ ᠤᠨ ᠲᠥᠰᠥᠯ︾ ︵ᠥᠪᠥᠷ ᠨᠠᠮ ᠤᠨ ᠲᠠᠷᠢᠶᠠᠯᠠᠩ ᠮᠠᠯ ᠠᠵᠤ ᠠᠬᠤᠢ | ᠠᠯᠪᠠᠨ ᠲᠠᠷᠬᠠᠭᠠᠭᠰᠠᠨ ﹇2022﹈ 3 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ | ᠪᠠᠶᠢᠩᠭᠤᠵᠢᠭᠤᠯᠤᠭᠰᠠᠨ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠤᠨ ᠵᠠᠷᠴᠢᠮ ᠶᠣᠰᠣᠭᠠᠷ᠂ ᠭᠡᠷ ᠪᠦᠯᠢ ᠪᠠᠷ | ᠨᠢᠭᠡᠴᠢ ᠪᠣᠯᠭᠠᠨ᠂ ᠡᠳᠦᠷ ᠲᠤᠲᠤᠮ ᠤᠨ ᠬᠢᠨᠠᠨ ᠬᠡᠮᠵᠢᠯᠲᠡ ᠶᠢ ᠪᠠᠶᠢᠩᠭᠤᠵᠢᠭᠤᠯᠤᠨ ᠥᠷᠨᠢᠭᠦᠯᠵᠦ᠂ | ᠭᠤᠣᠯᠳᠠᠯᠭ᠎ᠠ ᠲᠠᠢ ᠬᠢᠨᠠᠨ ᠬᠡᠮᠵᠢᠯᠲᠡ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠥᠷᠨᠢᠭᠦᠯᠵᠦ᠂ ᠬᠥᠳᠡᠯᠦᠩᠭᠦᠢ | ᠬᠠᠮᠢᠶᠠᠷᠤᠯᠲᠠ ᠪᠠ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠶᠢ | ᠤᠯᠠᠮ ᠨᠢᠭᠡ ᠠᠯᠬᠤᠮ ᠲᠣᠳᠣᠷᠬᠠᠶᠢᠯᠠᠨ᠎ᠠ᠃ | 1. ᠡᠳᠦᠷ ᠲᠤᠲᠤᠮ ᠤᠨ ᠬᠢᠨᠠᠨ ᠬᠡᠮᠵᠢᠯᠲᠡ᠃ᠡᠳᠦᠷ ᠲᠤᠲᠤᠮ ᠤᠨ ᠭᠤᠣᠯᠳᠠᠯᠭ᠎ᠠ ᠲᠠᠢ ᠪᠠᠷ ᠡᠪᠡᠳᠴᠢᠨ ᠤ | ᠰᠢᠯᠲᠠᠭᠠᠨ ᠪᠠ ᠭᠠᠮᠰᠢᠭ ᠤᠨ ᠰᠢᠯᠲᠠᠭᠠᠨ ᠠᠴᠠ ᠪᠣᠯᠵᠤ ᠭᠡᠨᠡᠳᠲᠡ ᠶᠢᠨ ᠠᠳᠡᠯ ᠭᠠᠷᠤᠭᠰᠠᠨ ᠵᠡᠷᠭᠡ ᠵᠠᠷᠤᠯᠭ᠎ᠠ | ᠨᠡᠯᠢᠶᠡᠳ ᠶᠡᠭᠡ ᠪᠤᠶᠤ ᠣᠷᠣᠯᠭ᠎ᠠ ᠨᠢ ᠶᠡᠭᠡ ᠪᠠᠷ ᠬᠠᠰᠤᠭᠳᠠᠭᠰᠠᠨ ᠠᠴᠠ ᠪᠣᠯᠵᠤ ᠦᠨᠳᠦᠰᠦᠨ ᠠᠮᠢᠳᠤᠷᠠᠯ ᠳᠤᠨᠢ | ᠬᠦᠨᠳᠦ ᠨᠣᠴᠢᠲᠠᠢ ᠬᠦᠴᠢᠷᠳᠡᠯ ᠲᠠᠢ ᠡᠷᠦᠬᠡ ᠶᠢ ᠬᠢᠨᠠᠨ ᠡᠵᠡᠮᠳᠡᠵᠦ᠂ ᠡᠭᠦᠨ ᠳᠤ ᠺᠠᠳ᠋ᠷᠴᠤᠳ ᠤᠨ ᠡᠳᠦᠷ | ᠲᠤᠲᠤᠮ ᠤᠨ ᠪᠠᠶᠢᠴᠠᠭᠠᠯᠲᠠ᠂ ᠣᠯᠠᠨ ᠲᠦᠮᠡᠨ ᠤ ᠲᠤᠰᠬᠠᠯ ᠪᠠ ᠪᠡᠶ᠎ᠡ ᠪᠠᠨ ᠳᠠᠭᠠᠭᠠᠵᠤ ᠮᠡᠳᠡᠭᠦᠯᠬᠦ ᠵᠡᠷᠭᠡ ᠡᠯ᠎ᠡ | ᠵᠦᠢᠯ ᠤᠨ ᠠᠷᠭ᠎ᠠ ᠵᠠᠮ ᠢᠶᠠᠷ ᠣᠷᠣᠰᠢᠵᠤ ᠮᠡᠳᠡᠬᠦ ᠶᠠᠳᠠᠭᠤᠷᠠᠬᠤ ᠪᠠ ᠳᠠᠬᠢᠨ ᠶᠠᠳᠠᠭᠤᠷᠠᠬᠤ ᠠᠶᠤᠯ ᠲᠦᠭᠰᠢᠭᠦᠷᠢ ᠶᠢ | ᠢᠯᠡᠷᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠲᠣᠭᠲᠠᠭᠤᠨ ᠪᠤᠰᠤ ᠡᠷᠦᠬᠡ᠂ ᠵᠠᠬ᠎ᠠ ᠬᠢᠵᠠᠭᠠᠷ ᠤᠨ ᠠᠮᠠᠷᠬᠠᠨ | ᠶᠠᠳᠠᠭᠤᠷᠠᠬᠤ ᠡᠷᠦᠬᠡ᠂ ᠭᠡᠨᠡᠳᠲᠡ ᠡᠭᠦᠰᠬᠦ ᠬᠦᠨᠳᠦ ᠨᠣᠴᠢᠲᠠᠢ ᠬᠦᠴᠢᠷᠳᠡᠯ ᠲᠠᠢ ᠡᠷᠦᠬᠡ ᠵᠡᠷᠭᠡ 3 ᠲᠥᠷᠥᠯ ᠤᠨ | ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠬᠤ ᠡᠷᠦᠬᠡ ᠳᠤ ᠴᠠᠭ ᠲᠤᠬᠠᠢ ᠳᠤᠨᠢ ᠲᠥᠷᠥᠯ ᠬᠤᠪᠢᠶᠠᠨ | ᠣᠷᠣᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ᠂ ᠣᠷᠣᠨ ᠰᠠᠭᠤᠴᠠ ᠶᠢᠨ | ᠠᠮᠤᠷ ᠲᠦᠪᠰᠢᠨ᠂ ᠤᠤᠭᠤᠬᠤ ᠤᠰᠤᠨ ᠤ ᠠᠮᠤᠷ ᠲᠦᠪᠰᠢᠨ ᠵᠡᠷᠭᠡ ᠲᠠᠯ᠎ᠠ ᠪᠠᠷ ᠠᠰᠠᠭᠤᠳᠠᠯ ᠣᠷᠣᠰᠢᠵᠤ ᠪᠠᠶᠢᠪᠠᠯ᠂ | ᠬᠠᠨᠳᠤᠯᠭᠠᠲᠤ ᠴᠢᠨᠠᠷᠲᠠᠢ ᠪᠠᠷ ᠬᠠᠪᠰᠤᠷᠤᠨ ᠲᠡᠳᠬᠦᠬᠦ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠵᠤ᠂ ᠠᠰᠠᠭᠤᠳᠠᠯ ᠢ | ᠲᠦᠷᠭᠡᠬᠡᠨ ᠰᠢᠢᠳᠪᠦᠷᠢᠯᠡᠵᠦ᠂ ᠲᠦᠭᠰᠢᠭᠦᠷᠢ ᠶᠢ ᠠᠷᠢᠯᠭᠠᠨ᠎ᠠ᠃ᠬᠢᠨᠠᠨ ᠰᠢᠯᠭᠠᠵᠤ ᠢᠯᠭᠠᠨ ᠲᠠᠨᠢᠬᠤ ᠪᠠ ᠬᠠᠪᠰᠤᠷᠤᠨ | ᠲᠡᠳᠬᠦᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠪᠠᠯᠠᠢ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ᠂ ᠰᠦᠯᠵᠢᠶᠡᠨ ᠤ ᠠᠵᠢᠯᠲᠠᠨ ᠵᠡᠷᠭᠡ ᠶᠢᠨ | ᠵᠢᠭᠰᠠᠭᠠᠨ ᠪᠠᠶᠢᠴᠠᠭᠠᠬᠤ ᠬᠦᠴᠦᠨ ᠪᠠ ᠣᠯᠠᠨ ᠲᠦᠮᠡᠨ ᠤ ᠬᠦᠴᠦᠨ ᠢ ᠭᠦᠢᠴᠡᠳ ᠳᠠᠶᠢᠴᠢᠯᠠᠵᠤ᠂ ᠢᠯᠠᠩᠭᠤᠶ᠎ᠠ | ᠭᠠᠳᠠᠭᠰᠢ ᠭᠠᠷᠴᠤ ᠨᠤᠲᠤᠭ ᠲᠠᠭᠠᠨ ᠪᠤᠴᠠᠭᠰᠠᠨ᠂ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ ᠴᠢᠳᠠᠪᠤᠷᠢ | ᠦᠭᠡᠢ ᠵᠢᠴᠢ ︽ᠲᠠᠭᠤ ᠴᠢᠮᠡᠭᠡ ᠦᠭᠡᠢ︾ ᠵᠡᠷᠭᠡ ᠬᠥᠮᠥᠰ ᠢ ᠳᠡᠭᠡᠳᠦ ᠬᠡᠮᠵᠢᠶ᠎ᠡ ᠪᠠᠷ ᠠᠩᠬᠠᠷᠴᠤ᠂ ᠨᠡᠶᠢᠭᠡᠮ ᠤᠨ | ᠲᠤᠰᠬᠠᠭᠰᠠᠨ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢᠨ ᠰᠦᠪᠡᠭᠴᠢ ᠶᠢ ᠵᠣᠷᠢᠭᠵᠢᠭᠤᠯᠤᠨ ᠳᠡᠮᠵᠢᠵᠦ | ᠂ ᠨᠡᠶᠢᠭᠡᠮ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠡᠷᠴᠢᠮ ᠢᠶᠠᠨ | ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠭᠤᠶᠤᠴᠢᠯᠠᠨ ᠮᠡᠳᠡᠭᠦᠯᠬᠦ ᠠᠷᠭ᠎ᠠ ᠵᠠᠮ ᠢ ᠥᠷᠭᠡᠳᠬᠡᠨ᠂ | ᠢᠯᠡᠷᠡᠭᠦᠯᠬᠦ ᠶᠢ ᠳᠠᠭᠠᠯᠳᠤᠨ ᠣᠷᠣᠭᠤᠯᠬᠤ᠂ ᠬᠦᠴᠢᠷᠳᠡᠯ ᠳᠤ ᠲᠤᠯᠭᠠᠷᠠᠪᠠᠯ ᠳᠠᠷᠤᠢ ᠲᠡᠳᠬᠦᠬᠦ᠂ ᠴᠠᠭ ᠲᠤᠬᠠᠢ ᠳᠤᠨᠢ | ᠬᠠᠪᠰᠤᠷᠤᠨ ᠲᠡᠳᠬᠦᠬᠦ ᠶᠢ ᠪᠡᠶᠡᠯᠡᠭᠦᠯᠬᠦ ᠬᠡᠷᠡᠭᠲᠡᠢ᠃ᠡᠭᠦᠨ ᠤ ᠵᠡᠷᠭᠡᠴᠡᠭᠡᠪᠡᠷ ᠨᠠᠭᠠᠲᠤ ᠵᠠᠬ᠎ᠠ ᠶᠢᠨ ᠪᠠᠲᠤᠯᠠᠭ᠎ᠠ᠂ ᠠᠶᠤᠯ | ᠲᠦᠭᠰᠢᠭᠦᠷᠢ ᠶᠢᠨ ᠥᠭᠡᠷᠡᠴᠢᠯᠡᠯᠲᠡ᠂ ᠠᠪᠤᠷᠠᠨ ᠲᠤᠰᠠᠯᠠᠬᠤ ᠵᠡᠷᠭᠡ ᠪᠠᠷ ᠮᠡᠳᠡᠭᠦᠯᠦᠭᠰᠡᠨ ᠬᠥᠮᠥᠰ ᠲᠤ ᠬᠤᠣᠰ | ᠴᠢᠭᠯᠡᠯ ᠢᠶᠠᠷ ᠮᠠᠭᠠᠳᠯᠠᠨ ᠲᠣᠭᠲᠠᠭᠠᠬᠤ ᠠᠵᠢᠯ ᠢ ᠢᠳᠡᠪᠬᠢᠲᠡᠢ ᠥᠷᠨᠢᠭᠦᠯᠵᠦ᠂ ᠨᠥᠬᠦᠴᠡᠯ ᠳᠤ ᠨᠡᠶᠢᠴᠡᠭᠰᠡᠨ ᠢ ᠨᠢ | ᠬᠢᠨᠠᠨ ᠬᠡᠮᠵᠢᠬᠦ ᠬᠡᠪᠴᠢᠶᠡᠨ ᠳᠤ ᠴᠠᠭ ᠲᠤᠬᠠᠢ ᠳᠤᠨᠢ ᠣᠷᠣᠭᠤᠯᠬᠤ ᠬᠡᠷᠡᠭᠲᠡᠢ᠃ᠣᠷᠣᠭᠤᠯᠤᠭᠰᠠᠨ ᠦᠭᠡᠢ ᠪᠠᠶᠢᠪᠠᠯ | ᠰᠤᠳᠤᠯᠤᠨ ᠮᠠᠭᠠᠳᠯᠠᠭᠰᠠᠨ ᠦᠷ᠎ᠡ ᠳ᠋ᠦᠩ ᠢᠶᠠᠨ ᠡᠷᠦᠬᠡ ᠳᠠᠷᠠᠭᠠᠯᠠᠨ ᠲᠣᠳᠣᠷᠬᠠᠶᠢᠯᠠᠵᠤ᠂ ᠣᠷᠣᠭᠤᠯᠤᠭᠰᠠᠨ ᠦᠭᠡᠢ | ᠰᠢᠯᠲᠠᠭᠠᠨ ᠢᠶᠠᠨ ᠲᠣᠳᠣᠷᠬᠠᠶᠢᠯᠠᠨ᠂ ᠣᠨᠴᠣᠭᠤᠢ ᠲᠠᠩᠰᠠ ᠡᠪᠬᠡᠮᠡᠯ ᠪᠠᠶᠢᠭᠤᠯᠵᠤ᠂ ᠭᠡᠷᠡᠴᠢ ᠪᠣᠯᠬᠤ ᠮᠠᠲ᠋ᠧᠷᠢᠶᠠᠯ ᠢ | ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ | 2. ᠭᠤᠣᠯᠳᠠᠯᠭ᠎ᠠ ᠲᠠᠢ ᠬᠢᠨᠠᠨ ᠬᠡᠮᠵᠢᠨ᠎ᠡ᠃ᠭᠤᠣᠯᠳᠠᠯᠭ᠎ᠠ ᠲᠠᠢ ᠬᠢᠨᠠᠨ ᠪᠠᠶᠢᠴᠠᠭᠠᠬᠤ ᠠᠷᠭ᠎ᠠ ᠮᠠᠶ᠋ᠢᠭ ᠢᠶᠠᠷ | ᠥᠷᠨᠢᠭᠦᠯᠵᠦ᠂ ᠠᠷᠠᠳ ᠤᠨ ᠶᠠᠪᠤᠳᠠᠯ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠮ | ᠡᠮᠨᠡᠯᠭᠡ ᠶᠢᠨ ᠳᠠᠭᠠᠳᠬᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠡᠷᠡᠭᠦᠯ | ᠬᠠᠮᠠᠭᠠᠯᠠᠯ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠲᠠᠷᠢᠶᠠᠯᠠᠩ ᠮᠠᠯ ᠠᠵᠤ ᠠᠬᠤᠢ᠂ ᠪᠠᠴᠢᠮ ᠪᠠᠶᠢᠳᠠᠯ ᠢ | ᠠᠷᠭᠠᠴᠠᠬᠤ᠂ ᠤᠰᠤᠨ ᠠᠰᠢᠭᠯᠠᠯᠲᠠ᠂ ᠵᠡᠮᠳᠡᠭᠴᠦᠳ ᠤᠨ ᠬᠤᠯᠪᠣᠭ᠎ᠠ ᠵᠡᠷᠭᠡ ᠠᠵᠢᠯ ᠲᠥᠷᠥᠯ ᠤᠨ ᠰᠠᠯᠠᠭ᠎ᠠ | ᠮᠥᠴᠢᠷ ᠤᠨ ᠲᠤᠭ᠎ᠠ ᠪᠠᠷᠢᠮᠲᠠ ᠶᠢ ᠵᠣᠯᠭᠠᠭᠤᠯᠬᠤ ᠪᠠᠷ ᠳᠠᠮᠵᠢᠭᠤᠯᠤᠨ ᠠᠵᠢᠯ ᠲᠥᠷᠥᠯ ᠤᠨ ᠰᠢᠭᠰᠢᠨ ᠪᠠᠶᠢᠴᠠᠭᠠᠵᠤ | ᠰᠡᠷᠡᠮᠵᠢᠯᠡᠭᠦᠯᠬᠦ ᠲᠤᠭ᠎ᠠ ᠪᠠᠷᠢᠮᠲᠠ ᠶᠢ ᠪᠣᠶ ᠪᠣᠯᠭᠠᠵᠤ᠂ ᠵᠢᠴᠢ ᠪᠠᠯᠭᠠᠰᠤ ᠲᠣᠰᠬᠤᠨ ᠤ ᠬᠢᠨ ᠭᠤᠣᠯᠳᠠᠯᠭ᠎ᠠ ᠲᠠᠢ | ᠵᠢᠭᠰᠠᠭᠠᠨ ᠪᠠᠶᠢᠴᠠᠭᠠᠬᠤ ᠴᠢᠬᠤᠯᠠᠲᠠᠢ ᠡᠲᠡᠭᠡᠳ ᠢ ᠥᠪᠡᠷ ᠢᠶᠠᠨ ᠡᠵᠡᠮᠰᠢᠵᠦ᠂ ᠲᠠᠬᠢᠨ ᠶᠠᠳᠠᠭᠤᠷᠠᠬᠤ ᠲᠦᠭᠰᠢᠭᠦᠷᠢ ᠶᠢ | ᠭᠤᠣᠯᠳᠠᠯᠭ᠎ᠠ ᠲᠠᠢ ᠳᠠᠷᠠᠭᠠᠯᠠᠨ ᠪᠠᠶᠢᠴᠠᠭᠠᠬᠤ ᠪᠠ ᠰᠤᠳᠤᠯᠤᠨ ᠮᠠᠭᠠᠳᠯᠠᠵᠤ᠂ ᠣᠨᠴᠠᠭᠠᠶᠢᠯᠠᠨ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ᠂ ᠬᠦᠨᠳᠦ ᠡᠪᠡᠳᠴᠢᠨ ᠬᠦᠨᠳᠦ ᠡᠪᠡᠳᠴᠢᠨ ᠲᠠᠢ ᠪᠠ ᠳᠠᠷᠤᠭᠠᠰᠤ ᠨᠡᠯᠢᠶᠡᠳ ᠬᠦᠨᠳᠦ | ᠤᠳᠠᠭᠠᠨ ᠴᠢᠨᠠᠷᠲᠠᠢ ᠡᠪᠡᠳᠴᠢᠲᠡᠨ᠂ ᠬᠦᠨᠳᠦ ᠵᠡᠮᠳᠡᠭᠴᠦᠳ᠂ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠪᠠ | ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠲᠠᠷᠠᠬᠠᠢ ᠪᠤᠲᠠᠷᠬᠠᠢ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ | ᠬᠥᠮᠥᠰ᠂ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠤᠨ ᠬᠥᠮᠥᠨ ᠠᠮᠠ ᠵᠡᠷᠭᠡ ᠣᠨᠴᠠᠭᠠᠢ ᠤᠯᠠᠨ ᠲᠦᠮᠡᠨ ᠤ ᠭᠡᠷ | ᠪᠦᠯᠢ ᠪᠣᠯᠣᠨ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ᠵᠢᠴᠢ ᠤᠤᠭᠤᠬᠤ ᠤᠰᠤᠨ ᠤ ᠠᠮᠤᠷ | ᠲᠦᠪᠰᠢᠨ ᠢ ᠬᠠᠷᠠᠬᠠᠨ ᠪᠦᠷᠢᠮᠦᠰᠦᠨ ᠰᠢᠢᠳᠪᠦᠷᠢᠯᠡᠭᠡᠳᠦᠢ ᠵᠡᠷᠭᠡ︽ᠠᠷᠪᠠᠨ ᠲᠦᠷᠦᠯ ᠤᠨ ᠬᠥᠮᠥᠰ︾︾ ᠢ ᠠᠩᠬᠠᠷᠬᠤ | ᠬᠡᠷᠡᠭᠲᠡᠢ᠃ᠠᠵᠢᠯ ᠲᠥᠷᠥᠯ ᠤᠨ ᠰᠢᠭᠰᠢᠨ ᠪᠠᠶᠢᠴᠠᠭᠠᠵᠤ ᠰᠡᠷᠡᠮᠵᠢᠯᠡᠭᠦᠯᠬᠦ ᠲᠤᠭ᠎ᠠ ᠪᠠᠷᠢᠮᠲᠠ ᠶᠢ ︽ᠳ᠋ᠦᠩ ᠾᠧ | ᠲᠣᠭᠤᠷᠢᠭ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ | ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠵᠢᠴᠢ ᠠᠵᠢᠯ ᠲᠥᠷᠥᠯ ᠤᠨ ᠰᠢᠭᠰᠢᠨ ᠪᠠᠶᠢᠴᠠᠭᠠᠵᠤ ᠰᠡᠷᠡᠮᠵᠢᠯᠡᠭᠦᠯᠬᠦ | ᠲᠤᠭ᠎ᠠ ᠪᠠᠷᠢᠮᠲᠠ ᠶᠢ ᠰᠣᠯᠢᠯᠴᠠᠬᠤ ᠲᠣᠭᠲᠠᠴᠠ ᠶᠢ ᠪᠦᠷᠢᠨᠰᠢᠭᠦᠯᠬᠦ ᠬᠡᠷᠡᠭᠵᠢᠭᠦᠯᠬᠦ ᠲᠥᠰᠥᠯ ︵ᠲᠤᠷᠰᠢᠨ | ᠬᠡᠷᠡᠭᠵᠢᠭᠦᠯᠬᠦ︶︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠰᠠᠷ᠎ᠠ ᠶᠢᠨ ᠮᠡᠳᠡᠭᠦᠯᠦᠯᠲᠡ᠂ ᠲᠡᠭ | ᠮᠡᠳᠡᠭᠦᠯᠦᠯᠲᠡ᠂ ᠭᠤᠣᠯᠳᠠᠯᠭ᠎ᠠ ᠲᠠᠢ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠮᠡᠳᠡᠭᠦᠯᠬᠦ ᠤᠳᠠᠭ᠎ᠠ ᠳᠠᠷᠠᠭ᠎ᠠ ᠪᠠᠷ | ᠬᠠᠷᠢᠭᠤ ᠲᠤᠰᠬᠠᠬᠤ ᠶᠢ ᠬᠡᠷᠡᠭᠵᠢᠭᠦᠯᠵᠦ᠂ ᠪᠠᠯᠭᠠᠰᠤ ᠲᠣᠰᠬᠤᠨ ᠡᠷᠦᠬᠡ ᠳᠠᠷᠠᠭᠠᠯᠠᠨ ᠵᠠᠳᠠᠯᠤᠨ ᠰᠤᠳᠤᠯᠤᠨ | ᠮᠠᠭᠠᠳᠯᠠᠵᠤ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠵᠦ᠂ ᠨᠥᠬᠦᠴᠡᠯ ᠳᠤ ᠨᠡᠶᠢᠴᠡᠪᠡᠯ ᠪᠠᠷᠢᠮᠵᠢᠶ᠎ᠠ ᠪᠠ ᠲᠠᠰ | ᠳᠠᠷᠠᠭᠠᠯᠠᠯ ᠤᠨ ᠶᠣᠰᠣᠭᠠᠷ ᠴᠠᠭ ᠲᠤᠬᠠᠢ ᠳᠤᠨᠢ ᠣᠷᠣᠭᠤᠯᠤᠨ᠂ ︽ᠪᠡᠶ᠎ᠡ ᠶᠢᠨ ᠭᠠᠳᠠᠨᠠᠬᠢ ᠡᠷᠭᠢᠯᠲᠡ︾ ᠬᠢᠬᠦ ᠶᠢ | ᠡᠷᠡᠰ ᠬᠤᠷᠢᠭᠯᠠᠬᠤ ᠬᠡᠷᠡᠭᠲᠡᠢ᠃ | 3. ᠬᠥᠳᠡᠯᠦᠩᠭᠦᠢ ᠬᠠᠮᠢᠶᠠᠷᠤᠯᠲᠠ᠃︽ᠣᠷᠣᠭᠤᠯᠵᠤ ᠭᠠᠷᠭᠠᠬᠤ᠂ ᠴᠠᠭ ᠲᠤᠬᠠᠢ ᠳᠤᠨᠢ ᠢᠯᠭᠠᠨ ᠲᠠᠨᠢᠬᠤ᠂ | ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ᠂ ᠬᠥᠳᠡᠯᠦᠩᠭᠦᠢ ᠪᠠᠷ ᠬᠠᠮᠢᠶᠠᠷᠬᠤ︾ ᠵᠠᠷᠴᠢᠮ ᠢ ᠪᠠᠷᠢᠮᠲᠠᠯᠠᠵᠤ᠂ ᠬᠢᠨᠠᠨ | ᠰᠢᠯᠭᠠᠵᠤ ᠢᠯᠭᠠᠨ ᠲᠠᠨᠢᠬᠤ ᠠᠵᠢᠯ ᠢ ᠪᠠᠶᠢᠩᠭᠤᠵᠢᠭᠤᠯᠤᠭᠰᠠᠨ ᠰᠠᠭᠤᠷᠢᠨ ᠳᠡᠭᠡᠷ᠎ᠡ᠂ ᠤᠯᠠᠷᠢᠯ ᠢᠶᠠᠷ ᠲᠥᠪᠯᠡᠷᠡᠩᠭᠦᠢ | ᠬᠥᠳᠡᠯᠦᠩᠭᠦᠢ ᠬᠠᠮᠢᠶᠠᠷᠤᠯᠲᠠ ᠶᠢ ᠥᠷᠨᠢᠭᠦᠯᠵᠦ᠂ ᠤᠯᠠᠷᠢᠯ ᠪᠦᠷᠢ ᠳᠤ ᠲᠦᠭᠰᠢᠭᠦᠷᠢ ᠶᠢ ᠠᠷᠢᠯᠭᠠᠬᠤ᠂ ᠭᠡᠷ | ᠪᠦᠯᠢ ᠶᠢᠨ ᠪᠦᠷᠢᠯᠳᠦᠭᠦᠨ ᠤ ᠠᠶᠠᠨᠳᠠᠭᠠᠨ ᠨᠡᠮᠡᠭᠳᠡᠵᠦ ᠬᠠᠰᠤᠭᠳᠠᠬᠤ ᠵᠡᠷᠭᠡ ᠡᠷᠬᠡ ᠮᠡᠳᠡᠯ ᠤᠨ ᠬᠡᠪᠴᠢᠶ᠎ᠡ ᠶᠢ | ᠰᠢᠰᠲ᠋ᠧᠮ ᠲᠠᠢ ᠲᠣᠳᠣᠷᠬᠠᠶᠢᠯᠠᠬᠤ ᠶᠢᠨ ᠬᠠᠮᠲᠤ᠂ ᠶᠠᠳᠠᠭᠤ ᠠᠴᠠ ᠠᠩᠭᠢᠵᠢᠷᠠᠭᠤᠯᠬᠤ ᠡᠷᠦᠬᠡ᠂ ᠬᠢᠨᠠᠨ ᠰᠢᠯᠭᠠᠬᠤ | ᠡᠲᠡᠭᠡᠳ ᠤᠨ ᠣᠷᠣᠯᠭ᠎ᠠ᠂ ᠵᠠᠷᠤᠯᠭ᠎ᠠ᠂ ︽ᠭᠤᠷᠪᠠ ᠶᠢ ᠪᠠᠲᠤᠯᠠᠬᠤ︾᠂ ᠤᠤᠭᠤᠬᠤ ᠤᠰᠤᠨ ᠤ ᠠᠮᠤᠷ ᠲᠦᠪᠰᠢᠨ᠂ | ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠡᠷᠭᠡ ᠲᠤᠭ᠎ᠠ ᠪᠠᠷᠢᠮᠲᠠ ᠶᠢᠨ ᠮᠡᠳᠡᠭᠡ ᠵᠠᠩᠭᠢ ᠵᠢᠴᠢ ᠣᠷᠣᠯᠭ᠎ᠠ ᠶᠢᠨ | ᠪᠦᠲᠦᠴᠡ ᠶᠢᠨ ᠲᠣᠭᠲᠠᠪᠤᠷᠢᠲᠤ ᠴᠢᠨᠠᠷ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢᠨ ᠵᠦᠢ ᠵᠣᠬᠢᠰᠲᠠᠢ ᠴᠢᠨᠠᠷ ᠲᠤ | ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠵᠠᠳᠠᠯᠤᠯᠲᠠ ᠬᠢᠵᠦ᠂ ᠣᠷᠣᠰᠢᠵᠤ ᠮᠡᠳᠡᠬᠦ ᠠᠰᠠᠭᠤᠳᠠᠯ ᠤᠨ | ᠲᠦᠭᠰᠢᠭᠦᠷᠢ ᠶᠢ ᠴᠠᠭ ᠲᠤᠬᠠᠢ ᠳᠤᠨᠢ ᠡᠷᠢᠬᠦ ᠬᠡᠷᠡᠭᠲᠡᠢ᠃ | 4. ᠲᠥᠪᠯᠡᠷᠡᠭᠦᠯᠦᠨ ᠵᠢᠭᠰᠠᠭᠠᠨ ᠪᠠᠶᠢᠴᠠᠭᠠᠨ᠎ᠠ᠃ᠬᠤᠶᠠᠷ᠂ ᠳᠥᠷᠪᠡᠳᠦᠭᠡᠷ ᠤᠯᠠᠷᠢᠯ ᠳᠤ ᠲᠥᠪᠯᠡᠷᠡᠭᠦᠯᠦᠨ | ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠳᠠᠷᠤᠢ ᠡᠳᠦᠷ ᠲᠤᠲᠤᠮ ᠤᠨ ᠬᠢᠨᠠᠨ ᠬᠡᠮᠵᠢᠬᠦ᠂ ᠭᠤᠣᠯᠳᠠᠯᠭ᠎ᠠ ᠲᠠᠢ | ᠬᠢᠨᠠᠨ ᠬᠡᠮᠵᠢᠬᠦ ᠶᠢ ᠥᠷᠨᠢᠭᠦᠯᠬᠦ ᠶᠢᠨ ᠬᠠᠮᠲᠤ᠂ ᠬᠤᠶᠠᠳᠤᠭᠠᠷ᠂ ᠳᠥᠷᠪᠡᠳᠦᠭᠡᠷ ᠤᠯᠠᠷᠢᠯ ᠳᠤ ︵ᠵᠠᠷᠴᠢᠮ ᠳᠡᠭᠡᠷ᠎ᠡ ᠪᠠᠨ | ᠤᠯᠠᠷᠢᠯ ᠪᠦᠷᠢ ᠶᠢᠨ ᠬᠠᠮᠤᠭ ᠰᠡᠭᠦᠯᠴᠢ ᠶᠢᠨ ᠨᠢᠭᠡ ᠰᠠᠷ᠎ᠠ ᠳᠤ ᠥᠷᠨᠢᠭᠦᠯᠦᠨ᠎ᠡ᠂ ᠵᠢᠱᠢᠶᠡᠯᠡᠪᠡᠯ ᠤᠯᠤᠰ᠂ | ᠥᠪᠡᠷᠲᠡᠭᠡᠨ ᠵᠠᠰᠠᠬᠤ ᠣᠷᠣᠨ ᠠᠴᠠ ᠠᠰᠲᠠᠭᠠᠨ ᠠᠵᠢᠯ ᠤᠨ ᠲᠣᠬᠢᠷᠠᠭᠤᠯᠤᠯᠲᠠ ᠲᠠᠢ ᠪᠣᠯ ᠳᠡᠭᠡᠳᠦ ᠱᠠᠲᠤᠨ ᠤ | ᠠᠵᠢᠯ ᠤᠨ ᠲᠣᠬᠢᠷᠠᠭᠤᠯᠤᠯᠲᠠ ᠪᠠᠷ ᠬᠡᠷᠡᠭᠵᠢᠭᠦᠯᠦᠨ᠎ᠡ︶ ᠬᠠᠷᠢᠶᠠᠯᠠᠵᠤ ᠪᠠᠶᠢᠭ᠎ᠠ ᠣᠷᠣᠨ ᠪᠦᠰᠡ ᠶᠢᠨ ᠪᠥᠬᠦ ᠢᠯᠭᠠᠨ | ᠲᠠᠨᠢᠬᠤ ᠬᠡᠪᠴᠢᠶᠡᠨ ᠳᠠᠬᠢ ᠵᠢᠭᠰᠠᠭᠠᠨ ᠪᠠᠶᠢᠴᠠᠭᠠᠭᠳᠠᠬᠤ ᠡᠲᠡᠭᠡᠳ ᠲᠤ ᠪᠠᠶᠢᠳᠠᠯ ᠢ ᠣᠶᠢᠯᠠᠭᠠᠨ ᠵᠢᠭᠰᠠᠭᠠᠨ | ᠪᠠᠶᠢᠴᠠᠭᠠᠬᠤ ᠠᠵᠢᠯ ᠢ ᠥᠷᠨᠢᠭᠦᠯᠵᠦ᠂ ᠨᠢᠭᠡ ᠲᠠᠯ᠎ᠠ ᠪᠠᠷ ᠠᠯᠳᠠᠭᠳᠠᠯ ᠢ ᠪᠠᠶᠢᠴᠠᠭᠠᠵᠤ ᠳᠤᠲᠠᠭᠳᠠᠯ ᠢ ᠨᠥᠬᠦᠪᠦᠷᠢᠯᠡᠭᠡᠳ | ᠳᠠᠬᠢᠨ ᠶᠠᠳᠠᠭᠤᠷᠠᠭᠰᠠᠨ ᠠᠴᠠ ᠪᠣᠯᠵᠤ ᠶᠠᠳᠠᠭᠤᠷᠠᠬᠤ ᠲᠦᠭᠰᠢᠭᠦᠷᠢ ᠶᠢ ᠴᠠᠭ ᠲᠤᠬᠠᠢ ᠳᠤᠨᠢ ᠡᠷᠢᠵᠦ ᠭᠠᠷᠭᠠᠨ᠎ᠠ︔ | ᠨᠥᠭᠦᠭᠡ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ᠂ ᠬᠢᠨᠠᠨ ᠪᠠᠶᠢᠴᠠᠭᠠᠭᠳᠠᠬᠤ ᠡᠲᠡᠭᠡᠳ ᠤᠨ | ᠬᠠᠪᠰᠤᠷᠤᠨ ᠲᠡᠳᠬᠦᠭᠰᠡᠨ ᠪᠠᠶᠢᠳᠠᠯ ᠢ ︽ᠡᠷᠭᠢᠵᠦ ᠦᠵᠡᠬᠦ︾ ᠬᠡᠷᠡᠭᠲᠡᠢ ︵ᠠᠷᠭ᠎ᠠ ᠬᠡᠮᠵᠢᠶ᠎ᠡ ᠶᠢ ᠴᠠᠭ ᠲᠤᠬᠠᠢ | ᠳᠤᠨᠢ ᠨᠠᠶᠢᠳᠠᠪᠤᠷᠢᠵᠢᠭᠤᠯᠤᠭᠰᠠᠨ ᠡᠰᠡᠬᠦ᠂ ᠪᠥᠬᠦ ᠲᠠᠯ᠎ᠠ ᠪᠠᠷ ᠪᠦᠲᠦᠮᠵᠢᠲᠡᠶ ᠪᠠᠶᠢᠬᠤ ᠡᠰᠡᠬᠦ᠂ ︽ᠨᠢᠭᠡ ᠯᠡ ᠳᠡᠭᠡᠷ᠎ᠡ | ᠪᠡᠶᠡᠯᠡᠭᠦᠯᠦᠭᠰᠡᠨ︾ ᠵᠡᠷᠭᠡ ᠲᠣᠪᠣᠶᠢᠮ᠎ᠠ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠠᠩᠬᠠᠷᠬᠤ | ᠬᠡᠷᠡᠭᠲᠡᠢ︶᠃ᠡᠭᠦᠨ ᠤ ᠬᠠᠮᠲᠤ᠂ ᠳᠥᠷᠪᠡᠳᠦᠭᠡᠷ ᠤᠯᠠᠷᠢᠯ ᠳᠤ ᠪᠠᠰᠠ ᠶᠠᠳᠠᠭᠤ ᠠᠴᠠ ᠠᠩᠭᠢᠵᠢᠷᠠᠭᠰᠠᠨ ᠬᠥᠮᠥᠨ | ᠠᠮᠠ ᠪᠠ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠶᠢᠨ ᠰᠠᠭᠤᠷᠢ ᠮᠡᠳᠡᠭᠡ ᠵᠠᠩᠭᠢ ᠶᠢ | ᠴᠤᠭᠯᠠᠭᠤᠯᠤᠨ ᠰᠢᠨᠡᠳᠬᠡᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠠ ᠳᠠᠬᠢᠨ ᠶᠠᠳᠠᠭᠤᠷᠠᠬᠤ ᠠᠴᠠ | ᠪᠣᠯᠵᠤ ᠶᠠᠳᠠᠭᠤᠷᠠᠭᠰᠠᠨ ᠡᠷᠦᠬᠡ ᠶᠢᠨ ᠣᠨ ᠤ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠢ ᠪᠡᠶᠡᠯᠡᠭᠦᠯᠬᠦ ᠶᠢᠨ ᠬᠠᠮᠲᠤ | ᠂ ᠳᠡᠭᠡᠳᠦ ᠱᠠᠲᠤᠨ ᠤ ᠱᠠᠭᠠᠷᠳᠠᠯᠭ᠎ᠠ ᠶᠢ ᠦᠨᠳᠦᠰᠦᠯᠡᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ︽ᠡᠩ ᠤᠨ | ᠮᠠᠯᠵᠢᠬᠤ ᠲᠠᠷᠢᠶᠠᠯᠠᠬᠤ ᠡᠷᠦᠬᠡ︾ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠰᠢᠨᠡᠳᠬᠡᠬᠦ ᠠᠵᠢᠯ ᠢ ᠥᠷᠨᠢᠭᠦᠯᠬᠦ | ᠬᠡᠷᠡᠭᠲᠡᠢ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠭᠤᠣᠯᠳᠠᠯᠭ᠎ᠠ ᠲᠠᠢ | ᠠᠵᠢᠯ ᠪᠣᠯᠣᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠪᠣᠯ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ | ᠴᠢᠬᠤᠯᠠ ᠠᠴᠠ ᠴᠢᠬᠤᠯᠠ ᠶᠠᠪᠤᠳᠠᠯ ᠪᠣᠯᠣᠨ᠎ᠠ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠠᠪᠤᠳᠠᠯ ᠡᠭᠦᠰᠬᠦ | ᠦᠭᠡᠢ ᠪᠠᠶᠢᠬᠤ ᠪᠣᠯ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ ᠳᠤ ᠴᠢᠬᠤᠯᠠᠴᠢᠯᠠᠭᠰᠠᠨ ᠪᠠᠲᠤ ᠰᠠᠬᠢᠬᠤ | ᠬᠤᠶᠠᠷ ᠬᠤᠷᠢᠭ᠎ᠠ ᠱᠤᠭᠤᠮ ᠤᠨ ᠨᠢᠭᠡ ᠪᠣᠯᠣᠨ᠎ᠠ᠂ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠ ᠠᠷᠠᠳ ᠤᠨ | ᠠᠮᠢᠳᠤᠷᠠᠯ ᠤᠨ ᠢᠨᠵᠧᠨᠧᠷᠢᠩ ᠪᠣᠯᠣᠨ᠎ᠠ᠂ ᠬᠤᠯᠪᠣᠭᠳᠠᠯ ᠪᠦᠬᠦᠢ ᠠᠵᠢᠯ ᠤᠨ ᠪᠠᠶᠢᠳᠠᠯ ᠢ ᠵᠢᠯ ᠤᠨ ᠡᠴᠦᠰ ᠤᠨ ᠬᠢᠨᠠᠨ | ᠰᠢᠯᠭᠠᠯᠲᠠ ᠶᠢᠨ ᠴᠢᠬᠤᠯᠠ ᠦᠨᠳᠦᠰᠦᠯᠡᠯ᠂ ᠬᠤᠪᠢ ᠶᠢᠨ ᠦᠷᠳᠡᠭ ᠤᠨ ᠡᠵᠡᠯᠡᠬᠦ ᠬᠠᠷᠢᠴᠠᠯ ᠪᠣᠯᠭᠠᠬᠤ ᠪᠥᠭᠡᠳ ︽ᠨᠢᠭᠡ | ᠪᠢᠯᠧᠲ ᠢᠶᠠᠷ ᠦᠭᠡᠶᠢᠰᠬᠡᠬᠦ︾ᠣᠨᠴᠠᠯᠢᠭ ᠲᠠᠢ ᠶᠤᠮ᠃ᠡᠯ᠎ᠡ ᠬᠤᠯᠪᠣᠭᠳᠠᠯ ᠪᠦᠬᠦᠢ ᠨᠢᠭᠡᠴᠡ᠂ ᠬᠤᠶᠠᠷ ᠪᠠᠯᠭᠠᠰᠤ ᠶᠢᠨ | ᠬᠢᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ ᠣᠨᠴᠠᠭᠠᠶ | ᠴᠢᠬᠤᠯᠠ ᠴᠢᠨᠠᠷ ᠢ ᠭᠦᠢᠴᠡᠳ ᠲᠠᠨᠢᠵᠤ᠂ ᠴᠢᠬᠤᠯᠠᠴᠢᠯᠠᠨ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ ᠲᠣᠰ | ᠪᠡᠶ᠎ᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠡᠷᠢᠵᠦ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠨ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠮᠵᠢᠯᠴᠠᠨ ᠠᠬᠢᠭᠤᠯᠵᠤ᠂ ᠠᠵᠢᠯ ᠳᠠᠭᠠᠨ ᠬᠤᠭᠤᠰᠤᠨ ᠵᠦᠢᠯ | ᠦᠯᠡᠳᠡᠭᠡᠬᠦ ᠦᠭᠡᠢ᠂ ᠲᠥᠷᠥ ᠶᠢᠨ ᠪᠣᠳᠣᠯᠭ᠎ᠠ ᠳᠤ ᠬᠤᠭᠤᠰᠤᠨ ᠵᠦᠢᠯ ᠦᠯᠡᠳᠡᠭᠡᠬᠦ ᠦᠭᠡᠢ ᠪᠠᠶᠢᠵᠤ᠂ ᠡᠯ᠎ᠡ | ᠵᠦᠢᠯ ᠤᠨ ᠡᠭᠦᠷᠭᠡ ᠶᠢ ᠴᠠᠭ ᠲᠤᠬᠠᠢ ᠳᠤᠨᠢ ᠥᠨᠳᠥᠷ ᠪᠦᠲᠦᠮᠵᠢᠲᠡᠶ᠂ ᠪᠥᠬᠦ ᠲᠠᠯ᠎ᠠ ᠪᠠᠷ ᠪᠦᠲᠦᠮᠵᠢᠲᠡᠶ | ᠨᠠᠶᠢᠳᠠᠪᠤᠷᠢᠵᠢᠭᠤᠯᠵᠤ᠂ ᠮᠠᠨ ᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ | ᠳᠡᠶᠢᠯᠬᠦ ᠶᠢ ᠦᠨᠡᠨᠬᠦ ᠪᠠᠲᠤᠯᠠᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠤᠷᠤᠭᠰᠢᠲᠠᠢ ᠲᠦᠯᠬᠢᠨ ᠠᠬᠢᠭᠤᠯᠬᠤ ᠬᠡᠷᠡᠭᠲᠡᠢ᠃ | ︵ᠬᠤᠶᠠᠷ︶ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ | ᠬᠤᠶᠠᠷ ᠪᠠᠯᠭᠠᠰᠤ ᠨᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ | ᠠᠵᠢᠯ ᠤᠨ ᠭᠤᠣᠯ ᠬᠠᠷᠢᠭᠤᠴᠠᠯᠭᠠᠲᠤ ᠨᠢᠭᠡᠴᠡ ᠪᠣᠯᠤᠭᠰᠠᠨ ᠤ ᠬᠤᠪᠢ ᠳᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ | ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠭᠤᠣᠯᠳᠠᠯᠭ᠎ᠠ ᠲᠠᠢ ᠠᠵᠢᠯ ᠢᠶᠠᠨ ᠪᠣᠯᠭᠠᠵᠤ᠂ ᠪᠠᠯᠭᠠᠰᠤᠨ ᠤ ᠨᠠᠮ | ᠵᠠᠰᠠᠭ ᠤᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠭᠠᠷᠳᠠᠨ ᠱᠠᠯᠠᠪᠳᠠᠭᠤᠯᠤᠨ ᠠᠬᠢᠭᠤᠯᠬᠤ ᠬᠡᠷᠡᠭᠲᠡᠢ᠃ᠪᠠᠯᠭᠠᠰᠤ | ᠲᠣᠰᠬᠤᠨ ᠨᠤᠭᠤᠳ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠯᠡᠨ᠂ ᠱᠠᠭᠠᠷᠳᠠᠯᠭ᠎ᠠ ᠶᠣᠰᠣᠭᠠᠷ ᠡᠳᠦᠷ ᠲᠤᠲᠤᠮ ᠤᠨ ᠬᠢᠨᠠᠨ ᠬᠡᠮᠵᠢᠬᠦ᠂ ᠭᠤᠣᠯᠳᠠᠯᠭ᠎ᠠ ᠲᠠᠢ ᠵᠢᠭᠰᠠᠭᠠᠨ | ᠪᠠᠶᠢᠴᠠᠭᠠᠬᠤ᠂ ᠬᠥᠳᠡᠯᠦᠩᠭᠦᠢ ᠪᠠᠷ ᠬᠠᠮᠢᠶᠠᠷᠬᠤ ᠪᠠ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠶᠢ ᠯᠠᠪᠳᠠᠭᠤᠨ | ᠪᠠᠲᠤᠲᠠᠢ ᠥᠷᠨᠢᠭᠦᠯᠬᠦ ᠬᠡᠷᠡᠭᠲᠡᠢ᠃ᠬᠢᠨᠠᠨ ᠰᠢᠯᠭᠠᠵᠤ ᠢᠯᠭᠠᠨ ᠲᠠᠨᠢᠬᠤ ᠪᠠ ᠬᠠᠪᠰᠤᠷᠤᠨ ᠲᠡᠳᠬᠦᠬᠦ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠬᠥᠳᠡᠭᠡ ᠲᠣᠰᠬᠤᠨ ᠤ ᠺᠠᠳ᠋ᠷ᠂ ᠲᠣᠰᠬᠤᠨ ᠳᠤ | ᠰᠠᠭᠤᠭ᠎ᠠ ᠺᠠᠳ᠋ᠷ ︵ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠭᠠᠨ ᠵᠢᠯᠣᠭᠤᠳᠤᠭᠴᠢ ᠵᠡᠷᠭᠡ︶᠂ ᠰᠦᠯᠵᠢᠶᠡᠨ ᠤ ᠠᠵᠢᠯᠲᠠᠨ ᠵᠡᠷᠭᠡ ᠥᠷᠭᠡᠨ ᠤᠯᠠᠨ ᠪᠠᠯᠭᠠᠰᠤ | ᠲᠣᠰᠬᠤᠨ ᠤ ᠺᠠᠳ᠋ᠷ ᠪᠣᠯᠣᠨ ᠠᠷᠠᠳ ᠤᠯᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ | ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠦᠵᠡᠯ ᠰᠠᠨᠠᠭᠠᠨ ᠤ ᠬᠡᠪ ᠴᠢᠨᠠᠷ ᠢ ᠳᠡᠭᠡᠭᠰᠢᠯᠡᠭᠦᠯᠵᠦ᠂ | ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢᠨ ᠬᠢᠨᠠᠨ ᠬᠡᠮᠵᠢᠵᠦ | ᠬᠠᠪᠰᠤᠷᠤᠨ ᠲᠡᠳᠬᠦᠬᠦ ᠠᠵᠢᠯ ᠤᠨ ᠪᠣᠳᠠᠲᠤ ᠦᠷ᠎ᠡ ᠪᠦᠲᠦᠮᠵᠢ ᠪᠠ ᠬᠠᠨᠤᠮᠵᠢ ᠶᠢᠨ ᠬᠡᠮᠵᠢᠶ᠎ᠡ ᠶᠢ ᠪᠦᠲᠦᠮᠵᠢᠲᠡᠶ | ᠳᠡᠭᠡᠭᠰᠢᠯᠡᠭᠦᠯᠦᠨ᠂ ᠮᠡᠳᠡᠪᠡᠰᠦ ᠵᠣᠬᠢᠬᠤ ᠶᠢ ᠨᠢ ᠪᠦᠬᠦᠨ ᠢ ᠮᠡᠳᠡᠵᠦ᠂ ᠲᠤᠰᠢᠶᠠᠪᠠᠰᠤ ᠵᠣᠬᠢᠬᠤ ᠶᠢ ᠨᠢ ᠪᠦᠬᠦᠨ ᠢ | ᠪᠠᠭᠲᠠᠭᠠᠵᠤ᠂ ᠴᠠᠭ ᠲᠤᠬᠠᠢ ᠳᠤᠨᠢ ᠬᠠᠪᠰᠤᠷᠤᠨ ᠲᠡᠳᠬᠦᠬᠦ ᠶᠢ ᠪᠠᠲᠤᠯᠠᠵᠤ᠂ ᠰᠠᠭᠠᠳ ᠦᠭᠡᠢ ᠨᠡᠪᠲᠡᠷᠡᠬᠦ ᠵᠠᠮ ᠳᠤ | ᠣᠷᠣᠭᠤᠯᠬᠤ ᠶᠣᠰᠣᠲᠠᠢ ᠶᠢ ᠨᠢ ᠴᠠᠭ ᠲᠤᠬᠠᠢ ᠳᠤᠨᠢ ᠣᠷᠣᠭᠤᠯᠤᠨ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ | ᠴᠠᠭ ᠲᠤᠬᠠᠢ ᠳᠤᠨᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ᠪᠠᠯᠭᠠᠰᠤ ᠲᠣᠰᠬᠤᠨ ᠨᠤᠭᠤᠳ ᠭᠤᠣᠯᠳᠠᠯᠭ᠎ᠠ ᠲᠠᠢ | ᠣᠶᠢᠯᠠᠭᠠᠨ ᠵᠢᠭᠰᠠᠭᠠᠬᠤ ᠬᠥᠮᠥᠰ᠂ ᠭᠤᠣᠯᠳᠠᠯᠭ᠎ᠠ ᠲᠠᠢ ᠠᠩᠬᠠᠷᠴᠤ ᠪᠠᠶᠢᠭ᠎ᠠ ᠬᠥᠮᠥᠰ ᠪᠣᠯᠣᠨ ᠨᠢᠭᠡᠨᠲᠡ | ᠣᠷᠣᠭᠤᠯᠤᠭᠰᠠᠨ ᠬᠥᠮᠥᠰ ᠤᠨ 3 ᠡᠬᠡ ᠲᠠᠩᠰᠠ ᠶᠢᠨ ᠪᠠᠶᠢᠭᠤᠯᠤᠯᠲᠠ ᠶᠢ ᠰᠠᠶᠢᠲᠤᠷ ᠬᠢᠵᠦ᠂ ᠣᠶᠢᠯᠠᠭᠠᠨ | ᠵᠢᠭᠰᠠᠭᠠᠬᠤ ᠬᠥᠮᠥᠰ ᠢ ᠲᠥᠷᠥᠯ ᠬᠤᠪᠢᠶᠠᠨ ᠣᠶᠢᠯᠠᠭᠠᠨ ᠵᠢᠭᠰᠠᠭᠠᠬᠤ ᠡᠬᠡ ᠲᠠᠩᠰᠠᠨ ᠳᠤ ᠣᠷᠣᠭᠤᠯᠬᠤ ᠬᠡᠷᠡᠭᠲᠡᠢ᠃ | ᠰᠠᠷ᠎ᠠ ᠪᠦᠷᠢ ᠨᠠᠭᠠᠲᠤ ᠵᠠᠬ᠎ᠠ ᠳᠠᠭᠠᠨ ᠨᠢᠭᠡ ᠤᠳᠠᠭ᠎ᠠ ᠪᠠᠯᠭᠠᠰᠤᠨ ᠤ ᠨᠠᠮ ᠤᠨ ᠬᠤᠷᠢᠶ᠎ᠠ᠂ ᠲᠣᠰᠬᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠤᠶᠤ ᠲᠣᠰᠬᠤᠨ ᠤ ︽ᠬᠤᠶᠠᠷ ᠵᠥᠪᠯᠡᠯ︾ ᠤᠨ ᠥᠷᠭᠡᠳᠬᠡᠭᠰᠡᠨ ᠬᠤᠷᠠᠯ | ᠬᠤᠷᠠᠯᠳᠤᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠵᠢᠯ ᠢ | ᠰᠤᠳᠤᠯᠵᠤ᠂ ᠰᠠᠷ᠎ᠠ ᠪᠦᠷᠢ ᠲᠤᠰ ᠣᠷᠣᠨ ᠪᠦᠰᠡ ᠶᠢᠨ ᠶᠠᠳᠠᠭᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ | ᠬᠠᠪᠰᠤᠷᠤᠨ ᠲᠡᠳᠬᠦᠭᠰᠡᠨ ᠪᠠᠶᠢᠳᠠᠯ ᠢ ᠳ᠋ᠦᠩᠨᠡᠨ ᠲᠣᠬᠢᠷᠠᠭᠤᠯᠵᠤ᠂ ᠣᠷᠣᠨ ᠤ ᠨᠠᠮ ᠤᠨ ᠬᠤᠷᠢᠶ᠎ᠠ ᠶᠢᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠲᠦᠷᠦᠭᠦᠯᠡᠨ ᠶᠡᠷᠦᠩᠬᠡᠶᠢᠯᠡᠨ | ᠠᠳᠬᠤᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ︵ᠣᠷᠣᠨ ᠤ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠤᠨ ᠠᠯᠪᠠᠨ ᠭᠡᠷ︶ ᠨᠢ ᠴᠢᠬᠤᠯᠠ ᠭᠤᠭᠴᠤᠭ᠎ᠠ ᠪᠠ ᠵᠠᠩᠭᠢᠯᠠᠭ᠎ᠠ ᠶᠢᠨ ᠴᠠᠭ | ᠬᠤᠭᠤᠴᠠᠭ᠎ᠠ ᠶᠢ ᠡᠵᠡᠮᠳᠡᠨ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠪᠠᠯᠭᠠᠰᠤ᠂ ᠲᠣᠰᠬᠤᠨ ᠤ ᠪᠠᠶᠢᠳᠠᠯ ᠢ | ᠣᠶᠢᠯᠠᠭᠠᠨ ᠵᠢᠭᠰᠠᠭᠠᠨ ᠪᠠᠶᠢᠴᠠᠭᠠᠬᠤ᠂ ᠬᠥᠳᠡᠯᠦᠩᠭᠦᠢ ᠪᠠᠷ ᠬᠠᠮᠢᠶᠠᠷᠬᠤ ᠪᠠ ᠮᠡᠳᠡᠭᠡ ᠵᠠᠩᠭᠢ ᠶᠢ ᠴᠤᠭᠯᠠᠭᠤᠯᠤᠨ | ᠣᠷᠣᠭᠤᠯᠬᠤ ᠠᠵᠢᠯ ᠢ ᠬᠢᠨᠠᠮᠠᠭᠠᠢ ᠥᠷᠨᠢᠭᠦᠯᠬᠦ ᠶᠢ ᠰᠢᠮᠳᠠᠭᠤᠯᠤᠨ ᠵᠢᠯᠤᠭᠤᠳᠴᠤ᠂ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠶᠢᠨ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ ᠶᠠᠰᠤ ᠴᠢᠨᠠᠷ ᠢ ᠦᠨᠡᠨᠬᠦ ᠪᠠᠲᠤᠯᠠᠬᠤ | ᠬᠡᠷᠡᠭᠲᠡᠢ᠃ᠣᠷᠣᠨ ᠤ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠨᠢ ᠤᠯᠠᠷᠢᠯ ᠪᠦᠷᠢ ᠳᠤ ᠠᠳᠠᠭ ᠲᠠᠭᠠᠨ ᠨᠢᠭᠡ ᠤᠳᠠᠭ᠎ᠠ ᠳᠤᠭᠤᠶᠢᠯᠠᠩ ᠤᠨ ᠬᠤᠷᠠᠯ ᠢ | ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠶᠠᠷ ᠪᠠᠯᠭᠠᠰᠤ᠂ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ | ᠲᠥᠷᠥᠯ ᠤᠨ ᠰᠠᠯᠠᠭ᠎ᠠ ᠮᠥᠴᠢᠷ ᠢ ᠴᠤᠭᠯᠠᠭᠤᠯᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ | ᠬᠠᠪᠰᠤᠷᠤᠨ ᠲᠡᠳᠬᠦᠬᠦ ᠠᠵᠢᠯ ᠢ ᠰᠤᠳᠤᠯᠤᠨ᠎ᠠ︔ᠬᠤᠶᠠᠷ ᠪᠠᠯᠭᠠᠰᠤ ᠰᠠᠷ᠎ᠠ ᠪᠦᠷᠢ ᠶᠢᠨ 1 ᠤ ᠡᠳᠦᠷ | ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠳᠡᠭᠡᠷ᠎ᠡ ᠰᠠᠷ᠎ᠠ ᠶᠢᠨ ᠬᠢᠨᠠᠨ | ᠬᠡᠮᠵᠢᠵᠦ ᠢᠯᠭᠠᠨ ᠲᠠᠨᠢᠭᠰᠠᠨ ᠦᠷ᠎ᠡ ᠳ᠋ᠦᠩ ᠤᠨ ᠵᠠᠬᠢᠳᠠᠯ ᠢᠶᠠᠨ ᠳᠡᠪᠰᠢᠭᠦᠯᠵᠦ᠂ ᠤᠯᠠᠷᠢᠯ ᠪᠦᠷᠢ ᠶᠢᠨ | ᠳᠠᠭᠤᠰᠤᠭᠰᠠᠨ ᠤ ᠳᠠᠷᠠᠭ᠎ᠠ 10 ᠡᠳᠦᠷ ᠤᠨ ᠡᠮᠦᠨ᠎ᠡ ᠳᠡᠭᠡᠷ᠎ᠡ ᠤᠯᠠᠷᠢᠯ ᠤᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ | ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠵᠢᠯ ᠤᠨ ᠳ᠋ᠦᠩᠨᠡᠯᠲᠡ ᠪᠠᠨ ᠳᠡᠪᠰᠢᠭᠦᠯᠦᠨ᠎ᠡ᠃ | ︵ᠭᠤᠷᠪᠠ︶ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠬᠠᠮᠵᠢᠯᠴᠠᠭ᠎ᠠ ᠶᠢ ᠴᠢᠩᠭᠠᠳᠬᠠᠨ᠎ᠠ᠃ᠠᠵᠢᠯ | ᠲᠥᠷᠥᠯ ᠤᠨ ᠰᠠᠯᠠᠭ᠎ᠠ ᠮᠥᠴᠢᠷ ᠤᠳ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ | ᠲᠡᠳᠬᠦᠬᠦ ᠠᠵᠢᠯ ᠤᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠬᠠᠷᠢᠭᠤᠴᠠᠯᠭᠠᠲᠤ ᠨᠢᠭᠡᠴᠡ ᠪᠣᠯᠤᠭᠰᠠᠨ ᠤ | ᠬᠤᠪᠢ ᠳᠤ᠂ ᠠᠵᠢᠯ ᠲᠥᠷᠥᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤᠪᠠᠷ ᠬᠦᠷᠲᠡᠵᠦ ᠬᠠᠮᠲᠤᠪᠠᠷ | ᠬᠡᠷᠡᠭᠯᠡᠬᠦ ᠲᠣᠭᠲᠠᠴᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ | ᠪᠠᠷᠢᠮᠲᠠ ᠶᠢ ᠬᠠᠷᠢᠴᠠᠭᠤᠯᠤᠨ ᠰᠢᠭᠰᠢᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠪᠠ ᠬᠢᠨᠠᠨ ᠬᠡᠮᠵᠢᠵᠦ | ᠬᠠᠪᠰᠤᠷᠤᠨ ᠲᠡᠳᠬᠦᠬᠦ ᠶᠢ ᠬᠠᠮᠲᠤᠪᠠᠷ ᠥᠷᠨᠢᠭᠦᠯᠬᠦ ᠬᠡᠷᠡᠭᠲᠡᠢ᠃ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ᠂ | ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ | ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ | ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠳ ︽ᠳ᠋ᠦᠩ ᠾᠧ ᠲᠣᠭᠤᠷᠢᠭ ᠤᠨ ᠪᠤᠴᠠᠵᠤ | ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ ᠰᠠᠯᠠᠭ᠎ᠠ ᠮᠥᠴᠢᠷ ᠤᠨ | ᠬᠠᠮᠲᠤᠷᠠᠭᠰᠠᠨ ᠬᠤᠷᠠᠯ ᠵᠢᠴᠢ ᠠᠵᠢᠯ ᠲᠥᠷᠥᠯ ᠤᠨ ᠰᠢᠭᠰᠢᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠲᠤᠭ᠎ᠠ | ᠪᠠᠷᠢᠮᠲᠠ ᠰᠣᠯᠢᠯᠴᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ | ᠶᠣᠰᠣᠭᠠᠷ᠂ ︽10 ᠲᠥᠷᠥᠯ︾ ᠤᠨ ᠭᠤᠣᠯᠳᠠᠯᠭ᠎ᠠ ᠲᠠᠢ ᠡᠲᠡᠭᠡᠳ ᠵᠢᠴᠢ ᠲᠣᠰ ᠰᠠᠯᠠᠭ᠎ᠠ ᠮᠥᠴᠢᠷ᠂ ᠲᠣᠰ | ᠬᠦᠷᠢᠶᠡᠨ ᠳᠤ ᠡᠵᠡᠮᠰᠢᠵᠦ ᠪᠠᠶᠢᠭ᠎ᠠ ᠪᠤᠰᠤᠳ ᠭᠠᠷᠴᠤ ᠮᠡᠳᠡᠬᠦ ᠶᠠᠳᠠᠭᠤᠷᠠᠬᠤ ᠪᠠ ᠳᠠᠬᠢᠨ ᠶᠠᠳᠠᠭᠤᠷᠠᠬᠤ | ᠲᠦᠭᠰᠢᠭᠦᠷᠢ ᠶᠢ ᠬᠡᠷᠡᠭᠵᠢᠭᠦᠯᠬᠦ ᠰᠠᠷ᠎ᠠ ᠶᠢᠨ ᠮᠡᠳᠡᠭᠦᠯᠦᠯᠲᠡ᠂ ᠮᠡᠳᠡᠭᠦᠯᠦᠯᠲᠡ ᠦᠭᠡᠢ᠂ ᠭᠤᠣᠯᠳᠠᠯᠭ᠎ᠠ ᠲᠠᠢ ᠲᠤᠭ᠎ᠠ | ᠪᠠᠷᠢᠮᠲᠠ ᠶᠢ ᠴᠠᠭ ᠲᠤᠬᠠᠢ ᠳᠤᠨᠢ ᠮᠡᠳᠡᠭᠦᠯᠬᠦ ᠠᠵᠢᠯ ᠲᠥᠷᠥᠯ ᠤᠨ ᠰᠢᠭᠰᠢᠨ ᠪᠠᠶᠢᠴᠠᠭᠠᠵᠤ ᠰᠡᠷᠡᠮᠵᠢᠯᠡᠭᠦᠯᠬᠦ ᠲᠤᠭ᠎ᠠ | ᠪᠠᠷᠢᠮᠲᠠ ᠶᠢ ᠬᠠᠷᠢᠭᠤ ᠲᠤᠰᠬᠠᠬᠤ ᠲᠣᠭᠲᠠᠴᠠ ᠶᠢ ᠬᠡᠷᠡᠭᠵᠢᠭᠦᠯᠵᠦ᠂ ᠡᠭᠦᠨ ᠤ ᠬᠠᠮᠲᠤ ᠣᠷᠣᠨ ᠤ ᠨᠠᠮ ᠤᠨ | ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠤᠨ ᠱᠠᠭᠠᠷᠳᠠᠯᠭ᠎ᠠ ᠶᠣᠰᠣᠭᠠᠷ | ᠲᠤᠭ᠎ᠠ ᠪᠠᠷᠢᠮᠲᠠ ᠶᠢ ᠵᠠᠳᠠᠯᠤᠨ ᠰᠤᠳᠤᠯᠵᠤ ᠮᠠᠭᠠᠳᠯᠠᠬᠤ ᠵᠢᠴᠢ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠳᠠᠬᠢᠨ | ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠶᠢᠨ ᠲᠤᠭ᠎ᠠ ᠪᠠᠷᠢᠮᠲᠠ ᠶᠢ ᠠᠳᠠᠯᠢᠳᠬᠠᠨ ᠲᠡᠩᠴᠡᠭᠦᠯᠬᠦ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠭᠤ ᠲᠤᠰᠬᠠᠭᠰᠠᠨ ᠠᠵᠢᠯ ᠲᠥᠷᠥᠯ ᠤᠨ ᠲᠤᠭ᠎ᠠ ᠪᠠᠷᠢᠮᠲᠠ ᠪᠠ | ᠳᠡᠭᠡᠭᠰᠢ ᠮᠡᠳᠡᠭᠦᠯᠦᠭᠰᠡᠨ ᠠᠳᠠᠯᠢᠳᠬᠠᠨ ᠬᠠᠷᠭᠤᠭᠤᠯᠤᠭᠰᠠᠨ ᠲᠤᠭ᠎ᠠ ᠪᠠᠷᠢᠮᠲᠠ ᠶᠢ ᠦᠯᠡᠳᠡᠭᠡᠨ ᠬᠠᠳᠠᠭᠠᠯᠠᠵᠤ | ᠪᠦᠷᠢᠳᠬᠡᠬᠦ ᠶᠢ ᠠᠩᠬᠠᠷᠴᠤ᠂ ᠠᠵᠢᠯ ᠤᠨ ᠡᠬᠡ ᠲᠠᠩᠰᠠ ᠪᠠᠶᠢᠭᠤᠯᠬᠤ ᠬᠡᠷᠡᠭᠲᠡᠢ᠃ᠡᠭᠦᠨ ᠤ ᠬᠠᠮᠲᠤ᠂ ᠡᠯ᠎ᠡ ᠠᠵᠢᠯ | ᠲᠥᠷᠥᠯ ᠤᠨ ᠰᠠᠯᠠᠭ᠎ᠠ ᠮᠥᠴᠢᠷ ᠵᠢᠴᠢ ᠪᠠᠯᠭᠠᠰᠤ᠂ ᠲᠣᠰᠬᠤᠨ ᠤ ᠡᠯ᠎ᠡ ᠵᠦᠢᠯ ᠤᠨ ᠠᠷᠭ᠎ᠠ ᠵᠠᠮ ᠵᠡᠷᠭᠡ ᠠᠴᠠ | ᠢᠯᠡᠷᠡᠭᠦᠯᠦᠭᠰᠡᠨ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠴᠠᠭ ᠲᠤᠬᠠᠢ ᠳᠤᠨᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠪᠤᠶᠤ ᠪᠠᠯᠭᠠᠰᠤ᠂ ᠲᠣᠰᠬᠤᠨ ᠤ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠺᠠᠳ᠋ᠷ ᠲᠤ ᠰᠢᠯᠵᠢᠭᠦᠯᠦᠨ | ᠲᠠᠨᠢᠯᠴᠠᠭᠤᠯᠬᠤ ᠶᠢᠨ ᠬᠠᠮᠲᠤ ᠨᠡᠶᠢᠭᠡᠮ ᠤᠨ ᠬᠢᠨ ᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢᠨ | ᠰᠦᠪᠡᠭᠴᠢ ᠶᠢ ᠲᠤᠰᠬᠠᠬᠤ ᠶᠢ ᠵᠣᠷᠢᠭᠵᠢᠭᠤᠯᠵᠤ᠂ ᠣᠯᠠᠨ ᠱᠤᠭᠤᠮ ᠢ ᠨᠢᠭᠡᠳᠬᠡᠬᠦ ᠶᠢ ᠪᠡᠶᠡᠯᠡᠭᠦᠯᠵᠦ᠂ ᠨᠥᠬᠦᠴᠡᠯ ᠳᠤ | ᠨᠡᠶᠢᠴᠡᠬᠦ ᠶᠢ ᠨᠢ ᠴᠠᠭ ᠲᠤᠬᠠᠢ ᠳᠤᠨᠢ ᠠᠮᠠᠷᠬᠠᠨ ᠶᠠᠳᠠᠭᠤᠷᠠᠬᠤ ᠪᠠ ᠶᠠᠳᠠᠭᠤᠷᠠᠬᠤ ᠡᠷᠦᠬᠡ ᠳᠤ ᠣᠷᠣᠭᠤᠯᠬᠤ ᠬᠡᠷᠡᠭᠲᠡᠢ | ᠃ᠡᠯ᠎ᠡ ᠠᠵᠢᠯ ᠲᠦᠷᠦᠯ ᠤᠨ ᠭᠤᠣᠯᠯᠠᠨ ᠬᠠᠮᠢᠶᠠᠷᠬᠤ ᠨᠢᠭᠡᠴᠡ ᠶᠢᠨ ᠬᠢᠨ ᠲᠠᠬᠢᠨ ᠶᠠᠳᠠᠭᠤᠷᠠᠬᠤ ᠠᠴᠠ ᠪᠣᠯᠵᠤ | ᠶᠠᠳᠠᠭᠤᠷᠠᠭᠰᠠᠨ ᠡᠷᠦᠬᠡ ᠶᠢᠨ ᠪᠠᠶᠢᠳᠠᠯ ᠢ ᠴᠠᠭ ᠲᠤᠬᠠᠢ ᠳᠤᠨᠢ ᠣᠶᠢᠯᠠᠭᠠᠵᠤ᠂ ᠪᠠᠶᠢᠳᠠᠯ ᠢ ᠬᠢᠨᠠᠨ ᠪᠠᠶᠢᠴᠠᠭᠠᠬᠤ ᠶᠢ | ᠥᠷᠨᠢᠭᠦᠯᠵᠦ᠂ ᠲᠦᠷᠦ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠡᠯ᠎ᠡ ᠵᠦᠢᠯ ᠤᠨ ᠬᠠᠪᠰᠤᠷᠤᠨ ᠲᠡᠳᠬᠦᠬᠦ | ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠵᠤ᠂ ᠲᠡᠭᠦᠨ ᠢ ᠮᠥᠷᠳᠡᠨ ᠨᠠᠶᠢᠳᠠᠪᠤᠷᠢᠵᠢᠭᠤᠯᠵᠤ᠂ | ᠲᠡᠳᠬᠦᠪᠡᠯ ᠵᠣᠬᠢᠬᠤ ᠶᠢ ᠨᠢ ᠪᠦᠬᠦᠨ ᠢ ᠲᠡᠳᠬᠦᠵᠦ᠂ ᠡᠳ᠋ᠯᠡᠪᠡᠯ ᠵᠣᠬᠢᠬᠤ ᠶᠢ ᠨᠢ ᠪᠦᠬᠦᠨ ᠢ ᠡᠳ᠋ᠯᠡᠬᠦ ᠶᠢ ᠪᠠᠲᠤᠯᠠᠵᠤ᠂ | ᠴᠠᠭ ᠲᠤᠬᠠᠢ ᠳᠤᠨᠢ ᠬᠠᠪᠰᠤᠷᠤᠨ ᠲᠡᠳᠬᠦᠬᠦ ᠬᠡᠷᠡᠭᠲᠡᠢ᠃ | ︵ᠳᠥᠷᠪᠡ︶ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠦᠨ᠎ᠡ᠃ᠡᠳᠦᠷ ᠲᠤᠲᠤᠮ ᠤᠨ | ᠠᠵᠢᠯ ᠤᠨ ᠳᠤᠮᠳᠠ᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠶᠠᠷ | ᠪᠠᠯᠭᠠᠰᠤ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠵᠣᠬᠢᠶᠠᠨ ᠪᠠᠶᠢᠭᠤᠯᠤᠨ ᠪᠠᠶᠢᠷᠢᠯᠠᠭᠤᠯᠵᠤ᠂ ᠮᠡᠳᠡᠭᠡ | ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠵᠤ᠂ ᠵᠢᠭᠰᠠᠭᠠᠨ ᠪᠠᠶᠢᠴᠠᠭᠠᠬᠤ ᠪᠠ ᠮᠡᠳᠡᠭᠡ ᠵᠠᠩᠭᠢ | ᠴᠤᠭᠯᠠᠭᠤᠯᠬᠤ ᠠᠵᠢᠯ ᠢ ᠥᠷᠨᠢᠭᠦᠯᠵᠦ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠪᠠᠯᠭᠠᠰᠤ᠂ ᠲᠣᠰᠬᠤᠨ ᠤ ᠬᠢᠨ | ᠠᠵᠢᠯ ᠤᠨ ᠳᠤᠮᠳᠠ ᠪᠠᠨ ᠢᠯᠡᠷᠡᠭᠦᠯᠦᠭᠰᠡᠨ ᠡᠯ᠎ᠡ ᠲᠦᠷᠦᠯ ᠤᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ | ᠬᠡᠯᠪᠡᠷᠢᠯ ᠢ ᠴᠠᠭ ᠲᠤᠬᠠᠢ ᠳᠤᠨᠢ ᠲᠣᠭᠤᠷᠢᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ | ︵ᠣᠷᠣᠨ ᠤ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ︶ ᠳᠤ ᠬᠠᠷᠢᠭᠤ | ᠲᠤᠰᠬᠠᠨ ᠨᠡᠪᠲᠡᠷᠡᠯᠴᠡᠵᠦ᠂ ᠣᠷᠣᠨ ᠤ ᠱᠠᠲᠤᠨ ᠤ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠡᠭᠡᠳᠦ ᠱᠠᠲᠤᠨ ᠤ | ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠵᠣᠬᠢᠰᠲᠠᠢ ᠬᠡᠪᠴᠢᠶᠡᠨ ᠳᠣᠲᠣᠷ᠎ᠠ ᠪᠦᠲᠦᠮᠵᠢᠲᠡᠢ | ᠠᠷᠭ᠎ᠠ ᠬᠡᠮᠵᠢᠶ᠎ᠡ ᠠᠪᠴᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠬᠡᠷᠡᠭᠲᠡᠢ᠃ | ︵ᠲᠠᠪᠤ︶ ᠪᠣᠯᠪᠠᠰᠤᠷᠠᠭᠤᠯᠤᠯ ᠤᠨ ᠬᠢᠨᠠᠨ ᠵᠢᠯᠤᠭᠤᠳᠬᠤ ᠶᠢ ᠭᠦᠨᠵᠡᠭᠡᠢ ᠠᠬᠢᠭᠤᠯᠤᠨ᠎ᠠ᠃ᠡᠯ᠎ᠡ ᠱᠠᠲᠤᠨ ᠤ | ᠬᠢᠨ ᠱᠠᠲᠤ ᠬᠤᠪᠢᠶᠠᠨ ᠬᠢᠨᠠᠨ ᠵᠢᠯᠤᠭᠤᠳᠬᠤ ᠪᠠ ᠪᠣᠯᠪᠠᠰᠤᠷᠠᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ᠡᠨᠡᠬᠦ ᠠᠵᠢᠯ ᠳᠤ ᠬᠤᠯᠪᠣᠭᠳᠠᠭᠰᠠᠨ ᠺᠠᠳ᠋ᠷᠴᠤᠳ ᠤᠨ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠡᠵᠡᠮᠰᠢᠬᠦ ᠶᠢ ᠪᠠᠲᠤᠯᠠᠵᠤ᠂ ᠪᠤᠰᠤᠳ ᠦᠨᠳᠦᠰᠦᠨ ᠱᠠᠲᠤᠨ ᠤ ᠺᠠᠳ᠋ᠷ ᠠᠵᠢᠯ ᠤᠨ ᠭᠤᠣᠯᠳᠠᠯᠭ᠎ᠠ ᠪᠠ | ᠭᠤᠣᠯᠳᠠᠯᠭ᠎ᠠ ᠲᠠᠢ ᠨᠠᠷᠢᠨ ᠵᠦᠢᠯᠡᠰ ᠢ ᠡᠵᠡᠮᠳᠡᠨ ᠣᠶᠢᠯᠠᠭᠠᠵᠤ᠂ ᠠᠵᠢᠯ ᠢᠶᠠᠨ ᠱᠠᠲᠤ ᠱᠠᠲᠤ ᠪᠠᠷ ᠨᠡᠮᠡᠭᠳᠡᠭᠦᠯᠬᠦ᠂ | ᠲᠦᠷᠦ ᠶᠢᠨ ᠪᠣᠳᠣᠯᠭ᠎ᠠ ᠪᠠᠨ ᠱᠠᠲᠤ ᠱᠠᠲᠤ ᠪᠠᠷ ᠴᠢᠨᠠᠷ ᠬᠤᠪᠢᠷᠠᠭᠤᠯᠬᠤ᠂ ᠱᠠᠲᠤ ᠱᠠᠲᠤ ᠪᠠᠷ ᠪᠠᠭᠤᠷᠠᠭᠤᠯᠬᠤ ᠶᠢ | ᠱᠠᠭᠠᠷᠳᠠᠬᠤ ᠠᠴᠠ ᠵᠠᠶᠢᠯᠠᠰᠬᠢᠵᠦ᠂ ︽ᠪᠤᠷᠤᠭᠤ ᠨᠣᠮ ᠤᠩᠰᠢᠬᠤ︾᠂︽ᠪᠤᠷᠤᠭᠤ ᠰᠠᠨᠠᠭ᠎ᠠ ᠲᠠᠢ ᠪᠠᠷ ᠶᠠᠷᠢᠬᠤ︾ᠵᠡᠷᠭᠡ | ᠪᠠᠶᠢᠳᠠᠯ ᠭᠠᠷᠬᠤ ᠶᠢ ᠰᠡᠷᠭᠡᠶᠢᠯᠡᠵᠦ᠂ ᠤᠨᠢᠨ ᠳᠡᠭᠡᠷ᠎ᠡ ᠨᠢ ᠬᠡᠷᠡᠭᠵᠢᠭᠦᠯᠵᠦ᠂ ᠬᠠᠷᠢᠯᠴᠠᠨ ᠨᠥᠬᠦᠪᠦᠷᠢᠯᠡᠵᠦ᠂ ᠴᠠᠭ ᠲᠤᠬᠠᠢ | ᠳᠤᠨᠢ ᠰᠢᠯᠵᠢᠭᠦᠯᠦᠨ ᠲᠠᠨᠢᠯᠴᠠᠭᠤᠯᠵᠤ᠂ ᠥᠴᠥᠬᠡᠨ ᠴᠦ ᠰᠠᠭᠠᠲᠠᠭᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ | ᠳᠡᠭᠡᠳᠦ ᠱᠠᠲᠤᠨ ᠤ ᠥᠷᠨᠢᠭᠦᠯᠦᠭᠰᠡᠨ ᠬᠢᠨᠠᠨ ᠰᠢᠯᠭᠠᠵᠤ ᠦᠨᠡᠯᠡᠬᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ | ᠰᠤᠳᠤᠯᠤᠯᠲᠠ ᠬᠢᠵᠦ ᠵᠢᠭᠠᠨ ᠵᠢᠯᠤᠭᠤᠳᠬᠤ ᠵᠡᠷᠭᠡ ᠠᠵᠢᠯ ᠠᠴᠠ ᠭᠠᠳᠠᠨ᠎ᠠ᠂ ᠣᠷᠣᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠰᠣᠩᠭᠤᠨ ᠪᠠᠶᠢᠴᠠᠭᠠᠬᠤ ᠪᠠ ᠪᠦᠬᠦ ᠲᠠᠯ᠎ᠠ ᠪᠠᠷ ᠵᠢᠭᠰᠠᠭᠠᠨ | ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠶᠢ ᠠᠪᠴᠤ᠂ ᠬᠤᠯᠪᠣᠭᠳᠠᠯ ᠪᠦᠬᠦᠢ ᠨᠢᠭᠡᠴᠡ ᠲᠠᠢ ᠬᠠᠮᠲᠤᠷᠠᠨ ᠪᠠᠯᠭᠠᠰᠤ᠂ | ᠲᠣᠰᠬᠤᠨ ᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ | ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠤᠭᠤᠳᠴᠤ᠂ ᠬᠤᠶᠠᠷ ᠪᠠᠯᠭᠠᠰᠤ ᠶᠢᠨ ᠬᠢᠨ ᠠᠵᠢᠯ ᠤᠨ ᠱᠠᠭᠠᠷᠳᠠᠯᠭ᠎ᠠ ᠶᠢ | ᠤᠨᠢᠨ ᠳᠡᠭᠡᠷ᠎ᠡ ᠨᠢ ᠡᠵᠡᠮᠳᠡᠵᠦ᠂ ᠡᠯ᠎ᠡ ᠲᠣᠰᠬᠤᠨ ᠢ ᠵᠢᠯᠣᠭᠤᠳᠤᠨ ᠦᠵᠡᠯ ᠰᠠᠨᠠᠭ᠎ᠠ ᠲᠠᠨᠢᠯᠲᠠ ᠶᠢ ᠨᠢ ᠨᠢᠭᠡᠳᠬᠡᠵᠦ᠂ | ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠨᠢ ᠳᠡᠭᠡᠭᠰᠢᠯᠡᠭᠦᠯᠵᠦ᠂ ᠥᠪᠡᠷ ᠢ ᠪᠠᠨ ᠪᠠᠶᠢᠴᠠᠭᠠᠵᠤ ᠥᠷᠨᠢᠭᠦᠯᠬᠦ | ᠠᠰᠠᠭᠤᠳᠠᠯ ᠢ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠥᠭᠡᠷᠡᠴᠢᠯᠡᠵᠦ᠂ ᠲᠦᠷᠦ ᠶᠢᠨ ᠪᠣᠳᠣᠯᠭ᠎ᠠ ᠶᠢ ᠤᠨᠢᠨ | ᠳᠡᠭᠡᠷ᠎ᠡ ᠨᠢ ᠡᠵᠡᠮᠳᠡᠵᠦ ᠳᠡᠶᠢᠯᠬᠦ ᠦᠭᠡᠢ᠂ ᠠᠵᠢᠯ ᠤᠨ ᠠᠬᠢᠴᠠ ᠤᠳᠠᠭᠠᠨ ᠪᠠᠶᠢᠬᠤ ᠵᠡᠷᠭᠡ ᠠᠰᠠᠭᠤᠳᠠᠯ ᠢ ᠴᠠᠭ ᠲᠤᠬᠠᠢ | ᠳᠤᠨᠢ ᠢᠯᠡᠷᠡᠭᠦᠯᠦᠨ ᠵᠠᠯᠠᠷᠠᠭᠤᠯᠵᠤ᠂ ᠠᠵᠢᠯ ᠤᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃ | ᠳᠠᠭᠠᠯᠳᠤᠭᠤᠯᠤᠯ᠄ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ | ᠭᠤᠣᠯ ᠭᠦᠢᠴᠡᠳᠬᠡᠯ ᠲᠤᠭ᠎ᠠ ᠶᠢᠨ ᠲᠠᠶᠢᠯᠪᠤᠷᠢᠯᠠᠯᠲᠠ | ᠳᠠᠭᠠᠯᠳᠤᠭᠤᠯᠤᠯ᠄ | ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ ᠭᠤᠣᠯ | ᠭᠦᠢᠴᠡᠳᠬᠡᠯ ᠲᠤᠭ᠎ᠠ ᠶᠢᠨ ᠲᠠᠶᠢᠯᠪᠤᠷᠢᠯᠠᠯᠲᠠ | ᠨᠢᠭᠡ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠰᠢᠯᠭᠠᠬᠤ ᠡᠲᠡᠭᠡᠳ ᠤᠨ ᠠᠭᠤᠯᠭ᠎ᠠ | ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠰᠢᠯᠭᠠᠬᠤ ᠡᠲᠡᠭᠡᠳ ︵ᠳᠣᠷᠣᠭᠰᠢ ︽ᠬᠢᠨᠠᠨ ᠰᠢᠯᠭᠠᠬᠤ | ᠡᠲᠡᠭᠡᠳ︾ ᠭᠡᠵᠦ ᠲᠣᠪᠴᠢᠯᠠᠨ᠎ᠠ᠂ ᠪᠠᠰᠠ ︽ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠬᠤ ᠡᠷᠦᠬᠡ︾ ᠭᠡᠵᠦ | ᠲᠣᠪᠴᠢᠯᠠᠨ᠎ᠠ︶ ᠲᠤ᠄ ᠶᠠᠳᠠᠭᠤ ᠠᠴᠠ ᠠᠩᠭᠢᠵᠢᠷᠠᠭᠤᠯᠤᠭᠰᠠᠨ ᠲᠣᠭᠲᠠᠭᠤᠨ ᠪᠤᠰᠤ ᠡᠷᠦᠬᠡ᠂ ᠵᠠᠬ᠎ᠠ ᠬᠢᠵᠠᠭᠠᠷ ᠤᠨ | ᠠᠮᠠᠷᠬᠠᠨ ᠶᠠᠳᠠᠭᠤᠷᠠᠬᠤ ᠡᠷᠦᠬᠡ᠂ ᠵᠢᠴᠢ ᠡᠪᠡᠳᠴᠢᠨ ᠤ ᠰᠢᠯᠲᠠᠭᠠᠨ ᠪᠠ ᠭᠠᠮᠰᠢᠭ ᠤᠨ ᠬᠠᠷᠠᠭ᠎ᠠ ᠪᠠᠷ ᠰᠠᠨᠠᠭᠠᠨ ᠳᠤ | ᠦᠭᠡᠢ ᠠᠳᠡᠯ ᠵᠡᠷᠭᠡ ᠬᠠᠲᠠᠭᠤ ᠴᠢᠨᠠᠷᠲᠠᠢ ᠵᠠᠷᠤᠯᠭ᠎ᠠ ᠨᠡᠯᠢᠶᠡᠳ ᠶᠡᠭᠡ ᠪᠤᠶᠤ ᠣᠷᠣᠯᠭ᠎ᠠ ᠨᠢ ᠶᠡᠭᠡ ᠪᠠᠷ ᠪᠠᠭᠠᠰᠤᠭᠰᠠᠨ | ᠠᠴᠠ ᠪᠣᠯᠵᠤ ᠦᠨᠳᠦᠰᠦᠨ ᠠᠮᠢᠳᠤᠷᠠᠯ ᠳᠤᠨᠢ ᠬᠦᠨᠳᠦ ᠨᠣᠴᠢᠲᠠᠢ ᠬᠦᠴᠢᠷᠳᠡᠯ ᠲᠠᠢ ᠡᠷᠦᠬᠡ ︵︽ᠭᠡᠨᠡᠳᠲᠡ ᠶᠢᠨ | ᠬᠦᠨᠳᠦ ᠨᠣᠴᠢᠲᠠᠢ ᠬᠦᠴᠢᠷᠳᠡᠯ ᠲᠠᠢ ᠡᠷᠦᠬᠡ︾ ᠭᠡᠵᠦ ᠲᠣᠪᠴᠢᠯᠠᠨ᠎ᠠ︶ ᠵᠡᠷᠭᠡ ᠭᠤᠷᠪᠠᠨ ᠲᠥᠷᠥᠯ ᠤᠨ ᠡᠲᠡᠭᠡᠳ | ᠪᠠᠭᠲᠠᠨ᠎ᠠ᠃ | ᠬᠤᠶᠠᠷ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠪᠠᠶᠢᠴᠠᠭᠠᠵᠤ ᠵᠢᠭᠰᠠᠭᠠᠨ | ᠪᠠᠶᠢᠴᠠᠭᠠᠬᠤ ᠬᠦᠷᠢᠶ᠎ᠡ ᠬᠡᠪᠴᠢᠶ᠎ᠡ ︵ᠢᠯᠭᠠᠨ ᠲᠠᠨᠢᠬᠤ ᠬᠦᠷᠢᠶ᠎ᠡ ᠬᠡᠪᠴᠢᠶ᠎ᠡ︶ | ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢᠨ ᠬᠢᠨᠠᠨ ᠬᠡᠮᠵᠢᠵᠦ ᠵᠢᠭᠰᠠᠭᠠᠨ ᠪᠠᠶᠢᠴᠠᠭᠠᠬᠤ ᠬᠦᠷᠢᠶ᠎ᠡ ᠬᠡᠪᠴᠢᠶ᠎ᠡ ᠨᠢ | ᠭᠤᠣᠯᠳᠠᠭᠤ ᠮᠠᠯᠵᠢᠬᠤ ᠲᠠᠷᠢᠶᠠᠯᠠᠬᠤ ᠣᠷᠣᠨ ︵ᠲᠠᠷᠢᠶᠠᠯᠠᠩ ᠪᠤᠶᠤ ᠮᠠᠯ ᠠᠵᠤ ᠠᠬᠤᠢ ᠳᠤ ᠬᠤᠯᠪᠣᠭᠳᠠᠬᠤ ᠨᠡᠶᠢᠭᠡᠮ | ᠲᠣᠭᠤᠷᠢᠭ ᠪᠠᠭᠲᠠᠨ᠎ᠠ᠂ ᠳᠣᠷᠣᠭᠰᠢ ᠴᠥᠮ ᠲᠣᠰᠬᠤᠨ ᠭᠡᠵᠦ ᠲᠣᠭᠠᠴᠢᠨ᠎ᠠ︶ ᠤ ᠪᠠᠶᠢᠩᠭᠤ ᠰᠠᠭᠤᠭ᠎ᠠ ᠮᠠᠯᠵᠢᠬᠤ | ᠲᠠᠷᠢᠶᠠᠯᠠᠬᠤ ᠡᠷᠦᠬᠡ ᠵᠢᠴᠢ ᠳᠣᠣᠷᠠᠬᠢ ᠬᠥᠮᠥᠰ ᠢ ᠪᠠᠭᠲᠠᠭᠠᠨ᠎ᠠ᠃ | ᠵᠢᠱᠢᠯᠲᠡ ᠪᠠᠷ ᠲᠣᠰ ᠭᠠᠵᠠᠷ ᠲᠤ ᠪᠠᠶᠢᠩᠭᠤ ᠰᠠᠭᠤᠭ᠎ᠠ ᠮᠠᠯᠵᠢᠬᠤ ᠲᠠᠷᠢᠶᠠᠯᠠᠬᠤ ᠡᠷᠦᠬᠡ︔︽ᠲᠠᠷᠢᠶᠠᠯᠠᠩ ᠤᠨ | ᠪᠤᠰᠤ ᠡᠷᠦᠬᠡ ᠠᠮᠠ ᠶᠢ ᠲᠠᠷᠢᠶᠠᠯᠠᠩ ᠤᠨ ᠪᠤᠰᠤ ᠡᠷᠦᠬᠡ ᠠᠮᠠ ᠪᠣᠯᠭᠠᠨ ᠬᠤᠪᠢᠷᠠᠭᠤᠯᠤᠭᠰᠠᠨ︾ ᠬᠥᠮᠥᠨ ᠠᠮᠠ ︵ | ᠬᠤᠲᠠ ᠳᠤ ᠣᠷᠣᠰᠢᠨ ᠰᠠᠭᠤᠵᠤ ᠪᠠᠶᠢᠭ᠎ᠠ ᠬᠥᠮᠥᠨ ᠪᠠᠭᠲᠠᠨ᠎ᠠ︶᠂ ᠬᠤᠲᠠ ᠪᠠᠯᠭᠠᠰᠤ ᠶᠢᠨ ᠬᠠᠮᠢᠶ᠎ᠠ ᠪᠦᠬᠦᠢ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠡᠳ᠋ᠯᠡᠭᠡ ᠦᠭᠡᠢ ᠬᠥᠮᠥᠨ ᠠᠮᠠ︔ᠣᠨᠳᠣᠣ ᠭᠠᠵᠠᠷ ᠲᠤ ᠨᠡᠭᠦᠯᠭᠡᠨ | ᠶᠠᠳᠠᠭᠤ ᠶᠢ ᠲᠡᠳᠬᠦᠬᠦ ᠪᠠᠷ ᠨᠡᠭᠦᠯᠭᠡᠭᠰᠡᠨ ᠵᠢᠴᠢ ᠨᠢᠭᠡᠨᠲᠡ ᠬᠤᠳᠠ ᠪᠠᠯᠭᠠᠰᠤᠨ ᠤ ᠡᠷᠦᠭᠡ ᠠᠮᠠ ᠶᠢᠨ ᠲᠠᠩᠰᠠ ᠲᠠᠢ | ᠪᠣᠯᠤᠭᠰᠠᠨ ᠬᠥᠮᠥᠨ ᠠᠮᠠ ᠶᠢ ᠵᠡᠷᠭᠡ ᠪᠠᠷ ᠨᠡᠭᠦᠯᠭᠡᠪᠡ;ᠣᠶᠢᠷ᠎ᠠ ᠲᠡᠬᠦᠷᠭᠡ ᠶᠢᠨ ᠭᠠᠵᠠᠷ ᠣᠷᠣᠨ ᠪᠤᠶᠤ ᠬᠤᠳᠠ ᠶᠢᠨ | ᠳᠤᠮᠳᠠᠬᠢ ᠲᠣᠰᠬᠤᠨ᠂ ᠬᠤᠳᠠ ᠶᠢᠨ ᠵᠠᠬ᠎ᠠ ᠶᠢᠨ ᠲᠣᠰᠬᠤᠨ᠂ ᠨᠤᠷᠠᠭᠠᠵᠤ ᠨᠡᠭᠦᠯᠭᠡᠬᠦ ᠲᠣᠰᠬᠤᠨ᠂ ᠨᠡᠭᠦᠯᠭᠡᠬᠦ ᠲᠣᠰᠬᠤᠨ | ᠵᠡᠷᠭᠡ ᠨᠢ ᠵᠠᠮ ᠬᠠᠷᠢᠯᠴᠠᠭ᠎ᠠ ᠳᠥᠭᠦᠮ ᠪᠤᠶᠤ ᠪᠤᠰᠤᠳ ᠪᠤᠰᠤᠳᠴᠢ ᠰᠢᠯᠲᠠᠭᠠᠨ ᠠᠴᠠ ᠪᠣᠯᠵᠤ ᠬᠤᠳᠠ ᠶᠢᠨ | ᠲᠣᠭᠤᠷᠢᠭ ᠲᠤ ᠰᠠᠭᠤᠷᠢᠰᠢᠭᠰᠠᠨ;ᠬᠤᠳᠠ ᠶᠢᠨ ᠲᠣᠭᠤᠷᠢᠭ ᠪᠤᠶᠤ ᠭᠠᠳᠠᠷ ᠲᠣᠰᠬᠤᠨ ᠳᠤ ᠣᠷᠣᠰᠢᠨ ᠰᠠᠭᠤᠵᠤ | ᠪᠠᠶᠢᠭ᠎ᠠ ᠪᠣᠯᠪᠠᠴᠤ ᠲᠣᠰᠬᠤᠨ ᠤ ᠳᠣᠲᠣᠷ᠎ᠠ ᠪᠠᠨ ᠨᠢᠭᠲᠠ ᠬᠠᠷᠢᠴᠠᠭ᠎ᠠ ᠲᠠᠢ ᠪᠠᠶᠢᠬᠤ᠂ ᠲᠠᠷᠢᠶᠠᠴᠢᠨ ᠡᠷᠦᠭᠡ ᠪᠤᠰᠤ | ᠪᠣᠯᠪᠠᠴᠤ ᠬᠥᠳᠡᠭᠡ ᠲᠣᠰᠬᠤᠨ ᠳᠤ ᠣᠷᠣᠰᠢᠨ ᠰᠠᠭᠤᠵᠤ ᠪᠠᠶᠢᠬᠤ᠂ ᠵᠢᠴᠢ ᠲᠣᠰᠬᠤᠨ ᠤ ᠳᠣᠲᠣᠷ᠎ᠠ ᠲᠠᠷᠢᠶᠠᠯᠠᠩ ᠤᠨ | ᠦᠢᠯᠡᠳᠪᠦᠷᠢᠯᠡᠯ ᠡᠷᠬᠢᠯᠡᠵᠦ ᠪᠠᠶᠢᠬᠤ ᠵᠡᠷᠭᠡ ᠨᠢ ᠲᠣᠰᠬᠤᠨ ᠤ ᠳᠣᠲᠣᠷ᠎ᠠ ᠪᠠᠨ ᠨᠢᠭᠲᠠ ᠬᠠᠷᠢᠴᠠᠭ᠎ᠠ ᠲᠠᠢ ᠪᠠᠶᠢᠪᠠᠯ᠂ | ᠴᠥᠮ ᠵᠢᠭᠰᠠᠭᠠᠨ ᠪᠠᠶᠢᠴᠠᠭᠠᠬᠤ ᠶᠢᠨ ᠬᠠᠮᠲᠤ ᠲᠡᠭᠦᠨ ᠤ ᠳᠣᠲᠣᠷᠠᠬᠢ ᠨᠥᠬᠦᠴᠡᠯ ᠳᠤ ᠨᠡᠶᠢᠴᠡᠭᠰᠡᠨ ᠢ ᠨᠢ ᠬᠢᠨᠠᠨ | ᠰᠢᠯᠭᠠᠬᠤ ᠡᠲᠡᠭᠡᠳ ᠲᠤ ᠣᠷᠣᠭᠤᠯᠬᠤ ᠬᠡᠷᠡᠭᠲᠡᠢ᠃ᠶᠡᠷᠦ ᠪᠤᠰᠤ ᠪᠠᠷ ᠰᠠᠭᠤᠵᠤ ᠪᠠᠶᠢᠭ᠎ᠠ ᠲᠤᠰ ᠭᠠᠴᠠᠭᠠᠨ ᠤ ᠡᠷᠦᠬᠡ | ᠠᠮᠠ ᠶᠢᠨ ᠳᠠᠩᠰᠠ ᠲᠠᠢ ᠬᠥᠮᠥᠨ ᠠᠮᠠ ᠨᠢ ᠦᠨᠡᠬᠡᠷ ᠬᠦᠴᠢᠷᠲᠡᠢ ᠪᠤᠶᠤ ᠭᠤᠷᠪᠠᠨ ᠪᠠᠲᠤᠯᠠᠭ᠎ᠠ ᠲᠠᠢ ᠪᠠᠶᠢᠵᠤ᠂ | ᠤᠤᠭᠤᠬᠤ ᠤᠰᠤᠨ ᠤ ᠠᠮᠤᠷ ᠲᠦᠪᠰᠢᠨ ᠨᠢ ᠪᠠᠷᠢᠮᠵᠢᠶ᠎ᠠ ᠳᠤ ᠬᠦᠷᠬᠦ ᠦᠭᠡᠢ ᠪᠠᠶᠢᠪᠠᠯ᠂ ᠪᠠᠰᠠ ᠱᠠᠭᠠᠷᠳᠠᠯᠭ᠎ᠠ | ᠶᠣᠰᠣᠭᠠᠷ ᠬᠢᠨᠠᠨ ᠰᠢᠯᠭᠠᠬᠤ ᠡᠲᠡᠭᠡᠳ ᠢᠶᠠᠷ ᠢᠯᠭᠠᠨ ᠲᠠᠨᠢᠬᠤ ᠬᠡᠷᠡᠭᠲᠡᠢ᠃ᠳᠡᠭᠡᠷ᠎ᠡ ᠳᠤᠷᠠᠳᠤᠭᠰᠠᠨ ᠡᠯ᠎ᠡ ᠵᠦᠢᠯ ᠤᠨ | ᠬᠡᠪᠴᠢᠶᠡᠨ ᠳᠠᠬᠢ ᠬᠥᠮᠥᠨ ᠠᠮᠠ ᠶᠢᠨ ᠪᠣᠳᠠᠲᠠᠢ ᠬᠠᠮᠲᠤ ᠠᠮᠢᠳᠤᠷᠠᠵᠤ ᠪᠠᠶᠢᠭ᠎ᠠ ᠪᠤᠶᠤ ᠠᠵᠤ ᠠᠬᠤᠢ ᠶᠢᠨ ᠬᠠᠷᠢᠴᠠᠭ᠎ᠠ | ᠲᠠᠢ ᠬᠥᠮᠥᠰ ︵ᠡᠷᠦᠬᠡ ᠠᠮᠠ ᠶᠢᠨ ᠰᠢᠨᠵᠢ ᠴᠢᠨᠠᠷ ᠢ ᠬᠠᠮᠢᠶᠠᠷᠬᠤ ᠦᠭᠡᠢ︶ ᠢ ᠪᠠᠰᠠ ᠵᠢᠭᠰᠠᠭᠠᠨ ᠪᠠᠶᠢᠴᠠᠭᠠᠬᠤ ᠪᠠ | ᠢᠯᠭᠠᠨ ᠲᠠᠨᠢᠬᠤ ᠬᠡᠷᠡᠭᠲᠡᠢ᠃ ᠪᠠᠶᠢᠩᠭᠤ ᠰᠠᠭᠤᠭ᠎ᠠ ᠭᠠᠵᠠᠷ ᠦᠭᠡᠢ ︵ᠵᠢᠱᠢᠶᠡᠯᠡᠪᠡᠯ ᠲᠡᠨᠦᠭᠦᠴᠢᠯᠡᠵᠦ ᠪᠠᠶᠢᠭ᠎ᠠ ᠪᠤᠶᠤ | ᠣᠯᠠᠨ ᠭᠠᠵᠠᠷ ᠲᠤ ᠰᠠᠭᠤᠵᠤ ᠪᠠᠶᠢᠭ᠎ᠠ ᠬᠥᠮᠥᠰ︶᠂ ᠡᠷᠦᠬᠡ ᠠᠮᠠ ᠶᠢᠨ ᠳᠠᠩᠰᠠ ᠦᠭᠡᠢ ᠪᠤᠶᠤ ᠡᠷᠦᠬᠡ ᠠᠮᠠ ᠶᠢᠨ | ᠳᠠᠩᠰᠠ ᠪᠠᠨ ᠭᠡᠭᠡᠭᠰᠡᠨ᠂ ᠲᠠᠷᠢᠶᠠᠴᠢᠨ ᠪᠤᠰᠤ ᠡᠷᠦᠬᠡ ᠬᠥᠳᠡᠭᠡ ᠲᠣᠰᠬᠤᠨ ᠳᠤ ᠪᠠᠶᠢᠩᠭᠤ ᠰᠠᠭᠤᠭ᠎ᠠ ᠵᠡᠷᠭᠡ | ᠪᠠᠶᠢᠳᠠᠯ ᠳᠤ᠂ ᠪᠠᠰᠠ ᠲᠡᠳᠡᠨ ᠤ ᠡᠷᠦᠬᠡ ᠠᠮᠠ ᠶᠢᠨ ᠲᠠᠩᠰᠠ ᠶᠢᠨ ᠪᠠᠶᠢᠭ᠎ᠠ ᠭᠠᠵᠠᠷ᠂ ᠪᠠᠶᠢᠩᠭᠤ ᠰᠠᠭᠤᠭ᠎ᠠ ᠭᠠᠵᠠᠷ᠂ | ᠲᠦᠷ ᠰᠠᠭᠤᠭ᠎ᠠ ᠭᠠᠵᠠᠷ ᠵᠢᠴᠢ ᠣᠲᠣ ᠶᠢᠨ ᠰᠠᠭᠤᠭ᠎ᠠ ᠭᠠᠵᠠᠷ ᠵᠡᠷᠭᠡ ᠣᠯᠠᠨ ᠲᠠᠯ᠎ᠠ ᠪᠠᠷ ᠵᠢᠭᠰᠠᠭᠠᠨ ᠪᠠᠶᠢᠴᠠᠭᠠᠵᠤ᠂ | ᠨᠥᠬᠦᠴᠡᠯ ᠳᠤ ᠨᠡᠶᠢᠴᠡᠬᠦ ᠶᠢ ᠨᠢ ᠬᠢᠨᠠᠨ ᠰᠢᠯᠭᠠᠬᠤ ᠡᠲᠡᠭᠡᠳ ᠢᠶᠠᠷ ᠢᠯᠭᠠᠨ ᠲᠠᠨᠢᠵᠤ᠂ ᠲᠦᠭᠰᠢᠭᠦᠷᠢ ᠶᠢ ᠣᠯᠵᠤ | ᠮᠡᠳᠡᠭᠰᠡᠨ ᠪᠣᠯᠪᠠᠴᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢᠨ ᠬᠢᠵᠠᠭᠠᠷᠯᠠᠯ ᠠᠴᠠ ᠪᠣᠯᠵᠤ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠠᠷᠭ᠎ᠠ ᠦᠭᠡᠢ ᠵᠡᠷᠭᠡ ᠰᠢᠯᠲᠠᠭᠠᠨ ᠠᠴᠠ ᠪᠣᠯᠵᠤ ᠬᠠᠮᠢᠭ᠎ᠠ | ᠢᠯᠭᠠᠨ ᠲᠠᠨᠢᠬᠤ ᠶᠢ ᠲᠣᠭᠲᠠᠭᠠᠬᠤ ᠦᠭᠡᠢ ᠪᠠᠶᠢᠪᠠᠯ᠂ ᠴᠠᠭ ᠲᠤᠬᠠᠢ ᠳᠤᠨᠢ ᠶᠠᠳᠠᠭᠤᠷᠠᠬᠤ ᠪᠠ ᠳᠠᠬᠢᠨ ᠶᠠᠳᠠᠭᠤᠷᠠᠬᠤ | ᠲᠦᠭᠰᠢᠭᠦᠷᠢ ᠶᠢ ᠣᠷᠣᠨ ᠰᠢᠶᠠᠩ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠮᠡᠳᠡᠭᠦᠯᠵᠦ᠂ ᠮᠡᠳᠡᠭᠡ | ᠵᠠᠩᠭᠢ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠵᠦ᠂ ᠬᠤᠯᠪᠣᠭᠳᠠᠯ ᠪᠦᠬᠦᠢ ᠭᠠᠵᠠᠷ ᠣᠷᠣᠨ ᠳᠤ ᠰᠢᠯᠵᠢᠭᠦᠯᠦᠨ | ᠲᠠᠨᠢᠯᠴᠠᠭᠤᠯᠵᠤ ᠢᠯᠭᠠᠨ ᠲᠠᠨᠢᠭᠤᠯᠬᠤ ᠬᠡᠷᠡᠭᠲᠡᠢ᠃ᠣᠨᠳᠣᠣ ᠭᠠᠵᠠᠷ ᠲᠤ ᠬᠢᠨᠠᠨ ᠬᠠᠷᠭᠤᠭᠤᠯᠬᠤ ᠪᠤᠶᠤ ᠰᠢᠯᠵᠢᠭᠦᠯᠦᠨ | ᠲᠠᠨᠢᠯᠴᠠᠭᠤᠯᠵᠤ ᠢᠯᠭᠠᠨ ᠲᠠᠨᠢᠬᠤ ᠨᠢ ᠬᠠᠪᠰᠤᠷᠤᠨ ᠲᠡᠳᠬᠦᠬᠦ ᠬᠦᠴᠦᠨ ᠲᠠᠢ ᠬᠤᠭᠤᠴᠠᠭ᠎ᠠ ᠶᠢ ᠨᠥᠯᠥᠭᠡᠯᠡᠬᠦ ᠦᠭᠡᠢ | ᠪᠠᠶᠢᠬᠤ ᠶᠢ ᠠᠩᠬᠠᠷᠬᠤ ᠬᠡᠷᠡᠭᠲᠡᠢ᠃ | ᠠᠵᠢᠯ ᠤᠨ ᠳᠤᠮᠳᠠ ᠪᠠᠨ ᠠᠮᠢᠳᠤᠯᠢᠭ ᠢᠶᠠᠷ ᠡᠵᠡᠮᠰᠢᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠵᠢᠭᠰᠠᠭᠠᠨ ᠪᠠᠶᠢᠴᠠᠭᠠᠬᠤ ᠬᠦᠷᠢᠶ᠎ᠡ ᠬᠡᠪᠴᠢᠶ᠎ᠡ ᠪᠠ ᠢᠯᠭᠠᠨ ᠲᠠᠨᠢᠬᠤ ᠬᠦᠷᠢᠶ᠎ᠡ ᠬᠡᠪᠴᠢᠶ᠎ᠡ ᠶᠢ ᠠᠭᠤᠵᠢᠭᠤ | ᠲᠠᠯᠪᠢᠬᠤ ᠶᠢᠨ ᠬᠠᠮᠲᠤ᠂ ︽ᠲᠠᠭᠤ ᠴᠢᠮᠡᠭᠡ ᠦᠭᠡᠢ︾ ᠬᠥᠮᠥᠰ ᠢ ᠠᠩᠬᠠᠷᠴᠤ᠂ ᠬᠦᠴᠢᠷᠳᠡᠯ ᠲᠤᠯᠭᠠᠷᠠᠪᠠᠯ ᠳᠠᠷᠤᠢ | ᠲᠡᠳᠬᠦᠨ ᠳᠡᠮᠵᠢᠵᠦ᠂ ᠲᠤᠰᠢᠶᠠᠬᠤ ᠶᠣᠰᠣᠲᠠᠢ ᠶᠢ ᠨᠢ ᠪᠦᠬᠦᠨ ᠢ ᠪᠠᠭᠲᠠᠭᠠᠬᠤ ᠶᠢ ᠪᠠᠲᠤᠯᠠᠬᠤ ᠬᠡᠷᠡᠭᠲᠡᠢ᠃ | ᠭᠤᠷᠪᠠ᠂ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠶᠢ ᠢᠯᠭᠠᠨ ᠲᠠᠨᠢᠬᠤ ᠲᠠᠰ ᠳᠠᠷᠠᠭᠠᠯᠠᠯ ᠤᠨ | ᠱᠠᠭᠠᠷᠳᠠᠯᠭ᠎ᠠ ︵︽ᠰᠠᠭᠠᠳ ᠦᠭᠡᠢ ᠨᠡᠪᠲᠡᠷᠡᠬᠦ ᠵᠠᠮ︾ ᠢ ᠪᠠᠭᠲᠠᠭᠠᠨ᠎ᠠ︶ | ᠪᠠᠯᠭᠠᠰᠤ ᠲᠣᠰᠬᠤᠨ ᠨᠢ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠶᠢ ᠢᠯᠭᠠᠨ ᠲᠠᠨᠢᠬᠤ | ᠪᠠ ᠲᠦᠭᠰᠢᠭᠦᠷᠢ ᠶᠢ ᠠᠷᠢᠯᠭᠠᠬᠤ ᠠᠵᠢᠯ ᠢ ᠥᠷᠨᠢᠭᠦᠯᠬᠦ ᠳᠡᠭᠡᠨ᠂ ᠣᠨᠴᠣᠭᠤᠢ ᠪᠠᠶᠢᠳᠠᠯ ᠢ ᠰᠠᠭᠠᠳ ᠦᠭᠡᠢ ᠨᠡᠪᠲᠡᠷᠡᠬᠦ | ᠵᠠᠮ ᠳᠤ ᠣᠷᠣᠭᠤᠯᠵᠤ ᠤᠷᠢᠳᠠᠪᠠᠷ ᠬᠠᠪᠰᠤᠷᠤᠨ ᠲᠡᠳᠬᠦᠵᠦ ᠳᠠᠷᠠᠭ᠎ᠠ ᠨᠢ ᠣᠷᠣᠭᠤᠯᠬᠤ ᠠᠴᠠ ᠭᠠᠳᠠᠨ᠎ᠠ᠂ ᠡᠩ ᠤᠨ | ᠲᠠᠰ ᠳᠠᠷᠠᠭᠠᠯᠠᠯ ᠳᠤ ᠴᠤ ᠬᠦᠴᠦᠨ ᠲᠠᠢ ᠬᠤᠭᠤᠴᠠᠭ᠎ᠠ ᠶᠢ ᠴᠢᠬᠤᠯᠠᠴᠢᠯᠠᠵᠤ᠂ ᠠᠯᠢ ᠴᠢᠳᠠᠬᠤ ᠪᠠᠷ ᠲᠥᠬᠦᠮ ᠪᠣᠯᠭᠠᠬᠤ | ᠬᠡᠷᠡᠭᠲᠡᠢ᠃ᠡᠭᠡᠵᠦ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠶᠢᠨ ᠪᠠᠷᠢᠮᠵᠢᠶ᠎ᠠ ᠶᠢᠨ ᠵᠠᠬ᠎ᠠ ᠬᠢᠵᠠᠭᠠᠷ | ᠪᠤᠶᠤ ᠠᠷᠠᠳ ᠤᠨ ᠰᠠᠨᠠᠭ᠎ᠠ ᠶᠢ ᠮᠡᠳᠡᠷᠡᠨ ᠵᠥᠪᠰᠢᠶᠡᠷᠡᠭᠰᠡᠨ ᠬᠥᠮᠥᠰ ᠲᠤ ᠪᠠᠷᠢᠮᠵᠢᠶ᠎ᠠ ᠶᠢ ᠢᠯᠭᠠᠨ ᠲᠠᠨᠢᠬᠤ ᠶᠢ ᠵᠣᠬᠢᠬᠤ | ᠬᠡᠮᠵᠢᠶ᠎ᠡ ᠪᠠᠷ ᠠᠭᠤᠵᠢᠭᠤ ᠲᠠᠯᠪᠢᠵᠤ᠂ ᠡᠭᠡᠵᠦ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠳᠤ | ᠣᠷᠣᠭᠤᠯᠤᠨ᠎ᠠ᠃ | ᠮᠠᠭᠠᠳᠯᠠᠨ ᠲᠣᠭᠲᠠᠭᠠᠬᠤ ᠠᠵᠢᠯ ᠳᠤ ᠲᠥᠬᠦᠮ ᠮᠥᠷᠲᠡᠭᠡᠨ ᠲᠥᠬᠦᠮ᠂ ᠢᠯᠡ ᠪᠥᠭᠡᠳ ᠲᠥᠪ ᠭᠤᠥᠯᠴᠢ | ᠪᠠᠶᠢᠬᠤ ᠶᠢ ᠪᠠᠷᠢᠮᠲᠠᠯᠠᠨ᠂ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠂ ᠺᠠᠳ᠋ᠷ ᠢ ᠵᠢᠭᠰᠠᠭᠠᠨ ᠪᠠᠶᠢᠴᠠᠭᠠᠬᠤ᠂ | ᠰᠠᠯᠠᠭ᠎ᠠ ᠮᠥᠴᠢᠷ ᠤᠨ ᠤᠷᠢᠳᠴᠢᠯᠠᠨ ᠰᠡᠷᠡᠮᠵᠢᠯᠡᠭᠦᠯᠬᠦ ᠳᠤ ᠲᠦᠭᠰᠢᠭᠦᠷᠢ ᠶᠢᠨ ᠰᠦᠪᠡᠭᠴᠢ ᠶᠢ ᠢᠯᠡᠷᠡᠭᠦᠯᠦᠭᠰᠡᠨ | ᠡᠳᠦᠷ ᠠᠴᠠ ᠡᠬᠢᠯᠡᠨ᠂ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠶᠢ ᠢᠯᠭᠠᠨ ᠲᠠᠨᠢᠵᠤ | ᠮᠠᠭᠠᠳᠯᠠᠨ ᠲᠣᠭᠲᠠᠭᠠᠬᠤ ᠶᠢ ᠪᠡᠶᠡᠯᠡᠭᠦᠯᠬᠦ ᠬᠦᠷᠲᠡᠯ᠎ᠡ᠂ ᠡᠩ ᠤᠨ ᠪᠠᠶᠢᠳᠠᠯ ᠳᠤ 15 ᠡᠳᠦᠷ ᠠᠴᠠ ᠬᠡᠲᠦᠷᠡᠭᠦᠯᠵᠦ | ᠪᠣᠯᠬᠤ ᠦᠭᠡᠢ ︵ᠲᠣᠰᠬᠤᠨ ᠤ ᠱᠠᠲᠤᠨ ᠤ ᠢᠯᠡ ᠨᠡᠶᠢᠲᠡᠯᠡᠬᠦ ᠳᠤ 5 ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ | ︶ ᠠᠴᠠ ᠬᠡᠲᠦᠷᠡᠭᠦᠯᠬᠦ ᠦᠭᠡᠢ᠃ᠭᠡᠨᠡᠳᠲᠡ ᠶᠢᠨ ᠴᠢᠨᠠᠷᠲᠠᠢ ᠠᠳᠡᠯ ᠵᠡᠷᠭᠡ ᠳᠤ ᠤᠴᠠᠷᠠᠭᠰᠠᠨ ᠠᠴᠠ ᠪᠣᠯᠵᠤ ᠳᠠᠬᠢᠨ | ᠶᠠᠳᠠᠭᠤᠷᠠᠵᠤ ᠶᠠᠳᠠᠭᠤᠷᠠᠬᠤ ᠠᠶᠤᠯ ᠲᠦᠭᠰᠢᠭᠦᠷᠢ ᠭᠠᠷᠴᠤ᠂ ᠪᠣᠳᠠᠲᠤ ᠶᠠᠪᠤᠳᠠᠯ ᠨᠢ ᠲᠣᠳᠣᠷᠬᠠᠢ᠂ ᠣᠯᠠᠨ ᠲᠦᠮᠡᠨ ᠤ | ᠵᠥᠪᠰᠢᠶᠡᠷᠡᠯ ᠢ ᠣᠯᠣᠭᠰᠠᠨ ᠪᠠᠶᠢᠪᠠᠯ᠂ ︽ᠰᠠᠭᠠᠳ ᠦᠭᠡᠢ ᠨᠡᠪᠲᠡᠷᠡᠬᠦ ᠵᠠᠮ︾ ︵ᠪᠣᠳᠠᠲᠠᠢ ᠠᠵᠢᠯᠯᠠᠭᠤᠯᠬᠤ ᠳᠠᠭᠠᠨ | ᠳ᠋ᠢᠶᠠᠩᠬᠤᠸᠠ ᠵᠡᠷᠭᠡ ᠣᠯᠠᠨ ᠵᠦᠢᠯ ᠤᠨ ᠬᠡᠯᠪᠡᠷᠢ ᠪᠠᠷ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ︶ ᠢᠶᠠᠷ | ᠳᠡᠮᠵᠢᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠷᠢᠳᠠᠪᠠᠷ ᠨᠠᠶᠢᠳᠠᠪᠤᠷᠢᠵᠢᠭᠤᠯᠵᠤ ᠪᠣᠯᠣᠨ᠎ᠠ᠃ ᠰᠡᠭᠦᠯᠡᠷ ᠨᠢ | ᠬᠠᠮᠢᠶ᠎ᠠ ᠪᠦᠬᠦᠢ ᠲᠡᠰ ᠳᠠᠷᠠᠭᠠᠯᠠᠯ ᠢ ᠭᠦᠢᠴᠡᠳᠬᠡᠵᠦ᠂ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ ᠴᠢᠳᠠᠪᠤᠷᠢ | ᠦᠭᠡᠢ ᠬᠥᠮᠥᠰ ᠪᠤᠰᠤᠳ ᠲᠤ ᠨᠠᠶᠢᠳᠠᠵᠤ ᠣᠷᠣᠯᠠᠨ ᠭᠤᠶᠤᠴᠢᠯᠠᠨ ᠮᠡᠳᠡᠭᠦᠯᠵᠦ ᠪᠣᠯᠬᠤ ᠪᠥᠭᠡᠳ ᠶᠠᠳᠠᠭᠤᠷᠠᠬᠤ ᠪᠠ | ᠲᠠᠬᠢᠨ ᠶᠠᠳᠠᠭᠤᠷᠠᠬᠤ ᠲᠦᠭᠰᠢᠭᠦᠷᠢ ᠶᠢ ᠣᠯᠵᠤ ᠮᠡᠳᠡᠪᠡᠯ ᠲᠠᠨᠢᠯᠴᠠᠭᠤᠯᠤᠨ ᠭᠤᠶᠤᠴᠢᠯᠠᠨ ᠮᠡᠳᠡᠭᠦᠯᠬᠦ ᠪᠤᠶᠤ ᠮᠡᠳᠡᠭᠡ | ᠵᠠᠩᠭᠢ ᠬᠠᠩᠭᠠᠬᠤ ᠶᠢ ᠵᠣᠷᠢᠭᠵᠢᠭᠤᠯᠤᠨ ᠳᠡᠮᠵᠢᠵᠦ᠂ ᠲᠣᠰᠬᠤᠨ ᠤ ᠠᠷᠠᠳ ᠤᠨ ᠵᠥᠪᠯᠡᠯ ᠠᠴᠠ ᠵᠢᠭᠰᠠᠭᠠᠨ | ᠪᠠᠶᠢᠴᠠᠭᠠᠵᠤ᠂︽ᠬᠦᠴᠢᠷᠳᠡᠯ ᠳᠤ ᠲᠤᠯᠭᠠᠷᠠᠪᠠᠯ ᠳᠠᠷᠤᠢ ᠲᠡᠳᠬᠦᠬᠦ︾ ᠶᠢ ᠪᠡᠶᠡᠯᠡᠭᠦᠯᠵᠦ᠂ ᠲᠦᠷᠭᠡᠨ ᠴᠤᠤᠷᠢᠶᠠᠲᠤᠨ ᠳᠠᠭᠠᠵᠤ᠂ | ᠴᠠᠭ ᠲᠤᠬᠠᠢ ᠳᠤᠨᠢ ᠬᠠᠪᠰᠤᠷᠤᠨ ᠲᠡᠳᠬᠦᠬᠦ ᠬᠡᠷᠡᠭᠲᠡᠢ᠃ᠬᠡᠷᠪᠡ ᠲᠥᠷᠥ ᠶᠢᠨ ᠪᠣᠳᠣᠯᠭ᠎ᠠ ᠶᠢ ᠮᠡᠬᠡᠯᠡᠨ ᠠᠪᠤᠭᠰᠠᠨ | ᠵᠡᠷᠭᠡ ᠪᠠᠶᠢᠳᠠᠯ ᠪᠠᠶᠢᠬᠤ ᠶᠢ ᠣᠯᠵᠤ ᠮᠡᠳᠡᠪᠡᠯ᠂ ᠲᠤᠬᠠᠢ ᠶᠢᠨ ᠬᠥᠮᠥᠨ ᠢ ᠬᠤᠯᠪᠣᠭᠳᠠᠯ ᠪᠦᠬᠦᠢ ᠲᠣᠭᠲᠠᠭᠠᠯ ᠵᠢᠴᠢ | ᠬᠠᠤᠯᠢ ᠴᠠᠭᠠᠵᠠ ᠶᠢᠨ ᠵᠦᠢᠯ ᠵᠤᠷᠪᠤᠰ ᠶᠣᠰᠣᠭᠠᠷ ᠴᠢᠩᠭ᠎ᠠ ᠵᠠᠯᠬᠠᠭᠠᠨ ᠰᠢᠳᠬᠡᠨ᠎ᠡ᠃ | ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠬᠠᠮᠢᠶ᠎ᠠ ᠪᠦᠬᠦᠢ ᠠᠵᠢᠯ | ᠲᠥᠷᠥᠯ ᠤᠨ ᠰᠠᠯᠠᠭ᠎ᠠ ᠮᠥᠴᠢᠷ ᠲᠠᠢ ᠬᠠᠮᠲᠤᠷᠠᠨ ᠵᠥᠪᠳᠡᠯᠴᠡᠵᠦ ᠰᠤᠳᠤᠯᠤᠨ ᠮᠠᠭᠠᠳᠯᠠᠬᠤ ᠶᠢ ᠥᠷᠨᠢᠭᠦᠯᠵᠦ᠂ | ᠬᠡᠷᠡᠭᠴᠡᠭᠡ ᠪᠠᠨ ᠦᠨᠳᠦᠰᠦᠯᠡᠨ ᠥᠯᠢᠭᠡᠷ ᠠᠪᠴᠤ ᠬᠠᠷᠭᠤᠭᠤᠯᠤᠨ ᠪᠠᠶᠢᠴᠠᠭᠠᠬᠤ᠂ ᠭᠤᠣᠯᠳᠠᠯᠭ᠎ᠠ ᠲᠠᠢ ᠬᠢᠨᠠᠨ | ᠪᠠᠶᠢᠴᠠᠭᠠᠬᠤ᠂ ᠪᠠᠷᠢᠮᠵᠢᠶ᠎ᠠ ᠲᠠᠢ ᠬᠠᠷᠢᠴᠠᠭᠤᠯᠤᠨ ᠶᠡᠷᠦᠩᠬᠡᠶᠢᠯᠡᠨ ᠬᠢᠨᠠᠨ ᠲᠣᠭᠲᠠᠭᠠᠬᠤ ᠶᠢ ᠵᠣᠬᠢᠶᠠᠨ ᠪᠠᠶᠢᠭᠤᠯᠵᠤ᠂ ︽ | ᠪᠤᠷᠤᠭᠤ ᠲᠠᠨᠢᠬᠤ᠂ ᠪᠤᠷᠤᠭᠤ ᠪᠤᠴᠠᠭᠠᠬᠤ︾ ᠪᠠᠶᠢᠳᠠᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ᠳᠥᠷᠪᠡ᠂ ᠬᠢᠨᠠᠨ ᠬᠡᠮᠵᠢᠭᠳᠡᠬᠦ ᠡᠲᠡᠭᠡᠳ ᠢ ᠨᠤᠲᠠᠯᠠᠨ ᠲᠣᠭᠲᠠᠭᠠᠬᠤ ᠨᠥᠬᠦᠴᠡᠯ | ᠣᠷᠣᠯᠭ᠎ᠠ ᠵᠠᠷᠤᠯᠭ᠎ᠠ ᠶᠢᠨ ᠪᠠᠶᠢᠳᠠᠯ ᠵᠢᠴᠢ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ | ᠲᠦᠪᠰᠢᠨ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠶᠢ | ᠶᠡᠷᠦᠩᠬᠡᠶᠢᠯᠡᠨ ᠪᠣᠳᠣᠯᠬᠢᠯᠠᠵᠤ᠂ ᠭᠡᠷ ᠪᠦᠯᠢ ᠪᠠᠷ ᠨᠢᠭᠡᠴᠢ ᠪᠣᠯᠭᠠᠨ ᠬᠢᠨᠠᠨ ᠰᠢᠯᠭᠠᠬᠤ ᠡᠲᠡᠭᠡᠳ ᠢ ᠢᠯᠭᠠᠨ ᠲᠠᠨᠢᠵᠤ | ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠦᠨ᠎ᠡ᠃ᠪᠣᠳᠠᠲᠠᠢ ᠠᠵᠢᠯ ᠤᠨ ᠳᠤᠮᠳᠠ᠂ ᠬᠤᠶᠠᠷ ᠲᠥᠷᠥᠯ ᠤᠨ | ᠪᠠᠶᠢᠳᠠᠯ ᠳᠤ ᠬᠤᠪᠢᠶᠠᠵᠤ ᠪᠣᠯᠣᠨ᠎ᠠ᠄ ᠨᠢᠭᠡ ᠳᠤ᠂ ᠭᠡᠷ ᠪᠦᠯᠢ ᠶᠢᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ | ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠬᠠᠢ ᠶᠢᠨ ᠦᠶ᠎ᠡ ᠶᠢᠨ ᠣᠷᠣᠯᠭ᠎ᠠ ᠶᠢᠨ ᠤᠷᠢᠳᠴᠢᠯᠠᠨ | ᠰᠡᠷᠡᠮᠵᠢᠯᠡᠭᠦᠯᠬᠦ ᠬᠦᠷᠢᠶ᠎ᠡ ᠬᠡᠪᠴᠢᠶ᠎ᠡ ︵ᠪᠠᠰᠠ ︽ᠬᠢᠨᠠᠨ ᠬᠡᠮᠵᠢᠬᠦ ᠬᠦᠷᠢᠶ᠎ᠡ ᠬᠡᠪᠴᠢᠶ᠎ᠡ︾ ᠭᠡᠳᠡᠭ︶ ᠶᠢᠨ ᠳᠣᠲᠣᠷ᠎ᠠ | ᠪᠠᠶᠢᠬᠤ ᠮᠥᠷᠲᠡᠭᠡᠨ ᠡᠯ᠎ᠡ ᠵᠦᠢᠯ ᠤᠨ ᠰᠢᠯᠲᠠᠭᠠᠨ ᠤ ᠨᠥᠯᠥᠭᠡ ᠠᠴᠠ ᠪᠣᠯᠵᠤ ᠦᠨᠳᠦᠰᠦᠨ ᠠᠮᠢᠳᠤᠷᠠᠯ ᠳᠤ ᠬᠦᠨᠳᠦ | ᠨᠣᠴᠢᠲᠠᠢ ᠬᠦᠴᠢᠷᠳᠡᠯ ᠲᠤᠯᠭᠠᠷᠠᠭᠰᠠᠨ ᠪᠤᠶᠤ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ | ᠲᠦᠪᠰᠢᠨ ᠳᠤ ᠲᠣᠪᠣᠶᠢᠮ᠎ᠠ ᠠᠰᠠᠭᠤᠳᠠᠯ ᠭᠠᠷᠴᠤ᠂ ᠥᠪᠡᠷ ᠤᠨ ᠬᠦᠴᠦᠨ ᠳᠡᠭᠡᠨ ᠲᠦᠰᠢᠭᠯᠡᠭᠡᠳ ᠰᠢᠢᠳᠪᠦᠷᠢᠯᠡᠬᠦ ᠳᠤ | ᠪᠡᠷᠬᠡ ᠪᠣᠯᠵᠤ᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠲᠦᠭᠰᠢᠭᠦᠷᠢ ᠣᠷᠣᠰᠢᠵᠤ ᠪᠠᠶᠢᠬᠤ᠃ᠬᠤᠶᠠᠷ ᠲᠤ᠂ | ᠬᠡᠳᠦᠶᠢᠪᠡᠷ ᠭᠡᠷ ᠪᠦᠯᠢ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ ᠨᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠤᠬᠠᠢ ᠶᠢᠨ ᠦᠶ᠎ᠡ ᠶᠢᠨ ᠣᠷᠣᠯᠭ᠎ᠠ ᠶᠢᠨ ᠤᠷᠢᠳᠴᠢᠯᠠᠨ ᠰᠡᠷᠡᠮᠵᠢᠯᠡᠭᠦᠯᠬᠦ ᠬᠡᠪᠴᠢᠶ᠎ᠡ ᠠᠴᠠ | ᠳᠠᠪᠠᠭᠰᠠᠨ ᠪᠣᠯᠪᠠᠴᠤ᠂ ᠭᠡᠪᠡᠴᠦ ᠭᠡᠨᠡᠳᠲᠡ ᠶᠢᠨ ᠬᠡᠷᠡᠭ ᠵᠡᠷᠭᠡ ᠡᠯ᠎ᠡ ᠲᠥᠷᠥᠯ ᠤᠨ ᠬᠦᠴᠦᠨ ᠵᠦᠢᠯ ᠠᠴᠠ ᠪᠣᠯᠵᠤ | ᠵᠠᠶᠢᠯᠠᠰᠢ ᠦᠭᠡᠢ ᠵᠠᠷᠤᠯᠭ᠎ᠠ ᠨᠡᠯᠢᠶᠡᠳ ᠶᠡᠭᠡ ᠪᠣᠯᠤᠭᠰᠠᠨ ᠪᠤᠶᠤ ᠣᠷᠣᠯᠭ᠎ᠠ ᠶᠡᠭᠡ ᠬᠡᠮᠵᠢᠶ᠎ᠡ ᠪᠠᠷ ᠬᠠᠰᠤᠭᠳᠠᠭᠰᠠᠨ | ᠠᠴᠠ ᠪᠣᠯᠵᠤ ᠦᠨᠳᠦᠰᠦᠨ ᠠᠮᠢᠳᠤᠷᠠᠯ ᠳᠤ ᠬᠦᠨᠳᠦ ᠨᠣᠴᠢᠲᠠᠢ ᠬᠦᠴᠢᠷᠳᠡᠯ ᠤᠴᠠᠷᠠᠭᠤᠯᠤᠭᠰᠠᠨ᠂ ᠡᠰᠡᠬᠦᠯ᠎ᠡ ︽ | ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠳᠤ ᠲᠣᠪᠣᠶᠢᠮ᠎ᠠ ᠠᠰᠠᠭᠤᠳᠠᠯ ᠭᠠᠷᠴᠤ᠂ | ᠲᠣᠰ ᠪᠡᠶ᠎ᠡ ᠶᠢᠨ ᠬᠦᠴᠦᠨ ᠳᠡᠭᠡᠨ ᠲᠦᠰᠢᠭᠯᠡᠭᠡᠳ ᠰᠢᠢᠳᠪᠦᠷᠢᠯᠡᠬᠦ ᠳᠤ ᠪᠡᠷᠬᠡ ᠪᠣᠯᠵᠤ᠂ ᠳᠠᠬᠢᠨ ᠶᠠᠳᠠᠭᠤᠷᠠᠬᠤ ᠪᠠ | ᠶᠠᠳᠠᠭᠤᠷᠠᠬᠤ ᠲᠦᠭᠰᠢᠭᠦᠷᠢ ᠣᠷᠣᠰᠢᠵᠤ ᠪᠠᠶᠢᠬᠤ᠃ | ᠡᠭᠡᠵᠦ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠶᠢᠨ ᠪᠠᠷᠢᠮᠵᠢᠶ᠎ᠠ ᠶᠢᠨ ᠵᠠᠬ᠎ᠠ ᠬᠢᠵᠠᠭᠠᠷ ᠪᠤᠶᠤ | ᠠᠷᠠᠳ ᠤᠨ ᠰᠠᠨᠠᠭ᠎ᠠ ᠶᠢ ᠮᠡᠳᠡᠷᠡᠨ ᠵᠥᠪᠰᠢᠶᠡᠷᠡᠭᠰᠡᠨ ᠬᠥᠮᠥᠰ ᠲᠤ ᠪᠠᠷᠢᠮᠵᠢᠶ᠎ᠠ ᠶᠢ ᠢᠯᠭᠠᠨ ᠲᠠᠨᠢᠬᠤ ᠶᠢ ᠵᠣᠬᠢᠬᠤ | ᠬᠡᠮᠵᠢᠶ᠎ᠡ ᠪᠠᠷ ᠠᠭᠤᠵᠢᠭᠤ ᠲᠠᠯᠪᠢᠵᠤ᠂ ᠡᠭᠡᠵᠦ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠳᠤ | ᠣᠷᠣᠭᠤᠯᠤᠨ᠎ᠠ᠃ | ᠲᠠᠪᠤ᠂ ᠬᠢᠨᠠᠨ ᠰᠢᠯᠭᠠᠬᠤ ᠡᠲᠡᠭᠡᠳ ᠤᠨ ᠬᠥᠷᠳᠡᠬᠦ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ | ᠬᠤᠶᠠᠷ ᠪᠠᠯᠭᠠᠰᠤ ᠨᠢ ᠨᠢᠭᠡᠨᠲᠡ ᠬᠢᠨᠠᠨ ᠲᠣᠭᠲᠠᠭᠠᠭᠰᠠᠨ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ | ᠡᠷᠦᠬᠡ ᠪᠤᠶᠤ ᠰᠠᠭᠠᠳ ᠦᠭᠡᠢ ᠨᠡᠪᠲᠡᠷᠡᠬᠦ ᠵᠠᠮ ᠢᠶᠠᠷ ᠨᠢᠭᠡᠨᠲᠡ ᠲᠣᠭᠲᠠᠭᠠᠭᠰᠠᠨ ᠬᠠᠪᠰᠤᠷᠤᠨ ᠲᠡᠳᠬᠦᠬᠦ | ᠡᠲᠡᠭᠡᠳ ᠲᠤ ᠬᠢᠨᠠᠨ ᠬᠡᠮᠵᠢᠵᠦ ᠬᠠᠪᠰᠤᠷᠤᠨ ᠲᠡᠳᠬᠦᠬᠦ ᠬᠠᠷᠢᠯᠴᠠᠬᠤ ᠬᠥᠮᠥᠨ ᠢ ᠴᠠᠭ ᠲᠤᠬᠠᠢ ᠳᠤᠨᠢ ᠲᠣᠭᠲᠠᠭᠠᠵᠤ᠂ | ᠬᠢᠨᠠᠨ ᠬᠡᠮᠵᠢᠵᠦ ᠬᠠᠪᠰᠤᠷᠤᠨ ᠲᠡᠳᠬᠦᠬᠦ ᠬᠠᠷᠢᠯᠴᠠᠬᠤ ᠬᠥᠮᠥᠨ ᠢ ᠵᠠᠷᠴᠢᠮ ᠳᠡᠭᠡᠷ᠎ᠡ ᠪᠠᠨ ᠪᠠᠶᠢᠳᠠᠯ ᠢ ᠣᠶᠢᠯᠠᠭᠠᠭᠰᠠᠨ᠂ | ᠤᠯᠤᠰ ᠲᠥᠷᠥ ᠪᠠ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠷ ᠥᠨᠳᠥᠷ ᠲᠣᠰᠬᠤᠨ ᠤ ᠱᠦᠵᠢ ᠡᠭᠦᠷᠭᠡᠯᠡᠬᠦ | ᠬᠡᠷᠡᠭᠲᠡᠢ᠃ᠪᠠᠴᠢᠮ ᠨᠠᠶᠢᠳᠠᠪᠤᠷᠢᠵᠢᠭᠤᠯᠬᠤ ᠠᠴᠠ ᠪᠤᠰᠤᠳ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠷᠢᠳᠠᠪᠠᠷ | ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ ᠲᠥᠯᠥᠪᠯᠡᠭᠡ ᠲᠣᠭᠲᠠᠭᠠᠬᠤ ᠠᠴᠠ ᠬᠡᠯᠲᠦᠷᠢᠭᠦᠯᠵᠦ᠂ ᠣᠷᠣᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠢᠨ ᠬᠠᠮᠢᠶ᠎ᠠ ᠪᠦᠬᠦᠢ ᠠᠵᠢᠯ ᠲᠥᠷᠥᠯ ᠤᠨ | ᠰᠠᠯᠠᠭ᠎ᠠ ᠮᠥᠴᠢᠷ ᠲᠠᠢ ᠬᠠᠮᠲᠤᠷᠠᠨ᠂ ᠪᠠᠯᠭᠠᠰᠤ᠂ ᠲᠣᠰᠬᠤᠨ ᠢ ᠵᠣᠬᠢᠶᠠᠨ ᠪᠠᠶᠢᠭᠤᠯᠵᠤ ᠪᠠᠶᠢᠭᠠᠳ ᠳᠠᠬᠢᠨ | ᠶᠠᠳᠠᠭᠤᠷᠠᠬᠤ ᠠᠴᠠ ᠪᠣᠯᠵᠤ ᠶᠠᠳᠠᠭᠤᠷᠠᠬᠤ ᠡᠷᠦᠬᠡ ᠶᠢᠨ ᠠᠶᠤᠯ ᠲᠦᠭᠰᠢᠭᠦᠷᠢ ᠶᠢᠨ ᠲᠥᠷᠥᠯ ᠬᠡᠯᠪᠡᠷᠢ᠂ | ᠬᠥᠭᠵᠢᠯᠲᠡ ᠶᠢᠨ ᠬᠡᠷᠡᠭᠴᠡᠭᠡ᠂ ᠬᠥᠭᠵᠢᠯᠲᠡ ᠶᠢᠨ ᠴᠢᠳᠠᠪᠤᠷᠢ ᠶᠢ ᠨᠢ ᠦᠨᠳᠦᠰᠦᠯᠡᠵᠦ᠂ ᠳᠠᠬᠢᠨ ᠶᠠᠳᠠᠭᠤᠷᠠᠬᠤ ᠠᠴᠠ | ᠪᠣᠯᠵᠤ ᠶᠠᠳᠠᠭᠤᠷᠠᠭᠰᠠᠨ ᠡᠷᠦᠬᠡ ᠲᠠᠢ ᠵᠥᠪᠳᠡᠯᠴᠡᠵᠦ ᠪᠠᠶᠢᠭᠠᠳ ᠬᠠᠨᠳᠤᠯᠭᠠᠲᠤ ᠴᠢᠨᠠᠷᠲᠠᠢ ᠬᠠᠪᠰᠤᠷᠤᠨ ᠲᠡᠳᠬᠦᠬᠦ | ᠲᠥᠯᠥᠪᠯᠡᠭᠡ ᠶᠢ ᠬᠠᠮᠲᠤᠪᠠᠷ ᠰᠤᠳᠤᠯᠤᠨ ᠲᠣᠭᠲᠠᠭᠠᠬᠤ ᠶᠢᠨ ᠬᠠᠮᠲᠤ ᠳᠠᠬᠢᠨ ᠶᠠᠳᠠᠭᠤᠷᠠᠬᠤ ᠠᠴᠠ ᠪᠣᠯᠵᠤ | ᠶᠠᠳᠠᠭᠤᠷᠠᠭᠰᠠᠨ ᠡᠷᠦᠬᠡ ᠶᠢ ᠣᠷᠣᠭᠤᠯᠬᠤ ᠰᠢᠰᠲ᠋ᠧᠮ ᠳᠤ 10 ᠡᠳᠦᠷ ᠤᠨ ᠳᠣᠲᠣᠷ᠎ᠠ᠂ ᠬᠠᠪᠰᠤᠷᠤᠨ ᠲᠡᠳᠬᠦᠬᠦ | ᠲᠥᠯᠥᠪᠯᠡᠭᠡ ᠶᠢ ᠲᠣᠭᠲᠠᠭᠠᠵᠤ᠂ ᠬᠠᠪᠰᠤᠷᠤᠨ ᠲᠡᠳᠬᠦᠬᠦ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠬᠠᠮᠢᠶ᠎ᠠ | ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ᠂ ᠪᠠᠯᠭᠠᠰᠤ᠂ ᠲᠣᠰᠬᠤᠨ ᠢ ᠵᠣᠬᠢᠶᠠᠨ ᠪᠠᠶᠢᠭᠤᠯᠵᠤ ᠪᠠᠶᠢᠭᠠᠳ ᠳᠠᠬᠢᠨ | ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠳᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠴᠠᠭ ᠲᠤᠬᠠᠢ | ᠳᠤᠨᠢ ᠨᠠᠶᠢᠳᠠᠪᠤᠷᠢᠵᠢᠭᠤᠯᠤᠨ᠎ᠠ᠃ᠬᠠᠪᠰᠤᠷᠤᠨ ᠲᠡᠳᠬᠦᠬᠦ ᠲᠥᠯᠥᠪᠯᠡᠭᠡ ᠶᠢ ᠴᠠᠭ ᠲᠤᠬᠠᠢ ᠳᠤᠨᠢ ᠲᠣᠬᠢᠷᠠᠭᠤᠯᠵᠤ | ᠪᠣᠯᠣᠨ᠎ᠠ᠃ᠪᠠᠯᠭᠠᠰᠤ᠂ ᠲᠣᠰᠬᠤᠨ ᠪᠠ ᠲᠣᠰᠬᠤᠨ ᠳᠤ ᠰᠠᠭᠤᠭ᠎ᠠ ᠺᠠᠳ᠋ᠷ ᠠᠮᠠᠷᠬᠠᠨ ᠳᠠᠬᠢᠨ ᠶᠠᠳᠠᠭᠤᠷᠠᠬᠤ ᠠᠴᠠ | ᠪᠣᠯᠵᠤ ᠶᠠᠳᠠᠭᠤᠷᠠᠭᠰᠠᠨ ᠡᠷᠦᠬᠡ ᠶᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠪᠠᠶᠢᠩᠭᠤ ᠶᠢᠨ ᠬᠢᠨᠠᠨ ᠡᠵᠡᠮᠳᠡᠯ ᠬᠢᠵᠦ᠂ ᠲᠣᠭᠲᠠᠭᠰᠠᠨ ᠴᠠᠭ ᠬᠤᠭᠤᠴᠠᠭᠠᠨ ᠳᠤ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠡ ᠶᠢ ᠴᠢᠨᠠᠷᠯᠢᠭ ᠲᠤᠭ᠎ᠠ ᠬᠡᠮᠵᠢᠶ᠎ᠡ ᠶᠢ ᠪᠠᠲᠤᠯᠠᠨ ᠨᠠᠶᠢᠳᠠᠪᠤᠷᠢᠵᠢᠭᠤᠯᠵᠤ᠂ ᠲᠡᠳᠬᠦᠪᠡᠯ | ᠵᠣᠬᠢᠬᠤ ᠶᠢ ᠨᠢ ᠪᠦᠬᠦᠨ ᠢ ᠲᠡᠳᠬᠦᠬᠦ᠂ ᠡᠳ᠋ᠯᠡᠪᠡᠯ ᠵᠣᠬᠢᠬᠤ ᠶᠢ ᠨᠢ ᠪᠦᠬᠦᠨ ᠢ ᠡᠳ᠋ᠯᠡᠬᠦ ᠶᠢ ᠪᠠᠲᠤᠯᠠᠵᠤ᠂ ᠶᠠᠳᠠᠭᠤᠷᠠᠬᠤ | ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ᠨᠢᠭᠡᠨᠲᠡ | ᠨᠠᠶᠢᠳᠠᠪᠤᠷᠢᠵᠢᠭᠤᠯᠤᠭᠰᠠᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ | ᠬᠢᠨᠠᠨ ᠬᠡᠮᠵᠢᠬᠦ ᠮᠡᠳᠡᠭᠡ ᠵᠠᠩᠭᠢ ᠶᠢᠨ ᠰᠢᠰᠲ᠋ᠧᠮ ᠳᠤ ᠴᠠᠭ ᠲᠤᠬᠠᠢ ᠳᠤᠨᠢ ᠣᠷᠣᠭᠤᠯᠬᠤ ᠬᠡᠷᠡᠭᠲᠡᠢ᠃ | ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠠᠭᠠᠨ ᠡᠷᠬᠡᠪᠰᠢ ︽ᠳᠥᠷᠪᠡ ᠶᠢ | ᠰᠠᠯᠭᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠶᠠᠭᠤ ᠳᠤᠲᠠᠭᠳᠠᠪᠠᠯ ᠶᠠᠭᠤ ᠶᠢ | ᠨᠥᠬᠦᠪᠦᠷᠢᠯᠡᠬᠦ︾ ᠵᠠᠷᠴᠢᠮ ᠶᠣᠰᠣᠭᠠᠷ᠂ ᠲᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠶᠢᠨ | ᠲᠦᠭᠰᠢᠭᠦᠷᠢ ᠶᠢᠨ ᠲᠦᠷᠦᠯ ᠬᠡᠯᠪᠡᠷᠢ᠂ ᠬᠥᠳᠡᠯᠮᠦᠷᠢ ᠶᠢᠨ ᠴᠢᠳᠠᠪᠤᠷᠢ ᠪᠣᠯᠣᠨ ᠬᠥᠭᠵᠢᠯᠲᠡ ᠶᠢᠨ ᠬᠡᠷᠡᠭᠴᠡᠭᠡ ᠶᠢ | ᠶᠡᠷᠦᠩᠬᠡᠶᠢᠯᠡᠨ ᠬᠤᠷᠢᠶᠠᠩᠭᠤᠶᠢᠯᠠᠵᠤ᠂ ᠬᠥᠮᠥᠨ ᠡᠷᠦᠬᠡ ᠶᠢᠨ ᠪᠠᠶᠢᠳᠠᠯ ᠢ ᠦᠨᠳᠦᠰᠦᠯᠡᠨ ᠨᠠᠷᠢᠯᠢᠭ ᠣᠨᠣᠴᠠᠲᠠᠢ ᠪᠠᠷ | ᠬᠡᠷᠡᠭᠵᠢᠭᠦᠯᠬᠦ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ | ᠡᠮᠴᠢᠯᠡᠭᠡ᠂ ᠣᠷᠣᠨ ᠰᠠᠭᠤᠴᠠ ᠶᠢᠨ ᠠᠮᠤᠷ ᠲᠦᠪᠰᠢᠨ᠂ ᠤᠤᠭᠤᠬᠤ ᠤᠰᠤᠨ ᠤ ᠠᠮᠤᠷ ᠲᠦᠪᠰᠢᠨ ᠵᠡᠷᠭᠡ | ᠲᠠᠯ᠎ᠠ ᠪᠠᠷ ᠠᠰᠠᠭᠤᠳᠠᠯ ᠣᠷᠣᠰᠢᠵᠤ᠂ ᠲᠠᠩ ᠭᠠᠭᠴᠠ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠶᠢ ᠪᠣᠶ | ᠪᠣᠯᠭᠠᠭᠰᠠᠨ ᠪᠠᠶᠢᠪᠠᠯ᠂ ᠬᠠᠨᠳᠤᠯᠭᠠᠲᠤ ᠴᠢᠨᠠᠷᠲᠠᠢ ᠪᠠᠷ ᠬᠠᠪᠰᠤᠷᠤᠨ ᠲᠡᠳᠬᠦᠬᠦ ᠶᠢ ᠴᠠᠭ ᠲᠤᠬᠠᠢ ᠳᠤᠨᠢ | ᠨᠠᠶᠢᠳᠠᠪᠤᠷᠢᠵᠢᠭᠤᠯᠵᠤ᠂ ᠠᠰᠠᠭᠤᠳᠠᠯ ᠢ ᠲᠦᠷᠭᠡᠬᠡᠨ ᠰᠢᠢᠳᠪᠦᠷᠢᠯᠡᠵᠦ᠂ ᠲᠦᠭᠰᠢᠭᠦᠷᠢ ᠶᠢ ᠠᠷᠢᠯᠭᠠᠬᠤ ᠬᠡᠷᠡᠭᠲᠡᠢ᠃ | ᠪᠤᠰᠤᠳ ᠠᠶᠤᠯ ᠲᠦᠭᠰᠢᠭᠦᠷᠢ ᠳᠤ ᠨᠡᠯᠢᠶᠡᠳ ᠬᠠᠷᠢᠭᠤᠴᠠᠯᠭ᠎ᠠ ᠲᠠᠢ ᠪᠠᠶᠢᠪᠠᠯ᠂ ᠡᠷᠦᠬᠡ ᠶᠢᠨ ᠪᠠᠶᠢᠳᠠᠯ ᠳᠤᠨᠢ | ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠳᠤ ᠶᠡᠷᠦᠩᠬᠡᠶᠢᠯᠡᠭᠰᠡᠨ ᠴᠢᠨᠠᠷᠲᠠᠢ ᠬᠠᠪᠰᠤᠷᠤᠨ ᠲᠡᠳᠬᠦᠬᠦ ᠶᠢ | ᠨᠠᠶᠢᠳᠠᠪᠤᠷᠢᠵᠢᠭᠤᠯᠵᠤ᠂ ᠬᠡᠷᠡᠭᠯᠡᠵᠦ ᠭᠦᠶᠴᠡᠬᠦ ᠶᠢ ᠪᠡᠶᠡᠯᠡᠭᠦᠯᠦᠨ᠂ ᠡᠪᠡᠳᠴᠢᠨ᠂ ᠵᠡᠮᠳᠡᠭ᠂ ᠭᠠᠮᠰᠢᠭ ᠠᠴᠠ ᠪᠣᠯᠵᠤ | ᠭᠡᠨᠡᠳᠲᠡ ᠶᠢᠨ ᠬᠤᠪᠢᠷᠠᠯᠲᠠ ᠠᠴᠠ ᠪᠣᠯᠵᠤ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠲᠠᠢ ᠪᠠᠶᠢᠪᠠᠯ᠂ | ᠡᠷᠡᠭᠦᠯ ᠮᠡᠨᠳᠦ ᠪᠠᠷ ᠬᠠᠪᠰᠤᠷᠤᠨ ᠲᠡᠳᠬᠦᠬᠦ ᠪᠠ ᠵᠡᠮᠳᠡᠭᠴᠦᠳ᠂ ᠭᠠᠢ ᠭᠠᠮᠰᠢᠭ᠂ ᠲᠦᠷ ᠴᠠᠭ ᠠᠪᠤᠷᠠᠨ ᠲᠤᠰᠠᠯᠠᠬᠤ | ᠵᠡᠷᠭᠡ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠵᠤ᠂ ᠲᠡᠳᠡᠨ ᠤ ᠦᠨᠳᠦᠰᠦᠨ | ᠠᠮᠢᠳᠤᠷᠠᠯ ᠢ ᠪᠠᠲᠤᠯᠠᠨ᠂ ᠳᠠᠬᠢᠨ ᠶᠠᠳᠠᠭᠤᠷᠠᠵᠤ ᠶᠠᠳᠠᠭᠤᠷᠠᠬᠤ ᠶᠢ ᠪᠦᠲᠦᠮᠵᠢᠲᠡᠶ ᠰᠡᠷᠭᠡᠶᠢᠯᠡᠨ᠎ᠡ᠃ᠬᠥᠳᠡᠯᠮᠦᠷᠢᠯᠡᠬᠦ | ᠴᠢᠳᠠᠪᠤᠷᠢ ᠲᠠᠢ ᠳᠤᠨᠢ ᠨᠡᠭᠡᠭᠡᠨ ᠬᠥᠭᠵᠢᠭᠦᠯᠬᠦ ᠮᠠᠶ᠋ᠢᠭ ᠤᠨ ᠬᠠᠪᠰᠤᠷᠤᠨ ᠲᠡᠳᠬᠦᠬᠦ ᠴᠢᠭᠯᠡᠯᠲᠡ ᠶᠢ ᠪᠠᠷᠢᠮᠲᠠᠯᠠᠨ᠂ | ᠦᠢᠯᠡᠳᠪᠦᠷᠢᠯᠡᠯ ᠤᠨ ᠱᠠᠩᠨᠠᠯ ᠨᠥᠬᠦᠪᠦᠷᠢ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ᠂ ᠠᠵᠢᠯ | ᠣᠯᠭᠤᠯᠲᠠ ᠶᠢᠨ ᠦᠢᠯᠡᠴᠢᠯᠡᠭᠡ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠵᠡᠷᠭᠡ ᠬᠠᠪᠰᠤᠷᠤᠨ ᠲᠡᠳᠬᠦᠬᠦ | ᠵᠦᠢᠯᠡᠰ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠢᠳᠡᠪᠬᠢᠲᠡᠢ | ᠪᠥᠭᠡᠳ ᠪᠦᠲᠦᠮᠵᠢᠲᠡᠶ ᠪᠠᠷ ᠲᠡᠳᠬᠦᠨ ᠲᠡᠮᠵᠢᠵᠦ ᠠᠬᠢᠭᠤᠯᠤᠨ᠎ᠠ;ᠬᠥᠳᠡᠯᠮᠦᠷᠢᠯᠡᠬᠦ ᠴᠢᠳᠠᠪᠤᠷᠢ ᠦᠭᠡᠢ ᠪᠤᠶᠤ | ᠬᠥᠳᠡᠯᠮᠦᠷᠢᠯᠡᠬᠦ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠨ ᠮᠥᠷᠲᠡᠭᠡᠨ ᠠᠵᠤ ᠦᠢᠯᠡᠰ ᠤᠨ ᠠᠵᠢᠯ | ᠣᠯᠭᠤᠯᠲᠠ ᠪᠠᠷ ᠳᠡᠮᠵᠢᠨ ᠲᠣᠭᠲᠠᠪᠤᠷᠢᠲᠠᠢ ᠣᠷᠣᠯᠭ᠎ᠠ ᠣᠯᠬᠤ ᠶᠢᠨ ᠠᠷᠭ᠎ᠠ ᠦᠭᠡᠢ ᠪᠠᠶᠢᠪᠠᠯ᠂ ᠲᠣᠭᠲᠠᠭᠠᠯ ᠶᠣᠰᠣᠭᠠᠷ | ᠴᠠᠭ ᠲᠤᠬᠠᠢ ᠳᠤᠨᠢ ᠬᠥᠳᠡᠭᠡ ᠲᠣᠰᠬᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠤᠶᠤ ᠣᠨᠴᠠ | ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠵᠤ᠂ | ᠦᠨᠳᠦᠰᠦᠨ ᠵᠦᠢᠯ ᠢ ᠪᠠᠲᠤᠯᠠᠬᠤ ᠶᠡᠷᠦᠩᠬᠡᠶᠢᠯᠡᠭᠰᠡᠨ ᠪᠠᠲᠤᠯᠠᠭ᠎ᠠ ᠶᠢ ᠰᠠᠶᠢᠲᠤᠷ ᠬᠢᠬᠦ ᠪᠤᠶᠤ ᠠᠰᠢᠭ ᠲᠤᠰᠠ ᠶᠢᠨ | ᠬᠤᠯᠪᠣᠭ᠎ᠠ ᠶᠢᠨ ᠲᠥᠷᠥᠯ ᠤᠨ ᠡᠳ᠋ ᠬᠥᠷᠥᠩᠭᠡ ᠶᠢᠨ ᠠᠰᠢᠭ ᠣᠷᠣᠯᠭ᠎ᠠ ᠶᠢ ᠬᠠᠪᠰᠤᠷᠤᠨ ᠲᠡᠳᠬᠦᠬᠦ ᠲᠥᠷᠥᠯ | ᠵᠦᠢᠯ ᠢ ᠲᠣᠬᠢᠷᠠᠭᠤᠯᠵᠤ᠂ ᠣᠷᠣᠯᠭ᠎ᠠ ᠶᠢᠨ ᠲᠣᠭᠲᠠᠭᠤᠨ ᠪᠥᠭᠡᠳ ᠦᠷᠭᠦᠯᠵᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ︔ | ᠳᠣᠲᠣᠭᠠᠳᠤ ᠶᠢᠨ ᠬᠥᠳᠡᠯᠭᠡᠭᠦ ᠬᠦᠴᠦᠨ ᠢᠶᠠᠷ ᠳᠤᠲᠠᠮᠠᠭ ᠪᠠᠶᠢᠪᠠᠯ᠂ ᠦᠷᠭᠦᠯᠵᠢᠯᠡᠨ ᠵᠣᠷᠢᠭ ᠰᠠᠨᠠᠭ᠎ᠠ ᠣᠶᠤᠨ | ᠤᠬᠠᠭᠠᠨ ᠢ ᠨᠢ ᠲᠡᠳᠬᠦᠵᠦ᠂ ᠳᠣᠲᠣᠭᠠᠳᠤ ᠶᠢᠨ ᠬᠥᠳᠡᠯᠭᠡᠭᠦ ᠬᠦᠴᠦᠨ ᠢ ᠨᠢ ᠬᠥᠭᠵᠢᠭᠡᠵᠦ᠂ ᠬᠥᠭᠵᠢᠯᠲᠡ ᠶᠢᠨ | ᠴᠢᠳᠠᠪᠤᠷᠢ ᠶᠢ ᠨᠢ ᠨᠡᠮᠡᠭᠳᠡᠭᠦᠯᠦᠨ᠎ᠡ᠃ | ᠵᠢᠷᠭᠤᠭ᠎ᠠ᠂ ᠭᠤᠣᠯ ᠠᠵᠢᠯ ᠤᠨ ᠲᠠᠰ ᠳᠠᠷᠠᠭᠠᠯᠠᠯ | ︵ᠨᠢᠭᠡ︶ ᠢᠯᠭᠠᠨ ᠲᠠᠨᠢᠬᠤ ᠶᠢ ᠡᠩ ᠤᠨ ᠫᠷᠣᠭ᠍ᠷᠠᠮ ᠳᠤ ᠣᠷᠣᠭᠤᠯᠬᠤ | 1.ᠡᠷᠥᠭᠡ ᠲᠤ ᠣᠷᠣᠬᠤ ᠪᠠ ᠡᠷᠬᠡ ᠣᠯᠭᠤᠬᠤ᠃ᠲᠣᠰᠬᠤᠨ ᠤ ᠺᠠᠳ᠋ᠷ᠂ ᠲᠣᠰᠬᠤᠨ ᠳᠤ ᠰᠠᠭᠤᠭ᠎ᠠ ᠺᠠᠳ᠋ᠷ | ᠵᠡᠷᠭᠡ ᠬᠢᠨᠠᠨ ᠰᠢᠯᠭᠠᠬᠤ ᠭᠤᠣᠯ ᠴᠣᠭᠴᠠ ᠨᠢ ᠡᠳᠦᠷ ᠲᠤᠲᠤᠮ ᠤᠨ ᠬᠢᠨᠠᠨ ᠰᠢᠯᠭᠠᠭᠰᠠᠨ᠂ ᠵᠢᠭᠰᠠᠭᠠᠨ | ᠪᠠᠶᠢᠴᠠᠭᠠᠭᠰᠠᠨ ᠦᠷ᠎ᠡ ᠳ᠋ᠦᠩ᠂ ᠪᠡᠶ᠎ᠡ ᠪᠠᠨ ᠳᠠᠭᠠᠭᠠᠵᠤ ᠭᠤᠶᠤᠴᠢᠯᠠᠭᠰᠠᠨ᠂ ᠰᠠᠯᠠᠭ᠎ᠠ ᠮᠥᠴᠢᠷ ᠤᠨ ᠰᠢᠭᠰᠢᠨ | ᠪᠠᠶᠢᠴᠠᠭᠠᠵᠤ ᠰᠡᠷᠡᠮᠵᠢᠯᠡᠭᠦᠯᠬᠦ ᠦᠷ᠎ᠡ ᠳ᠋ᠦᠩ ᠪᠣᠯᠣᠨ ᠨᠡᠶᠢᠭᠡᠮ ᠤᠨ ᠬᠢᠨᠠᠯᠲᠠ ᠲᠠᠯᠪᠢᠭᠰᠠᠨ ᠦᠷ᠎ᠡ ᠳ᠋ᠦᠩ ᠵᠡᠷᠭᠡ ᠶᠢ | ᠦᠨᠳᠦᠰᠦᠯᠡᠵᠦ᠂ ᠡᠷᠦᠬᠡ ᠳᠤ ᠣᠷᠣᠵᠤ ᠬᠢᠨᠠᠨ ᠬᠠᠷᠭᠤᠭᠤᠯᠤᠭᠰᠠᠨ ᠡᠷᠦᠬᠡ ᠶᠢᠨ ᠬᠠᠮᠢᠶ᠎ᠠ ᠪᠦᠬᠦᠢ ᠪᠠᠶᠢᠳᠠᠯ ︵ | ᠡᠷᠦᠬᠡ ᠳᠤ ᠣᠷᠣᠵᠤ ᠵᠢᠭᠰᠠᠭᠠᠨ ᠪᠠᠶᠢᠴᠠᠭᠠᠬᠤ ᠬᠦᠰᠦᠨᠦᠭᠲᠦ ᠶᠢ ᠲᠠᠭᠯᠠᠨ ᠪᠢᠴᠢᠨ᠎ᠡ︶ ᠢ ᠦᠨᠳᠦᠰᠦᠯᠡᠨ᠂ ᠬᠢᠨᠠᠨ | ᠬᠡᠮᠵᠢᠭᠳᠡᠬᠦ ᠡᠲᠡᠭᠡᠳ ᠢ ᠢᠯᠭᠠᠨ ᠲᠠᠨᠢᠬᠤ ᠪᠠᠷᠢᠮᠵᠢᠶ᠎ᠠ ᠳᠤ ᠨᠡᠶᠢᠴᠡᠬᠦ ᠡᠷᠦᠬᠡ ᠶᠢ ᠠᠩᠬ᠎ᠠ ᠠᠯᠬᠤᠮ ᠲᠣᠭᠲᠠᠭᠠᠵᠤ᠂ | ᠪᠠᠶᠢᠴᠠᠭᠠᠨ ᠰᠢᠯᠭᠠᠬᠤ ᠬᠠᠷᠢᠴᠠᠯ ᠤᠨ ᠬᠤᠪᠢ ᠬᠥᠮᠥᠨ ᠤ ᠡᠳ᠋ ᠬᠥᠷᠥᠩᠭᠡ ᠵᠡᠷᠭᠡ ᠮᠡᠳᠡᠭᠡ ᠵᠠᠩᠭᠢ ᠶᠢᠨ | ᠠᠮᠠᠯᠠᠯᠲᠠ ᠶᠢᠨ ᠡᠷᠬᠡ ᠣᠯᠭᠤᠬᠤ ᠪᠢᠴᠢᠭ ᠲᠤ ᠭᠠᠷ ᠤᠨ ᠥᠰᠥᠭ ᠵᠢᠷᠤᠬᠤ ᠶᠢᠨ ᠬᠠᠮᠲᠤ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠤᠨ ︽ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠵᠤ ᠡᠷᠬᠡ ᠣᠯᠭᠤᠬᠤ ᠪᠢᠴᠢᠭ︾ | ᠲᠤ ᠭᠠᠷ ᠤᠨ ᠥᠰᠥᠭ ᠵᠢᠷᠤᠨ᠎ᠠ᠃ | 2. ᠦᠨᠡᠯᠡᠨ ᠶᠠᠷᠢᠯᠴᠠᠵᠤ ᠢᠯᠡ ᠨᠡᠶᠢᠲᠡᠯᠡᠨ᠎ᠡ᠃ᠭᠠᠴᠠᠭ᠎ᠠ ᠠᠴᠠ ᠭᠠᠴᠠᠭᠠᠨ ᠤ ᠠᠷᠠᠳ ᠤᠨ | ᠲᠥᠯᠥᠭᠡᠯᠡᠭᠴᠢᠳ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠠᠩᠬ᠎ᠠ ᠰᠣᠩᠭᠤᠭᠰᠠᠨ ᠨᠡᠷᠡᠰ ᠢ ᠦᠨᠡᠯᠡᠨ ᠶᠠᠷᠢᠯᠴᠠᠵᠤ ᠪᠠᠲᠤᠯᠠᠨ᠂ ᠨᠥᠬᠦᠴᠡᠯ ᠳᠤ ᠨᠡᠶᠢᠴᠡᠬᠦ ᠬᠢᠨᠠᠨ ᠰᠢᠯᠭᠠᠬᠤ | ᠡᠲᠡᠭᠡᠳ ᠢ ᠲᠣᠭᠲᠠᠭᠠᠬᠤ ᠶᠢᠨ ᠬᠠᠮᠲᠤ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠴᠠᠭ ᠢ 5 ᠡᠳᠦᠷ ᠠᠴᠠ ᠳᠤᠲᠠᠭᠤ | ᠪᠠᠶᠢᠯᠭᠠᠵᠤ ᠪᠣᠯᠬᠤ ᠦᠭᠡᠢ᠃ | 3. ᠲᠤᠭ᠎ᠠ ᠪᠠᠷᠢᠮᠲᠠ ᠶᠢᠨ ᠬᠠᠷᠢᠴᠠᠭᠤᠯᠤᠯ᠃ᠲᠣᠰᠬᠤᠨ ᠤ ᠨᠡᠶᠢᠲᠡ ᠳᠤ ᠵᠠᠷᠯᠠᠬᠤ ᠶᠢᠨ ᠬᠠᠮᠲᠤ | ᠲᠣᠭᠲᠠᠭᠠᠭᠰᠠᠨ ᠬᠢᠨᠠᠨ ᠰᠢᠯᠭᠠᠬᠤ ᠡᠲᠡᠭᠡᠳ ᠢ ᠪᠠᠯᠭᠠᠰᠤᠨ ᠳᠤ ᠮᠡᠳᠡᠭᠦᠯᠵᠦ᠂ ᠪᠠᠯᠭᠠᠰᠤ ᠠᠴᠠ ᠡᠯ᠎ᠡ ᠲᠣᠰᠬᠤᠨ ᠤ | ᠳᠡᠭᠡᠭᠰᠢ ᠮᠡᠳᠡᠭᠦᠯᠦᠭᠰᠡᠨ ᠬᠢᠨᠠᠨ ᠰᠢᠯᠭᠠᠬᠤ ᠡᠲᠡᠭᠡᠳ ᠤᠨ ᠨᠡᠷᠡᠰ ᠢ ᠨᠢᠭᠡᠳᠦᠯᠲᠡᠢ ᠬᠤᠷᠢᠶᠠᠩᠭᠤᠶᠢᠯᠠᠭᠰᠠᠨ ᠤ ᠳᠠᠷᠠᠭ᠎ᠠ | ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠮᠡᠳᠡᠭᠦᠯᠦᠨ | ᠲᠤᠭ᠎ᠠ ᠪᠠᠷᠢᠮᠲᠠ ᠶᠢᠨ ᠬᠠᠷᠢᠴᠠᠭᠤᠯᠤᠯ ᠬᠢᠯᠭᠡᠵᠦ᠂ ᠲᠤᠭ᠎ᠠ ᠪᠠᠷᠢᠮᠲᠠ ᠶᠢᠨ ᠬᠠᠷᠢᠴᠠᠭᠤᠯᠤᠯ ᠤᠨ ᠠᠵᠢᠯ ᠢ ᠲᠣᠰᠬᠤᠨ ᠤ | ᠨᠡᠶᠢᠲᠡ ᠳᠤ ᠵᠠᠷᠯᠠᠬᠤ ᠵᠡᠷᠭᠡ ᠢᠯᠭᠠᠨ ᠲᠠᠨᠢᠬᠤ ᠲᠡᠰ ᠳᠠᠷᠠᠭᠠᠯᠠᠯ ᠲᠠᠢ ᠵᠡᠷᠭᠡᠪᠡᠷ ᠶᠠᠪᠤᠭᠳᠠᠭᠤᠯᠤᠨ᠎ᠠ᠃ | 4. ᠬᠢᠨᠠᠨ ᠬᠠᠷᠭᠤᠭᠤᠯᠬᠤ ᠠᠯᠪᠠᠨ ᠵᠠᠷ᠃ᠪᠠᠯᠭᠠᠰᠤ ᠠᠴᠠ ᠭᠠᠴᠠᠭᠠᠨ ᠤ ᠢᠯᠡ ᠨᠡᠶᠢᠲᠡᠯᠡᠭᠰᠡᠨ ᠦᠷ᠎ᠡ ᠳ᠋ᠦᠩ | ᠪᠠ ᠲᠤᠭ᠎ᠠ ᠪᠠᠷᠢᠮᠲᠠ ᠶᠢᠨ ᠬᠠᠷᠢᠴᠠᠭᠤᠯᠤᠯ ᠤᠨ ᠦᠷ᠎ᠡ ᠳ᠋ᠦᠩ ᠢ ᠦᠨᠳᠦᠰᠦᠯᠡᠨ᠂ ᠰᠤᠮᠤ ᠭᠠᠴᠠᠭᠠᠨ ᠤ ᠺᠠᠳ᠋ᠷ ᠢ | ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠭᠳᠠᠬᠤ ᠡᠲᠡᠭᠡᠳ ᠤᠨ ᠨᠡᠷᠡᠰ ᠢ ᠬᠢᠨᠠᠨ ᠬᠠᠷᠭᠤᠭᠤᠯᠵᠤ᠂ ᠬᠢᠨᠠᠨ | ᠬᠠᠷᠭᠤᠭᠤᠯᠤᠭᠠᠳ ᠣᠨᠳᠣᠣ ᠰᠠᠨᠠᠯ ᠦᠭᠡᠢ ᠪᠠᠶᠢᠪᠠᠯ᠂ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠮᠡᠳᠡᠭᠦᠯᠦᠨ ᠬᠢᠨᠠᠨ ᠲᠣᠭᠲᠠᠭᠠᠯᠭᠠᠬᠤ ᠶᠢᠨ ᠬᠠᠮᠲᠤ ᠠᠯᠪᠠᠨ ᠵᠠᠷ | ᠨᠡᠶᠢᠲᠡᠯᠡᠨ᠎ᠡ᠃ | 5. ᠰᠢᠰᠸᠮᠳᠤ ᠬᠠᠮᠢᠶᠠᠷᠤᠯᠲᠠ᠃ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠬᠢᠨᠠᠨ ᠲᠣᠭᠲᠠᠭᠠᠭᠰᠠᠨ ᠤ ᠳᠠᠷᠠᠭ᠎ᠠ ︵ᠠᠯᠪᠠᠨ ᠵᠠᠷ ᠤᠨ ᠦᠷ᠎ᠡ ᠳ᠋ᠦᠩ ᠢ ᠬᠦᠯᠢᠶᠡᠬᠦ | ᠴᠢᠬᠤᠯᠠ ᠦᠭᠡᠢ︶᠂ ᠬᠠᠮᠢᠶ᠎ᠠ ᠪᠦᠬᠦᠢ ᠪᠠᠯᠭᠠᠰᠤ ᠶᠢ ᠵᠣᠬᠢᠶᠠᠨ ᠪᠠᠶᠢᠭᠤᠯᠵᠤ ᠪᠦᠬᠦ ᠤᠯᠤᠰ ᠤᠨ ᠪᠤᠴᠠᠵᠤ | ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠰᠢᠨ᠎ᠡ ᠪᠠᠷ ᠢᠯᠭᠠᠨ | ᠲᠠᠨᠢᠬᠤ ᠬᠢᠨᠠᠨ ᠬᠡᠮᠵᠢᠯᠲᠡ ᠶᠢᠨ ᠡᠲᠡᠭᠡᠳ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠣᠷᠣᠭᠤᠯᠵᠤ᠂ ᠢᠵᠢᠯ | ᠠᠯᠬᠤᠮ ᠢᠶᠠᠷ ᠬᠢᠨᠠᠨ ᠬᠡᠮᠵᠢᠬᠦ ᠪᠠ ᠬᠠᠨᠳᠤᠯᠭ᠎ᠠ ᠲᠠᠢ ᠪᠠᠷ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠨ᠎ᠡ᠃ | ᠳᠡᠭᠡᠷᠡᠬᠢ ᠵᠢᠷᠤᠮ ︵ᠣᠷᠣᠨ ᠤ ᠲᠠᠰ ᠤᠨ ᠠᠯᠪᠠᠨ ᠵᠠᠷ ᠪᠠᠭᠲᠠᠬᠤ ᠦᠭᠡᠢ︶ ᠢ ᠡᠩ ᠤᠨ ᠪᠠᠶᠢᠳᠠᠯ ᠳᠤ 15 | ᠡᠳᠦᠷ ᠠᠴᠠ ᠬᠡᠲᠦᠷᠡᠭᠦᠯᠵᠦ ᠪᠣᠯᠬᠤ ᠦᠭᠡᠢ | ︵ᠬᠤᠶᠠᠷ︶ ︽ᠰᠠᠭᠠᠳ ᠦᠭᠡᠢ ᠨᠡᠪᠲᠡᠷᠡᠬᠦ ᠵᠠᠮ︾ ᠢ ᠲᠦᠷᠭᠡᠨ ᠢᠯᠭᠠᠨ ᠲᠠᠨᠢᠬᠤ ᠬᠡᠷᠡᠭᠲᠡᠢ | ᠭᠡᠨᠡᠳᠲᠡ ᠶᠢᠨ ᠴᠢᠨᠠᠷᠲᠠᠢ ᠠᠳᠡᠯ ᠵᠡᠷᠭᠡ ᠠᠴᠠ ᠪᠣᠯᠵᠤ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠶᠢ | ᠪᠣᠶ ᠪᠣᠯᠭᠠᠭᠰᠠᠨ᠂ ᠪᠣᠳᠠᠲᠤ ᠶᠠᠪᠤᠳᠠᠯ ᠨᠢ ᠲᠣᠳᠣᠷᠬᠠᠢ ᠪᠤᠶᠤ ᠣᠯᠠᠨ ᠲᠦᠮᠡᠨ ᠤ ᠮᠡᠳᠡᠷᠡᠭᠰᠡᠨ ᠡᠷᠦᠬᠡ ᠳᠤ᠂ ︽ | ᠰᠠᠭᠠᠳ ᠦᠭᠡᠢ ᠨᠡᠪᠲᠡᠷᠡᠬᠦ ᠵᠠᠮ︾ ᠢᠶᠠᠷ ᠳᠡᠮᠵᠢᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠷᠢᠳᠠᠪᠠᠷ | ᠨᠠᠶᠢᠳᠠᠪᠤᠷᠢᠵᠢᠭᠤᠯᠵᠤ᠂ ᠳᠠᠷᠠᠭ᠎ᠠ ᠨᠢ ᠬᠠᠮᠢᠶ᠎ᠠ ᠪᠦᠬᠦᠢ ᠲᠠᠰ ᠳᠠᠷᠠᠭᠠᠯᠠᠯ ᠢ ᠭᠦᠢᠴᠡᠳᠬᠡᠬᠦ ᠶᠢᠨ ᠬᠠᠮᠲᠤ᠂ ᠪᠥᠬᠦ | ᠤᠯᠤᠰ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠮᠡᠳᠡᠭᠡ ᠵᠠᠩᠭᠢ ᠶᠢᠨ ᠰᠢᠰᠲ᠋ᠧᠮ ᠳᠤ | ᠣᠷᠣᠭᠤᠯᠵᠤ᠂ ᠲᠦᠷᠭᠡᠨ ᠳᠠᠭᠠᠬᠤ ᠲᠣᠭᠲᠠᠴᠠ ᠶᠢ ᠪᠠᠶᠢᠭᠤᠯᠤᠨ᠂ ︽ᠬᠦᠴᠢᠷᠳᠡᠯ ᠲᠤᠯᠭᠠᠷᠠᠪᠠᠯ ᠳᠠᠷᠤᠢ ᠲᠡᠳᠬᠦᠬᠦ︾ | ᠶᠢ ᠪᠡᠶᠡᠯᠡᠭᠦᠯᠬᠦ ᠬᠡᠷᠡᠭᠲᠡᠢ᠃ᠠᠵᠢᠯ ᠤᠨ ᠳᠤᠮᠳᠠ ᠪᠠᠨ ᠡᠩ ᠤᠨ ᠪᠠᠶᠢᠳᠠᠯ ᠳᠤ ᠱᠠᠲᠤ ᠳᠠᠷᠠᠭᠠᠯᠠᠨ ᠤᠲᠠᠰᠤ ᠪᠠᠷ | ᠪᠠᠶᠢᠳᠠᠯ ᠢᠶᠠᠨ ᠲᠣᠳᠣᠷᠬᠠᠶᠢᠯᠠᠬᠤ ᠠᠷᠭ᠎ᠠ ᠮᠠᠶ᠋ᠢᠭ ᠢᠶᠠᠷ ᠱᠠᠲᠤ ᠳᠠᠷᠠᠭᠠᠯᠠᠨ ᠳᠡᠭᠡᠭᠰᠢ ᠲᠣᠭᠤᠷᠢᠭ ᠰᠢᠶᠠᠩ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠮᠡᠳᠡᠭᠦᠯᠦᠨ᠎ᠡ᠃ | ︵ᠭᠤᠷᠪᠠ︶ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠠᠯᠬᠤᠮ ᠳᠠᠷᠠᠭ᠎ᠠ ︵ᠡᠩ ᠤᠨ ᠲᠠᠰ | ᠳᠠᠷᠠᠭᠠᠯᠠᠯ︶ | 1. ᠬᠢᠨᠠᠨ ᠰᠢᠯᠭᠠᠵᠤ ᠬᠠᠪᠰᠤᠷᠤᠨ ᠲᠡᠳᠬᠦᠬᠦ ᠬᠠᠷᠢᠯᠴᠠᠬᠤ ᠬᠥᠮᠥᠨ ᠢ ᠲᠣᠭᠲᠠᠭᠠᠨ᠎ᠠ᠃ᠲᠣᠭᠤᠷᠢᠭ ᠤᠨ | ᠬᠢᠨᠠᠨ ᠲᠣᠭᠲᠠᠭᠠᠯᠲᠠ ᠶᠢ ᠥᠩᠭᠡᠷᠡᠭᠡᠭᠰᠡᠨ ᠬᠢᠨᠠᠨ ᠰᠢᠯᠭᠠᠬᠤ ᠡᠲᠡᠭᠡᠳ ᠲᠤ ᠪᠠᠯᠭᠠᠰᠤ᠂ ᠲᠣᠰᠬᠤᠨ ᠠᠴᠠ ᠬᠢᠨᠠᠨ | ᠰᠢᠯᠭᠠᠬᠤ ᠡᠲᠡᠭᠡᠳ ᠲᠤ ᠬᠢᠨᠠᠨ ᠰᠢᠯᠭᠠᠵᠤ ᠬᠠᠪᠰᠤᠷᠤᠨ ᠲᠡᠳᠬᠦᠬᠦ ᠬᠠᠷᠢᠯᠴᠠᠬᠤ ᠬᠥᠮᠥᠨ ᠢ ᠲᠣᠭᠲᠠᠭᠠᠨ ᠥᠭᠴᠦ᠂ | ᠬᠢᠨᠠᠨ ᠰᠢᠯᠭᠠᠬᠤ ᠡᠲᠡᠭᠡᠳ ᠤᠨ ᠡᠳᠦᠷ ᠲᠤᠲᠤᠮ ᠤᠨ ᠬᠢᠨᠠᠨ ᠰᠢᠯᠭᠠᠬᠤ ᠪᠠ ᠬᠠᠪᠰᠤᠷᠤᠨ ᠲᠡᠳᠬᠦᠬᠦ ᠠᠵᠢᠯ ᠢ | ᠰᠠᠶᠢᠲᠤᠷ ᠬᠢᠬᠦ ᠶᠢ ᠬᠠᠷᠢᠭᠤᠴᠠᠨ᠎ᠠ᠃ | 2. ᠬᠠᠪᠰᠤᠷᠤᠨ ᠲᠡᠳᠬᠦᠬᠦ ᠲᠥᠯᠥᠪᠯᠡᠭᠡ ᠲᠣᠭᠲᠠᠭᠠᠬᠤ ᠬᠡᠷᠡᠭᠲᠡᠢ᠃ᠲᠣᠭᠤᠷᠢᠭ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠲᠠᠢ | ᠬᠠᠮᠲᠤᠷᠠᠨ ᠪᠠᠯᠭᠠᠰᠤ᠂ ᠲᠣᠰᠬᠤᠨ ᠢ ᠵᠣᠬᠢᠶᠠᠨ ᠪᠠᠶᠢᠭᠤᠯᠵᠤ ᠬᠢᠨᠠᠨ ᠬᠡᠮᠵᠢᠭᠳᠡᠬᠦ ᠡᠲᠡᠭᠡᠳ ᠤᠨ ᠲᠦᠭᠰᠢᠭᠦᠷᠢ ᠶᠢᠨ | ᠲᠥᠷᠥᠯ ᠬᠡᠯᠪᠡᠷᠢ᠂ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ᠂ ᠬᠥᠭᠵᠢᠯᠲᠡ ᠶᠢᠨ ᠴᠢᠳᠠᠪᠤᠷᠢ ᠶᠢ ᠦᠨᠳᠦᠰᠦᠯᠡᠨ᠂ | ᠬᠢᠨᠠᠨ ᠬᠡᠮᠵᠢᠭᠳᠡᠬᠦ ᠡᠲᠡᠭᠡᠳ ᠯᠦᠭᠡ ᠵᠥᠪᠳᠡᠯᠴᠡᠵᠦ ᠪᠠᠶᠢᠭᠠᠳ ᠬᠠᠨᠳᠤᠯᠭᠠᠲᠤ ᠴᠢᠨᠠᠷᠲᠠᠢ ᠪᠠᠷ ᠬᠠᠪᠰᠤᠷᠤᠨ ᠲᠡᠳᠬᠦᠬᠦ | ᠲᠥᠯᠥᠪᠯᠡᠭᠡ ᠶᠢ ᠬᠠᠮᠲᠤᠪᠠᠷ ᠰᠤᠳᠤᠯᠤᠨ ᠲᠣᠭᠲᠠᠭᠠᠨ᠎ᠠ᠃ | 3. ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ᠬᠢᠨᠠᠨ ᠪᠠᠶᠢᠴᠠᠭᠠᠭᠳᠠᠬᠤ | ᠡᠲᠡᠭᠡᠳ ᠢ ᠰᠢᠰᠲ᠋ᠧᠮ ᠳᠤ ᠣᠷᠣᠭᠤᠯᠤᠭᠰᠠᠨ 10 ᠡᠳᠦᠷ ᠤᠨ ᠳᠣᠲᠣᠷ᠎ᠠ᠂ ᠬᠤᠯᠪᠣᠭᠳᠠᠯ ᠪᠦᠬᠦᠢ ᠠᠵᠢᠯ | ᠲᠥᠷᠥᠯ ᠤᠨ ᠰᠠᠯᠠᠭ᠎ᠠ ᠮᠥᠴᠢᠷ᠂ ᠪᠠᠯᠭᠠᠰᠤ᠂ ᠲᠣᠰᠬᠤᠨ ᠠᠴᠠ ᠬᠢᠨᠠᠨ ᠪᠠᠶᠢᠴᠠᠭᠠᠭᠳᠠᠬᠤ ᠡᠲᠡᠭᠡᠳ ᠲᠤ | ᠬᠠᠪᠰᠤᠷᠤᠨ ᠲᠡᠳᠬᠦᠬᠦ ᠺᠠᠳ᠋ᠷ ᠢ ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ ᠲᠥᠯᠥᠪᠯᠡᠭᠡ ᠶᠣᠰᠣᠭᠠᠷ᠂ | ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ᠬᠠᠪᠰᠤᠷᠤᠨ ᠲᠡᠳᠬᠦᠬᠦ ᠲᠥᠯᠥᠪᠯᠡᠭᠡ ᠶᠢ | ᠴᠠᠭ ᠲᠤᠬᠠᠢ ᠳᠤᠨᠢ ᠲᠣᠬᠢᠷᠠᠭᠤᠯᠵᠤ ᠪᠣᠯᠣᠨ᠎ᠠ᠃ | 4. ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠶᠢ ᠬᠢᠨᠠᠨ ᠰᠢᠯᠭᠠᠨ᠎ᠠ᠃ᠪᠠᠯᠭᠠᠰᠤ᠂ ᠲᠣᠰᠬᠤᠨ ᠪᠠ | ᠲᠣᠰᠬᠤᠨ ᠳᠤ ᠰᠠᠭᠤᠭ᠎ᠠ ᠺᠠᠳ᠋ᠷᠴᠤᠳ ᠬᠢᠨᠠᠨ ᠪᠠᠶᠢᠴᠠᠭᠠᠭᠳᠠᠬᠤ ᠡᠲᠡᠭᠡᠳ ᠤᠨ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠩᠭᠤᠵᠢᠭᠤᠯᠤᠨ ᠬᠢᠨᠠᠨ ᠡᠵᠡᠮᠳᠡᠵᠦ᠂ ᠲᠣᠭᠲᠠᠭᠰᠠᠨ ᠴᠠᠭ | ᠬᠤᠭᠤᠴᠠᠭᠠᠨ ᠳᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ | ᠨᠠᠶᠢᠳᠠᠪᠤᠷᠢᠵᠢᠭᠤᠯᠵᠤ᠂ ᠨᠢᠭᠡ ᠶᠢ ᠬᠠᠪᠰᠤᠷᠤᠨ ᠲᠡᠳᠬᠦᠪᠡᠯ ᠨᠢᠭᠡ ᠶᠢ ᠠᠷᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ᠨᠢᠭᠡᠨᠲᠡ ᠨᠠᠶᠢᠳᠠᠪᠤᠷᠢᠵᠢᠭᠤᠯᠤᠭᠰᠠᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠶᠢ ᠬᠢᠨᠠᠨ ᠬᠡᠮᠵᠢᠬᠦ ᠮᠡᠳᠡᠭᠡ ᠵᠠᠩᠭᠢ ᠶᠢᠨ ᠰᠢᠰᠲ᠋ᠧᠮ ᠳᠤ ᠴᠠᠭ ᠲᠤᠬᠠᠢ ᠳᠤᠨᠢ ᠣᠷᠣᠭᠤᠯᠬᠤ ᠬᠡᠷᠡᠭᠲᠡᠢ᠃ | ︵ᠳᠥᠷᠪᠡ︶ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠠᠯᠬᠤᠮ ᠳᠠᠷᠠᠭ᠎ᠠ ︵ᠲᠦᠷᠭᠡᠨ ᠲᠠᠰ | ᠳᠠᠷᠠᠭᠠᠯᠠᠯ︶ | ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠢ ᠲᠦᠷᠭᠡᠨ ᠲᠣᠭᠲᠠᠭᠠᠬᠤ ᠶᠢᠨ ᠬᠠᠮᠲᠤ ᠪᠠᠯᠭᠠᠰᠤ᠂ ᠲᠣᠰᠬᠤᠨ᠂ | ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ | ᠠᠵᠢᠯ ᠲᠥᠷᠥᠯ ᠤᠨ ᠰᠠᠯᠠᠭ᠎ᠠ ᠮᠥᠴᠢᠷ ᠲᠠᠢ ᠵᠣᠯᠭᠠᠭᠤᠯᠵᠤ ᠲᠦᠷᠭᠡᠨ ᠬᠠᠪᠰᠤᠷᠤᠨ ᠲᠡᠳᠬᠦᠵᠦ᠂ ᠵᠠᠯᠭᠠᠭᠠᠳ | ᠨᠥᠬᠦᠪᠦᠷᠢᠯᠡᠨ ᠬᠠᠪᠰᠤᠷᠤᠨ ᠲᠡᠳᠬᠦᠨ᠎ᠡ᠃ | ︵ᠲᠠᠪᠤ︶ ᠲᠦᠭᠰᠢᠭᠦᠷᠢ ᠶᠢ ᠠᠷᠢᠯᠭᠠᠬᠤ | 1. ᠡᠷᠥᠭᠡ ᠲᠤ ᠣᠷᠣᠵᠤ ᠬᠢᠨᠠᠨ ᠬᠠᠷᠭᠤᠭᠤᠯᠬᠤ᠃ᠪᠠᠯᠭᠠᠰᠤ ᠠᠴᠠ ᠲᠣᠭᠲᠠᠮᠠᠯ ᠬᠤᠭᠤᠴᠠᠭ᠎ᠠ ᠲᠠᠢ ᠪᠠᠷ | ᠲᠣᠰᠬᠤᠨ ᠤ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠺᠠᠳ᠋ᠷ ᠵᠡᠷᠭᠡ ᠬᠢᠨᠠᠨ ᠰᠢᠯᠭᠠᠬᠤ ᠭᠤᠣᠯ ᠴᠣᠭᠴᠠ ᠶᠢ | ᠵᠣᠬᠢᠶᠠᠨ ᠪᠠᠶᠢᠭᠤᠯᠵᠤ ᠡᠷᠦᠬᠡ ᠳᠤ ᠬᠦᠷᠴᠦ ᠬᠢᠨᠠᠨ ᠬᠠᠷᠭᠤᠭᠤᠯᠵᠤ᠂ ᠬᠢᠨᠠᠨ ᠰᠢᠯᠭᠠᠬᠤ ᠡᠲᠡᠭᠡᠳ ᠤᠨ ᠣᠷᠣᠯᠭ᠎ᠠ | ᠦᠷᠭᠦᠯᠵᠢᠯᠡᠨ ᠲᠣᠭᠲᠠᠭᠤᠨ᠂︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ᠵᠢᠴᠢ ᠤᠰᠤ ᠤᠮᠳᠠ ᠶᠢᠨ | ᠠᠮᠤᠷ ᠲᠦᠪᠰᠢᠨ ᠦᠷᠭᠦᠯᠵᠢᠯᠡᠨ ᠪᠠᠬᠢᠵᠢᠭ᠍ᠰᠡᠨ ᠵᠡᠷᠭᠡ ᠪᠠᠶᠢᠳᠠᠯ ᠢ ᠦᠨᠳᠦᠰᠦᠯᠡᠵᠦ᠂ ᠬᠢᠨᠠᠨ ᠰᠢᠯᠭᠠᠬᠤ ᠡᠲᠡᠭᠡᠳ ᠤᠨ | ᠲᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠬᠤ ᠲᠦᠭᠰᠢᠭᠦᠷᠢ ᠶᠢᠨ ᠬᠡᠮᠵᠢᠶ᠎ᠡ ᠶᠢ ᠰᠤᠳᠤᠯᠤᠨ ᠮᠠᠭᠠᠳᠯᠠᠵᠤ᠂ | ᠲᠦᠭᠰᠢᠭᠦᠷᠢ ᠶᠢ ᠠᠷᠢᠯᠭᠠᠬᠤ ᠡᠲᠡᠭᠡᠳ ᠤᠨ ᠨᠡᠷᠡᠰ ᠢ ᠳᠤᠷᠠᠳᠪᠠ᠃ | 2. ᠦᠨᠡᠯᠡᠨ ᠶᠠᠷᠢᠯᠴᠠᠵᠤ ᠢᠯᠡ ᠨᠡᠶᠢᠲᠡᠯᠡᠨ᠎ᠡ᠃ᠭᠠᠴᠠᠭ᠎ᠠ ᠠᠴᠠ ᠭᠠᠴᠠᠭᠠᠨ ᠤ ᠠᠷᠠᠳ ᠤᠨ | ᠲᠥᠯᠥᠭᠡᠯᠡᠭᠴᠢᠳ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠠᠶᠤᠯ ᠲᠦᠭᠰᠢᠭᠦᠷᠢ ᠶᠢ ᠠᠷᠢᠯᠭᠠᠬᠤ ᠡᠲᠡᠭᠡᠳ ᠢ ᠦᠨᠡᠯᠡᠨ ᠶᠠᠷᠢᠯᠴᠠᠵᠤ ᠪᠠᠲᠤᠯᠠᠬᠤ ᠶᠢᠨ ᠬᠠᠮᠲᠤ ᠠᠶᠤᠯ | ᠲᠦᠭᠰᠢᠭᠦᠷᠢ ᠶᠢ ᠠᠷᠢᠯᠭᠠᠬᠤ ᠭᠡᠵᠦ ᠪᠠᠶᠢᠭ᠎ᠠ ᠬᠢᠨᠠᠨ ᠰᠢᠯᠭᠠᠬᠤ ᠡᠲᠡᠭᠡᠳ ᠢ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ | ᠴᠠᠭ ᠢ 5 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠵᠠᠷᠯᠠᠨ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯ | ᠪᠠᠯᠭᠠᠰᠤᠨ ᠳᠤ ᠮᠡᠳᠡᠭᠦᠯᠦᠨ᠎ᠡ᠃ | 3.ᠬᠢᠨᠠᠨ ᠬᠠᠷᠭᠤᠭᠤᠯᠬᠤ ᠠᠯᠪᠠᠨ ᠵᠠᠷ᠃ᠪᠠᠯᠭᠠᠰᠤ ᠠᠴᠠ ᠬᠥᠳᠡᠭᠡ ᠲᠣᠰᠬᠤᠨ ᠤ ᠺᠠᠳ᠋ᠷ᠂ ᠲᠣᠰᠬᠤᠨ ᠳᠤ | ᠰᠠᠭᠤᠭ᠎ᠠ ᠺᠠᠳ᠋ᠷ ᠢ ᠵᠣᠬᠢᠶᠠᠨ ᠪᠠᠶᠢᠭᠤᠯᠵᠤ᠂ ᠲᠣᠰᠬᠤᠨ ᠤ ᠳᠡᠭᠡᠭᠰᠢ ᠮᠡᠳᠡᠭᠦᠯᠦᠭᠰᠡᠨ ᠲᠦᠭᠰᠢᠭᠦᠷᠢ ᠶᠢ ᠠᠷᠢᠯᠭᠠᠬᠤ | ᠬᠢᠨᠠᠨ ᠬᠡᠮᠵᠢᠭᠳᠡᠬᠦᠨ ᠢ ᠬᠢᠨᠠᠨ ᠬᠠᠷᠭᠤᠭᠤᠯᠤᠭᠰᠠᠨ ᠤ ᠳᠠᠷᠠᠭ᠎ᠠ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠳᠤ ᠮᠡᠳᠡᠭᠦᠯᠦᠨ ᠬᠢᠨᠠᠨ ᠲᠣᠭᠲᠠᠭᠠᠯᠭᠠᠬᠤ ᠶᠢᠨ ᠬᠠᠮᠲᠤ ᠵᠠᠷᠯᠠᠨ ᠨᠡᠶᠢᠲᠡᠯᠡᠨ᠎ᠡ᠃ | 4. ᠰᠢᠰᠧᠮ ᠤᠨ ᠵᠡᠭᠦᠯᠲᠡ᠃ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠬᠤᠯᠪᠣᠭᠳᠠᠯ ᠪᠦᠬᠦᠢ ᠪᠠᠯᠭᠠᠰᠤ ᠶᠢ ᠵᠣᠬᠢᠶᠠᠨ ᠪᠠᠶᠢᠭᠤᠯᠵᠤ᠂ ᠤᠯᠠᠷᠢᠯ ᠢᠶᠠᠷ ᠪᠦᠬᠦ | ᠤᠯᠤᠰ ᠤᠨ ᠪᠤᠴᠠᠵᠤ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠰᠢᠰᠲ᠋ᠧᠮ ᠳᠤ | ᠨᠥᠬᠦᠴᠡᠯ ᠳᠤ ᠨᠡᠶᠢᠴᠡᠬᠦ ᠬᠢᠨᠠᠨ ᠬᠡᠮᠵᠢᠯᠲᠡ ᠶᠢᠨ ᠡᠲᠡᠭᠡᠳ ᠲᠤ ᠠᠶᠤᠯ ᠲᠦᠭᠰᠢᠭᠦᠷᠢ ᠶᠢ ᠠᠷᠢᠯᠭᠠᠬᠤ ᠵᠡᠭᠦᠯᠲᠡ | ᠬᠠᠳᠠᠨ᠎ᠠ᠃ | 5. ᠲᠦᠷᠦᠯ ᠬᠤᠪᠢᠶᠠᠨ ᠵᠡᠭᠦᠯᠲᠡ ᠬᠠᠳᠠᠬᠤ᠃ᠰᠢᠯᠵᠢᠯᠲᠡ ᠶᠢᠨ ᠬᠤᠭᠤᠴᠠᠭᠠᠨ ᠳᠤ᠂ ᠠᠶᠤᠯ ᠲᠦᠭᠰᠢᠭᠦᠷᠢ ᠶᠢ | ᠠᠶᠠᠨᠳᠠᠭᠠᠨ ᠠᠷᠢᠯᠭᠠᠬᠤ ᠶᠢ ᠭᠠᠷᠭᠠᠪᠠᠯ᠂ ᠣᠷᠣᠯᠭ᠎ᠠ ᠶᠢ ᠦᠷᠭᠦᠯᠵᠢᠯᠡᠨ ᠲᠣᠭᠲᠠᠭᠤᠨ ᠪᠠᠶᠢᠯᠭᠠᠬᠤ ᠶᠢ ᠵᠠᠷᠴᠢᠮ | ᠳᠡᠭᠡᠷ᠎ᠡ ᠪᠠᠨ ᠬᠠᠭᠠᠰ ᠵᠢᠯ ᠠᠴᠠ ᠳᠤᠲᠠᠭᠤ ᠦᠭᠡᠢ ᠪᠠᠶᠢᠯᠭᠠᠵᠤ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ | ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ ᠲᠦᠪᠰᠢᠨ ᠢ ᠦᠷᠭᠦᠯᠵᠢᠯᠡᠨ ᠪᠠᠬᠢᠵᠢᠭᠦᠯᠵᠦ᠂ ᠲᠠᠰ | ᠳᠠᠷᠠᠭᠠᠯᠠᠯ ᠤᠨ ᠶᠣᠰᠣᠭᠠᠷ ︽ᠠᠶᠤᠯ ᠲᠦᠭᠰᠢᠭᠦᠷᠢ ᠶᠢ ᠠᠷᠢᠯᠭᠠᠬᠤ︾ ᠶᠢ ᠲᠣᠳᠣᠷᠬᠠᠶᠢᠯᠠᠨ᠎ᠠ᠃ᠬᠥᠳᠡᠯᠮᠦᠷᠢᠯᠡᠬᠦ | ᠴᠢᠳᠠᠪᠤᠷᠢ ᠦᠭᠡᠢ ᠪᠤᠶᠤ ᠪᠠᠭᠤᠷᠠᠢ ᠬᠥᠳᠡᠯᠮᠦᠷᠢᠯᠡᠬᠦ ᠴᠢᠳᠠᠪᠤᠷᠢ ᠲᠠᠢ ᠬᠦᠨᠳᠦ ᠵᠡᠮᠳᠡᠭ ᠬᠥᠮᠥᠨ᠂ ᠨᠠᠰᠤᠲᠠᠶᠢᠴᠤᠳ᠂ | ᠬᠦᠨᠳᠦ ᠡᠪᠡᠳᠴᠢᠨ ᠲᠠᠢ ᠤᠳᠠᠭᠠᠨ ᠴᠢᠨᠠᠷᠲᠠᠢ ᠡᠪᠡᠳᠴᠢᠲᠡᠨ ᠵᠡᠷᠭᠡ ᠶᠢᠨ ᠬᠢᠨᠠᠨ ᠬᠡᠮᠵᠢᠬᠦ ᠡᠷᠦᠬᠡ ᠳᠤ᠂ ᠦᠨᠳᠦᠰᠦᠨ | ᠵᠦᠢᠯ ᠢ ᠪᠠᠲᠤᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ᠂ ᠲᠦᠭᠰᠢᠭᠦᠷᠢ ᠶᠢ ᠲᠦᠷ | ᠠᠷᠢᠯᠭᠠᠬᠤ ᠦᠭᠡᠢ ᠪᠠᠶᠢᠵᠤ᠂ ᠦᠷᠭᠦᠯᠵᠢᠯᠡᠨ ᠮᠥᠷᠳᠡᠨ ᠬᠢᠨᠠᠨ ᠬᠡᠮᠵᠢᠨ᠎ᠡ᠃ | |