ᠦᠶᠡᠷ ᠲᠠᠢ ᠲᠡᠮᠡᠴᠡᠵᠦ ᠭᠠᠮᠰᠢᠭ  ᠠᠴᠠ ᠠᠪᠤᠷᠠᠬᠤ ᠠᠵᠢᠯᠯᠠᠭ᠎ᠠ ᠳᠤ ᠰᠢᠷᠴᠢᠨ ᠪᠠᠯᠭᠠᠰᠤ ᠠᠵᠢᠯᠯᠠᠭ᠎ᠠ ᠠᠪᠴᠤ ᠪᠣᠶ
ᠨᠡᠶᠢᠲᠡᠯᠡᠭᠰᠡᠨ ᠴᠠᠭ᠄
2022/8/16
     2022 ᠣᠨ ᠤ 8 ᠰᠠᠷ᠎ᠠ ᠶᠢᠨ 13  ᠤ ᠦᠳᠡ ᠶᠢᠨ ᠬᠤᠶᠢᠨ᠎ᠠ ᠠᠴᠠ 14  ᠤ ᠡᠳᠦᠷ ᠤᠨ ᠥᠷᠯᠥᠭᠡ ᠪᠣᠯᠲᠠᠯ᠎ᠠ᠂ ᠰᠢᠷᠴᠢᠨ ᠪᠠᠯᠭᠠᠰᠤ ᠳᠤ ᠶᠡᠭᠡ ᠬᠡᠪᠴᠢᠶᠡᠨ ᠤ ᠰᠢᠷᠦᠭᠦᠨ ᠪᠣᠷᠣᠭᠠᠨ ᠣᠷᠣᠵᠤ᠂ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠃      ᠰᠢᠷᠴᠢᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠵᠢᠯᠣᠭᠤᠳᠤᠯᠭ᠎ᠠ ᠳᠣᠣᠷ᠎ᠠ᠂ ᠪᠦᠬᠦ ᠬᠤᠲᠠ  ᠶᠢᠨ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠦᠯ ᠤᠨ ᠮᠡᠳᠡᠭᠡ ᠵᠠᠩᠭᠢ  ᠶᠢ ᠦᠨᠳᠦᠰᠦᠯᠡᠨ᠂ ᠪᠠᠯᠭᠠᠰᠤᠨ ᠤ ᠭᠤᠣᠯ ᠤᠳᠤᠷᠢᠳᠤᠯᠭ᠎ᠠ ᠪᠡᠶ᠎ᠡ ᠪᠠᠷ  ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠲᠣᠰᠬᠤᠨ  ᠢ ᠳᠠᠭᠠᠭᠠᠴᠢᠯᠠᠭᠰᠠᠨ ᠤᠳᠤᠷᠢᠳᠤᠯᠭ᠎ᠠ ᠲᠣᠰᠬᠤᠨ ᠳᠤ ᠪᠠᠭᠤᠵᠤ ᠲᠤᠬᠠᠢ  ᠶᠢᠨ ᠭᠠᠵᠠᠷ ᠲᠤᠨᠢ ᠬᠢᠨᠠᠨ ᠵᠢᠯᠤᠭᠤᠳᠴᠤ᠂ ᠡᠯ᠎ᠡ ᠲᠣᠰᠬᠤᠨ ᠤ ᠬᠢᠨ 8 ᠰᠠᠷ᠎ᠠ  ᠶᠢᠨ 12 ᠤᠨ ᠡᠳᠦᠷ ᠠᠴᠠ ᠡᠮᠦᠨ᠎ᠡ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ  ᠢᠶᠠᠨ ᠰᠠᠶᠢᠲᠤᠷ ᠬᠢᠵᠦ᠂ ᠪᠠᠬᠢᠯᠡᠯᠲᠡ ᠪᠠᠨ ᠴᠢᠩᠳᠠᠯᠠᠨ ᠪᠠᠶᠢᠯᠳᠤᠨ᠎ᠠ᠃      8 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ ᠠᠴᠠ 14 ᠤ ᠡᠳᠦᠷ ᠤᠨ ᠥᠷᠯᠥᠭᠡ ᠶᠢᠨ ᠴᠠᠭ ᠪᠣᠯᠲᠠᠯ᠎ᠠ᠂ ᠰᠢᠷᠴᠢᠨ ᠪᠠᠯᠭᠠᠰᠤᠨ ᠳᠤ ᠵᠢᠩᠬᠢᠨᠢ ᠪᠠᠷ ᠰᠢᠷᠦᠭᠦᠨ ᠪᠣᠷᠣᠭᠠᠨ ᠣᠷᠣᠪᠠ᠃ᠡᠨᠡ ᠬᠤᠭᠤᠴᠠᠭᠠᠨ ᠳᠤ ᠦ᠋ ᠳ᠋ᠠᠩ ᠭᠧᠦ ᠶᠢᠨ ᠣᠷᠭᠢᠯ ᠤᠨ ᠤᠷᠤᠰᠬᠠᠯ ᠤᠨ ᠬᠡᠮᠵᠢᠶ᠎ᠡ 1810 ᠶᠢ ᠳᠠᠪᠠᠵᠤ᠂ 50 ᠵᠢᠯ ᠳᠤ ᠨᠢᠭᠡ ᠤᠳᠠᠭ᠎ᠠ ᠲᠣᠬᠢᠶᠠᠯᠳᠤᠬᠤ ︵1640︶ ᠦᠶᠡᠷ ᠤᠨ ᠪᠠᠷᠢᠮᠵᠢᠶ᠎ᠠ ᠠᠴᠠ ᠶᠡᠭᠡ ᠪᠣᠯᠵᠠᠢ᠃ᠪᠠᠴᠢᠮ ᠲᠤᠯᠭᠠᠮ ᠪᠠᠶᠢᠳᠠᠯ ᠳᠤ ᠴᠢᠭᠯᠡᠭᠦᠯᠦᠨ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠠᠩ ᠡᠯ ᠰᠢ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠳ᠋ᠦᠩ ᠾᠧ ᠲᠣᠭᠤᠷᠢᠭ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ ᠢ ᠳᠠᠭᠠᠭᠤᠯᠤᠨ ᠡᠮᠦᠨ᠎ᠡ ᠹᠷᠣᠨᠲ ᠲᠤ ᠪᠡᠶ᠎ᠡ ᠪᠠᠷ ᠢᠶᠠᠨ ᠬᠦᠷᠴᠦ᠂ ᠨᠢᠭᠡᠳᠦᠯᠲᠡᠢ ᠲᠥᠯᠥᠪᠯᠡᠨ ᠵᠢᠯᠤᠭᠤᠳᠴᠤ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠦᠶᠡᠷ ᠢ ᠰᠡᠷᠭᠡᠶᠢᠯᠡᠬᠦ ᠵᠢᠴᠢ ᠬᠤᠶᠢᠰᠢᠳᠠ ᠶᠢᠨ ᠭᠠᠮᠰᠢᠭ ᠤᠨ ᠪᠠᠶᠢᠳᠠᠯ ᠢ ᠪᠦᠷᠢᠳᠬᠡᠨ ᠳᠡᠭᠡᠭᠰᠢ ᠮᠡᠳᠡᠭᠦᠯᠬᠦ ᠠᠵᠢᠯ ᠢ ᠨᠠᠷᠢᠨ ᠨᠢᠮᠪᠠᠢ ᠲᠣᠬᠢᠷᠠᠭᠤᠯᠪᠠ᠃ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠥᠬᠦ ᠭᠡᠰᠢᠭᠦᠳ ᠡᠮᠦᠨ᠎ᠡ ᠨᠢ ᠵᠢᠯᠤᠭᠤᠳᠬᠤ ᠶᠢ ᠪᠠᠷᠢᠮᠲᠠᠯᠠᠵᠤ᠂ ᠲᠤᠬᠠᠢ ᠶᠢᠨ ᠲᠠᠯᠠᠪᠤᠷ ᠲᠤ ᠬᠦᠷᠴᠦ ᠰᠢᠷᠴᠢᠨ ᠪᠠᠯᠭᠠᠰᠤᠨ ᠤ ᠦ᠋ ᠳ᠋ᠠᠩ ᠭᠧᠦ᠂ ᠳ᠋ᠧᠦ ᠯᠢᠩ ᠴᠢᠨ ᠭᠧᠦ᠂ ᠮᠢᠶᠣᠣ ᠭᠧᠦ ᠵᠡᠷᠭᠡ ᠴᠢᠬᠤᠯᠠ ᠴᠡᠭ ᠪᠠᠶᠢᠷᠢ ᠶᠢᠨ ᠦᠶᠡᠷ ᠤᠷᠤᠰᠬᠠᠭᠰᠠᠨ ᠪᠠᠶᠢᠳᠠᠯ ᠢ ᠬᠥᠳᠡᠯᠦᠩᠭᠦᠢ ᠪᠠᠷ ᠮᠥᠷᠳᠡᠨ ᠳᠠᠭᠠᠵᠤ᠂ ᠴᠠᠭ ᠲᠤᠬᠠᠢ ᠳᠤᠨᠢ ᠬᠢᠨᠠᠨ ᠬᠡᠮᠵᠢᠵᠦ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠦᠨᠡᠨ ᠬᠦ ᠪᠠᠲᠤᠯᠠᠪᠠ᠃ᠡᠯ᠎ᠡ ᠲᠣᠰᠬᠤᠨ ᠤ︽ᠬᠤᠶᠠᠷ ᠵᠥᠪᠯᠡᠯ︾᠂ ᠲᠣᠰᠬᠤᠨ ᠤ ᠠᠷᠠᠳ ᠤᠨ ᠲᠥᠯᠥᠭᠡᠯᠡᠭᠴᠢ᠂ ᠰᠠᠶᠢᠨ ᠳᠤᠷ᠎ᠠ ᠶᠢᠨ ᠦᠢᠯᠡᠴᠢᠯᠡᠭᠴᠢᠳ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠠᠵᠢᠯ ᠳᠤ ᠢᠳᠡᠪᠬᠢᠲᠡᠢ ᠣᠷᠣᠯᠴᠠᠵᠤ᠂ ᠡᠳᠦᠷ ᠰᠥᠨᠢ ᠶᠢᠨ ᠪᠠᠶᠢᠯᠳᠤᠭᠠᠨ ᠢᠶᠠᠷ ᠳᠠᠮᠵᠢᠵᠤ᠂ 14  ᠤ ᠥᠷᠯᠥᠭᠡ ᠪᠣᠯᠲᠠᠯ᠎ᠠ᠂ ᠡᠯ᠎ᠡ ᠲᠣᠰᠬᠤᠨ ᠤ ᠬᠢᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ 500 ᠭᠠᠷᠤᠢ ᠬᠥᠮᠥᠰ᠂ ᠡᠯ᠎ᠡ ᠲᠦᠷᠦᠯ ᠤᠨ ᠮᠠᠰᠢᠨ ᠮᠧᠬᠠᠨᠢᠭ 60 ᠭᠠᠷᠤᠢ ᠰᠠᠤᠷᠢ᠂ ᠤᠰᠤᠨ ᠬᠥᠭᠡᠷᠭᠡ 40 ᠭᠠᠷᠤᠢ ᠰᠠᠤᠷᠢ᠂ ᠡᠯᠡᠰᠦᠨ ᠤᠭᠤᠲᠠ ᠬᠡᠳᠦᠨ ᠬᠥᠮᠥᠨ ᠢ ᠬᠥᠳᠡᠯᠭᠡᠵᠡᠢ᠃ᠦ᠋ ᠳ᠋ᠠᠩ ᠭᠧᠦ ᠵᠠᠮ ᠳᠠᠭᠠᠤ ᠶᠢᠨ ᠭᠠᠵᠠᠷ ᠤᠨ ᠪᠠᠶᠢᠴᠠ ᠨᠡᠯᠢᠶᠡᠳ ᠳᠣᠣᠷ᠎ᠠ᠂ ᠠᠶᠤᠯ ᠲᠦᠭᠰᠢᠭᠦᠷᠢ ᠲᠠᠢ 5 ᠲᠣᠰᠬᠤᠨ ᠳᠤ ᠨᠡᠶᠢᠳᠡ 1028 ᠡᠷᠦᠬᠡ᠂ 2403 ᠬᠥᠮᠥᠨ ᠢ ᠰᠢᠯᠵᠢᠭᠦᠯᠵᠦ᠂ ᠰᠢᠷᠴᠢᠨ ᠪᠠᠯᠭᠠᠰᠤᠨ ᠤ ᠭᠠᠵᠠᠷ ᠣᠷᠣᠨ ᠳᠤ ᠲᠤᠰ ᠡᠭᠡᠯᠵᠢ ᠶᠢᠨ ᠦᠶᠡᠷ ᠤᠨ ᠬᠤᠭᠤᠴᠠᠭ᠎ᠠ ᠶᠢ ᠲᠦᠷ ᠴᠠᠭ ᠠᠮᠤᠷ ᠲᠦᠪᠰᠢᠨ ᠢᠶᠠᠷ ᠲᠤᠭᠤᠯᠵᠤ᠂ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠶᠢᠳᠠᠯ ᠭᠠᠷᠤᠭᠰᠠᠨ ᠦᠭᠡᠢ᠃      14 ᠤ ᠡᠳᠦᠷ ᠤᠨ ᠦᠳᠡ ᠶᠢᠨ ᠡᠮᠦᠨᠡᠬᠢ 9᠄ 00 ᠮᠠᠨ ᠤ ᠪᠠᠯᠭᠠᠰᠤ ᠦᠶᠡᠷ ᠢ ᠰᠡᠷᠭᠡᠶᠢᠯᠡᠬᠦ ᠠᠵᠢᠯ ᠵᠢᠴᠢ ᠭᠠᠮᠰᠢᠭ ᠤᠨ ᠪᠠᠶᠢᠳᠠᠯ ᠢ ᠰᠢᠢᠳᠪᠦᠷᠢᠯᠡᠬᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠷᠠᠯ ᠠᠴᠠ ᠡᠯ᠎ᠡ ᠲᠣᠰᠬᠤᠨ ᠤ ᠬᠢᠨ ᠲᠣᠰᠬᠤᠨ ᠤ ᠠᠷᠠᠳ ᠤᠨ ᠠᠮᠢᠳᠤᠷᠠᠯ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠬᠤᠬᠢᠷᠠᠯ ᠵᠢᠴᠢ ᠭᠤᠣᠯᠳᠠᠯᠭ᠎ᠠ ᠲᠠᠢ ᠴᠡᠭ ᠤᠨ ᠠᠮᠤᠷ ᠲᠦᠪᠰᠢᠨ ᠤ ᠪᠠᠶᠢᠳᠠᠯ ᠢ ᠪᠠᠶᠢᠴᠠᠭᠠᠨ ᠪᠦᠷᠢᠳᠬᠡᠬᠦ ᠠᠵᠢᠯ ᠢ ᠪᠠᠶᠢᠷᠢᠯᠠᠭᠤᠯᠬᠤ ᠶᠢᠨ ᠬᠠᠮᠲᠤ ᠡᠯ᠎ᠡ ᠲᠣᠰᠬᠤᠨ ᠤ ᠬᠢᠨ ᠥᠪᠡᠷ ᠢ ᠪᠠᠨ ᠠᠪᠤᠷᠠᠬᠤ ᠠᠵᠢᠯ ᠢ ᠢᠳᠡᠪᠬᠢᠲᠡᠢ ᠥᠷᠨᠢᠭᠦᠯᠵᠦ᠂ ᠭᠤᠤ ᠰᠤᠪᠠᠭ ᠤᠨ ᠬᠠᠰᠢᠯᠭ᠎ᠠ ᠶᠢ ᠬᠠᠮᠠᠭᠠᠯᠠᠵᠤ᠂ ᠵᠠᠮ ᠤᠨ ᠭᠠᠳᠠᠷᠭᠤ᠂ ᠲᠠᠷᠢᠶᠠᠨ ᠭᠠᠵᠠᠷ ᠤᠨ ᠤᠰᠤ ᠪᠣᠯᠣᠨ ᠯᠠᠭ ᠰᠢᠪᠠᠷ ᠢ ᠴᠡᠪᠡᠷᠯᠡᠨ ᠠᠷᠢᠯᠭᠠᠵᠤ᠂ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠬᠤ ᠶᠢᠨ ᠬᠠᠮᠲᠤ ᠬᠡᠰᠡᠭ ᠣᠷᠣᠨ ᠪᠦᠰᠡ ᠶᠢ ᠠᠷᠢᠭᠤᠳᠬᠠᠵᠤ᠂ ᠡᠭᠦᠰᠦᠮᠡᠯ ᠭᠠᠮᠰᠢᠭ ᠭᠠᠷᠬᠤ ᠠᠴᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1