ᠰᠢ ᠨᠣᠣ ᠪᠦᠦ ᠵᠡᠭᠡᠯᠢ ᠭᠤᠳᠤᠮᠵᠢ ᠶᠢᠨ ᠪᠤᠭᠤᠲᠤ ᠶᠢᠨ ᠬᠤᠯᠪᠣᠭ᠎ᠠ ᠶᠢᠨ ᠨᠢᠭᠡᠴᠡ ᠬᠤᠳᠠ ᠪᠠᠶᠢᠭᠤᠯᠬᠤ ᠳᠤ ᠬᠦᠴᠦ ᠨᠡᠮᠡᠷᠢᠯᠡᠪᠡ
ᠨᠡᠶᠢᠲᠡᠯᠡᠭᠰᠡᠨ ᠴᠠᠭ᠄
2022/8/16
     ᠬᠤᠲᠠ  ᠪᠠᠶᠢᠭᠤᠯᠬᠤ ᠠᠴᠠ ᠨᠠᠰᠢ ᠪᠤᠭᠤᠲᠤ ᠶᠢᠨ ᠬᠤᠯᠪᠣᠭᠠᠲᠤ ᠪᠠᠶᠢᠭᠤᠯᠤᠯᠭ᠎ᠠ ᠶᠢᠨ ᠬᠢᠨ ᠰᠢ ᠨᠣᠣ ᠪᠦᠦ ᠵᠡᠭᠡᠯᠢ ᠭᠤᠳᠤᠮᠵᠢ ᠳᠤ ᠬᠦᠴᠦᠲᠡᠢ ᠳᠡᠮᠵᠢᠯᠭᠡ ᠦᠵᠡᠭᠦᠯᠵᠦ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠵᠡᠷᠭᠡ ᠰᠠᠯᠠᠭ᠎ᠠ ᠮᠥᠴᠢᠷ ᠤᠨ ᠳᠣᠷᠣᠭᠰᠢ ᠲᠣᠮᠢᠯᠠᠭᠰᠠᠨ ᠺᠠᠳ᠋ᠷ᠂ ᠰᠠᠭᠤᠭᠠᠯᠢ ᠠᠷᠠᠳ ᠤᠨ ᠠᠰᠠᠷ ᠤᠨ ᠳᠣᠲᠣᠷ᠎ᠠ ᠭᠠᠳᠠᠨᠠᠬᠢ ᠰᠤᠯᠠ ᠢᠳᠡᠭᠡᠨ ᠤ ᠤᠭᠤᠲᠠ᠂ ᠴᠠᠭᠠᠰᠤᠨ ᠦᠷᠦᠪᠳᠡᠰᠦ᠂ ᠲᠠᠮᠠᠬᠢᠨ ᠶᠣᠣ᠂ ᠰᠦᠯᠢᠶᠥᠦ ᠯᠣᠩᠬᠤ ᠵᠡᠷᠭᠡ ᠬᠤᠭ ᠨᠣᠪᠰᠢ ᠶᠢ ᠴᠡᠪᠡᠷᠯᠡᠵᠦ᠂ ᠠᠰᠠᠷ ᠤᠨ ᠬᠤᠩᠭᠢᠯ ᠳᠤ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠵᠤ ᠪᠠᠶᠢᠭ᠎ᠠ ᠡᠯᠳᠡᠪ ᠶᠠᠭᠤᠮ᠎ᠠ ᠶᠢ ᠴᠡᠪᠡᠷᠯᠡᠵᠦ᠂ ︽ᠦᠬᠡᠷ ᠢᠯᠢᠳᠦ︾ ᠶᠢᠨ ᠵᠠᠷ ᠮᠡᠳᠡᠭᠡ ᠪᠣᠯᠣᠨ ᠠᠰᠠᠷ ᠤᠨ ᠬᠤᠩᠭᠢᠯ ᠤᠨ ︽ᠨᠢᠰᠬᠦ ᠤᠲᠠᠰᠤ︾ ᠪᠠᠷ ᠴᠠᠬᠢᠯᠭᠠᠨ ᠴᠡᠨᠡᠭᠯᠡᠬᠦ ᠶᠢ ᠴᠡᠭᠴᠡᠯᠡᠨ ᠵᠠᠰᠠᠵᠤ᠂ ᠤᠯᠠᠨ ᠨᠡᠶᠢᠲᠡ ᠶᠢᠨ ᠲᠠᠯᠠᠪᠤᠷ ᠤᠨ ᠡᠮᠬᠢ ᠳᠢᠭᠯᠢᠮ ᠢ ᠬᠠᠮᠠᠭᠠᠯᠠᠨ᠂ ᠵᠢᠵᠢᠭ ᠲᠣᠭᠤᠷᠢᠭ ᠤᠨ ᠲᠡᠷᠭᠡ ᠬᠥᠰᠬᠡ ᠵᠣᠭᠰᠣᠬᠤ ᠶᠢ ᠵᠢᠷᠤᠮᠵᠢᠭᠤᠯᠵᠤ᠂ ᠨᠡᠶᠢᠭᠡᠮ ᠲᠣᠭᠤᠷᠢᠭ ᠤᠨ ᠪᠣᠯᠪᠠᠰᠤᠨ᠂ ᠠᠮᠤᠷ ᠠᠮᠤᠭᠤᠯᠠᠩ᠂ ᠡᠶ᠎ᠡ ᠵᠣᠬᠢᠴᠠᠯ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ᠺᠠᠳ᠋ᠷᠴᠤᠳ ᠪᠠᠰᠠ ᠰᠠᠭᠤᠭᠠᠯᠢ ᠠᠷᠠᠳ ᠲᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠮᠡᠳᠡᠯᠭᠡ ᠶᠢᠨ ᠤᠬᠠᠭᠤᠯᠭ᠎ᠠ ᠪᠠ ᠪᠣᠯᠪᠠᠰᠤᠨ ᠦᠢᠯᠡ ᠠᠵᠢᠯᠯᠠᠭ᠎ᠠ ᠶᠢ ᠬᠥᠲᠥᠯᠥᠨ ᠵᠢᠯᠤᠭᠤᠳᠴᠤ᠂ ᠰᠠᠭᠤᠭᠠᠯᠢ ᠠᠷᠠᠳ ᠤᠨ ᠨᠣᠬᠠᠢ ᠪᠠᠨ ᠲᠣᠭᠤᠷᠢᠭᠤᠯᠤᠨ ᠬᠥᠲᠥᠯᠬᠦ᠂ ᠲᠡᠷᠭᠡ ᠪᠠᠨ ᠵᠣᠭᠰᠤᠭᠠᠬᠤ ᠶᠢ ᠵᠢᠷᠤᠮᠵᠢᠭᠤᠯᠬᠤ ᠶᠢ ᠰᠠᠨᠠᠭᠠᠴᠢᠯᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠵᠡᠢ᠃      ᠳᠣᠷᠣᠭᠰᠢ ᠲᠣᠮᠢᠯᠠᠭᠰᠠᠨ ᠺᠠᠳ᠋ᠷ ᠨᠡᠶᠢᠭᠡᠮ ᠲᠣᠭᠤᠷᠢᠭ ᠤᠨ ᠠᠷᠢᠭᠤᠨ ᠴᠡᠪᠡᠷ ᠢ ᠴᠡᠪᠡᠷᠯᠡᠬᠦ᠂ ᠬᠤᠭ ᠨᠣᠪᠰᠢ ᠶᠢ ᠴᠡᠪᠡᠷᠯᠡᠬᠦ᠂ ᠤᠬᠠᠭᠤᠯᠤᠨ ᠬᠥᠲᠥᠯᠥᠨ ᠵᠢᠯᠤᠭᠤᠳᠬᠤ ᠳᠤ ᠬᠠᠪᠰᠤᠷᠬᠤ ᠪᠠᠷ ᠪᠠᠷᠠᠬᠤ ᠦᠭᠡᠢ ᠪᠠᠰᠠ ᠡᠳ᠋ ᠪᠣᠳᠠᠰ ᠬᠠᠨᠳᠢᠪᠯᠡᠵᠤ ᠬᠤᠳᠠ ᠪᠠᠶᠢᠭᠤᠯᠬᠤ ᠳᠤ ᠬᠦᠴᠦᠨ ᠨᠡᠮᠡᠷᠢᠯᠡᠵᠦ᠂ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ 40 ᠬᠤᠭ ᠨᠣᠪᠰᠢ ᠶᠢᠨ ᠲᠦᠩᠰᠡ᠂ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ 6 ᠬᠤᠭ ᠨᠣᠪᠰᠢ ᠶᠢᠨ ᠲᠦᠩᠰᠡ ᠶᠢ ᠬᠠᠨᠳᠢᠪᠯᠡᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠣ ᠪᠦᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1