ᠰᠢ ᠨᠣᠣ ᠪᠦᠦ ᠵᠡᠭᠡᠯᠢ ᠭᠤᠳᠤᠮᠵᠢ ᠳᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/8/16
     ᠰᠢ ᠨᠣᠣ ᠪᠦᠦ ᠵᠡᠭᠡᠯᠢ ᠭᠤᠳᠤᠮᠵᠢ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠳᠤ ᠨᠡᠶᠢᠳᠡ 29 ᠰᠠᠭᠤᠭᠠᠯᠢ ᠠᠷᠠᠳ ᠤᠨ ᠲᠣᠭᠤᠷᠢᠭ ᠲᠤ ᠬᠤᠯᠪᠣᠭᠳᠠᠨ᠎ᠠ᠂ ᠡᠭᠦᠨ ᠳᠤ ᠬᠠᠭᠤᠴᠢᠨ ᠠᠵᠤ ᠦᠢᠯᠡᠳᠪᠦᠷᠢ ᠶᠢ ᠨᠡᠭᠦᠯᠭᠡᠵᠦ ᠥᠭᠡᠷᠡᠴᠢᠯᠡᠬᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ ᠬᠤᠳᠠ ᠶᠢ ᠰᠢᠨᠡᠳᠬᠡᠬᠦ ᠵᠡᠷᠭᠡ ᠲᠦᠷᠦᠯ ᠵᠦᠢᠯ ᠪᠠᠭᠲᠠᠨ᠎ᠠ᠂ ᠣᠳᠣᠬᠠᠨ ᠳᠤ᠂ ᠰᠢᠶᠠ ᠿᠢ ᠬᠤᠸᠠ ᠲᠢᠩ ᠰᠠᠭᠤᠭᠠᠯᠢ ᠠᠷᠠᠳ ᠤᠨ ᠲᠣᠭᠤᠷᠢᠭ ᠲᠤ ᠲᠠᠯᠬ᠎ᠠ ᠲᠣᠭᠤᠰᠬ᠎ᠠ ᠳᠡᠪᠢᠰᠴᠦ᠂ ᠴᠠᠷᠳᠠᠮᠠᠯ ᠵᠠᠮ ᠳᠡᠪᠢᠰᠴᠦ ᠪᠤᠢ︔ᠣᠳᠣ ᠶᠠᠭ ᠥᠭᠡᠷᠡᠴᠢᠯᠡᠵᠦ ᠪᠠᠶᠢᠭ᠎ᠠ 8 ᠵᠢᠵᠢᠭ ᠲᠣᠭᠤᠷᠢᠭ ᠲᠤ᠂ ᠲᠡᠮᠦᠷᠯᠢᠭ ᠤᠨ ᠭᠠᠶᠢᠯᠢ  ᠶᠢᠨ ᠶᠠᠪᠤᠳᠠᠯ᠂ ᠶᠡᠭᠡ ᠵᠠᠰᠠᠯᠲᠠ ᠬᠢᠵᠦ ᠪᠣᠬᠢᠷ ᠤᠰᠤ ᠲᠦᠭᠡᠭᠡᠬᠦ ᠬᠤᠭᠤᠯᠠᠢ  ᠶᠢ ᠨᠢᠭᠡᠨᠲᠡ ᠰᠣᠯᠢᠵᠤ ᠳᠠᠭᠤᠰᠬᠠᠭᠠᠳ᠂ ᠺᠠᠩ ᠯᠧ ᠵᠢᠵᠢᠭ ᠲᠣᠭᠤᠷᠢᠭ ᠤᠨ ᠬᠢᠨ ᠢᠯᠴᠢ ᠬᠠᠩᠭᠠᠬᠤ ᠬᠤᠭᠤᠯᠠᠢ  ᠶᠢ ᠰᠣᠯᠢᠵᠤ᠂ ᠴᠠᠬᠢᠯᠭᠠᠨ ᠵᠠᠯᠭᠠᠬᠤ᠂ ᠴᠠᠬᠢᠯᠭᠠᠨ ᠪᠠᠭᠤᠷᠠᠢ᠂ ᠨᠢᠩ ᠯᠦ ᠵᠢᠵᠢᠭ ᠲᠣᠭᠤᠷᠢᠭ ᠤᠨ ᠬᠢᠨ ᠪᠣᠬᠢᠷ ᠤᠰᠤᠨ ᠤ ᠬᠤᠭᠤᠯᠠᠢ  ᠶᠢ ᠰᠣᠯᠢᠵᠤ ᠪᠠᠶᠢᠨ᠎ᠠ᠃      ᠰᠢ ᠨᠣᠣ ᠪᠦᠦ ᠵᠡᠭᠡᠯᠢ ᠭᠤᠳᠤᠮᠵᠢ ᠶᠢᠨ ᠭᠤᠣᠯ ᠤᠳᠤᠷᠢᠳᠤᠯᠭ᠎ᠠ ᠲᠤᠬᠠᠢ ᠶᠢᠨ ᠲᠠᠯᠠᠪᠠᠢ ᠳᠤ ᠠᠵᠢᠯᠯᠠᠬᠤ ᠠᠷᠭ᠎ᠠ ᠬᠡᠯᠪᠡᠷᠢ ᠶᠢ ᠠᠪᠴᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠪᠠᠷᠢᠯᠭ᠎ᠠ ᠶᠢᠨ ᠠᠬᠢᠴᠠ ᠶᠢ ᠪᠠᠶᠢᠴᠠᠭᠠᠨ ᠦᠵᠡᠵᠦ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂ ᠰᠠᠭᠤᠭᠠᠯᠢ ᠠᠷᠠᠳ ᠤᠨ ᠰᠠᠨᠠᠯ ᠢ ᠰᠣᠨᠣᠰᠴᠤ᠂ ᠪᠠᠷᠢᠯᠭ᠎ᠠ ᠶᠢᠨ ᠲᠠᠯ᠎ᠠ ᠲᠠᠢ ᠴᠠᠭ ᠲᠤᠬᠠᠢ ᠳᠤᠨᠢ ᠵᠣᠯᠭᠠᠭᠤᠯᠤᠨ ᠴᠡᠭᠴᠡᠯᠡᠨ ᠰᠠᠶᠢᠵᠢᠷᠠᠭᠤᠯᠵᠤ᠂ ᠪᠠᠷᠢᠯᠭ᠎ᠠ ᠶᠢᠨ ᠲᠠᠯ᠎ᠠ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠪᠠᠷᠢᠯᠭ᠎ᠠ ᠶᠢᠨ ᠠᠵᠢᠯ ᠤᠨ ᠢᠯᠡᠳᠬᠡᠮᠵᠢ ᠲᠡᠮᠳᠡᠭ ᠵᠢᠴᠢ ᠲᠦᠷ ᠴᠠᠭ ᠤᠨ ᠪᠠᠷᠢᠯᠭ᠎ᠠ ᠶᠢᠨ ᠬᠤᠭ ᠨᠣᠪᠰᠢ ᠬᠠᠳᠠᠭᠠᠯᠠᠬᠤ ᠴᠡᠭ ᠤᠨ ᠢᠯᠡᠳᠬᠡᠮᠵᠢ ᠲᠡᠮᠳᠡᠭ ᠵᠡᠷᠭᠡ ᠶᠢ ᠪᠠᠶᠢᠷᠢᠯᠠᠭᠤᠯᠬᠤ ᠶᠢ ᠱᠠᠯᠠᠪᠳᠠᠭᠤᠯᠵᠤ᠂ ᠪᠠᠭ᠎ᠠ ᠲᠣᠭᠤᠷᠢᠭ ᠤᠨ ᠪᠦᠬᠦᠯᠢ ᠴᠣᠭᠴᠠ ᠶᠢᠨ ᠥᠭᠡᠷᠡᠴᠢᠯᠡᠯᠲᠡ ᠶᠢᠨ ᠠᠬᠢᠴᠠ ᠶᠢ ᠤᠯᠠᠮ ᠴᠢᠨᠠᠭᠰᠢᠳᠠ ᠲᠦᠷᠭᠡᠳᠬᠡᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠣ ᠪᠦᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1