2022 ᠣᠨ ᠤ 8 ᠰᠠᠷ᠎ᠠ ᠶᠢᠨ 11 ᠤ ᠣᠷᠣᠢ ᠠᠴᠠ ᠡᠬᠢᠯᠡᠵᠦ᠂ ᠪᠤᠭᠤᠲᠤ ᠬᠤᠳᠠ ᠶᠢᠨ ᠴᠠᠭ ᠠᠭᠤᠷ ᠤᠨ | ᠲᠣᠪᠴᠢᠶ᠎ᠠ ᠶᠢᠨ ᠨᠡᠶᠢᠲᠡᠯᠡᠭᠰᠡᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠴᠢᠬᠤᠯᠠ ᠴᠠᠭ ᠠᠭᠤᠷ ᠤᠨ | ᠮᠡᠳᠡᠭᠦᠯᠦᠯᠲᠡ ᠪᠣᠯᠣᠨ︽ᠳ᠋ᠦᠩ ᠡᡁᠸ ᠲᠣᠭᠤᠷᠢᠭ ᠤᠨ ᠤᠰᠤ ᠭᠠᠩ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ | ᠮᠡᠳᠡᠭᠡ ᠵᠠᠩᠭᠢ︾ ᠶᠢᠨ ᠮᠡᠳᠡᠭᠳᠡᠯ ᠤᠨ ᠬᠤᠯᠪᠣᠭᠳᠠᠯ ᠪᠦᠬᠦᠢ ᠰᠢᠷᠦᠭᠦᠨ ᠪᠣᠷᠣᠭᠠᠨ ᠤ ᠮᠡᠳᠡᠭᠡ ᠵᠠᠩᠭᠢ ᠶᠢ | ᠦᠨᠳᠦᠰᠦᠯᠡᠵᠦ᠂ ᠳ᠋ᠦᠩ ᠵᠠᠨ ᠵᠡᠭᠡᠯᠢ ᠭᠤᠳᠤᠮᠵᠢ ᠶᠢᠨ ᠭᠤᠣᠯ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠰᠢᠷᠦᠭᠦᠨ ᠪᠣᠷᠣᠭᠠᠨ ᠢ ᠰᠡᠷᠭᠡᠶᠢᠯᠡᠬᠦ ᠠᠵᠢᠯ ᠢ ᠬᠠᠮᠤᠭ ᠤᠨ ᠲᠦᠷᠦᠭᠦᠨ ᠳᠤ ᠪᠠᠶᠢᠷᠢᠯᠠᠭᠤᠯᠵᠤ᠂ | ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠨ ᠤᠰᠤ ᠶᠢ ᠰᠡᠷᠭᠡᠶᠢᠯᠡᠬᠦ ᠪᠡᠯᠡᠳᠬᠡᠯ ᠢ ᠰᠠᠶᠢᠲᠤᠷ ᠬᠢᠪᠡ᠃ | 2022 ᠣᠨ ᠤ 8 ᠰᠠᠷ᠎ᠠ ᠶᠢᠨ 13 ᠤ ᠰᠥᠨᠢ ᠳᠦᠯᠢ ᠠᠴᠠ 8 ᠰᠠᠷ᠎ᠠ ᠶᠢᠨ 14 ᠤ ᠥᠷᠯᠥᠭᠡ ᠪᠣᠯᠲᠠᠯ᠎ᠠ᠂ | ᠵᠡᠭᠦᠨ ᠥᠷᠲᠡᠭᠡᠨ ᠤ ᠵᠡᠭᠡᠯᠢ ᠭᠤᠳᠤᠮᠵᠢ ᠶᠢᠨ ᠭᠤᠣᠯ ᠤᠳᠤᠷᠢᠳᠤᠯᠭ᠎ᠠ ᠥᠪᠡᠷ ᠤᠨ ᠠᠮᠤᠷ ᠲᠦᠪᠰᠢᠨ ᠠᠶᠤᠯ | ᠲᠦᠭᠰᠢᠭᠦᠷᠢ ᠶᠢ ᠬᠠᠶᠢᠬᠤᠷᠤᠯ ᠦᠭᠡᠢ ᠪᠠᠷ ᠰᠠᠨᠠᠭᠠᠴᠢᠯᠠᠭ᠎ᠠ ᠠᠴᠠ ᠪᠠᠨ ᠴᠡᠷᠢᠭ ᠳᠠᠭᠠᠭᠤᠯᠤᠨ ᠬᠠᠷᠢᠶ᠎ᠠ ᠣᠷᠣᠨ ᠤ | ᠦᠶᠡᠷ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠲᠣᠭᠤᠷᠢᠨ ᠪᠠᠶᠢᠴᠠᠭᠠᠵᠤ᠂ ᠥᠷᠲᠡᠭᠡᠨ ᠤ ᠬᠤᠶᠢᠲᠤ ᠵᠠᠮ ᠤᠨ | ᠪᠠᠷᠠᠭᠤᠨ ᠬᠡᠰᠡᠭ ᠲᠤ ᠬᠦᠷᠬᠦ ᠳᠤ ᠲᠤᠰ ᠵᠠᠮ ᠤᠨ ᠤᠰᠤᠨ ᠲᠦᠪᠰᠢᠨ ᠨᠡᠯᠢᠶᠡᠳ ᠥᠨᠳᠥᠷ᠂ ᠭᠤᠣᠯ ᠵᠠᠮ ᠤᠨ | ᠬᠡᠰᠡᠭ ᠲᠤ 70cm ᠤᠰᠤ ᠬᠤᠷᠠᠭᠰᠠᠨ ᠢ ᠣᠯᠵᠤ ᠮᠠᠲᠠᠵᠠᠢ᠂ ᠵᠡᠭᠦᠨ ᠥᠷᠲᠡᠭᠡᠨ ᠤ ᠵᠡᠭᠡᠯᠢ ᠭᠤᠳᠤᠮᠵᠢ ᠶᠢᠨ | ᠠᠵᠢᠯᠲᠠᠳ ᠤᠰᠤ ᠬᠤᠷᠠᠭᠰᠠᠨ ᠭᠠᠵᠠᠷ ᠲᠤ ᠨᠠᠭᠠᠰᠢ ᠴᠠᠭᠠᠰᠢ ᠶᠠᠪᠤᠬᠤ ᠲᠡᠷᠭᠡ ᠶᠢ ᠲᠣᠭᠤᠷᠢᠤ ᠵᠠᠮ ᠢᠶᠠᠷ ᠶᠠᠪᠤᠬᠤ ᠶᠢ | ᠢᠳᠡᠪᠬᠢᠲᠡᠢ ᠢᠳᠬᠠᠵᠤ᠂ ᠠᠭᠠᠳᠠᠷ ᠪᠣᠷᠣᠭᠠᠨ ᠠᠴᠠ ᠤᠯᠠᠨ ᠲᠦᠮᠡᠨ ᠳᠤ ᠴᠢᠬᠤᠯᠠ ᠪᠤᠰᠤ ᠡᠳ᠋ ᠬᠥᠷᠥᠩᠭᠡ ᠶᠢᠨ | ᠬᠤᠬᠢᠷᠠᠯ ᠤᠴᠠᠷᠠᠭᠤᠯᠬᠤ ᠠᠴᠠ ᠠᠯᠢ ᠴᠢᠳᠠᠬᠤ ᠪᠠᠷ ᠵᠠᠶᠢᠯᠠᠰᠬᠢᠪᠡ᠃ᠡᠭᠦᠨ ᠠᠴᠠ ᠭᠠᠳᠠᠨ᠎ᠠ᠂ ᠵᠡᠭᠦᠨ ᠥᠷᠲᠡᠭᠡᠨ ᠤ | ᠵᠡᠭᠡᠯᠢ ᠭᠤᠳᠤᠮᠵᠢ ᠶᠢᠨ ᠠᠵᠢᠯᠲᠠᠳ ᠪᠠᠰᠠ ᠰᠢ ᠾᠧ ᠵᠡᠭᠦᠨ ᠵᠠᠮ ᠤᠨ ᠪᠠᠶᠢᠰᠢᠩ ᠭᠡᠷ ᠤᠨ ᠲᠣᠭᠤᠷᠢᠭ ᠤᠨ | ᠰᠠᠭᠤᠭᠠᠯᠢ ᠡᠷᠦᠬᠡ ᠳᠤ ᠦᠶᠡᠷ ᠢ ᠰᠡᠷᠭᠡᠶᠢᠯᠡᠵᠦ ᠤᠰᠤ ᠵᠠᠯᠠᠬᠤ ᠶᠢ ᠵᠠᠯᠠᠵᠤ ᠵᠢᠯᠤᠭᠤᠳᠬᠤ ᠠᠵᠢᠯ ᠬᠢᠵᠦ᠂ ᠭᠡᠷ | ᠪᠠᠶᠢᠰᠢᠩ ᠨᠤᠷᠠᠬᠤ ᠪᠠ ᠬᠥᠮᠥᠨ ᠭᠠᠮᠰᠢᠭᠳᠠᠬᠤ ᠪᠣᠯᠣᠮᠵᠢ ᠶᠢ ᠲᠤᠶᠢᠯ ᠤᠨ ᠶᠡᠭᠡ ᠪᠠᠷ ᠪᠠᠭᠤᠷᠠᠭᠤᠯᠵᠤ᠂ ᠡᠷᠬᠢᠨ | ᠲᠣᠭᠤᠷᠢᠨ ᠤ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ | |