︽ᠰᠠᠭᠤᠭᠠᠯᠢ ᠠᠷᠠᠳ ᠤᠨ ᠲᠣᠭᠤᠷᠢᠭ ᠲᠤ ᠬᠠᠮᠲᠤ ᠪᠠᠷ ᠡᠳ᠋ᠯᠡᠬᠦ ᠬᠤᠪᠴᠠᠰᠤᠨ ᠤ ᠡᠯᠭᠦᠭᠦᠷ ᠲᠠᠢ | ᠪᠣᠯᠤᠭᠰᠠᠨ ᠪᠣᠯᠬᠤᠷ ᠬᠤᠪᠴᠠᠰᠤ ᠬᠤᠨᠠᠷ᠂ ᠬᠥᠨᠵᠢᠯᠡ ᠳᠡᠪᠢᠰᠬᠡᠷ ᠢ ᠨᠡᠷᠡᠨ ᠳᠤ ᠡᠭᠡᠭᠡᠬᠦ ᠨᠢ ᠬᠡᠳᠦᠢ ᠳᠥᠭᠦᠮ ᠪᠤᠶ ︾ | ᠲᠦᠷᠦᠭᠦᠬᠡᠨ᠂ ᠳ᠋ᠦᠩ ᠾᠧ ᠲᠣᠭᠤᠷᠢᠭ ᠤᠨ ᠲᠢᠶᠧ ᠰᠢ ᠵᠡᠭᠡᠯᠢ ᠭᠤᠳᠤᠮᠵᠢ ᠶᠢᠨ ᠹᠠᠩ ᠼᠤᠤ ᠨᠡᠶᠢᠭᠡᠮ | ᠲᠣᠭᠤᠷᠢᠭ ᠤᠨ ᠴᠡᠴᠡᠷᠯᠢᠭ ᠤᠨ ᠲᠣᠭᠤᠷᠢᠭ ᠤᠨ ᠬᠠᠮᠲᠤ ᠪᠠᠷ ᠡᠳ᠋ᠯᠡᠬᠦ ᠬᠤᠪᠴᠠᠰᠤ ᠬᠠᠳᠠᠭᠠᠬᠤ ᠵᠢᠶᠠᠰᠠ ᠶᠢᠨ | ᠬᠠᠵᠠᠭᠤ ᠳᠤ᠂ ᠰᠠᠭᠤᠭᠠᠯᠢ ᠠᠷᠠᠳ ᠯᠢᠦ ᠠᠨᠢᠶ᠎ᠠ ᠬᠥᠮᠥᠰᠬᠡ ᠵᠠᠩᠭᠢᠳᠤᠨ ᠪᠠᠶᠠᠷᠯᠠᠪᠠ᠃【ᠬᠤᠪᠴᠠᠰᠤ ᠬᠠᠲᠠᠭᠠᠬᠤ | ᠡᠯᠭᠦᠭᠦᠷ ᠳᠡᠭᠡᠷ᠎ᠡ ᠬᠤᠪᠴᠠᠰᠤ ᠬᠤᠨᠠᠷ ᠤᠨ ᠬᠥᠨᠵᠢᠯᠡ ᠶᠢ ᠨᠡᠷᠡᠨ ᠳᠤ ᠡᠭᠡᠭᠡᠪᠡᠯ ᠨᠡᠷᠡᠨ ᠤ ᠭᠡᠷᠡᠯ ᠭᠦᠢᠴᠡᠳ | ᠪᠠᠶᠢᠬᠤ ᠪᠠᠷ ᠪᠠᠷᠠᠬᠤ ᠦᠭᠡᠢ᠂ ᠥᠨᠳᠥᠷ ᠤᠨ ᠬᠡᠮᠵᠢᠶ᠎ᠡ ᠨᠢ ᠴᠦ ᠲᠣᠬᠢᠷᠠᠮᠵᠢᠲᠠᠢ᠂ ᠵᠢᠪᠡᠷᠡᠬᠦ ᠦᠭᠡᠢ ᠪᠣᠯᠣᠳ ᠢᠶᠠᠷ | ᠭᠠᠩᠨᠠᠵᠤ ᠬᠢᠭᠰᠡᠨ ᠬᠤᠪᠴᠠᠰᠤᠨ ᠤ ᠡᠯᠭᠦᠭᠦᠷ ᠨᠢ ᠭᠤᠶᠤ ᠮᠥᠷᠲᠡᠭᠡᠨ ᠪᠥᠬᠡᠯᠢᠭ ᠮᠥᠷᠲᠡᠭᠡᠨ ᠵᠢᠪᠡᠷᠡᠬᠦ ᠠᠴᠠ | ᠰᠡᠷᠭᠡᠶᠢᠯᠡᠨ᠎ᠡ᠃】 | | | | | ᠴᠡᠴᠡᠷᠯᠢᠭ ᠤᠨ ᠲᠣᠭᠤᠷᠢᠭ ᠪᠣᠯ ᠨᠢᠭᠡᠨ ᠬᠠᠭᠤᠴᠢᠨ ᠲᠣᠭᠤᠷᠢᠭ ᠪᠣᠯᠣᠨ᠎ᠠ᠃ ᠰᠠᠭᠤᠭᠠᠯᠢ ᠠᠷᠠᠳ ᠤᠨ | ᠲᠣᠭᠤᠷᠢᠭ ᠲᠤ ᠨᠡᠶᠢᠲᠡ ᠶᠢᠨ ᠨᠡᠷᠡᠨ ᠳᠤ ᠡᠭᠡᠭᠡᠬᠦ ᠵᠠᠢ ᠪᠠᠶᠢᠬᠤ ᠦᠭᠡᠢ ᠪᠣᠯᠬᠤᠷ ᠰᠠᠭᠤᠭᠠᠯᠢ ᠠᠷᠠᠳ ᠵᠥᠪᠬᠡᠨ | ᠬᠢᠵᠠᠭᠠᠷ ᠲᠠᠢ ᠨᠡᠷᠡᠨ ᠤ ᠲᠤᠰᠤᠯᠲᠠ ᠶᠢᠨ ᠴᠠᠭ᠂ ᠨᠡᠷᠡᠨ ᠤ ᠲᠤᠰᠤᠯᠲᠠ ᠶᠢᠨ ᠬᠠᠷᠠᠭᠠᠰᠤ ᠶᠢᠨ ᠳᠣᠲᠣᠷ᠎ᠠ᠂ | ᠬᠤᠪᠴᠠᠰᠤ ᠬᠤᠨᠠᠷ ᠢᠶᠠᠨ ᠨᠠᠷᠠᠪᠴᠢᠨ ᠳᠤ ᠡᠭᠡᠭᠡᠵᠦ᠂ ᠵᠠᠷᠢᠮ ᠰᠠᠭᠤᠭᠠᠯᠢ ᠠᠷᠠᠳ᠂ ᠢᠯᠠᠩᠭᠤᠶ᠎ᠠ ᠨᠠᠰᠤᠲᠠᠶᠢᠴᠤᠳ | ᠬᠠᠳᠠᠭᠠᠵᠤ ᠬᠠᠳᠠᠭᠠᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠴᠣᠩᠬᠤᠨ ᠤ ᠬᠤᠯᠠᠭᠠᠢ ᠶᠢ ᠰᠡᠷᠭᠡᠶᠢᠯᠡᠬᠦ | ᠬᠠᠰᠢᠶᠠᠨ ᠳᠤ ᠳᠡᠭᠡᠰᠦ ᠪᠠᠷ ᠬᠤᠪᠴᠠᠰᠤ ᠪᠠᠨ ᠡᠭᠡᠭᠡᠵᠦ᠂ ᠪᠠᠰᠠ ᠵᠠᠷᠢᠮ ᠰᠠᠭᠤᠭᠠᠯᠢ ᠠᠷᠠᠳ ᠰᠢᠭᠤᠳ | ᠨᠣᠭᠤᠭᠠᠷᠠᠭᠤᠯᠤᠯᠲᠠ ᠶᠢᠨ ᠪᠦᠰᠡ᠂ ᠴᠠᠬᠢᠯᠭᠠᠨ ᠤᠲᠠᠰᠤᠨ ᠤ ᠪᠠᠭᠠᠨ᠎ᠠ ᠶᠢᠨ ᠬᠤᠭᠤᠷᠣᠨᠳᠤ ᠬᠥᠨᠵᠢᠯᠡ ᠪᠠᠨ | ᠡᠭᠡᠭᠡᠵᠦ ᠪᠠᠶᠢᠨ᠎ᠠ ᠁ ᠡᠲᠡᠭᠡᠷ ᠦᠵᠡᠭᠳᠡᠯ ᠨᠢ ᠬᠤᠲᠠ ᠶᠢᠨ ᠪᠣᠯᠪᠠᠰᠤᠨ ᠳᠦᠷᠢ ᠲᠥᠷᠬᠦ ᠶᠢ ᠨᠥᠯᠥᠭᠡᠯᠡᠭᠰᠡᠨ | ᠢᠶᠠᠷ ᠪᠠᠷᠠᠬᠤ ᠦᠭᠡᠢ ᠪᠠᠰᠠ ᠵᠣᠬᠢᠬᠤ ᠬᠡᠮᠵᠢᠶᠡᠨ ᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠃ | | | | | | ᠰᠠᠭᠤᠭᠠᠯᠢ ᠠᠷᠠᠳ ᠤᠨ ᠨᠡᠷᠡᠨ ᠳᠤ ᠡᠭᠡᠭᠡᠬᠦ ᠳᠤ ᠬᠦᠴᠢᠷ ᠪᠠᠶᠢᠬᠤ ᠠᠰᠠᠭᠤᠳᠠᠯ ᠢ ᠦᠨᠡᠨᠬᠦ | ᠰᠢᠢᠳᠪᠦᠷᠢᠯᠡᠬᠦ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ︽ᠬᠤᠲᠠ ᠪᠠᠶᠢᠭᠤᠯᠬᠤ︾ ᠪᠠᠷ ᠭᠠᠷᠳᠠᠴᠠ | ᠪᠣᠯᠭᠠᠵᠤ᠂ ᠲᠢᠶᠧ ᠰᠢ᠂ ᠲᠢᠶᠠᠨ ᠵᠢᠶᠣᠣ ᠵᠡᠷᠭᠡ ᠵᠡᠭᠡᠯᠢ ᠭᠤᠳᠤᠮᠵᠢ ᠶᠢᠨ ᠬᠠᠮᠲᠤᠷᠠᠭᠰᠠᠨ ᠵᠢᠵᠢᠭ ᠲᠣᠭᠤᠷᠢᠭ ᠤᠨ | ᠰᠦᠯᠵᠢᠶᠡᠨ ᠤ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ᠂ ᠠᠷᠠᠳ ᠤᠨ ᠰᠡᠳᠬᠢᠯ ᠤᠨ ᠶᠠᠷᠢᠯᠴᠠᠬᠤ | ᠬᠤᠷᠠᠯ ᠢ ᠤᠯᠠᠨ ᠤᠳᠠᠭ᠎ᠠ ᠬᠤᠷᠠᠯᠳᠤᠭᠤᠯᠵᠤ ᠰᠢᠢᠳᠪᠦᠷᠢᠯᠡᠬᠦ ᠲᠥᠰᠥᠯ ᠢ ᠵᠥᠪᠳᠡᠨ ᠶᠠᠷᠢᠯᠴᠠᠭᠰᠠᠨ ᠪᠥᠭᠡᠳ ᠡᠷᠦᠭᠡ | ᠳᠠᠷᠠᠭᠠᠯᠠᠨ ᠢᠷᠡᠬᠦ᠂ ᠤᠲᠠᠰᠤ ᠪᠠᠷ ᠬᠠᠷᠢᠯᠴᠠᠬᠤ᠂ ᠵᠢᠷᠭᠢᠶ᠎ᠡ ᠪᠠᠷ ᠯᠠᠪᠯᠠᠨ ᠠᠰᠠᠭᠤᠬᠤ ᠵᠡᠷᠭᠡ︽ᠰᠦᠯᠵᠢᠶᠡᠨ ᠳᠡᠭᠡᠷ᠎ᠡ + | ᠰᠦᠯᠵᠢᠶᠡᠨ ᠭᠠᠳᠠᠨᠠᠬᠢ︾ᠠᠷᠭ᠎ᠠ ᠬᠡᠯᠪᠡᠷᠢ ᠪᠠᠷ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ | ᠨᠡᠷᠡᠨ ᠭᠡᠷᠡᠯ ᠭᠦᠢᠴᠡᠳ ᠪᠠᠶᠢᠭ᠎ᠠ ᠵᠢᠵᠢᠭ ᠲᠣᠭᠤᠷᠢᠭ ᠤᠨ ᠬᠤᠭᠤᠰᠤᠨ ᠭᠠᠵᠠᠷ ᠲᠤ ᠬᠠᠮᠲᠤᠪᠠᠷ ᠡᠳ᠋ᠯᠡᠬᠦ ᠬᠤᠪᠴᠠᠰᠤ | ᠬᠠᠳᠡᠭᠠᠬᠤ ᠡᠯᠭᠦᠭᠦᠷ ᠢ ᠤᠭᠰᠠᠷᠠᠬᠤ ᠭᠠᠵᠠᠷ ᠢ ᠰᠣᠩᠭᠤᠵᠤ᠂ ᠬᠠᠳᠡᠭᠠᠬᠤ ᠬᠡᠷᠡᠭᠴᠡᠭᠡ ᠶᠢ ᠰᠢᠢᠳᠪᠦᠷᠢᠯᠡᠵᠦ᠂ ᠬᠤᠳᠠ | ᠪᠠᠶᠢᠭᠤᠯᠬᠤ ᠶᠢ ᠠᠷᠠᠳ ᠤᠯᠠᠨ ᠤ ᠰᠡᠳᠬᠢᠯ ᠳᠤ ᠦᠨᠡᠨᠬᠦ ᠬᠠᠳᠠᠩᠰᠢᠭᠤᠯᠵᠠᠢ᠃ | ᠹᠠᠩ ᠼᠤᠤ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠦᠢ ᠵᠢᠩ᠄︽ᠪᠢᠳᠡ ᠲᠣᠭᠤᠷᠢᠭ ᠤᠨ | ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ | ᠬᠤᠯᠪᠤᠭᠠᠯᠠᠨ ᠬᠥᠳᠡᠯᠦᠯᠴᠡᠵᠦ᠂ ᠰᠠᠭᠤᠭᠠᠯᠢ ᠠᠷᠠᠳ ᠤᠨ ᠲᠣᠭᠤᠷᠢᠭ ᠢ ᠳᠤᠷ᠎ᠠ ᠪᠠᠷ ᠢᠶᠠᠨ ᠪᠣᠰᠬᠠᠵᠤ ᠳᠤᠷ᠎ᠠ ᠪᠠᠷ ᠢᠶᠠᠨ | ᠡᠯᠭᠦᠵᠦ ᠪᠠᠶᠢᠭ᠎ᠠ ᠦᠵᠡᠭᠳᠡᠯ ᠢ ᠴᠡᠭᠴᠡᠯᠡᠨ ᠵᠠᠰᠠᠬᠤ ᠶᠢᠨ ᠬᠠᠮᠲᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ | ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠨᠣᠭᠤᠭᠠᠷᠠᠭᠤᠯᠬᠤ ᠦᠵᠡᠮᠵᠢ ᠶᠢ ᠨᠡᠮᠡᠬᠦ ᠵᠡᠷᠭᠡ ᠠᠷᠭ᠎ᠠ ᠬᠡᠯᠪᠡᠷᠢ ᠪᠠᠷ | ᠰᠠᠭᠤᠭᠠᠯᠢ ᠠᠷᠠᠳ ᠤᠨ ᠲᠣᠭᠤᠷᠢᠭ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠳᠡᠭᠡᠭᠰᠢᠯᠡᠭᠦᠯᠵᠦ᠂ | ᠰᠠᠭᠤᠭᠠᠯᠢ ᠠᠷᠠᠳ ᠲᠤ ᠬᠤᠳᠠ ᠶᠢ ᠴᠣᠭᠴᠠᠯᠠᠭᠰᠠᠨ ᠠᠴᠠ ᠪᠣᠯᠤᠭᠰᠠᠨ︿ᠪᠣᠳᠠᠲᠤ ᠠᠰᠢᠭ﹀﹀ ᠢ ᠨᠡᠩ ᠰᠠᠶᠢᠨ | ᠡᠳ᠋ᠯᠡᠭᠦᠯᠦᠨ᠎ᠡ︾ᠭᠡᠵᠦ ᠬᠡᠯᠡᠪᠡ᠃ | | | | | ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠪᠠᠶᠢᠳᠠᠭ ᠦᠭᠡᠢ᠂ ᠬᠤᠪᠴᠠᠰᠤ ᠬᠤᠨᠠᠷ ᠬᠥᠨᠵᠢᠯᠡ ᠪᠠᠨ | ᠬᠠᠲᠠᠭᠠᠬᠤ ᠪᠣᠯ ᠪᠠᠰᠠ ᠴᠤ ᠰᠠᠭᠤᠭᠠᠯᠢ ᠠᠷᠠᠳ ᠤᠨ ᠠᠮᠢᠳᠤᠷᠠᠯ ᠤᠨ ᠡᠩ ᠤᠨ ᠶᠠᠪᠤᠳᠠᠯ᠂ ᠶᠡᠭᠡ ᠶᠠᠪᠤᠳᠠᠯ ᠮᠥᠨ᠃ | ᠬᠠᠮᠲᠤ ᠪᠠᠷ ᠡᠳ᠋ᠯᠡᠬᠦ ᠨᠡᠷᠡᠨ ᠳᠤ ᠡᠭᠡᠭᠡᠬᠦ ᠲᠡᠷᠢ ᠲᠡᠭᠰᠢ ᠵᠢᠶᠠᠰᠠ ᠶᠢ ᠲᠥᠯᠥᠪᠵᠢᠭᠦᠯᠦᠨ ᠪᠠᠶᠢᠭᠤᠯᠬᠤ ᠨᠢ ᠰᠠᠭᠤᠭᠠᠯᠢ | ᠠᠷᠠᠳ ᠤᠨ ᠨᠡᠷᠡᠨ ᠳᠤ ᠡᠭᠡᠭᠡᠬᠦ ᠳᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠣᠯ ᠵᠢᠷᠭᠠᠯ ᠢ ᠬᠠᠮᠲᠤ ᠪᠠᠷ ᠡᠳ᠋ᠯᠡᠬᠦ | ᠠᠰᠢᠭ ᠲᠤᠰᠠ ᠶᠢ ᠠᠪᠴᠢᠷᠠᠭᠰᠠᠨ ᠢᠶᠠᠷ ᠪᠠᠷᠠᠬᠤ ᠦᠭᠡᠢ ᠪᠠᠰᠠ ᠨᠡᠶᠢᠭᠡᠮ ᠲᠣᠭᠤᠷᠢᠭ ᠲᠤ ᠪᠣᠯᠪᠠᠰᠤᠨ ᠡᠶ᠎ᠡ | ᠵᠣᠬᠢᠴᠠᠩᠭᠤᠢ ᠣᠷᠴᠢᠨ ᠲᠣᠭᠤᠷᠢᠨ ᠢ ᠪᠤᠢ ᠪᠣᠯᠭᠠᠵᠤ᠂ ᠬᠤᠳᠠ ᠶᠢᠨ ᠪᠣᠯᠪᠠᠰᠤᠨ ᠤ ᠳᠦᠷᠢ ᠲᠥᠷᠬᠦ ᠶᠢ | ᠳᠡᠭᠡᠭᠰᠢᠯᠡᠭᠦᠯᠦᠭᠰᠡᠨ ᠪᠠᠶᠢᠨ᠎ᠠ᠃ᠳᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠬᠢᠨ ᠬᠡᠷᠡᠭᠴᠡᠭᠡ | ᠱᠠᠭᠠᠷᠳᠠᠯᠭ᠎ᠠ ᠲᠠᠢ ᠰᠠᠭᠤᠭᠠᠯᠢ ᠠᠷᠠᠳ ᠤᠨ ᠲᠣᠭᠤᠷᠢᠭ ᠲᠤ ᠦᠷᠭᠦᠯᠵᠢᠯᠡᠨ ᠬᠠᠮᠲᠤ ᠪᠠᠷ ᠡᠳ᠋ᠯᠡᠬᠦ ᠬᠤᠪᠴᠠᠰᠤᠨ ᠤ | ᠡᠯᠭᠦᠭᠦᠷ ᠢ ᠤᠭᠰᠠᠷᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠠᠭᠤᠭᠠᠯᠢ ᠠᠷᠠᠳ ᠤᠨ︽ᠪᠠᠴᠢᠮ ᠬᠦᠴᠢᠷ ᠵᠣᠪᠠᠭᠤᠷᠢ︾ ᠶᠢ | ᠰᠢᠢᠳᠪᠦᠷᠢᠯᠡᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ | |