︽ᠥᠩᠭᠡᠷᠡᠭᠰᠡᠨ ᠳᠤ ᠮᠠᠨ ᠤ ᠬᠤᠷᠢᠶᠠᠯᠠᠯ ᠤᠨ ᠠᠰᠠᠷ ᠤᠨ ᠬᠤᠩᠭᠢᠯ ᠪᠠ ᠭᠠᠳᠠᠷ ᠬᠡᠷᠡᠮ ᠳᠡᠭᠡᠷ᠎ᠡ ᠭᠠᠵᠠᠷ | ᠪᠣᠯᠭᠠᠨ ᠳᠤ ᠵᠢᠵᠢᠭ ᠵᠠᠷ ᠮᠡᠳᠡᠭᠡ ᠨᠡᠶᠢᠲᠡᠯᠡᠵᠦ ᠪᠠᠶᠢᠪᠠ᠂ ᠣᠳᠣ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠨᠠᠷᠢᠨ ᠬᠢᠨᠠᠮᠠᠭᠠᠢ ᠴᠡᠭᠴᠡᠯᠡᠨ ᠵᠠᠰᠠᠭᠰᠠᠨ ᠪᠣᠯᠬᠤᠷ ᠡᠳᠡᠭᠡᠷ ︿ᠦᠬᠡᠷ ᠢᠯᠢᠳᠦ﹀ ᠶᠢ ᠳᠠᠭᠢᠵᠤ ᠪᠠᠷ᠎ᠠ ᠰᠤᠷᠠᠭ ᠦᠭᠡᠢ | ᠪᠣᠯᠭᠠᠭᠰᠠᠨ ᠪᠠᠶᠢᠨ᠎ᠠ︾᠃ ᠣᠶᠢᠷ᠎ᠠ ᠳᠤ᠂ ᠳ᠋ᠦᠩ ᠾᠧ ᠲᠣᠭᠤᠷᠢᠭ ᠤᠨ ᠨᠠᠨ ᠭᠧ ᠳ᠋ᠦᠩ ᠵᠡᠭᠡᠯᠢ ᠶᠢᠨ ᠠᠵᠤ | ᠦᠢᠯᠡᠳᠪᠦᠷᠢ ᠶᠢᠨ ᠵᠠᠮ ᠤᠨ ᠨᠢᠭᠡᠳᠦᠯᠲᠡᠢ ᠠᠰᠠᠷ ᠪᠠᠷᠢᠵᠤ ᠪᠠᠶᠢᠭ᠎ᠠ ᠯᠥᠸᠧ ᠠᠪᠤᠭᠠᠢ ᠰᠤᠷᠪᠤᠯᠵᠢᠯᠠᠭᠴᠢ ᠳᠤ᠄ ︽ | ᠵᠢᠵᠢᠭ ᠵᠠᠷ ᠮᠡᠳᠡᠭᠡ ᠦᠭᠡᠢ ᠪᠣᠯᠪᠠᠯ᠂ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠨᠡᠯᠢᠶᠡᠳ ᠰᠠᠶᠢᠵᠢᠷᠠᠨ᠂ | ᠰᠡᠳᠬᠢᠯ ᠰᠠᠨᠠᠭ᠎ᠠ ᠴᠤ ᠠᠭᠤᠵᠢᠷᠠᠨ᠎ᠠ︾ ᠭᠡᠵᠦ ᠪᠠᠶᠠᠷ ᠲᠠᠢ ᠪᠠᠷ ᠬᠡᠯᠡᠵᠡᠢ᠃ ᠡᠨᠡ ᠪᠣᠯ ᠳ᠋ᠦᠩ ᠾᠧ ᠲᠣᠭᠤᠷᠢᠭ ᠤᠨ | ᠳᠤᠷ᠎ᠠ ᠪᠠᠷ ᠢᠶᠠᠨ ᠨᠠᠭᠠᠭᠰᠠᠨ᠂ ᠳᠤᠷ᠎ᠠ ᠪᠠᠷ ᠢᠶᠠᠨ ᠵᠢᠷᠤᠭᠰᠠᠨ᠂ ᠳᠤᠷ᠎ᠠ ᠪᠠᠷ ᠢᠶᠠᠨ ᠡᠯᠭᠦᠭᠰᠡᠨ ︽ᠭᠤᠷᠪᠠᠨ | ᠳᠤᠷ᠎ᠠ ᠪᠠᠷ ᠢᠶᠠᠨ︾ ᠵᠢᠵᠢᠭ ᠵᠠᠷ ᠢ ᠶᠡᠭᠡ ᠪᠠᠷ ᠴᠡᠭᠴᠡᠯᠡᠨ ᠵᠠᠰᠠᠭᠠᠳ ᠢᠯᠡᠳᠲᠡ ᠦᠷ᠎ᠡ ᠪᠦᠲᠦᠮᠵᠢ ᠣᠯᠣᠭᠰᠠᠨ ᠤ | ᠨᠢᠭᠡᠨ ᠬᠤᠷᠢᠶᠠᠩᠭᠤᠢ ᠳᠦᠷᠰᠦ ᠪᠣᠯᠣᠨ᠎ᠠ᠃ | | | | | ᠥᠩᠭᠡᠷᠡᠭᠰᠡᠨ ᠳᠤ᠂ ᠳᠤᠷ᠎ᠠ ᠪᠠᠷ ᠢᠶᠠᠨ ᠨᠠᠭᠠᠬᠤ᠂ ᠳᠤᠷ᠎ᠠ ᠪᠠᠷ ᠢᠶᠠᠨ ᠡᠷᠢᠶᠡᠴᠢᠬᠦ᠂ ᠳᠤᠷ᠎ᠠ ᠪᠠᠷ ᠢᠶᠠᠨ ᠵᠢᠷᠤᠭᠯᠠᠬᠤ | ᠵᠢᠵᠢᠭ ᠵᠠᠷ ᠮᠡᠳᠡᠭᠡᠨ ᠤ ᠠᠵᠢᠯᠯᠠᠭ᠎ᠠ ᠶᠢ ᠴᠡᠪᠡᠷᠯᠡᠨ ᠴᠡᠭᠴᠡᠯᠡᠬᠦ ᠳᠤ ᠳ᠋ᠦᠩ ᠾᠧ ᠲᠣᠭᠤᠷᠢᠭ ᠤᠨ ᠬᠢᠨ ᠶᠡᠭᠡ | ᠬᠡᠮᠵᠢᠶᠡᠨ ᠤ ᠬᠥᠮᠥᠨ ᠤ ᠬᠦᠴᠦ ᠪᠣᠳᠠᠰ ᠤᠨ ᠬᠦᠴᠦ ᠡᠳ᠋ ᠤᠨ ᠬᠦᠴᠦᠨ ᠢ ᠵᠠᠷᠤᠴᠠᠭᠤᠯᠳᠠᠭ᠃︽ᠭᠤᠷᠪᠠᠨ | ᠳᠤᠷ᠎ᠠ ᠪᠠᠷ ᠢᠶᠠᠨ︾ ᠵᠢᠵᠢᠭ ᠵᠠᠷ ᠮᠡᠳᠡᠭᠡ ᠶᠢ ᠡᠬᠢ ᠡᠭᠦᠰᠦᠯ ᠠᠴᠠ ᠨᠢ ᠵᠠᠰᠠᠬᠤ ᠶᠢᠨ ᠲᠥᠯᠥᠭᠡ᠂ ᠳ᠋ᠦᠩ ᠾᠧ | ᠲᠣᠭᠤᠷᠢᠭ ᠤᠨ ᠬᠢᠨ ᠵᠢᠵᠢᠭ ᠵᠠᠷ ᠮᠡᠳᠡᠭᠡ ᠶᠢᠨ ᠳᠠᠬᠢᠨ ᠳᠠᠪᠲᠠᠨ ︽ᠬᠥᠳᠡᠯᠬᠦ︾ ᠨᠢ ᠠᠷᠢᠯᠬᠤ ᠳᠤ ᠪᠡᠷᠬᠡ | ᠣᠨᠴᠠᠯᠢᠭ ᠲᠤ ᠴᠢᠭᠯᠡᠭᠦᠯᠦᠨ᠂ ︽ᠲᠠᠷᠬᠠᠭᠠᠬᠤ ᠬᠤᠷᠢᠭᠯᠠᠬᠤ ᠵᠠᠯᠬᠠᠭᠠᠬᠤ ᠴᠣᠬᠢᠯᠲᠠ ᠥᠭᠬᠦ᠂ ᠶᠡᠷᠦᠩᠬᠡᠶᠢᠯᠡᠨ | ᠵᠠᠰᠠᠬᠤ︾ ᠵᠠᠷᠴᠢᠮ ᠶᠣᠰᠣᠭᠠᠷ᠂ ᠬᠤᠲᠠ ᠶᠢᠨ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠠᠴᠠ ᠨᠢᠭᠲᠠ ᠬᠠᠮᠵᠢᠯᠴᠠᠵᠤ᠂ ᠴᠠᠭ | ᠲᠤᠬᠠᠢ ᠳᠤᠨᠢ ᠢᠯᠭᠠᠷᠠᠭᠤᠯᠬᠤ᠂ ᠬᠠᠮᠲᠤᠷᠠᠨ ᠴᠣᠬᠢᠯᠲᠠ ᠥᠭᠬᠦ᠂ ᠥᠷᠭᠡᠨ ᠢᠶᠠᠷ ᠤᠬᠠᠭᠤᠯᠬᠤ ᠵᠡᠷᠭᠡ ᠲᠠᠯ᠎ᠠ ᠠᠴᠠ | ᠭᠠᠷᠳᠠᠵᠤ᠂ ︽ᠭᠤᠷᠪᠠᠨ ᠳᠤᠷ᠎ᠠ ᠪᠠᠷ ᠢᠶᠠᠨ︾ ᠵᠢᠵᠢᠭ ᠵᠠᠷ ᠮᠡᠳᠡᠭᠡ ᠶᠢ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯ ᠢ ᠪᠥᠬᠦ ᠲᠠᠯ᠎ᠠ ᠪᠠᠷ ᠥᠷᠨᠢᠭᠦᠯᠪᠡ᠃ | | | | | | | ᠨᠢᠭᠡ ᠲᠠᠯ᠎ᠠ ᠪᠠᠷ᠂ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠰᠤᠷᠭᠠᠨ | ᠬᠥᠮᠦᠵᠢᠯ ᠤᠨ ᠣᠨᠢᠰᠤ ᠶᠢ ᠨᠡᠭᠡᠭᠡᠬᠦ ᠠᠵᠢᠯ ᠲᠥᠷᠥᠯ᠂ ᠪᠤᠵᠠᠷ ᠤᠰᠤᠨ ᠤ ᠬᠤᠭᠤᠯᠠᠢ ᠶᠢ ᠨᠡᠪᠲᠡᠷᠡᠭᠦᠯᠬᠦ᠂ ᠭᠡᠷ ᠤᠨ | ᠶᠠᠪᠤᠳᠠᠯ ᠤᠨ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ | ᠬᠥᠲᠥᠯᠥᠨ ᠵᠢᠯᠤᠭᠤᠳᠴᠤ᠂ ᠳᠠᠷᠤᠮᠠᠯᠯᠠᠯ ᠤᠨ ᠳᠡᠯᠭᠡᠭᠦᠷ᠂ ᠵᠢᠷᠤᠭ ᠦᠰᠦᠭ ᠤᠨ ᠳᠡᠯᠭᠡᠭᠦᠷ ᠵᠡᠷᠭᠡ ᠬᠡᠪᠯᠡᠯ ᠤᠨ ᠠᠵᠢᠯ | ᠲᠥᠷᠥᠯ ᠤᠨ ᠵᠢᠷᠤᠮᠵᠢᠭᠰᠠᠨ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ︽ | ᠵᠢᠵᠢᠭ ᠵᠠᠷ︾ ᠨᠠᠭᠠᠬᠤ᠂ ᠲᠠᠷᠬᠠᠭᠠᠬᠤ ᠠᠵᠢᠯᠯᠠᠭ᠎ᠠ ᠶᠢ ᠡᠬᠢ ᠡᠭᠦᠰᠦᠯ ᠠᠴᠠ ᠨᠢ ᠡᠷᠡᠰ ᠬᠤᠷᠢᠭᠯᠠᠵᠤ᠂ ᠨᠥᠭᠦᠭᠡ | ᠲᠠᠯ᠎ᠠ ᠪᠠᠷ᠂ ︽ᠵᠡᠭᠡᠯᠢ ᠶᠢᠨ ᠳᠠᠷᠤᠭ᠎ᠠ + 7 ᠠᠵᠢᠯᠲᠠᠨ + ᠬᠤᠳᠠᠯᠳᠤᠭᠠᠨ ᠤ ᠡᠷᠦᠬᠡ︾ ᠶᠢᠨ ᠠᠵᠢᠯ ᠤᠨ | ᠸᠢᠴᠠᠲ ᠤᠨ ᠪᠦᠯᠦᠭᠯᠡᠯ ᠢ ᠠᠰᠢᠭᠯᠠᠨ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠭᠤᠣᠯ ᠪᠠ ᠳᠡᠳ᠋ ᠵᠠᠮ ᠱᠤᠭᠤᠮ᠂ | ᠠᠷᠤ ᠭᠤᠳᠤᠮᠵᠢ᠂ ᠬᠤᠳᠠᠯᠳᠤᠭᠠᠨ ᠤ ᠲᠣᠭᠤᠷᠢᠭ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠤᠨ ᠡᠷᠬᠢᠨ | ᠲᠣᠭᠤᠷᠢᠨ ᠵᠡᠷᠭᠡ ᠣᠯᠠᠨ ᠨᠡᠶᠢᠲᠡ ᠶᠢᠨ ᠲᠠᠯᠠᠪᠤᠷ ᠤᠨ ᠬᠠᠤᠯᠢ ᠶᠢ ᠵᠥᠷᠢᠴᠡᠭᠰᠡᠨ ︽ᠵᠢᠵᠢᠭ ᠵᠠᠷ︾ ᠢ ᠢᠯᠭᠠᠷᠠᠭᠤᠯᠬᠤ | ᠵᠢᠴᠢ ᠰᠦᠪᠡᠭᠴᠢ ᠶᠢ ᠵᠢᠭᠰᠠᠭᠠᠨ ᠪᠠᠶᠢᠴᠠᠭᠠᠵᠤ ᠢᠯᠡᠴᠢᠯᠡᠨ ᠮᠡᠳᠡᠭᠦᠯᠬᠦ ᠠᠵᠢᠯ ᠢ ᠴᠢᠩᠭᠠᠳᠬᠠᠬᠤ ᠶᠢᠨ ᠬᠠᠮᠲᠤ᠂ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠵᠢᠵᠢᠭ ᠵᠠᠷ ᠲᠠᠷᠬᠠᠭᠠᠬᠤ᠂ ᠨᠠᠭᠠᠬᠤ᠂ | ᠰᠦᠷᠴᠢᠨ ᠰᠢᠷᠲᠡᠬᠦ ᠦᠶᠯᠡ ᠠᠵᠢᠯᠯᠠᠭ᠎ᠠ ᠳᠤ ᠪᠥᠬᠦ ᠬᠡᠯᠬᠢᠶ᠎ᠡ ᠪᠠᠷ ᠴᠢᠩᠭ᠎ᠠ ᠴᠣᠬᠢᠯᠲᠠ ᠥᠭᠭᠦᠨ᠎ᠡ᠃ | | | | | | | | | | ᠡᠨᠡ ᠵᠢᠯ ᠠᠴᠠ ᠨᠠᠰᠢ᠂ ᠵᠠᠮ ᠤᠨ ᠬᠤᠶᠠᠷ ᠬᠠᠵᠠᠭᠤ ᠶᠢᠨ ᠪᠠᠷᠢᠯᠭ᠎ᠠ ᠶᠢᠨ ᠭᠠᠳᠠᠷ ᠲᠠᠯ᠎ᠠ᠂ ᠳᠡᠯᠭᠡᠭᠦᠷ ᠤᠨ | ᠳᠡᠯᠭᠡᠭᠦᠷ ᠤᠨ ᠴᠣᠩᠬᠤ᠂ ᠮᠣᠳᠣ᠂ ᠳ᠋ᠧᠩ ᠤᠨ ᠡᠰᠢ᠂ ᠣᠯᠠᠨ ᠨᠡᠶᠢᠲᠡ ᠶᠢᠨ ᠲᠥᠬᠦᠭᠡᠷᠦᠮᠵᠢ᠂ ᠪᠠᠷᠢᠯᠭ᠎ᠠ ᠶᠢᠨ | ᠬᠦᠷᠢᠶ᠎ᠡ ᠬᠠᠰᠢᠯᠲᠠ ᠵᠡᠷᠭᠡ ᠣᠷᠣᠨ ᠪᠠᠶᠢᠷᠢ ᠶᠢᠨ 3070 ᠵᠢᠵᠢᠭ ᠵᠠᠷ ᠮᠡᠳᠡᠭᠡ ᠶᠢ ᠴᠡᠪᠡᠷᠯᠡᠨ ᠴᠡᠭᠴᠡᠯᠡᠨ ᠵᠠᠰᠠᠪᠠ︔ | ︽ᠭᠤᠷᠪᠠᠨ ᠳᠤᠷ᠎ᠠ ᠪᠠᠷ ᠢᠶᠠᠨ︾ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠳᠤ ᠴᠢᠭᠯᠡᠭᠦᠯᠦᠨ᠂ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠠᠴᠠ 1 ᠬᠥᠮᠥᠨ ᠢ ᠵᠠᠰᠠᠭ ᠵᠠᠬᠢᠷᠭᠠᠨ ᠢᠶᠠᠷ ᠲᠦᠷ ᠬᠤᠷᠢᠵᠤ᠂ | 2 ᠬᠥᠮᠥᠨ ᠢ ᠡᠷᠡᠭᠦᠦ ᠶᠢᠨ ᠬᠡᠷᠡᠭ ᠢᠶᠠᠷ ᠲᠦᠷ ᠬᠤᠷᠢᠵᠤ᠂ 9 ᠬᠥᠮᠥᠨ ᠢ ᠰᠢᠭᠦᠮᠵᠢᠯᠡᠵᠦ ᠰᠤᠷᠭᠠᠨ ᠬᠥᠮᠥᠵᠢᠭᠦᠯᠪᠡ | ︔LED ᠤᠬᠠᠭᠤᠯᠭ᠎ᠠ ᠶᠢᠨ ᠲᠣᠮᠣ ᠳᠡᠯᠭᠡᠴᠡ ᠶᠢ ᠠᠰᠢᠭᠯᠠᠨ᠂ ᠵᠢᠵᠢᠭ ᠵᠠᠷ ᠤᠨ ᠤᠬᠠᠭᠤᠯᠭ᠎ᠠ ᠳᠤ ᠴᠣᠬᠢᠯᠲᠠ | ᠥᠭᠬᠦ 3 ᠤᠷᠢᠶ᠎ᠠ ᠶᠢ ᠦᠷᠭᠦᠯᠵᠢᠯᠡᠨ ᠨᠠᠪᠲᠠᠷᠡᠭᠦᠯᠵᠦ᠂ ᠪᠦᠬᠦ ᠨᠡᠶᠢᠭᠡᠮ ᠳᠤ ᠬᠠᠮᠲᠤ ᠪᠠᠷ ᠵᠠᠰᠠᠵᠤ ᠬᠠᠮᠲᠤ ᠪᠠᠷ | ᠡᠳ᠋ᠯᠡᠬᠦ ᠰᠠᠶᠢᠨ ᠰᠠᠶᠢᠬᠠᠨ ᠪᠠᠶᠢᠷᠢᠰᠢᠯ ᠢ ᠪᠤᠶ ᠪᠣᠯᠭᠠᠵᠤ᠂ ᠬᠤᠲᠠ ᠶᠢᠨ ︽ᠥᠩᠭᠡ ᠵᠢᠰᠦ︾ ᠶᠢ ᠤᠯᠠᠮ ᠨᠢᠭᠡ | ᠠᠯᠬᠤᠮ ᠴᠢᠮᠡᠭᠯᠡᠨ᠎ᠡ᠃ | ︽ᠲᠠᠷᠠᠭᠠᠴᠢ ᠶᠢᠨ ᠠᠯᠬᠤᠮ ᠳᠤ᠂ ᠪᠢᠳᠡ ᠬᠤᠲᠠ ᠪᠠᠶᠢᠭᠤᠯᠬᠤ ᠪᠠᠷ ᠭᠠᠷᠳᠠᠴᠠ ᠪᠣᠯᠭᠠᠵᠤ᠂ ᠨᠡᠪᠲᠡᠷᠡᠭᠦᠯᠬᠦ | ᠪᠠ ᠪᠥᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ | ᠵᠠᠰᠠᠵᠤ᠂ ︿ᠭᠤᠷᠪᠠᠨ ᠳᠤᠷ᠎ᠠ ᠪᠠᠷ ᠢᠶᠠᠨ﹀ ᠵᠢᠵᠢᠭ ᠵᠠᠷ ᠮᠡᠳᠡᠭᠡ ᠶᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ | ᠰᠠᠶᠢᠲᠤᠷ ᠬᠢᠵᠦ᠂ ︿ᠭᠤᠷᠪᠠᠨ ᠳᠤᠷ᠎ᠠ ᠪᠠᠷ ᠢᠶᠠᠨ﹀ ᠵᠢᠵᠢᠭ ᠵᠠᠷ ᠮᠡᠳᠡᠭᠡ ᠶᠢ ᠵᠠᠰᠠᠬᠤ ᠬᠢᠷᠢ ᠲᠦᠪᠰᠢᠨ ᠪᠠ ᠵᠠᠰᠠᠬᠤ | ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠳ᠋ᠦᠩ ᠾᠧ ᠲᠣᠭᠤᠷᠢᠭ ᠤᠨ ᠬᠤᠲᠠ ᠶᠢᠨ ᠦᠵᠡᠮᠵᠢ | ᠣᠷᠴᠢᠨ ᠲᠣᠭᠤᠷᠢᠨ ᠢ ᠨᠠᠩ ᠴᠡᠪᠡᠷ ᠴᠡᠮᠴᠡᠭᠡᠷ ᠦᠵᠡᠰᠬᠦᠯᠡᠩᠲᠦ ᠰᠠᠶᠢᠬᠠᠨ ᠪᠣᠯᠭᠠᠨ᠎ᠠ︾ ᠭᠡᠵᠡᠢ᠃ ᠭᠡᠵᠦ ᠣᠷᠣᠨ ᠤ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠳᠬᠡᠪᠡ᠃ | | |