7 ᠰᠠᠷ᠎ᠠ ᠶᠢᠨ 28 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠠᠩ ᠡᠯ ᠰᠢ | ᠳᠤᠭᠤᠶᠢᠯᠠᠩ ᠳᠠᠭᠠᠭᠤᠯᠤᠨ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠭᠤᠣᠯᠳᠠᠯᠭ᠎ᠠ ᠲᠠᠢ | ᠲᠦᠷᠦᠯ ᠵᠦᠢᠯ ᠤᠨ ᠠᠵᠢᠯ ᠢ ᠪᠠᠶᠢᠴᠠᠭᠠᠨ ᠰᠤᠳᠤᠯᠵᠠᠢ᠃ | ᠶᠠᠩ ᠡᠯ ᠰᠢ ᠤᠷᠢᠳ ᠬᠤᠵᠢᠳ ᠤᠮᠠᠷᠠᠲᠤ ᠶᠢᠨ ᠬᠥᠩᠭᠡᠨ ᠴᠠᠭᠠᠨ ᠤ ᠦᠢᠯᠡᠰ ᠤᠨ ᠪᠠᠷᠢᠮᠵᠢᠶᠠᠵᠢᠭᠰᠠᠨ | ᠦᠢᠯᠡᠳᠪᠦᠷᠢ ᠶᠢᠨ ᠭᠡᠷ ᠪᠠᠶᠢᠰᠢᠩ᠂ ᠶᠢᠨᠱᠠᠨ ᠤ ᠬᠥᠩᠭᠡᠨ ᠴᠠᠭᠠᠨ ᠤ ᠦᠢᠯᠡᠰ᠂ ᠲᠦᠩ ᠪᠢᠶᠣᠣ ᠬᠥᠩᠭᠡᠨ ᠴᠠᠭᠠᠨ ᠤ | ᠦᠢᠯᠡᠰ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ | ᠵᠦᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠦᠷᠢᠶᠡᠯᠡᠩ ᠲᠣᠭᠤᠷᠢᠭ | ᠪᠣᠯᠣᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ | ᠲᠤᠬᠠᠢ ᠶᠢᠨ ᠲᠠᠯᠠᠪᠠᠢ ᠳᠤ ᠰᠢᠢᠳᠪᠦᠷᠢᠯᠡᠪᠡ᠃ | | | | | ᠶᠠᠩ ᠡᠯ ᠰᠢ ᠤᠮᠠᠷᠠᠲᠤ ᠶᠢᠨ ᠬᠥᠩᠭᠡᠨ ᠴᠠᠭᠠᠨ ᠤ ᠦᠢᠯᠡᠰ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ | ᠪᠠᠶᠢᠰᠢᠩ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠭᠠᠵᠠᠷ ᠤᠨ ᠪᠠᠶᠢᠴᠠᠭᠠᠨ | ᠰᠤᠳᠤᠯᠬᠤ | | | | | | | ᠶᠠᠩ ᠡᠯ ᠰᠢ ᠶᠢᠨᠱᠠᠨ ᠤ ᠬᠥᠩᠭᠡᠨ ᠴᠠᠭᠠᠨ ᠤ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠲᠤᠬᠠᠢ ᠶᠢᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠬᠦ | ᠶᠠᠩ ᠡᠯ ᠰᠢ ᠴᠢᠬᠤᠯᠠᠴᠢᠯᠠᠭᠰᠠᠨ ᠨᠢ᠂ ᠪᠦᠬᠦ ᠣᠷᠣᠨ ᠢᠶᠠᠷ ᠢᠶᠠᠨ ︽ᠠᠵᠤ ᠠᠬᠤᠢ ᠶᠢ ᠠᠳᠬᠤᠬᠤ ᠳᠤ | ᠡᠷᠬᠡᠪᠰᠢ ᠠᠵᠤ ᠦᠢᠯᠡᠰ ᠢ ᠠᠳᠬᠤᠬᠤ᠂ ᠠᠵᠤ ᠦᠢᠯᠡᠰ ᠢ ᠠᠳᠬᠤᠬᠤ ᠳᠤ ᠡᠷᠬᠡᠪᠰᠢ ᠠᠵᠤ ᠦᠢᠯᠡᠳᠪᠦᠷᠢ ᠶᠢ | ᠠᠳᠬᠤᠬᠤ︾ ᠣᠶᠢᠯᠠᠭᠠᠭᠳᠠᠬᠤᠨ ᠢ ᠪᠠᠲᠤ ᠪᠤᠶ ᠪᠣᠯᠭᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ︽ᠳᠥᠷᠪᠡᠨ ᠠᠩᠬᠠᠨ ᠤ ᠴᠠᠭ︾ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠮᠢ ᠨᠠᠰᠤᠨ ᠤ ᠱᠤᠭᠤᠮ ᠤᠨ ᠢᠨᠵᠧᠨᠧᠷᠢᠩ ᠪᠣᠯᠭᠠᠵᠤ᠂ | ᠲᠥᠷᠥᠯ ᠵᠦᠢᠯ ᠢ ᠠᠳᠬᠤᠵᠤ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠬᠠᠷᠢᠭᠤᠴᠠᠯᠭᠠᠲᠤ ᠰᠡᠳᠬᠢᠯᠭᠡ ᠪᠠ | ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠷᠠᠭᠤᠯᠵᠤ᠂ ᠠᠯᠢᠪᠠ ᠪᠦᠬᠦᠨ ᠳᠤ ᠲᠥᠷᠥᠯ ᠵᠦᠢᠯ ᠤᠨ ᠲᠣᠭᠤᠷᠢᠨ ᠳᠤ | ᠰᠢᠯᠵᠢᠭᠦᠯᠬᠦ᠂ ᠠᠯᠢᠪᠠ ᠪᠦᠬᠦᠨ ᠳᠤ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠨ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠵᠢᠷ ᠠᠯᠲᠠᠨ ᠬᠤᠭᠤᠴᠠᠭ᠎ᠠ ᠶᠢ ᠠᠳᠬᠤᠵᠤ᠂ ᠬᠠᠷᠢᠭᠤᠴᠠᠯᠭ᠎ᠠ ᠶᠢᠨ | ᠲᠠᠯ᠎ᠠ ᠪᠠᠷ ᠳᠠᠭᠢᠵᠤ ᠲᠦᠷᠭᠡᠳᠬᠡᠵᠦ᠂ ᠠᠵᠢᠯᠯᠠᠭ᠎ᠠ ᠶᠢᠨ ᠲᠠᠯ᠎ᠠ ᠪᠠᠷ ᠳᠠᠭᠢᠵᠤ ᠲᠦᠷᠭᠡᠳᠬᠡᠵᠦ᠂ ᠠᠷᠭ᠎ᠠ ᠬᠡᠮᠵᠢᠶ᠎ᠡ ᠶᠢᠨ | ᠲᠠᠯ᠎ᠠ ᠪᠠᠷ ᠳᠠᠭᠢᠵᠤ ᠬᠦᠴᠦᠯᠡᠨ ᠴᠢᠷᠮᠠᠶᠢᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠲᠦᠷᠭᠡᠳᠬᠡᠨ ᠪᠦᠲᠦᠭᠡᠨ | ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ᠠᠵᠢᠯ ᠤᠨ ᠬᠠᠷᠢᠭᠤᠴᠠᠯᠭ᠎ᠠ ᠶᠢ ᠴᠢᠩᠭ᠎ᠠ | ᠪᠣᠳᠠᠲᠠᠶᠢᠵᠢᠭᠤᠯᠵᠤ᠂ ᠲᠦᠷᠦᠯ ᠵᠦᠢᠯ ᠤᠨ ᠦᠢᠯᠡᠴᠢᠯᠡᠭᠡ ᠶᠢ ᠵᠣᠬᠢᠴᠠᠭᠤᠯᠤᠨ ᠠᠬᠢᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠵᠠᠩᠭᠢᠯᠠᠭ᠎ᠠ ᠶᠢᠨ ᠬᠢᠵᠠᠭᠠᠷᠯᠠᠬᠤ ᠬᠦᠴᠦᠨ | ᠵᠦᠢᠯ ᠢ ᠣᠨᠣᠪᠴᠢᠲᠠᠢ ᠡᠷᠢᠨ ᠣᠯᠵᠤ᠂ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠪᠦᠬᠦ | ᠬᠦᠴᠦᠨ ᠢᠶᠠᠷ ᠢᠶᠠᠨ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠢ ᠲᠦᠷᠭᠡᠨ ᠪᠦᠲᠦᠭᠡᠨ ᠪᠠᠶᠢᠭᠤᠯᠬᠤ᠂ | ᠲᠦᠷᠭᠡᠨ ᠠᠰᠢᠭᠯᠠᠯᠲᠠ ᠳᠤ ᠣᠷᠣᠭᠤᠯᠬᠤ᠂ ᠲᠦᠷᠭᠡᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠢᠨ᠎ᠡ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠣᠷᠣᠬᠤ ᠳᠤ ᠺᠣᠳ᠋ ᠰᠢᠷᠪᠢᠵᠦ ᠺᠣᠳ᠋ ᠰᠢᠯᠭᠠᠬᠤ ᠶᠢ | ᠴᠢᠩᠳᠠᠯᠠᠵᠤ᠂ ᠬᠥᠮᠥᠰ ᠢ ᠳᠠᠩᠰᠠᠯᠠᠬᠤ᠂ ᠳᠤᠯᠠᠭᠠᠨ ᠢ ᠬᠡᠮᠵᠢᠵᠦ ᠠᠯᠠᠬᠤ᠂ ᠠᠮᠠᠪᠴᠢ ᠶᠢ ᠵᠡᠭᠦᠬᠦ᠂ ᠪᠢᠲᠡᠭᠦᠦ | ᠴᠠᠭᠠᠷᠢᠭ ᠢᠶᠠᠷ ᠬᠠᠮᠢᠶᠠᠷᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠰᠠᠶᠢᠲᠤᠷ | ᠬᠢᠵᠦ᠂ ᠪᠦᠬᠦ ᠲᠠᠯ᠎ᠠ ᠶᠢᠨ᠂ ᠥᠨᠴᠥᠭ ᠪᠤᠯᠤᠩ ᠦᠭᠡᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ | ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠬᠤ ᠭᠦᠸᠧ | ᠷᠦᠢ᠂ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ | ᠡᠷᠬᠢᠯᠡᠭᠴᠢ ᠵᠠᠩ ᠶᠦᠩ ᠵᠢᠴᠢ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ | ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | | |