ᠲᠣᠭᠤᠷᠢᠭ ᠤᠨ ᠵᠠᠰᠠᠭ ᠤᠨ ᠣᠷᠳᠣᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ︽ᠨᠠᠢᠮᠠᠨ ᠰᠠᠷ᠎ᠠ  ᠶᠢᠨ ᠨᠢᠭᠡᠨ︾ ᠤ ᠡᠮᠦᠨᠡᠬᠡᠨ ᠲᠣᠭᠤᠷᠢᠭ ᠲᠤ ᠰᠠᠭᠤᠭ᠎ᠠ ᠳᠠᠷᠤᠭ᠎ᠠ ᠪᠠᠶᠢᠯᠳᠤᠭᠴᠢᠳ  ᠢ ᠲᠣᠬᠤᠨᠢᠭᠤᠯᠵᠠᠢ
ᠨᠡᠶᠢᠲᠡᠯᠡᠭᠰᠡᠨ ᠴᠠᠭ᠄
2022/8/4
     ︽ᠨᠠᠢᠮᠠᠨ ᠰᠠᠷ᠎ᠠ ᠶᠢᠨ ᠨᠢᠭᠡᠨ︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠳᠤ᠂ 7 ᠰᠠᠷ᠎ᠠ ᠶᠢᠨ 27᠂ 28 ᠤ ᠡᠳᠦᠷ᠂ ᠳ᠋ᠦᠩ ᠾᠧ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠲᠤᠰ ᠲᠤᠰ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ 969 ᠡᠮᠨᠡᠯᠭᠡ ᠶᠢᠨ ᠬᠤᠷᠢᠶ᠎ᠠ᠂ ᠪᠤᠭᠤᠲᠤ ᠬᠤᠲᠠ ᠶᠢᠨ ᠭᠠᠯ ᠤᠨᠲᠠᠷᠠᠭᠠᠨ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠳ᠋ᠦᠩ ᠾᠧ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠪᠤᠭᠤᠲᠤ ᠶᠢᠨ ᠰᠠᠯᠪᠤᠷᠢ ᠠᠩᠭᠢ ᠶᠢᠨ ᠭᠤᠷᠪᠠᠳᠤᠭᠠᠷ ᠶᠡᠭᠡ ᠠᠩᠭᠢ ᠶᠢᠨ ᠬᠤᠸᠠᠷᠠᠨ ᠤ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠪᠤᠭᠤᠲᠤ ᠶᠢᠨ ᠰᠠᠯᠪᠤᠷᠢ ᠠᠩᠭᠢ ᠶᠢᠨ ᠵᠢᠵᠢᠭᠦᠷᠯᠡᠬᠦ ᠬᠤᠶᠠᠳᠤᠭᠠᠷ ᠶᠡᠭᠡ ᠠᠩᠭᠢ ᠶᠢᠨ ᠪᠤᠭᠤᠲᠤ ᠶᠢᠨ ᠳᠤᠮᠳᠠ ᠠᠩᠭᠢ᠂ ᠲᠣᠭᠤᠷᠢᠭ ᠲᠤ ᠰᠠᠭᠤᠭ᠎ᠠ ᠨᠢᠭᠡᠨ ᠴᠡᠷᠢᠭ ᠠᠩᠭᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠵᠡᠷᠭᠡ ᠲᠣᠭᠤᠷᠢᠭ ᠲᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠵᠤ᠂ ᠴᠡᠷᠢᠭ ᠠᠷᠠᠳ ᠤᠨ ᠵᠢᠭᠠᠰᠤ ᠤᠰᠤᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠬᠠᠮᠲᠤ ᠪᠠᠷ ᠶᠠᠷᠢᠯᠴᠠᠵᠤ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠵᠢᠴᠢ ᠲᠡᠳᠡᠨ ᠤ ᠭᠡᠷ ᠪᠦᠯᠢ ᠶᠢᠨ ᠬᠢᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃
     ᠬᠦᠷᠦᠭᠰᠡᠨ ᠭᠠᠵᠠᠷ ᠪᠣᠯᠭᠠᠨ ᠳᠤ᠂ ᠤᠳᠤᠷᠢᠳᠤᠯᠭ᠎ᠠ ᠨᠠᠷ ᠴᠥᠮ ᠳᠠᠷᠤᠭ᠎ᠠ ᠪᠠᠶᠢᠯᠳᠤᠭᠴᠢᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠰᠤᠷᠤᠯᠴᠠᠯᠭ᠎ᠠ᠂ ᠪᠣᠯᠪᠠᠰᠤᠷᠠᠯ᠂ ᠠᠵᠢᠯ᠂ ᠠᠮᠢᠳᠤᠷᠠᠯ ᠪᠠ ᠴᠡᠷᠢᠭ ᠠᠩᠭᠢ ᠶᠢᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠨᠢᠭᠲᠠ ᠣᠶᠢᠯᠠᠭᠠᠳᠠᠭ᠃ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠠᠩ ᠯᠢ ᠵᠢᠶᠦ᠋ᠨ ᠢᠯᠡᠷᠬᠡᠶᠢᠯᠡᠬᠦ ᠳᠡᠭᠡᠨ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ 969 ᠡᠮᠨᠡᠯᠭᠡ ᠶᠢᠨ ᠬᠤᠷᠢᠶ᠎ᠠ ᠨᠢ ᠳ᠋ᠦᠩ ᠾᠧ ᠲᠣᠭᠤᠷᠢᠭ ᠤᠨ ᠴᠣᠷ ᠤᠨ ᠭᠠᠭᠴᠠ ᠴᠡᠷᠢᠭ ᠠᠩᠭᠢ ᠶᠢᠨ ᠡᠮᠨᠡᠯᠭᠡ ᠶᠢᠨ ᠬᠤᠷᠢᠶ᠎ᠠ ᠪᠣᠯᠤᠭᠰᠠᠨ ᠤ ᠬᠤᠪᠢ ᠳᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠢᠯᠠᠩᠭᠤᠶ᠎ᠠ ᠬᠤᠰᠬᠢᠨᠠᠭ ᠤᠨ ᠡᠪᠡᠳᠴᠢᠨ ᠢ ᠰᠤᠳᠤᠯᠬᠤ ᠪᠠ ᠣᠨᠣᠰᠢᠯᠠᠨ ᠡᠮᠨᠡᠬᠦ ᠲᠠᠯ᠎ᠠ ᠪᠠᠷ ᠡᠮᠴᠢᠯᠡᠭᠡᠨ ᠤ ᠡᠲᠡᠭᠡᠳ ᠤᠨ ᠬᠢᠨ ᠳᠤ ᠥᠷᠭᠡᠨ ᠢᠶᠠᠷ ᠮᠡᠳᠡᠷᠡᠭᠳᠡᠵᠦ᠂ ᠥᠷᠭᠡᠨ ᠣᠯᠠᠨ ᠳᠠᠷᠤᠭ᠎ᠠ ᠪᠠᠶᠢᠯᠳᠤᠭᠴᠢ ᠪᠠ ᠠᠷᠠᠳ ᠣᠯᠠᠨ ᠤ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ ᠭᠡᠵᠡᠢ᠃︽8·1︾ ·1 ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠳᠦᠷᠪᠡᠨ ᠶᠡᠭᠡ ᠪᠠᠭ ᠢ ᠲᠥᠯᠥᠭᠡᠯᠡᠵᠦ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠪᠦᠬᠦ ᠡᠮᠴᠢ ᠰᠤᠪᠢᠯᠠᠭᠴᠢᠳ ᠤᠨ ᠰᠢᠷᠭᠠᠭᠤ ᠬᠥᠳᠡᠯᠮᠦᠷᠢ᠂ ᠬᠠᠷᠠᠮ ᠦᠭᠡᠢ ᠵᠢᠳᠬᠦᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠡᠮᠨᠡᠯᠭᠡ ᠶᠢᠨ ᠬᠤᠷᠢᠶ᠎ᠠ ᠶᠢᠨ ᠬᠢᠨ ᠬᠤᠶᠢᠰᠢᠳᠠ ᠶᠢᠨ ᠠᠵᠢᠯ ᠳᠤᠮᠳᠠ ᠪᠠᠨ ᠰᠢ ᠶᠢᠨ ᠫᠢᠩ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠵᠣᠷᠢᠯᠲᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠳᠣᠲᠣᠷ ᠲᠠᠮᠢᠷ ᠢᠶᠠᠨ ᠬᠠᠲᠠᠭᠤᠵᠢᠯᠲᠠᠢ ᠪᠣᠯᠪᠠᠰᠤᠷᠠᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠪᠤᠭᠤᠲᠤ ᠬᠤᠳᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠳ᠋ᠦᠩ ᠡᡁᠸ ᠶᠡᠭᠡ ᠠᠩᠭᠢ ᠳᠤ᠂ ᠵᠠᠩ ᠯᠢ ᠵᠢᠶᠦ᠋ᠨ ᠭᠠᠯ ᠤᠨᠲᠠᠷᠠᠭᠠᠬᠤ ᠠᠩᠭᠢ ᠶᠢᠨ ᠬᠢᠨ ᠲᠠᠢ ᠳᠣᠲᠣᠨᠣ ᠪᠠᠷ ᠶᠠᠷᠢᠯᠴᠠᠵᠤ᠂ ᠤᠷᠳᠤ ᠬᠤᠭᠤᠴᠠᠭᠠᠨ ᠤ ᠲᠤᠷᠰᠢ ᠡᠮᠦᠨ᠎ᠡ ᠹᠷᠣᠨᠲ ᠲᠤ ᠪᠠᠶᠢᠯᠳᠤᠭᠰᠠᠨ ᠭᠠᠯ ᠤᠨᠲᠠᠷᠠᠭᠠᠬᠤ ᠠᠩᠭᠢ ᠶᠢᠨ ᠬᠢᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃ᠵᠠᠩ ᠯᠢ ᠵᠢᠶᠦ᠋ᠨ᠂ ᠣᠶᠢᠷ᠎ᠠ ᠶᠢᠨ ᠵᠢᠯ ᠠᠴᠠ᠂ ᠭᠠᠯ ᠤᠨᠲᠠᠷᠠᠭᠠᠬᠤ ᠶᠡᠭᠡ ᠠᠩᠭᠢ ᠶᠢᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠶᠤᠯ ᠲᠦᠭᠰᠢᠭᠦᠷᠢ ᠠᠴᠠ ᠠᠶᠤᠬᠤ ᠦᠭᠡᠢ ᠠᠮᠢ ᠪᠡᠶ᠎ᠡ ᠪᠠᠨ ᠵᠣᠷᠢᠭᠤᠯᠵᠤ᠂ ᠠᠷᠠᠳ ᠤᠯᠠᠨ ᠤ ᠬᠠᠮᠤᠭ ᠤᠨ ᠬᠡᠷᠡᠭᠴᠡᠭᠡ ᠲᠠᠢ ᠭᠠᠵᠠᠷ ᠲᠤ ᠡᠷᠡᠯᠬᠡᠭᠯᠡᠨ ᠲᠡᠮᠡᠴᠡᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠪᠠ᠃ᠭᠠᠯ ᠤᠨᠲᠠᠷᠠᠭᠠᠬᠤ ᠠᠩᠭᠢ ᠶᠢᠨ ᠬᠢᠨ ᠦᠷᠭᠦᠯᠵᠢᠯᠡᠨ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠰᠢᠯᠢᠳᠡᠭ ᠰᠤᠷᠲᠠᠯ ᠢᠶᠠᠨ ᠪᠠᠷᠢᠮᠲᠠᠯᠠᠵᠤ᠂ ᠪᠦᠬᠦ ᠨᠡᠶᠢᠭᠡᠮ ᠤᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠡᠯ᠎ᠡ ᠵᠦᠢᠯ ᠤᠨ ᠠᠵᠢᠯ ᠤᠨ ᠡᠭᠦᠷᠭᠡ ᠪᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠳ᠋ᠦᠩ ᠾᠧ ᠲᠣᠭᠤᠷᠢᠭ ᠲᠤ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠦᠷᠭᠦᠯᠵᠢᠯᠡᠨ ᠪᠤᠢ ᠪᠣᠯᠭᠠᠵᠤ᠂ ᠳ᠋ᠦᠩ ᠾᠧ ᠲᠣᠭᠤᠷᠢᠭ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
     ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠᠨ ᠫᠢᠩ ᠵᠡᠪᠰᠡᠭᠲᠦ ᠴᠠᠭᠳᠠᠭ᠎ᠠ ᠶᠢᠨ ᠪᠤᠭᠤᠲᠤ ᠶᠢᠨ ᠰᠠᠯᠪᠤᠷᠢ ᠠᠩᠭᠢ ᠶᠢᠨ ᠭᠤᠷᠪᠠᠳᠤᠭᠠᠷ ᠶᠡᠭᠡ ᠠᠩᠭᠢ ᠶᠢᠨ ᠬᠤᠸᠠᠷᠠᠨ ᠢ ᠲᠣᠬᠤᠨᠢᠭᠤᠯᠬᠤ ᠳᠠᠭᠠᠨ ᠳᠠᠷᠤᠭ᠎ᠠ ᠪᠠᠶᠢᠯᠳᠤᠭᠴᠢᠳ ᠲᠠᠢ ᠳᠣᠲᠣᠨᠣ ᠪᠠᠷ ᠶᠠᠷᠢᠯᠴᠠᠵᠤ᠂ ᠵᠢᠭᠠᠰᠤ ᠤᠰᠤᠨ ᠤ ᠭᠦᠨ ᠰᠡᠳᠬᠢᠯᠭᠡ ᠶᠢ ᠠᠭᠤᠵᠢᠷᠠᠲᠠᠯ᠎ᠠ ᠶᠠᠷᠢᠯᠴᠠᠵᠤ᠂ ᠴᠡᠷᠢᠭ ᠠᠩᠭᠢ ᠶᠢᠨ ᠪᠠᠶᠢᠭᠤᠯᠤᠯᠲᠠ᠂ ᠴᠡᠷᠢᠭ ᠤᠨ ᠶᠠᠪᠤᠳᠠᠯ ᠤᠨ ᠪᠣᠯᠪᠠᠰᠤᠷᠠᠯ᠂ ᠳᠠᠷᠤᠭ᠎ᠠ ᠪᠠᠶᠢᠯᠳᠤᠭᠴᠢᠳ ᠤᠨ ᠠᠮᠢᠳᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠡᠢ᠃ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠬᠢᠨ ᠤᠷᠳᠤ ᠬᠤᠭᠤᠴᠠᠭᠠᠨ ᠤ ᠲᠤᠷᠰᠢ ᠳ᠋ᠦᠩ ᠡᡁᠸ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠵᠦ᠂ ᠣᠨᠴᠠᠭᠠᠶᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠦᠶᠡᠷ ᠢ ᠰᠡᠷᠭᠡᠶᠢᠯᠡᠨ ᠠᠶᠤᠯ ᠠᠴᠠ ᠠᠪᠤᠷᠠᠬᠤ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠵᠡᠷᠭᠡ ᠵᠠᠩᠭᠢᠯᠠᠭ᠎ᠠ ᠶᠢᠨ ᠦᠶ᠎ᠡ ᠳᠤ ᠡᠮᠦᠨ᠎ᠡ ᠹᠷᠣᠨᠲ ᠲᠤ ᠭᠠᠪᠰᠢᠭᠠᠶᠢᠯᠠᠵᠤ᠂ ᠡᠮᠦᠨ᠎ᠡ ᠹᠷᠣᠨᠲ ᠲᠤ ᠪᠠᠶᠢᠯᠳᠤᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠪᠠᠲᠤ ᠪᠠᠬᠢ ᠪᠣᠯᠣᠳ ᠲᠡᠮᠦᠷ ᠤᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠥᠭᠭᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ᠸᠠᠩ ᠵᠢᠶᠠᠨ ᠫᠢᠩ᠂ ᠳ᠋ᠦᠩ ᠾᠧ ᠲᠣᠭᠤᠷᠢᠭ ᠤᠨ ᠬᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢ ᠦᠷᠭᠦᠯᠵᠢᠯᠡᠨ ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠰᠢ ᠶᠢᠨ ᠫᠢᠩ ᠬᠤᠳᠠ ᠶᠢᠨ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ᠴᠡᠷᠢᠭ ᠠᠩᠭᠢ ᠶᠢᠨ ᠪᠠᠶᠢᠭᠤᠯᠤᠯᠲᠠ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠲᠡᠮᠵᠢᠵᠤ᠂ ᠨᠢᠭᠡ ᠰᠡᠳᠬᠢᠯ ᠨᠡᠶᠢᠲᠡ ᠶᠢᠨ ᠵᠣᠷᠢᠭ ᠢᠶᠠᠷ ᠨᠢᠭᠲᠠ ᠬᠤᠯᠪᠣᠯᠴᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠬᠦ ᠪᠠᠷ ᠴᠢᠷᠮᠠᠶᠢᠬᠤ ᠬᠡᠷᠡᠭᠲᠡᠢ᠃ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠢᠳᠡᠪᠬᠢᠲᠡᠢ ᠳᠡᠮᠵᠢᠬᠦ ᠪᠠ ᠲᠡᠭᠦᠨ ᠳᠤ ᠣᠷᠣᠯᠴᠠᠵᠤ᠂ ᠰᠢᠨ᠎ᠡ ᠴᠠᠭ ᠦᠶ᠎ᠡ ᠶᠢᠨ ᠣᠳᠣᠬᠢᠴᠢᠯᠠᠭᠰᠠᠨ ᠰᠢᠨ᠎ᠡ ᠳ᠋ᠦᠩ ᠡᡁᠸ ᠶᠢᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠷᠭᠡᠳᠬᠡᠬᠦ ᠳᠤ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
     ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠪᠠᠢ ᠵᠢᠢ ᠸᠥ᠋ᠨ ᠵᠡᠪᠰᠡᠭᠲᠦ ᠴᠠᠭᠳᠠᠭ᠎ᠠ ᠶᠢᠨ ᠪᠤᠭᠤᠲᠤ ᠶᠢᠨ ᠰᠠᠯᠪᠤᠷᠢ ᠠᠩᠭᠢ ᠶᠢᠨ ᠵᠢᠵᠢᠭᠦᠷᠯᠡᠬᠦ ᠬᠤᠶᠠᠳᠤᠭᠠᠷ ᠶᠡᠭᠡ ᠠᠩᠭᠢ ᠶᠢᠨ ᠪᠤᠭᠤᠲᠤ ᠶᠢᠨ ᠳᠤᠮᠳᠠ ᠠᠩᠭᠢ ᠶᠢ ᠲᠣᠬᠤᠨᠢᠭᠤᠯᠬᠤ ᠳᠠᠭᠠᠨ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠣᠷᠣᠨ ᠨᠤᠲᠤᠭ ᠤᠨ ᠥᠭᠡᠷᠡᠴᠢᠯᠡᠯᠲᠡ ᠬᠥᠭᠵᠢᠯᠲᠡ ᠶᠢ ᠳᠡᠮᠵᠢᠬᠦ᠂ ᠨᠡᠶᠢᠭᠡᠮ ᠤᠨ ᠠᠮᠤᠷ ᠲᠣᠭᠲᠠᠭᠤᠨ ᠡᠶ᠎ᠡ ᠵᠣᠬᠢᠴᠠᠩᠭᠤᠢ ᠶᠢ ᠬᠠᠮᠠᠭᠠᠯᠠᠬᠤ ᠵᠡᠷᠭᠡ ᠲᠠᠯ᠎ᠠ ᠪᠠᠷ ᠮᠠᠰᠢ ᠤᠯᠠᠨ ᠪᠣᠳᠠᠲᠠᠢ ᠠᠵᠢᠯ ᠬᠢᠵᠦ᠂ ᠪᠦᠬᠦ ᠣᠷᠣᠨ ᠤ ᠠᠷᠠᠳ ᠲᠦᠮᠡᠨ ᠤ ᠴᠢᠩ ᠰᠡᠳᠬᠢᠯ ᠤᠨ ᠬᠦᠷᠢᠶᠡᠯᠡᠯ ᠢ ᠣᠯᠵᠠᠢ ᠭᠡᠵᠦ ᠢᠯᠡᠳᠬᠡᠪᠡ᠃ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠬᠢᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ  ᠤ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠵᠦ᠂ ᠴᠡᠷᠢᠭ ᠠᠩᠭᠢ ᠣᠷᠣᠨ ᠨᠤᠲᠤᠭ ᠴᠡᠷᠢᠭ ᠠᠷᠠᠳ ᠤᠨ ᠰᠡᠳᠬᠢᠯ ᠵᠢᠷᠦᠬᠡ ᠪᠠᠨ ᠬᠤᠯᠪᠣᠵᠤ᠂ ᠠᠮᠢᠰᠬᠤᠭ᠎ᠠ ᠪᠠᠨ ᠨᠢᠭᠡᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠭᠰᠠᠨ ᠶᠡᠭᠡ ᠰᠠᠶᠢᠨ ᠪᠠᠶᠢᠳᠠᠯ ᠢ ᠴᠢᠨᠠᠭᠰᠢᠳᠠ ᠪᠠᠬᠢᠵᠢᠭᠦᠯᠦᠨ ᠬᠥᠭᠵᠢᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
     ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠣᠷᠣ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠦᠩ ᠼᠦ᠋ᠨ ᠷᠦ᠋ᠢ ᠨᠠᠷ ᠤᠷᠢᠳ ᠬᠤᠵᠢᠳ ᠲᠣᠭᠤᠷᠢᠭ ᠲᠤ ᠰᠠᠭᠤᠭ᠎ᠠ ᠨᠢᠭᠡᠨ ᠴᠡᠷᠢᠭ ᠠᠩᠬ᠋ᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠬᠦᠷᠴᠦ ᠡᠷᠬᠢᠨ ᠲᠣᠬᠤᠨᠢᠭᠤᠯᠵᠤ᠂ ᠴᠡᠷᠢᠭ ᠠᠩᠬ᠋ᠢ ᠶᠢᠨ ᠴᠡᠷᠢᠭ ᠤᠨ ᠬᠤᠸᠠᠷᠠᠨ ᠤ ᠪᠦ᠋ᠳᠦᠭᠡᠨ ᠪᠠᠶᠢᠭᠤᠯᠤᠯᠲᠠ ᠶᠢ ᠲᠣᠭᠤᠷᠢᠨ ᠦᠵᠡᠵᠦ᠂ ᠴᠡᠷᠢᠭ ᠠᠩᠬ᠋ᠢ ᠶᠢᠨ ᠳᠠᠷᠤᠭ᠎ᠠ ᠪᠠᠶᠢᠯᠳᠤᠭᠴᠢᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠰᠤᠷᠤᠯᠴᠠᠯᠭ᠎ᠠ᠂ ᠪᠣᠯᠪᠠᠰᠤᠷᠠᠯ ᠤᠨ ᠬᠤᠯᠪᠣᠭᠳᠠᠯ ᠪᠦ᠋ᠬᠦᠢ ᠪᠠᠶᠢᠳᠠᠯ ᠪᠠ ᠴᠡᠷᠢᠭ ᠠᠩᠬ᠋ᠢ ᠶᠢᠨ ᠪᠣᠳᠠᠲᠠᠢ ᠬᠡᠷᠡᠭᠴᠡᠭᠡ ᠶᠢ ᠭᠦᠨᠵᠡᠭᠡᠢ ᠣᠶᠢᠯᠠᠭᠠᠭᠰᠠᠨ ᠪᠥᠭᠡᠳ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠴᠡᠷᠢᠭ ᠠᠩᠬ᠋ᠢ ᠶᠢᠨ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠡᠢ᠃ᠳ᠋ᠦᠩ ᠼᠦ᠋ᠨ ᠷᠦ᠋ᠢ ᠬᠡᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠬᠢᠨ ᠰᠢ ᠶᠢᠨ ᠫᠢᠩ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠤᠭ ᠢ ᠡᠷᠭᠦᠨ ᠰᠦᠭ ᠰᠦᠨᠡᠰᠦ ᠶᠢ ᠱᠤᠭᠤᠬᠤ ᠶᠢ ᠪᠠᠲᠤᠳᠬᠠᠵᠤ᠂ ᠬᠦᠴᠦᠨ ᠢᠶᠠᠨ ᠲᠥᠪᠯᠡᠷᠡᠭᠦᠯᠦᠨ ᠳᠠᠶᠢᠨ ᠳᠤ ᠪᠡᠯᠡᠳᠬᠡᠵᠦ ᠳᠠᠶᠢᠨ ᠬᠢᠬᠦ ᠪᠠᠷ ᠪᠡᠯᠡᠳᠬᠡᠵᠦ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠶᠢᠨ ᠲᠠᠰᠤᠷᠠᠯᠲᠠ ᠦᠭᠡᠢ ᠰᠢᠨ᠎ᠡ ᠠᠮᠵᠢᠯᠲᠠ ᠣᠯᠬᠤ ᠶᠢ ᠬᠦᠴᠦᠯᠡᠨ ᠠᠬᠢᠭᠤᠯᠬᠤ ᠶᠢᠨ ᠬᠠᠮᠲᠤ ᠢᠷᠠᠭᠤ ᠠᠯᠳᠠᠷᠲᠤ ᠤᠯᠠᠮᠵᠢᠯᠠᠯ ᠢᠶᠠᠨ ᠵᠠᠯᠭᠠᠮᠵᠢᠯᠠᠨ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠳ᠋ᠦᠩ ᠾᠧ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠵᠦ᠂ ᠴᠡᠷᠢᠭ ᠠᠷᠠᠳ ᠪᠦᠯᠬᠦᠮᠳᠡᠨ ᠨᠢᠭᠡᠳᠴᠦ᠂ ᠭᠠᠷ ᠬᠤᠯᠪᠣᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠶᠠᠷᠢᠯᠴᠠᠬᠤ ᠬᠡᠷᠡᠭᠲᠡᠢ᠃ᠳ᠋ᠦᠩ ᠾᠧ ᠲᠣᠭᠤᠷᠢᠭ ᠤᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ  ᠶᠢ ᠴᠡᠷᠢᠭ ᠢᠶᠠᠨ ᠬᠦᠷᠢᠶᠡᠯᠡᠨ ᠬᠠᠷᠠᠭᠠᠯᠵᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ  ᠶᠢ ᠴᠢᠩᠭ᠎ᠠ ᠨᠠᠶᠢᠳᠠᠪᠤᠷᠢᠵᠢᠭᠤᠯᠵᠤ᠂ ︽ᠴᠡᠷᠢᠭ ᠠᠩᠭᠢ ᠪᠠ ᠣᠷᠣᠨ ᠨᠤᠲᠤᠭ ᠨᠢᠭᠡ ᠬᠥᠯᠭᠡ ᠰᠢᠲᠠᠷ᠎ᠠ ᠮᠡᠲᠦ︾ ︽ᠴᠡᠷᠢᠭ ᠠᠷᠠᠳ ᠨᠢᠭᠡ ᠭᠡᠷ ᠤᠨ ᠬᠥᠮᠥᠨ︾ ᠤ ᠤᠬᠠᠮᠰᠠᠷ ᠢ ᠪᠠᠲᠤ ᠪᠤᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ  ᠲᠠᠢ ᠵᠣᠯᠭᠠᠭᠤᠯᠬᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠴᠡᠷᠢᠭ ᠲᠤ ᠦᠢᠯᠡᠴᠢᠯᠡᠬᠦ ᠪᠠᠲᠤᠯᠠᠭ᠎ᠠ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ᠂ ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠳᠤ ᠠᠵᠢᠯ ᠣᠯᠭᠤᠬᠤ᠂ ᠴᠡᠷᠢᠭ ᠤᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠵᠡᠷᠭᠡ ᠠᠵᠢᠯ ᠢ ᠰᠠᠶᠢᠲᠤᠷ ᠬᠢᠵᠦ᠂ ᠳᠠᠷᠤᠭ᠎ᠠ ᠪᠠᠶᠢᠯᠳᠤᠭᠴᠢᠳ ᠲᠤ ᠦᠨᠡᠨᠬᠦ ᠪᠣᠳᠠᠲᠠᠢ ᠶᠠᠪᠤᠳᠠᠯ ᠬᠢᠵᠦ᠂ ᠬᠦᠴᠢᠷᠳᠡᠯ ᠢ ᠨᠢ ᠰᠢᠢᠳᠪᠦᠷᠢᠯᠡᠵᠦ ᠥᠭᠴᠦ᠂︽ᠴᠢᠨᠦ ᠳᠣᠲᠣᠷ᠎ᠠ ᠪᠢ ᠪᠤᠢ᠂ ᠮᠢᠨᠤ ᠳᠣᠲᠣᠷ᠎ᠠ ᠴᠢ ᠪᠤᠢ︾ᠭᠡᠬᠦ ᠰᠠᠶᠢᠨ ᠰᠠᠶᠢᠬᠠᠨ ᠴᠡᠷᠢᠭ ᠵᠠᠰᠠᠭ᠂ ᠴᠡᠷᠢᠭ ᠠᠷᠠᠳ ᠵᠢᠭᠠᠰᠤ ᠤᠰᠤᠨ ᠤ ᠬᠠᠷᠢᠴᠠᠭ᠎ᠠ ᠶᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠵᠦ᠂ ᠰᠢᠨ᠎ᠡ ᠴᠠᠭ ᠦᠶ᠎ᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠪᠣᠯᠣᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠣᠷᠣᠨ ᠤ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠵᠢᠴᠢ ᠪᠦᠬᠦ ᠣᠷᠣᠨ ᠤ ᠠᠷᠠᠳ ᠲᠦᠮᠡᠨ ᠤ ᠤᠷᠳᠤ ᠬᠤᠭᠤᠴᠠᠭᠠᠨ ᠤ ᠲᠤᠷᠰᠢ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠳ᠋ᠦᠩ ᠾᠧ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠦᠷᠭᠦᠯᠵᠢᠯᠡᠨ ᠪᠦᠬᠦ ᠬᠦᠴᠦᠨ ᠢᠶᠠᠷ ᠢᠶᠠᠨ ᠳᠡᠮᠵᠢᠵᠦ᠂ ᠴᠡᠷᠢᠭ ᠠᠩᠭᠢ ᠣᠷᠣᠨ ᠨᠤᠲᠤᠭ ᠵᠢᠭᠠᠰᠤ ᠤᠰᠤᠨ ᠤ ᠨᠥᠬᠦᠷᠯᠡᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠳᠤ ᠰᠢᠨ᠎ᠡ ᠬᠤᠪᠢ ᠨᠡᠮᠡᠷᠢ ᠦᠵᠡᠭᠦᠯᠵᠦ᠂ ᠴᠡᠷᠢᠭ ᠠᠷᠠᠳ ᠬᠠᠮᠲᠤᠪᠠᠷ ᠪᠠᠶᠢᠭᠤᠯᠬᠤ ᠰᠢᠨ᠎ᠡ ᠬᠥᠭᠵᠢᠯᠲᠡ ᠶᠢ ᠪᠡᠶᠡᠯᠡᠭᠦᠯᠦᠨ᠎ᠡ ᠭᠡᠵᠦ ᠢᠯᠡᠳᠬᠡᠪᠡ᠃      ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠬᠤᠩ ᠶᠠᠨ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠪᠠᠷ᠎ᠠ ᠪᠣᠯᠵᠤ ᠲᠣᠬᠤᠨᠢᠭᠤᠯᠪᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1