ᠰᠢ ᠨᠣᠣ ᠪᠦᠦ ᠵᠡᠭᠡᠯᠢ ᠭᠤᠳᠤᠮᠵᠢ ᠶᠢᠨ ᠬᠤᠩ ᠶᠤᠸᠠᠨ ᠨᠡᠶᠢᠭᠡᠮ ᠲᠣᠭᠤᠷᠢᠭ ᠤᠨ ᠨᠢᠩ ᠯᠦ ᠪᠠᠭ᠎ᠠ ᠲᠣᠭᠤᠷᠢᠭ ᠤᠨ ᠳᠠᠮᠵᠢᠭᠤᠯᠬᠤ ᠬᠤᠭᠤᠯᠠᠢ ᠶᠢᠨ ᠰᠢᠭᠤᠳ ᠤᠰᠤ ᠬᠠᠩᠭᠠᠬᠤ ᠦᠢᠯᠡᠴᠢᠯᠡᠭᠡᠨ ᠤ ᠭᠠᠷ ᠤᠨ ᠥᠰᠥᠭ ᠵᠢᠷᠤᠬᠤ ᠶᠣᠰᠣᠯᠠᠯ
ᠨᠡᠶᠢᠲᠡᠯᠡᠭᠰᠡᠨ ᠴᠠᠭ᠄
2022/8/9
     2022 ᠣᠨ ᠤ 8 ᠰᠠᠷ᠎ᠠ ᠶᠢᠨ 2  ᠤᠨ ᠦᠳᠡ ᠶᠢᠨ ᠬᠤᠶᠢᠨ᠎ᠠ᠂ ᠪᠤᠭᠤᠲᠤ ᠬᠤᠳᠠ ᠶᠢᠨ ᠳ᠋ᠦᠩ ᠾᠧ ᠲᠣᠭᠤᠷᠢᠭ ᠤᠨ ᠰᠢ ᠨᠣᠣ ᠪᠦᠦ ᠵᠡᠭᠡᠯᠢ ᠭᠤᠳᠤᠮᠵᠢ ᠶᠢᠨ ᠬᠤᠩ ᠶᠤᠸᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠨᠢᠩ ᠯᠦ ᠪᠠᠭ᠎ᠠ ᠲᠣᠭᠤᠷᠢᠭ ᠤᠨ ᠳᠠᠮᠵᠢᠭᠤᠯᠬᠤ ᠬᠤᠭᠤᠯᠠᠢ ᠶᠢᠨ ᠤᠰᠤ ᠬᠠᠩᠭᠠᠬᠤ ᠦᠢᠯᠡᠴᠢᠯᠡᠭᠡᠨ ᠤ ᠭᠡᠷ᠎ᠡ ᠲᠣᠭᠲᠠᠬᠤ ᠶᠣᠰᠣᠯᠠᠯ ᠨᠡᠶᠢᠭᠡᠮ ᠲᠣᠭᠤᠷᠢᠭ ᠤᠨ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠦᠷᠳᠡᠭᠡ ᠳᠤ ᠦᠪᠡᠳᠡᠭᠰᠢ ᠶᠡᠬᠡᠪᠡᠷ ᠶᠠᠪᠤᠭᠳᠠᠵᠤ᠂ ᠬᠤᠩ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠬᠧ ᠪᠥᠸᠧ᠂ ᠷᠦᠩ ᠲᠦᠩ ᠤᠰᠤᠨ ᠤ ᠶᠠᠪᠤᠳᠠᠯ ᠤᠨ ᠵᠠᠬ᠎ᠠ ᠳᠡᠯᠭᠡᠭᠦᠷ ᠤᠨ ᠬᠡᠯᠲᠡᠰ ᠤᠨ ᠳᠠᠭᠠᠭᠠᠮᠠᠯ ᠯᠢᠦ ᠫᠤ ᠵᠦᠩ ᠲᠤᠰ ᠤᠳᠠᠭ᠎ᠠ ᠶᠢᠨ ᠭᠡᠷ᠎ᠡ ᠲᠣᠭᠲᠠᠬᠤ ᠠᠵᠢᠯᠯᠠᠭ᠎ᠠ ᠳᠤ ᠣᠷᠣᠯᠴᠠᠪᠠ᠃ᠬᠤᠩ ᠶᠤᠸᠠᠨ ᠨᠡᠶᠢᠭᠡᠮ ᠲᠣᠭᠤᠷᠢᠭ ᠤᠨ ᠬᠢᠨ ᠠᠭᠤᠰᠤᠯᠴᠠᠭᠤᠯᠤᠨ ᠨᠡᠪᠲᠡᠷᠡᠭᠦᠯᠬᠦ ᠤᠰᠤᠨ ᠤ ᠶᠠᠪᠤᠳᠠᠯ ᠲᠠᠢ ᠬᠠᠮᠲᠤ ᠨᠢᠩ ᠯᠦ ᠪᠠᠭ᠎ᠠ ᠲᠣᠭᠤᠷᠢᠭ ᠤᠨ ᠠᠵᠢᠯᠯᠠᠭᠠᠨ ᠤ ᠲᠠᠰᠤᠭ ᠲᠤ ᠰᠠᠭᠤᠭᠠᠯᠢ ᠠᠷᠠᠳ ᠤᠨ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠬᠢᠵᠦ᠂ ᠠᠭᠤᠰᠤᠯᠴᠠᠭᠤᠯᠤᠨ ᠨᠡᠪᠲᠡᠷᠡᠭᠦᠯᠬᠦ ᠤᠰᠤᠨ ᠤ ᠶᠠᠪᠤᠳᠠᠯ ᠤᠨ ᠠᠵᠢᠯᠲᠠᠳ ᠪᠠᠭ᠎ᠠ ᠲᠣᠭᠤᠷᠢᠭ ᠤᠨ ᠰᠠᠭᠤᠭᠠᠯᠢ ᠠᠷᠠᠳ ᠲᠠᠢ ᠳᠣᠲᠣᠨᠣᠰᠤᠭ ᠢᠶᠠᠷ ᠬᠠᠷᠢᠯᠴᠠᠵᠤ᠂ ᠠᠭᠤᠰᠤᠯᠴᠠᠭᠤᠯᠤᠨ ᠨᠡᠪᠲᠡᠷᠡᠭᠦᠯᠬᠦ ᠤᠰᠤᠨ ᠤ ᠶᠠᠪᠤᠳᠠᠯ ᠤᠨ ᠬᠤᠭᠤᠯᠠᠢ ᠶᠢᠨ ᠰᠢᠭᠤᠳ ᠤᠤᠭᠤᠬᠤ ᠤᠰᠤᠨ ᠤ ᠡᠬᠢ ᠰᠤᠷᠪᠤᠯᠵᠢ ᠶᠢᠨ ᠶᠠᠰᠤ ᠴᠢᠨᠠᠷ᠂ ᠪᠠᠷᠢᠯᠭ᠎ᠠ ᠶᠢᠨ ᠠᠵᠢᠯ ᠨᠡᠪᠲᠡᠷᠡᠬᠦ᠂ ᠡᠵᠡᠩᠨᠡᠯᠲᠡ ᠶᠢᠨ ᠰᠦᠢᠳᠬᠡᠯ ᠬᠤᠷᠢᠶᠠᠬᠤ ᠵᠡᠷᠭᠡ ᠠᠰᠠᠭᠤᠳᠠᠯ ᠳᠤ ᠨᠠᠷᠢᠨ ᠬᠠᠷᠢᠭᠤᠯᠲᠠ ᠥᠭᠬᠦ ᠶᠢᠨ ᠬᠠᠮᠲᠤ ᠰᠠᠭᠤᠭᠠᠯᠢ ᠠᠷᠠᠳ ᠤᠨ ᠲᠥᠯᠥᠭᠡᠯᠡᠭᠴᠢ ᠶᠢ ᠤᠷᠢᠵᠤ ᠠᠭᠤᠰᠤᠯᠴᠠᠭᠤᠯᠤᠨ ᠨᠡᠪᠲᠡᠷᠡᠭᠦᠯᠬᠦ ᠤᠰᠤ ᠶᠢ ᠠᠮᠲᠠᠯᠠᠭᠤᠯᠵᠠᠢ᠃      ᠭᠡᠷ᠎ᠡ ᠲᠣᠭᠲᠠᠬᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠤᠭᠤᠲᠤ ᠶᠢᠨ ᠲᠧᠯᠸᠢᠰ ᠬᠤᠷᠢᠶ᠎ᠠ ᠶᠢᠨ︽ᠭᠦᠢᠴᠡᠳᠬᠡᠬᠦ ᠬᠦᠴᠦᠨ ᠳᠤ ᠠᠩᠬᠠᠷᠤᠯ ᠢᠶᠠᠨ ᠲᠥᠪᠯᠡᠷᠡᠭᠦᠯᠦᠨ᠎ᠡ︾ᠭᠡᠬᠦ ᠪᠤᠯᠤᠩ ᠤᠨ ᠳᠤᠭᠤᠶᠢᠯᠠᠩ ᠤᠨ  ᠬᠢᠨ ᠲᠤᠰ ᠤᠳᠠᠭ᠎ᠠ ᠶᠢᠨ ᠨᠢᠩ ᠯᠦ ᠪᠠᠭ᠎ᠠ ᠲᠣᠭᠤᠷᠢᠭ ᠲᠤ ᠣᠷᠣᠵᠤ ᠰᠠᠭᠤᠭᠰᠠᠨ ᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠨ ᠮᠡᠳᠡᠭᠡᠯᠡᠵᠦ᠂ ᠰᠠᠭᠤᠭᠠᠯᠢ ᠠᠷᠠᠳ ᠤᠰᠤᠨ ᠤ ᠶᠠᠪᠤᠳᠠᠯ ᠤᠨ ᠰᠢᠭᠤᠳ ᠤᠰᠤ ᠤᠮᠳᠠ ᠶᠢᠨ ᠤᠰᠤ ᠬᠠᠩᠭᠠᠬᠤ ᠲᠥᠰᠥᠯ ᠵᠡᠷᠭᠡ ᠶᠢ ᠭᠦᠢᠴᠡᠳ ᠮᠡᠳᠡᠷᠡᠵᠦ ᠪᠠᠶᠢᠬᠤ ᠪᠠᠨ ᠢᠯᠡᠳᠬᠡᠬᠦ ᠶᠢᠨ ᠬᠠᠮᠲᠤ ᠠᠯᠢ ᠲᠦᠷᠭᠡᠨ ᠢᠶᠠᠷ ᠪᠠᠷᠢᠯᠭ᠎ᠠ ᠶᠢᠨ ᠠᠵᠢᠯ ᠢᠶᠠᠨ ᠡᠷᠲᠡᠬᠡᠨ ᠡᠬᠢᠯᠡᠭᠦᠯᠬᠦ ᠶᠢ ᠬᠦᠰᠡᠪᠡ᠃      ᠡᠴᠦᠰ ᠲᠤ᠂ ᠲᠣᠰ ᠤᠳᠠᠭᠠᠨ ᠤ ᠭᠠᠷ ᠤᠨ ᠥᠰᠥᠭ ᠵᠢᠷᠤᠬᠤ ᠶᠣᠰᠣᠯᠠᠯ ᠨᠢ ᠬᠤᠶᠠᠷ ᠲᠠᠯ᠎ᠠ ᠶᠢᠨ ᠲᠥᠯᠥᠭᠡᠯᠡᠭᠴᠢ ᠶᠢᠨ ᠭᠠᠷ ᠤᠨ ᠥᠰᠥᠭ ᠵᠢᠷᠤᠬᠤ ᠳᠤᠮᠳᠠ ᠲᠡᠭᠦᠰ ᠠᠮᠵᠢᠯᠲᠠ ᠲᠠᠢ ᠲᠡᠭᠦᠰᠪᠡ᠃ᠰᠢ ᠨᠣᠣ ᠪᠦᠦ ᠵᠡᠭᠡᠯᠢ ᠭᠤᠳᠤᠮᠵᠢ ᠶᠢᠨ ᠬᠢᠨ ᠨᠢᠩ ᠯᠦ ᠪᠠᠭ᠎ᠠ ᠲᠣᠭᠤᠷᠢᠭ ᠤᠨ ᠤᠰᠤ ᠤᠮᠳᠠ ᠶᠢ ᠡᠷᠦᠬᠡ ᠳᠤ ᠰᠢᠭᠤᠳ ᠣᠷᠣᠭᠤᠯᠬᠤ ᠵᠢᠴᠢ ᠪᠠᠷᠢᠯᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢ ᠢᠳᠡᠪᠬᠢᠲᠡᠢ ᠪᠠᠷ ᠵᠣᠯᠭᠠᠭᠤᠯᠵᠤ᠂ ᠬᠠᠭᠤᠴᠢᠨ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠠ ᠲᠣᠬᠢᠶᠠᠯ ᠪᠣᠯᠣᠨ ᠨᠢᠭᠡ ᠨᠢᠭᠡ ᠶᠠᠪᠤᠳᠠᠯ ᠢᠶᠠᠷ ᠵᠥᠪᠯᠡᠬᠦ ᠵᠠᠷᠴᠢᠮ ᠢ ᠠᠰᠢᠭᠯᠠᠵᠤ᠂ ᠨᠡᠩ ᠤᠯᠠᠨ ᠰᠠᠭᠤᠭᠠᠯᠢ ᠠᠷᠠᠳ ᠲᠤ ᠨᠡᠩ ᠤᠯᠠᠨ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠠᠢ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ ᠡᠷᠡᠭᠦᠯ ᠰᠠᠷᠠᠭᠤᠯ ᠦᠵᠡᠰᠬᠦᠯᠡᠩᠲᠦ ᠰᠠᠶᠢᠬᠠᠨ ᠰᠢᠨ᠎ᠡ ᠰᠢ ᠨᠣᠣ ᠪᠦᠦ   ᠶᠢ ᠪᠠᠶᠢᠭᠤᠯᠬᠤ ᠪᠠᠷ ᠴᠢᠷᠮᠠᠶᠢᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠣ ᠪᠦᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1