ᠳᠥᠷᠪᠡᠨ ᠰᠠᠷ᠎ᠠ ᠶᠢᠨ ᠳᠠᠷᠠᠭ᠎ᠠ᠂ ᠮᠢᠨᠤ ᠬᠤᠲᠠ ᠪᠠᠰᠠ ︽ᠡᠪᠡᠳᠴᠢᠯᠡᠪᠡ︾᠃ᠵᠢᠷᠭᠤᠭᠠᠨ ᠴᠠᠭ ᠠᠴᠠ | ᠡᠬᠢᠯᠡᠨ ᠪᠦᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠠᠭᠠᠭᠢᠮ᠎ᠠ ᠬᠠᠯᠠᠭᠤᠨ ᠨᠠᠷᠠ᠂ ᠶᠠᠭ | ᠰᠠᠶᠢᠬᠠᠨ ᠭᠤᠷᠪᠠᠨ ᠹᠦ᠋᠂ 30 ᠭᠠᠷᠤᠢ ᠭᠷᠡᠳᠦ᠋ᠰ ᠤᠨ ᠬᠠᠯᠠᠭᠤᠨ ᠳᠤ ᠲᠣᠬᠢᠶᠠᠯᠳᠤᠨ᠎ᠠ᠂ ᠡᠮᠨᠡᠯᠭᠡ ᠶᠢᠨ ᠠᠵᠢᠯᠲᠠᠨ᠂ | ᠳᠣᠷᠣᠭᠰᠢ ᠲᠣᠮᠢᠯᠠᠭᠰᠠᠨ ᠺᠠᠳ᠋ᠷ᠂ ᠨᠡᠶᠢᠭᠡᠮ ᠲᠣᠭᠤᠷᠢᠭ ᠤᠨ ᠠᠵᠢᠯᠲᠠᠨ ᠪᠠ ᠰᠠᠶᠢᠨ ᠳᠤᠷ᠎ᠠ ᠶᠢᠨ ᠦᠢᠯᠡᠴᠢᠯᠡᠭᠴᠢᠳ | ᠵᠣᠪ ᠵᠤᠵᠠᠭᠠᠨ ᠰᠠᠯᠬᠢ ᠨᠡᠪᠲᠡᠷᠡᠬᠦ ᠦᠭᠡᠢ ᠬᠠᠮᠠᠭᠠᠯᠠᠯᠲᠠ ᠶᠢᠨ ᠬᠤᠪᠴᠠᠰᠤ ᠡᠮᠦᠰᠴᠦ᠂ ᠠᠭᠠᠭᠢᠮ᠎ᠠ ᠬᠠᠯᠠᠭᠤᠨ | ᠨᠠᠷᠠ ᠶᠢ ᠲᠤᠯᠵᠤ᠂ ᠵᠥᠪᠬᠡᠨ ᠣᠯᠠᠨ ᠤ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠶᠤᠮ᠃ᠣᠯᠠᠨ ᠢᠶᠠᠷ ᠢᠶᠠᠨ | ᠪᠠᠰᠠ ᠠᠯᠢ ᠴᠢᠳᠠᠬᠤ ᠪᠠᠷ ᠴᠠᠭ ᠢᠶᠠᠨ ᠲᠣᠬᠢᠷᠠᠭᠤᠯᠵᠤ᠂ ᠡᠷᠲᠡᠬᠡᠨ ᠴᠥᠮ᠎ᠡ ᠶᠢᠨ ᠬᠦᠴᠢᠯ ᠤᠨ ᠪᠠᠶᠢᠴᠠᠭᠠᠯᠲᠠ ᠶᠢ | ᠬᠠᠮᠵᠢᠨ ᠬᠢᠵᠦ᠂ ᠡᠷᠡᠭᠦᠯ ᠮᠡᠨᠳᠦ ᠶᠢᠨ ᠺᠣᠳ᠋ ᠢ ᠤᠷᠢᠳᠴᠢᠯᠠᠨ ᠲᠠᠰᠤᠯᠵᠤ᠂ ᠪᠡᠶ᠎ᠡ ᠶᠢᠨ ᠦᠨᠡᠮᠯᠡᠯ ᠢᠶᠠᠨ ᠠᠪᠴᠤ᠂ | ᠠᠮᠠᠪᠴᠢ ᠵᠡᠭᠦᠵᠦ᠂ ᠡᠮᠬᠢ ᠵᠢᠷᠤᠮ ᠲᠠᠢ ᠪᠠᠷ ᠴᠥᠮ᠎ᠡ ᠶᠢᠨ ᠬᠦᠴᠢᠯ ᠢ ᠬᠢᠬᠦ ᠬᠡᠷᠡᠭᠲᠡᠢ᠃ | | | | ᠭᠡᠷ ᠤᠨ ᠭᠠᠳᠠᠨᠠᠬᠢ ᠳᠤᠯᠠᠭᠠᠨ ᠤ ᠬᠡᠮᠵᠢᠶ᠎ᠡ ᠳᠡᠭᠡᠭᠰᠢᠯᠡᠵᠦ᠂ ᠨᠡᠷᠡᠨ ᠤ ᠭᠡᠷᠡᠯ ᠪᠤᠴᠠᠯᠵᠤ᠂ ᠭᠠᠵᠠᠷ ᠤᠨ ᠨᠢᠭᠤᠷ | ᠳᠡᠭᠡᠷ᠎ᠡ ᠬᠠᠯᠠᠭᠤᠨ ᠠᠭᠤᠷ ᠪᠠᠭᠠᠭᠢᠵᠤ᠂ ᠦᠯᠢᠭᠡᠷ ᠠᠪᠬᠤ ᠡᠮᠦᠨ᠎ᠡ ᠹᠷᠣᠨᠲ ᠲᠤ ᠶᠠᠭᠠᠷᠠᠯᠳᠤᠵᠤ ᠪᠠᠶᠢᠭ᠎ᠠ ︽ᠶᠡᠭᠡ | ᠴᠠᠭᠠᠨ︾ ᠬᠥᠮᠥᠰ ᠲᠤ ᠠᠪᠴᠤ ᠬᠡᠯᠡᠪᠡᠯ ᠶᠠᠭ ᠯᠠ ᠰᠠᠩᠨᠠ ᠶᠢᠨ ᠭᠡᠷ ᠲᠤ ᠪᠠᠶᠢᠬᠤ ᠰᠢᠭ᠋ ᠪᠠᠶᠢᠳᠠᠭ᠃ᠴᠠᠭ | ᠮᠥᠴᠡ ᠶᠢ ᠠᠯᠳᠠᠯ ᠦᠭᠡᠢ ᠪᠠᠷ ᠪᠥᠭᠡᠮ ᠬᠦᠴᠢᠯ ᠤᠨ ᠦᠯᠢᠭᠡᠷ ᠠᠪᠬᠤ ᠶᠢ ᠥᠷᠨᠢᠭᠦᠯᠬᠦ ᠶᠢᠨ ᠲᠥᠯᠥᠭᠡ᠂ | ᠡᠮᠨᠡᠯᠭᠡ ᠶᠢᠨ ᠠᠵᠢᠯᠲᠠᠳ ᠰᠠᠯᠬᠢ ᠨᠡᠪᠲᠡᠷᠡᠬᠦ ᠦᠭᠡᠢ ᠨᠢᠭᠲᠠ ᠬᠠᠮᠠᠭᠠᠯᠠᠯᠲᠠ ᠶᠢᠨ ᠬᠤᠪᠴᠠᠰᠤ ᠡᠮᠦᠰᠴᠦ᠂ | ᠦᠷᠭᠦᠯᠵᠢᠯᠡᠨ ᠪᠠᠶᠢᠯᠳᠤᠵᠤ᠂ ᠤᠰᠤ ᠤᠤᠭᠤᠬᠤ ᠵᠣᠷᠢᠭ ᠦᠭᠡᠢ᠂ ᠵᠣᠷᠯᠣᠩ ᠳᠤ ᠣᠷᠣᠬᠤ ᠠᠴᠠ ᠪᠠᠨ ᠵᠢᠷᠦᠬᠡᠰᠢᠶᠡᠵᠡᠢ︔ | ᠡᠮ ᠡᠮᠨᠡᠯᠭᠡ ᠶᠢᠨ ᠠᠵᠢᠯᠲᠠᠳ ᠤᠨ ᠬᠤᠪᠴᠠᠰᠤ ᠶᠢ ᠬᠥᠯᠥᠰᠦ ᠨᠡᠪᠲᠡ ᠨᠣᠷᠭᠠᠵᠤ᠂ ᠪᠡᠭᠡᠯᠡᠢ ᠪᠠᠨ ᠲᠠᠶᠢᠯᠬᠤ ᠳᠤ᠂ | ᠲᠡᠭᠦᠨ ᠤ ᠳᠣᠲᠣᠷ᠎ᠠ ᠨᠢ ᠴᠥᠮ ᠬᠥᠯᠥᠰᠦ᠂ ᠠᠮᠠᠪᠴᠢ ᠶᠢ ᠨᠢ ᠠᠪᠴᠤ᠂ ᠬᠠᠴᠠᠷ ᠳᠡᠭᠡᠷ᠎ᠡ ᠨᠢ ᠴᠥᠮ | ᠪᠣᠭᠤᠮᠢᠯᠠᠭᠰᠠᠨ ᠣᠷᠣᠮ ᠭᠠᠷᠴᠠᠢ ᠁ ᠲᠠᠳᠠ ᠲᠤᠰᠬᠠᠢ ᠮᠡᠷᠭᠡᠵᠢᠯ ᠪᠠ ᠰᠥᠰᠥ ᠵᠣᠷᠢᠭ ᠢᠶᠠᠷ ᠢᠶᠠᠨ ᠠᠷᠠᠳ | ᠣᠯᠠᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠵᠤ ᠪᠠᠶᠢᠨ᠎ᠠ᠃ᠴᠠᠭᠠᠨ ᠪᠦᠬᠦᠨ ᠨᠢ ᠴᠥᠮ ᠬᠠᠮᠤᠭ ᠤᠨ ᠭᠤᠶᠣ | ᠰᠥᠷᠭᠡᠦ ᠡᠲᠡᠭᠡᠳ ᠶᠤᠮ᠃ | ᠬᠢᠵᠢᠭ ᠤᠨ ᠪᠠᠶᠢᠳᠠᠯ ᠤᠨ ᠳᠣᠣᠷ᠎ᠠ᠂ ᠤᠯᠠᠨ ᠢᠶᠠᠷ ᠢᠶᠠᠨ ᠲᠦᠷᠪᠡᠨ ᠴᠠᠭ ᠴᠥᠮ᠎ᠡ ᠶᠢᠨ ᠬᠦᠴᠢᠯ ᠲᠠᠢ ᠡᠮᠴᠢ | ᠰᠤᠪᠢᠯᠠᠭᠴᠢ ᠶᠢᠨ ᠬᠤᠶᠠᠷ ᠭᠠᠷ ᠤᠨ ᠬᠥᠯᠥᠰᠦᠨ ᠳᠤ ᠰᠫᠢᠷᠲ ᠤᠨ ᠢᠴᠡᠭᠡᠨ ᠤ ᠡᠪᠡᠷᠰᠢᠶᠡᠯ ᠢ ᠰᠢᠩᠭᠡᠭᠡᠵᠦ᠂ ᠨᠢᠭᠡ | ᠴᠦ ᠭᠤᠮᠣᠳᠠᠯ ᠦᠭᠡᠢ ᠪᠠᠷ ᠪᠠᠲᠤ ᠰᠠᠬᠢᠵᠤ᠂ ᠡᠶᠢᠮᠦ ᠨᠢᠭᠡ ᠪᠦᠯᠦᠭ ︽ᠬᠠᠮᠤᠭ ᠤᠨ ᠭᠤᠶᠤ ᠰᠥᠷᠭᠡᠦ ᠠᠵᠢᠯᠯᠠᠭᠴᠢ︾ | ᠤᠯᠠᠨ ᠤ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠬᠦᠨᠳᠦ ᠡᠭᠦᠷᠭᠡ ᠶᠢ ᠡᠭᠦᠷᠦᠨ ᠤᠷᠤᠭᠰᠢᠯᠠᠳᠠᠭ︕ | ᠬᠢᠵᠢᠭ ᠤᠨ ᠪᠠᠶᠢᠳᠠᠯ ᠢ ᠰᠡᠷᠭᠡᠶᠢᠯᠡᠬᠦ ᠳᠤ ᠬᠥᠮᠥᠨ ᠪᠦᠬᠦᠨ ᠬᠠᠷᠢᠭᠤᠴᠠᠯᠭ᠎ᠠ ᠲᠠᠢ ᠃ | ᠬᠠᠯᠠᠭᠤᠨ ᠰᠡᠳᠬᠢᠯᠲᠦ ᠰᠠᠭᠤᠭᠠᠯᠢ ᠠᠷᠠᠳ ᠤᠨ ᠣᠯᠠᠨ ᠳᠤ ᠬᠠᠯᠠᠭᠤᠨ ᠢ ᠲᠠᠶᠢᠯᠬᠤ ᠮᠥᠰᠥᠨ ᠰᠢᠬᠢᠷ | ᠨᠣᠭᠤᠭᠠᠨ ᠪᠤᠷᠴᠠᠭ ᠤᠨ ᠰᠥᠮᠥᠰᠤ ᠬᠦᠷᠭᠡᠵᠦ ᠢᠷᠡᠭᠰᠡᠨ ᠳᠤ ᠲᠠᠯᠠᠷᠬᠠᠵᠤ ᠪᠠᠶᠢᠨ᠎ᠠ ᠬᠠᠯᠠᠭᠤᠨ ᠰᠡᠳᠬᠢᠯᠲᠦ | ᠰᠠᠭᠤᠭᠠᠯᠢ ᠠᠷᠠᠳ ᠤᠨ ᠣᠯᠠᠨ ᠳᠤ ᠬᠠᠯᠠᠭᠤᠨ ᠢ ᠲᠠᠶᠢᠯᠬᠤ ᠮᠥᠰᠥᠯᠡᠮᠵᠢ ᠠᠪᠴᠢᠷᠠᠵᠤ ᠥᠭᠭᠦᠭᠰᠡᠨ ᠳᠤ ᠲᠠᠯᠠᠷᠬᠠᠵᠤ | ᠪᠠᠶᠢᠨ᠎ᠠ ᠰᠥᠨᠢ ᠳᠦᠯᠢ ᠪᠠᠷ ᠨᠡᠶᠢᠭᠡᠮ ᠲᠣᠭᠤᠷᠢᠭ ᠤᠨ ᠠᠵᠢᠯᠲᠠᠳ ᠢ ᠬᠠᠪᠰᠤᠷᠤᠨ ᠡᠳ᠋ ᠪᠣᠳᠠᠰ ᠵᠥᠭᠡᠭᠡᠪᠦᠷᠢᠯᠡᠭᠰᠡᠨ | ᠵᠠᠯᠠᠭᠤᠴᠤᠳ ᠲᠤ ᠲᠠᠯᠠᠷᠬᠠᠯ᠎ᠠ ᠁ ᠰᠥᠨᠢ ᠳᠦᠯᠢ ᠪᠠᠷ ᠠᠰᠠᠷ ᠠᠴᠠ ᠪᠠᠭᠤᠵᠤ ᠲᠡᠷᠭᠡ ᠨᠡᠭᠦᠯᠭᠡᠭᠰᠡᠨ ᠰᠠᠭᠤᠭᠠᠯᠢ | ᠠᠷᠠᠳ ᠤᠨ ᠨᠠᠶᠢᠵᠠ ᠨᠠᠷ ᠁ ᠳᠣᠷᠣᠭᠰᠢ ᠲᠣᠮᠢᠯᠠᠭᠰᠠᠨ ᠪᠠᠶᠢᠭᠤᠯᠤᠯᠭ᠎ᠠ ᠶᠢᠨ ᠪᠢᠴᠢᠬᠠᠨ ᠬᠠᠨᠢᠲᠠᠳ ᠁ | ᠬᠠᠮᠤᠭ ᠤᠨ ᠰᠡᠭᠦᠯᠴᠢ ᠶᠢᠨ ᠡᠮᠴᠢ ᠪᠣᠯᠭᠠᠨ ᠢ ᠪᠠᠲᠤ ᠰᠠᠬᠢᠨ᠎ᠠ ᠁ ᠭᠡᠨᠡᠳᠲᠡ ᠶᠢᠨ ᠠᠰᠠᠭᠤᠳᠠᠯ ᠲᠠᠢ ᠪᠣᠯ | ᠬᠠᠷᠢᠯᠴᠠᠨ ᠣᠶᠢᠯᠠᠭᠠᠯᠴᠠᠬᠤ ᠰᠠᠶᠢᠨ ᠰᠠᠭᠤᠭᠠᠯᠢ ᠠᠷᠠᠳ ᠁ ᠠᠰᠠᠷ ᠢ ᠬᠠᠰᠬᠢᠷᠤᠭᠴᠢ ᠪᠠᠭᠰᠢ ᠁ | ᠪᠠᠷᠠᠭᠰᠠᠨ ᠤ ᠲᠠᠷᠠᠭ᠎ᠠ ᠡᠳ᠋ ᠪᠣᠳᠠᠰ ᠢ ᠬᠠᠪᠰᠤᠷᠤᠨ ᠲᠢᠭᠯᠡᠬᠦ ᠰᠠᠶᠢᠨ ᠳᠤᠷ᠎ᠠ ᠶᠢᠨ ᠠᠵᠢᠯᠯᠠᠭᠴᠢ ᠁ | | | | | | ᠠᠮᠠᠷᠠᠭᠰᠠᠨ ᠤ ᠳᠠᠷᠠᠭ᠎ᠠ ᠬᠥᠯ ᠡᠪᠡᠳᠴᠦ ᠬᠥᠯ ᠡᠪᠡᠳᠬᠦ ᠨᠢ ᠴᠥᠮ ᠣᠳᠣᠬᠠᠨ ᠤ ᠭᠱᠠᠨ ᠵᠠᠭᠤᠷ᠎ᠠ | ᠨᠢᠭᠡᠪᠦᠷᠢ ᠶᠢᠨ ᠬᠠᠮᠤᠭ ᠤᠨ ᠰᠠᠶᠢᠨ ᠭᠡᠷᠡᠴᠢ ᠪᠣᠯᠣᠨ᠎ᠠ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ | ᠪᠡᠶᠡᠯᠡᠭᠦᠯᠬᠦ ᠨᠢ ᠵᠥᠪᠬᠡᠨ ᠲᠤᠬᠠᠢ ᠶᠢᠨ ᠲᠠᠯᠠᠪᠤᠷ ᠤᠨ ᠠᠵᠢᠯᠲᠠᠨ ᠤ ᠶᠠᠪᠤᠳᠠᠯ ᠪᠢᠰᠢ᠂ ᠬᠥᠮᠥᠨ ᠪᠣᠯᠭᠠᠨ ᠤ | ᠣᠳᠣᠬᠠᠨ ᠤ ᠣᠪᠣᠷ ᠨᠢ ᠴᠥᠮ ᠤᠷᠤᠭᠰᠢᠲᠠᠢ ᠶᠠᠪᠤᠭᠳᠠᠵᠤ ᠴᠢᠳᠠᠬᠤ ᠡᠰᠡᠬᠦ ᠶᠢ ᠲᠣᠭᠲᠠᠭᠠᠨ᠎ᠠ ᠁ ᠰᠢᠷᠭᠠᠭᠤ | ᠴᠢᠷᠮᠠᠶᠢᠯᠭ᠎ᠠ ᠨᠢᠭᠡᠪᠦᠷᠢ ᠳᠤ ᠲᠠᠯᠠᠷᠬᠠᠨ᠎ᠠ᠃ | | |