ᠳ᠋ᠦᠩᠰᠢᠩ ᠣᠷᠣᠨ ᠤ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ | ᠬᠠᠯᠬᠠᠪᠴᠢ ᠶᠢ ᠪᠠᠬᠢᠵᠢᠭᠦᠯᠬᠦ ᠶᠢᠨ ᠲᠥᠯᠥᠭᠡ᠂ ᠬᠦᠴᠦᠲᠡᠢ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤᠳᠬᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠤᠯᠠᠷᠠᠭᠤᠯᠬᠤ ᠦᠭᠡᠢ᠂ ᠠᠮᠤᠷ ᠲᠦᠪᠰᠢᠨ ᠤ ᠪᠠᠶᠢᠴᠠᠭᠠᠯᠲᠠ ᠶᠢ ᠵᠣᠭᠰᠤᠭᠠᠬᠤ | ᠦᠭᠡᠢ ᠪᠠᠶᠢᠬᠤ ᠬᠡᠷᠡᠭᠲᠡᠢ᠃ᠣᠶᠢᠷ᠎ᠠ ᠳᠤ᠂ ᠳ᠋ᠦᠩ ᠰᠢᠩ ᠵᠡᠭᠡᠯᠢ ᠭᠤᠳᠤᠮᠵᠢ ᠶᠢᠨ ᠬᠢᠨ ᠡᠯ᠎ᠡ ᠨᠡᠶᠢᠭᠡᠮ ᠲᠣᠭᠤᠷᠢᠭ ᠤᠨ | ᠠᠮᠤᠷ ᠲᠦᠪᠰᠢᠨ ᠤ ᠪᠠᠶᠢᠴᠠᠭᠠᠭᠴᠢ ᠪᠠ ᠬᠢᠵᠢᠭ ᠢ ᠰᠡᠷᠭᠡᠶᠢᠯᠡᠬᠦ ᠠᠵᠢᠯᠲᠠᠨ ᠢ ᠵᠣᠬᠢᠶᠠᠨ ᠪᠠᠶᠢᠭᠤᠯᠵᠤ ︽ᠬᠢᠵᠢᠭ ᠤᠨ | ᠪᠠᠶᠢᠳᠠᠯ ᠢ ᠰᠡᠷᠭᠡᠶᠢᠯᠡᠬᠦ᠂ ᠲᠣᠭᠲᠠᠭᠤᠨ ᠢᠶᠠᠷ ᠡᠵᠡᠩᠨᠡᠬᠦ᠂ ᠠᠮᠤᠷ ᠲᠦᠪᠰᠢᠨ ᠢ ᠪᠠᠲᠤᠯᠠᠬᠤ︾ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠶᠡᠭᠡ ᠪᠠᠶᠢᠴᠠᠭᠠᠯᠲᠠ ᠶᠢ ᠥᠷᠨᠢᠭᠦᠯᠪᠡ | ᠃ᠪᠠᠶᠢᠴᠠᠭᠠᠯᠲᠠ ᠬᠢᠬᠦ ᠳᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠮᠤᠷ ᠲᠦᠪᠰᠢᠨ ᠤ ᠪᠠᠶᠢᠴᠠᠭᠠᠯᠲᠠ | ᠬᠢᠬᠦ ᠶᠢ ᠬᠠᠷᠢᠯᠴᠠᠨ ᠤᠶᠠᠯᠳᠤᠭᠤᠯᠬᠤ︾ ᠠᠷᠭ᠎ᠠ ᠮᠠᠶ᠋ᠢᠭ ᠢ ᠠᠪᠴᠤ ᠪᠠᠶᠢᠭᠠᠳ ᠬᠠᠷᠢᠶ᠎ᠠ ᠣᠷᠣᠨ ᠤ ᠪᠣᠶ ᠪᠦᠬᠦᠢ | ᠡᠵᠡᠩᠨᠡᠯᠲᠡ ᠶᠢᠨ ᠲᠠᠯᠠᠪᠤᠷ ᠭᠠᠵᠠᠷ ︵ᠳᠣᠷᠣᠭᠰᠢ ᠬᠤᠳᠠᠯᠳᠤᠭᠠᠨ ᠤ ᠡᠷᠦᠬᠡ ᠭᠡᠵᠦ ᠶᠡᠷᠦᠩᠬᠡᠶᠢᠯᠡᠨ ᠨᠡᠷᠡᠶᠢᠳᠦᠨ᠎ᠡ︶ | ᠲᠤ ᠪᠠᠶᠢᠴᠠᠭᠠᠯᠲᠠ ᠬᠢᠨ᠎ᠡ᠃ᠱᠠᠭᠠᠷᠳᠠᠭᠰᠠᠨ ᠨᠢ᠄ ᠨᠢᠭᠡ ᠳᠤ ᠬᠠᠷᠢᠶ᠎ᠠ ᠣᠷᠣᠨ ᠤ ᠪᠣᠶ ᠪᠦᠬᠦᠢ ᠬᠤᠳᠠᠯᠳᠤᠭᠠᠨ ᠤ | ᠡᠷᠦᠬᠡ ᠶᠢᠨ ᠡᠵᠡᠩᠨᠡᠯᠲᠡ ᠶᠢᠨ ᠠᠵᠢᠯᠲᠠᠨ ᠤ ᠴᠥᠮ᠎ᠡ ᠶᠢᠨ ᠬᠦᠴᠢᠯ ᠤᠨ ᠪᠠᠶᠢᠴᠠᠭᠠᠨ ᠰᠢᠯᠭᠠᠭᠰᠠᠨ ᠪᠠᠶᠢᠳᠠᠯ ᠢ | ᠨᠢᠭᠡᠳ ᠨᠢᠭᠡ ᠪᠠᠷ ᠬᠢᠨᠠᠨ ᠬᠠᠷᠭᠤᠭᠤᠯᠵᠤ᠂ ᠪᠠᠶᠢᠴᠠᠭᠠᠨ ᠰᠢᠯᠭᠠᠭᠰᠠᠨ ᠦᠭᠡᠢ ᠬᠥᠮᠥᠰ ᠢ ᠬᠠᠮᠤᠭ ᠤᠨ ᠲᠡᠷᠢᠭᠦᠨ ᠳᠤ | ᠡᠮᠴᠢ ᠰᠤᠪᠢᠯᠠᠯᠲᠠ ᠶᠢᠨ ᠪᠠᠶᠢᠴᠠᠭᠠᠨ ᠰᠢᠯᠭᠠᠬᠤ ᠠᠵᠢᠯᠲᠠᠨ ᠢᠶᠠᠷ ᠪᠠᠶᠢᠴᠠᠭᠠᠨ ᠰᠢᠯᠭᠠᠬᠤ ᠶᠢᠨ ᠬᠠᠮᠲᠤ ᠲᠡᠭᠦᠨ ᠢ | ᠰᠢᠪᠠᠳᠠᠵᠤ ᠪᠠᠶᠢᠭᠠᠳ ᠤᠰᠠᠳᠬᠠᠬᠤ᠂ ᠺᠣᠳ᠋ ᠰᠢᠷᠪᠢᠬᠦ ᠵᠡᠷᠭᠡ ᠬᠠᠮᠢᠶ᠎ᠠ ᠪᠦᠬᠦᠢ ᠳᠠᠩᠰᠠᠯᠠᠯᠲᠠ ᠶᠢ ᠰᠠᠶᠢᠲᠤᠷ ᠬᠢᠯᠭᠡᠨ᠎ᠡ | ︔ᠬᠤᠶᠠᠷ ᠲᠤ ᠭᠠᠯ ᠤᠨᠲᠠᠷᠠᠭᠠᠬᠤ᠂ ᠢᠳᠡᠭᠡᠨ ᠤ ᠵᠦᠢᠯ ᠡᠮ ᠤᠨ ᠵᠦᠢᠯ᠂ ᠰᠢᠲᠠᠮᠠᠬᠠᠢ ᠬᠡᠢ ᠵᠡᠷᠭᠡ ᠠᠵᠢᠯ | ᠲᠥᠷᠥᠯ ᠤᠨ ᠬᠦᠷᠢᠶᠡᠨ ᠳᠠᠬᠢ ᠬᠤᠳᠠᠯᠳᠤᠭᠠᠨ ᠤ ᠡᠷᠦᠬᠡ ᠳᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ | ᠬᠢᠵᠦ᠂ ᠳᠠᠯᠳᠠ ᠬᠡᠮ ᠣᠷᠣᠰᠢᠵᠤ ᠪᠠᠶᠢᠭ᠎ᠠ ᠬᠤᠳᠠᠯᠳᠤᠭᠠᠨ ᠤ ᠡᠷᠦᠬᠡ ᠶᠢ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠵᠤ᠂ ᠪᠠᠶᠢᠴᠠᠭᠠᠯᠲᠠ ᠶᠢ ︽ᠣᠷᠬᠢᠭᠳᠠᠭᠤᠯᠬᠤ ᠦᠭᠡᠢ᠂ ᠪᠦᠬᠦᠨ ᠢ ᠬᠠᠮᠤᠷᠬᠤ︾ ᠶᠢ ᠪᠠᠲᠤᠯᠠᠨ᠎ᠠ︔ | ᠭᠤᠷᠪᠠ ᠳᠤ ᠤᠬᠠᠭᠤᠯᠭ᠎ᠠ ᠪᠠᠨ ᠴᠢᠩᠭᠠᠳᠬᠠᠵᠤ᠂ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠠᠵᠢᠯᠲᠠᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠮᠤᠷ ᠲᠦᠪᠰᠢᠨ ᠤ ᠭᠠᠯ ᠤᠨᠲᠠᠷᠠᠭᠠᠬᠤ ᠦᠵᠡᠯ ᠤᠬᠠᠮᠰᠠᠷ ᠢ | ᠳᠡᠭᠡᠭᠰᠢᠯᠡᠭᠦᠯᠬᠦ ᠬᠡᠷᠡᠭᠲᠡᠢ᠃ | ᠲᠣᠰ ᠤᠳᠠᠭ᠎ᠠ ᠨᠡᠶᠢᠲᠡ 378 ᠬᠤᠳᠠᠯᠳᠤᠭᠠᠨ ᠤ ᠡᠷᠦᠬᠡ ᠶᠢ ᠪᠠᠶᠢᠴᠠᠭᠠᠪᠠ᠂ ᠡᠭᠦᠨ ᠳᠤ ᠰᠢᠲᠠᠮᠠᠬᠠᠢ | ᠬᠡᠢ ᠶᠢᠨ ᠢᠳᠡᠭᠡᠨ ᠤᠮᠳᠠᠭᠠᠨ ᠵᠡᠷᠭᠡ 100 ᠭᠤᠣᠯᠳᠠᠯᠭ᠎ᠠ ᠲᠠᠢ᠂ ᠬᠥᠮᠥᠨ ᠬᠠᠷ᠎ᠠ ᠨᠢᠭᠲᠠᠷᠠᠭᠰᠠᠨ ᠬᠤᠳᠠᠯᠳᠤᠭᠠᠨ ᠤ | ᠡᠷᠦᠬᠡ ᠳᠤ ᠨᠠᠷᠢᠨ ᠨᠢᠮᠪᠠᠢ ᠪᠠᠶᠢᠴᠠᠭᠠᠯᠲᠠ ᠬᠢᠭᠰᠡᠨ ᠪᠥᠭᠡᠳ ᠴᠥᠮ᠎ᠡ ᠶᠢᠨ ᠬᠦᠴᠢᠯ ᠤᠨ ᠪᠠᠶᠢᠴᠠᠭᠠᠯᠲᠠ ᠬᠢᠭᠰᠡᠨ | ᠪᠣᠯᠪᠠᠴᠤ ᠬᠦᠨᠳᠦ ᠶᠡᠭᠡ ᠠᠮᠤᠷ ᠲᠦᠪᠰᠢᠨ ᠤ ᠬᠡᠮ ᠰᠣᠭᠤᠭ ᠢ ᠣᠯᠵᠤ ᠮᠡᠳᠡᠭᠰᠡᠨ ᠦᠭᠡᠢ᠃ | | | | | ᠪᠠᠶᠢᠴᠠᠭᠠᠯᠲᠠ ᠪᠠᠷ ᠳᠡᠮᠵᠢᠨ᠂ ᠳ᠋ᠦᠩᠰᠢᠩ ᠣᠷᠣᠨ ᠤ ᠬᠤᠳᠠᠯᠳᠤᠭᠠᠨ ᠤ ᠡᠷᠦᠬᠡ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠪᠣᠳᠠᠲᠠᠶᠢᠵᠢᠭᠤᠯᠵᠤ᠂ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠠᠵᠢᠯᠲᠠᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠤᠨ ᠦᠵᠡᠯ ᠤᠬᠠᠮᠰᠠᠷ ᠢ ᠴᠢᠩᠭᠠᠷᠠᠭᠤᠯᠤᠨ᠂ ᠳ᠋ᠦᠩᠰᠢᠩ | ᠣᠷᠣᠨ ᠤ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠡᠮᠬᠢ ᠵᠢᠷᠤᠮ ᠢ ᠵᠢᠷᠤᠮᠵᠢᠭᠤᠯᠵᠤ᠂ ᠳ᠋ᠦᠩᠰᠢᠩ | ᠣᠷᠣᠨ ᠤ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠪᠦᠬᠦᠶᠢᠯᠡ ᠡᠵᠡᠩᠨᠡᠯᠲᠡ ᠶᠢᠨ ᠣᠷᠴᠢᠨ ᠨᠥᠬᠦᠴᠡᠯ ᠤᠨ | ᠡᠷᠡᠭᠦᠯ ᠪᠥᠭᠡᠳ ᠲᠣᠭᠲᠠᠭᠤᠨ ᠢᠶᠠᠷ ᠬᠥᠭᠵᠢᠬᠦ ᠶᠢ ᠦᠨᠡᠨ ᠬᠦ ᠪᠠᠲᠤᠯᠠᠪᠠ᠃ | |