ᠳ᠋ᠦᠩ ᠾᠧ ᠲᠣᠭᠤᠷᠢᠭ᠄ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠮᠤᠷ ᠲᠣᠭᠲᠠᠭᠤᠨ ᠵᠣᠯ ᠵᠢᠷᠭᠠᠯ ᠢ ᠴᠣᠭᠴᠠᠯᠠᠨ᠎ᠠ
ᠨᠡᠶᠢᠲᠡᠯᠡᠭᠰᠡᠨ ᠴᠠᠭ᠄
2022/9/13
     ᠠᠵᠢᠯ ᠣᠯᠭᠤᠯᠲᠠ ᠶᠢᠨ ᠨᠢᠭᠡ ᠲᠠᠯ᠎ᠠ ᠨᠢ ᠲᠦᠭ ᠲᠦᠮᠡᠨ ᠠᠶᠢᠯ ᠡᠷᠤᠭᠡ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠬᠠᠯᠠᠭᠤᠨ ᠬᠦᠢᠲᠡᠨ ᠲᠠᠢ ᠬᠤᠯᠪᠣᠭᠳᠠᠵᠤ᠂ ᠨᠦᠬᠦᠭᠡ ᠲᠠᠯ᠎ᠠ ᠨᠢ ᠠᠵᠤ ᠠᠬᠤᠶᠢᠯᠠᠯ ᠤᠨ ᠡᠵᠡᠩᠨᠡᠯᠲᠡ᠂ ᠬᠤᠷᠸ᠎ᠠ ᠠᠵᠤ ᠠᠬᠤᠢ ᠲᠠᠢ ᠬᠤᠯᠪᠣᠭᠳᠠᠵᠤ ᠪᠠᠶᠢᠳᠠᠭ᠃ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠨᠢ ᠤᠯᠠᠨ ᠲᠦᠮᠡᠨ ᠳᠤ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠠᠩᠭᠠᠭᠰᠠᠨ ᠢᠶᠠᠷ ᠪᠠᠷᠠᠬᠤ ᠦᠭᠡᠢ ᠪᠠᠰᠠ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠠᠮᠤᠭ ᠤᠨ ᠪᠠᠲᠤ ᠪᠠᠬᠢ ᠬᠥᠮᠥᠨ ᠤ ᠬᠦᠴᠦᠨ ᠤ ᠰᠠᠭᠤᠷᠢ ᠶᠢ ᠲᠠᠯᠪᠢᠵᠤ ᠥᠭᠴᠡᠢ᠃ᠡᠨᠡ ᠵᠢᠯ ᠠᠴᠠ ᠨᠠᠰᠢ᠂ ᠳ᠋ᠦᠩ ᠾᠧ ᠲᠣᠭᠤᠷᠢᠭ ᠤᠨ ᠬᠤᠲᠠ ᠪᠠᠯᠭᠠᠰᠤᠨ ᠳᠤ 8864 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠪᠥᠬᠦ ᠵᠢᠯ ᠤᠨ ᠬᠠᠷᠠᠯᠲᠠ ᠶᠢᠨ ᠢᠶᠠᠨ 89.54% ᠶᠢ ᠪᠡᠶᠡᠯᠡᠭᠦᠯᠪᠡ︔ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠤᠷᠮ᠎ᠠ ᠶᠢ ᠰᠠᠷ᠎ᠠ ᠳᠠᠷᠠᠭᠠᠯᠠᠨ ᠪᠠᠭᠤᠷᠠᠭᠤᠯᠵᠤ᠂ 3.87% ᠶᠢᠨ ᠳᠣᠲᠣᠷ᠎ᠠ ᠬᠢᠵᠠᠭᠠᠷᠯᠠᠪᠠ᠃ᠠᠵᠢᠯ ᠣᠯᠭᠤᠯᠲᠠ ᠶᠢᠨ ᠪᠠᠶᠢᠳᠠᠯ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠪᠠ᠃ᠠᠵᠢᠯ ᠣᠯᠭᠤᠯᠲᠠ ᠲᠣᠭᠲᠠᠭᠤᠨ ᠪᠠᠶᠢᠪᠠᠯ ᠠᠷᠠᠳ ᠤᠨ ᠰᠡᠳᠬᠢᠯ ᠲᠣᠭᠲᠠᠭᠤᠨ ᠪᠣᠯᠣᠨ᠎ᠠ      ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠡᠷᠴᠢᠮ ᠢ ᠴᠢᠩᠭᠠᠷᠠᠭᠤᠯᠬᠤ ᠠᠴᠠ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠬᠦ ᠬᠦᠷᠲᠡᠯ᠎ᠡ᠂ ᠬᠥᠳᠡᠯᠮᠦᠷᠢᠴᠢᠨ ᠬᠥᠷᠥᠩᠭᠡᠲᠡᠨ ᠤ ᠬᠠᠷᠢᠴᠠᠭ᠎ᠠ ᠶᠢ ᠲᠣᠭᠲᠠᠪᠤᠷᠢᠵᠢᠭᠤᠯᠬᠤ ᠠᠴᠠ ᠠᠵᠢᠯᠲᠠᠨ ᠠᠵᠢᠯᠴᠢᠨ ᠤ ᠪᠠᠲᠤᠯᠠᠭ᠎ᠠ ᠶᠢ ᠲᠡᠭᠦᠯᠳᠡᠷᠵᠢᠭᠦᠯᠬᠦ ᠬᠦᠷᠲᠡᠯ᠎ᠡ᠂ ᠲᠥᠪ ᠠᠴᠠ ᠣᠷᠣᠨ ᠨᠤᠲᠤᠭ ᠬᠦᠷᠲᠡᠯ᠎ᠡ ᠵᠠᠯᠭᠠᠭ᠎ᠠ ᠪᠠᠷ ᠠᠯᠢ ᠤᠯᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠭᠠᠷᠭᠠᠵᠠᠢ ᠁ ᠡᠯ᠎ᠡ ᠠᠵᠢᠯ ᠲᠦᠷᠦᠯ ᠤᠨ ᠬᠢᠨ ᠢᠳᠡᠪᠬᠢᠲᠡᠢ ᠴᠤᠤᠷᠢᠶᠠᠲᠤᠨ ᠳᠠᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠠᠵᠤ ᠠᠬᠤᠶᠢᠯᠠᠯ ᠢ ᠲᠣᠭᠲᠠᠪᠤᠷᠢᠵᠢᠭᠤᠯᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠳᠠᠭᠠᠬᠤ
︽ᠳ᠋ᠦᠩ ᠾᠧ ᠶᠢᠨ ᠠᠵᠢᠯ ᠢ ᠡᠳ᠋ᠯᠡᠬᠦ︾ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠬᠤᠷᠠᠯ      ᠠᠵᠢᠯ ᠣᠯᠭᠤᠯᠲᠠ ᠶᠢ ᠪᠠᠲᠤᠯᠠᠬᠤ ᠡᠭᠦᠷᠭᠡ ᠶᠢᠨ ᠡᠮᠦᠨ᠎ᠡ᠂ ᠳ᠋ᠦᠩ ᠾᠧ ᠲᠣᠭᠤᠷᠢᠭ ᠤᠨ ᠬᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠪᠤᠭᠤᠲᠤ ᠬᠤᠳᠠ ᠶᠢᠨ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠦᠷᠤ ᠶᠢᠨ ᠪᠣᠳᠣᠯᠭ᠎ᠠ ᠪᠣᠯᠣᠨ ᠡᠯ᠎ᠡ ᠵᠦᠢᠯ ᠤᠨ ᠠᠵᠢᠯ ᠣᠯᠭᠤᠬᠤ ᠦᠢᠯᠡᠰ ᠪᠣᠰᠬᠠᠬᠤ ᠲᠦᠷᠤ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠦᠷᠤ ᠶᠢᠨ ᠪᠣᠳᠣᠯᠭ᠎ᠠ᠂ ᠵᠠᠬ᠎ᠠ ᠳᠡᠯᠭᠡᠭᠦᠷ᠂ ᠦᠢᠯᠡᠴᠢᠯᠡᠭᠡᠨ ᠤ ᠤᠯᠠᠨ ᠳᠠᠪᠬᠤᠷ ᠦᠢᠯᠡᠳᠦᠯ ᠢ ᠭᠦᠢᠴᠡᠳ ᠪᠠᠳᠠᠷᠠᠭᠤᠯᠵᠤ᠂ ᠳᠠᠷᠤᠭᠠᠰᠤ ᠶᠢ ᠬᠥᠩᠭᠡᠷᠡᠭᠦᠯᠬᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠥᠷᠭᠡᠳᠬᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠣᠭᠲᠠᠭᠤᠨ ᠢᠶᠠᠷ ᠨᠡᠮᠡᠭᠳᠡᠭᠦᠯᠬᠦ ᠪᠠ ᠲᠣᠭᠲᠠᠭᠤᠨ ᠢᠶᠠᠷ ᠠᠵᠢᠯ ᠣᠯᠭᠤᠬᠤ ᠶᠢ ᠬᠠᠷᠢᠯᠴᠠᠨ ᠠᠬᠢᠭᠤᠯᠬᠤ ᠶᠢ ᠠᠬᠢᠭᠤᠯᠪᠠ᠃ᠪᠦᠷᠢᠳᠬᠡᠯ ᠢ ᠦᠨᠳᠦᠰᠦᠯᠡᠪᠡᠯ᠂ ᠳ᠋ᠦᠩ ᠾᠧ ᠲᠣᠭᠤᠷᠢᠭ ᠤᠨ ᠬᠢᠨ ᠡᠮᠦᠨ᠎ᠡ 8 ᠰᠠᠷ᠎ᠠ ᠳᠤ ︽ᠳ᠋ᠦᠩ ᠾᠧ ᠶᠢᠨ ᠨᠡᠶᠢᠲᠡ ᠶᠢᠨ ᠳ᠋ᠤᠭᠠᠷ ᠢ ᠡᠳ᠋ᠯᠡᠬᠦ︾᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ᠂ ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠰᠣᠨᠢᠨ ᠤ ᠲᠤᠰᠬᠠᠢ ᠬᠡᠪᠯᠡᠯ ᠵᠡᠷᠭᠡ ᠪᠠᠷ ᠳᠠᠮᠵᠢᠭᠤᠯᠤᠨ ︽ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ︾ ︽ᠭᠤᠣᠯᠳᠠᠯᠭ᠎ᠠ ᠲᠠᠢ ᠠᠵᠤ ᠠᠬᠤᠶᠢᠯᠠᠯ ᠤᠨ ᠴᠢᠬᠤᠯᠠ ᠶᠡᠭᠡ ᠲᠥᠷᠥᠯ ᠵᠦᠢᠯ︾ ᠵᠡᠷᠭᠡ ᠲᠦᠮᠡ ᠰᠢᠬᠠᠮ ᠠᠵᠢᠯ ᠤᠨ ᠪᠠᠶᠢᠷᠢ ᠶᠢ ᠪᠠᠶᠢᠩᠭᠤᠵᠢᠭᠤᠯᠤᠨ ᠬᠦᠷᠭᠡᠵᠦ᠂ 67 ᠬᠤᠭᠤᠴᠠᠭᠠᠨ ᠤ ᠮᠡᠳᠡᠭᠡ ᠵᠠᠩᠭᠢ ᠶᠢ ᠨᠡᠶᠢᠲᠡᠯᠡᠵᠦ᠂ 704 ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠡᠯᠡ ᠮᠥᠩᠭᠦ 706.17 ᠲᠦᠮᠡᠨ ᠲᠥᠭᠦᠷᠢᠭ ᠢ ᠲᠠᠷᠬᠠᠭᠠᠭᠰᠠᠨ ᠪᠠᠶᠢᠨ᠎ᠠ᠃
ᠭᠡᠷ ᠤᠨ ᠬᠤᠪᠴᠠᠰᠤ ᠵᠠᠰᠠᠯ ᠪᠣᠯᠪᠠᠰᠤᠷᠠᠯ ᠤᠨ ᠬᠢᠴᠢᠶᠡᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠎ᠡ      ︽ᠠᠵᠢᠯ ᠣᠯᠭᠤᠯᠲᠠ  ᠶᠢ ᠪᠠᠲᠤᠯᠠᠬᠤ ᠠᠷᠭ᠎ᠠ ᠬᠡᠮᠵᠢᠶ᠎ᠡ᠂ ᠠᠵᠢᠯ ᠤᠨ ᠪᠠᠶᠢᠷᠢ  ᠶᠢ ᠥᠷᠭᠡᠳᠬᠡᠬᠦ ᠠᠷᠭ᠎ᠠ ᠪᠠᠷ ᠳᠠᠮᠵᠢᠭᠤᠯᠤᠨ᠂ ᠬᠥᠳᠡᠯᠮᠦᠷᠢ  ᠶᠢᠨ ᠬᠦᠴᠦᠨ ᠤ ᠵᠠᠬ᠎ᠠ ᠳᠡᠯᠭᠡᠭᠦᠷ ᠤᠨ ᠬᠡᠯᠪᠡᠯᠵᠡᠯ  ᠢ ᠠᠯᠢ ᠴᠢᠳᠠᠬᠤ ᠪᠠᠷ ᠪᠠᠭᠠᠰᠬᠠᠵᠤ᠂ ᠡᠭᠦᠨ ᠤ ᠤᠯᠠᠮ  ᠠᠴᠠ ︿ᠲᠠᠷᠢᠭᠰᠠᠳ ᠲᠤ ᠲᠠᠷᠢᠶ᠎ᠠ ᠲᠠᠢ᠂ ᠰᠠᠭᠤᠷᠢᠰᠢᠭᠰᠠᠳ ᠲᠤ ᠣᠷᠣᠨ ᠰᠠᠭᠤᠴᠠ ᠲᠠᠢ᠂ ᠬᠥᠳᠡᠯᠮᠦᠷᠢᠯᠡᠭᠰᠡᠳ ᠲᠤ ᠠᠵᠢᠯ ᠤᠨ ᠪᠠᠶᠢᠷᠢ  ᠲᠠᠢ ᠪᠣᠯᠭᠠᠬᠤ﹀ ᠨᠡᠶᠢᠭᠡᠮ ᠤᠨ ︿ᠰᠢᠨ᠎ᠡ ᠬᠡᠪ ᠪᠠᠶᠢᠳᠠᠯ﹀  ᠢ ᠴᠢᠷᠮᠠᠶᠢᠨ ᠪᠡᠶᠡᠯᠡᠭᠦᠯᠵᠦ᠂ ᠠᠷᠠᠳ ᠤᠨ ᠠᠮᠢᠳᠤᠷᠠᠯ ᠤᠨ ᠦᠨᠳᠦᠰᠦ ᠰᠠᠭᠤᠷᠢ  ᠶᠢ ᠨᠡᠩ ᠭᠦᠨ ᠬᠠᠳᠬᠤᠵᠤ᠂ ᠨᠡᠩ ᠯᠠᠪᠳᠠᠭᠤᠨ ᠲᠣᠭᠲᠠᠭᠠᠵᠤ᠂ ᠨᠡᠶᠢᠭᠡᠮ ᠤᠨ ᠲᠣᠭᠲᠠᠭᠤᠨ ᠪᠠᠶᠢᠳᠠᠯ  ᠢ ᠦᠨᠳᠦᠰᠦ ᠰᠤᠷᠪᠤᠯᠵᠢ  ᠠᠴᠠ ᠨᠢ ᠪᠡᠶᠡᠯᠡᠭᠦᠯᠵᠦ᠂ ᠠᠵᠤ ᠠᠬᠤᠢ  ᠶᠢᠨ ᠬᠥᠭᠵᠢᠯᠲᠡ  ᠶᠢ ᠠᠬᠢᠭᠤᠯᠬᠤ ᠬᠡᠷᠡᠭᠲᠡᠢ︾᠃ ᠭᠡᠵᠦ ᠳ᠋ᠦᠩ ᠾᠧ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶᠠᠨ ᠤ  ᠬᠠᠷᠢᠭᠤᠴᠠᠯᠭᠠᠲᠠᠨ ᠬᠡᠯᠡᠪᠡ᠃ᠲᠦᠷᠦ ᠶᠢᠨ ᠪᠣᠳᠣᠯᠭ᠎ᠠ ᠶᠢᠨ ︽ᠴᠠᠭ ᠤᠨ ᠬᠤᠷ᠎ᠠ︾ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ      ᠳ᠋ᠦᠩ ᠾᠧ ᠲᠣᠭᠤᠷᠢᠭ ᠲᠤ ᠪᠠᠶᠢᠭ᠎ᠠ ᠵᠦᠸᠧᠴᠧᠩ ᠤᠨ ᠬᠥᠳᠡᠯᠮᠦᠷᠢ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ ᠲᠤᠰᠬᠠᠶᠢᠯᠠᠨ ᠬᠥᠳᠡᠯᠮᠦᠷᠢ ᠦᠢᠯᠡᠴᠢᠯᠡᠭᠡ ᠲᠣᠮᠢᠯᠠᠬᠤ᠂ ᠬᠥᠳᠡᠯᠮᠦᠷᠢ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ᠂ ᠴᠠᠯᠢᠩ ᠢ ᠣᠷᠣᠯᠠᠨ ᠥᠭᠬᠦ ᠵᠡᠷᠭᠡ ᠲᠤᠬᠠᠶᠢᠯᠠᠭᠰᠠᠨ ᠠᠵᠢᠯ ᠢ ᠡᠷᠬᠢᠯᠡᠳᠡᠭ ᠶᠤᠮ᠃ᠡᠨᠡ ᠵᠢᠯ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠬᠥᠮᠥᠨ ᠲᠣᠮᠢᠯᠠᠬᠤ ᠳᠤ ᠬᠦᠴᠢᠷᠳᠡᠵᠦ᠂ ᠬᠥᠮᠥᠨ ᠤ ᠬᠦᠴᠦ ᠪᠣᠳᠠᠰ ᠤᠨ ᠬᠦᠴᠦᠨ ᠤ ᠡᠬᠢ ᠪᠠᠶᠠᠯᠢᠭ ᠤᠨ ᠬᠤᠷᠣᠭᠳᠠᠯ ᠶᠡᠬᠡᠳᠴᠦ᠂ ᠠᠵᠤ ᠠᠬᠤᠶᠢᠯᠠᠯ ᠤᠨ ᠬᠡᠪ ᠤᠨ ᠡᠵᠡᠩᠨᠡᠯᠲᠡ ᠰᠢᠯᠭᠠᠯᠲᠠ ᠳᠤ ᠤᠴᠠᠷᠠᠪᠠ᠂ ᠠᠵᠤ ᠠᠬᠤᠶᠢᠯᠠᠯ ᠤᠨ ᠬᠠᠷᠢᠭᠤᠴᠠᠯᠭᠠᠲᠠᠨ᠄︽ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠮᠠᠨ ᠤ ᠠᠵᠢᠯᠲᠠᠨ ᠴᠠᠭ ᠲᠤᠬᠠᠢ ᠳᠤᠨᠢ ᠠᠵᠢᠯᠯᠠᠵᠤ ᠪᠠᠶᠢᠭ᠎ᠠ ᠨᠢᠭᠡᠴᠢ ᠳᠡᠭᠡᠨ ᠲᠣᠮᠢᠯᠠᠵᠤ ᠳᠡᠶᠢᠯᠬᠦ ᠦᠭᠡᠢ᠂ ᠪᠡᠯᠡ ᠮᠥᠩᠭᠦ ᠶᠢ ᠴᠠᠭ ᠲᠤᠬᠠᠢ ᠳᠤᠨᠢ ᠡᠭᠡᠭᠦᠯᠦᠨ ᠬᠤᠷᠢᠶᠠᠵᠤ ᠳᠡᠶᠢᠯᠬᠦ ᠦᠭᠡᠢ︾ ᠭᠡᠵᠦ ᠢᠯᠡᠷᠬᠡᠶᠢᠯᠡᠪᠡ᠃
ᠦᠨᠡᠨ ᠰᠡᠳᠬᠢᠯᠭᠡ ᠪᠠᠷ ᠦᠢᠯᠡᠴᠢᠯᠡᠵᠦ ᠠᠵᠤ ᠠᠬᠤᠶᠢᠯᠠᠯ ᠤᠨ ᠬᠦᠴᠢᠷ ᠵᠣᠪᠠᠯᠠᠩ ᠢ ᠰᠢᠢᠳᠪᠦᠷᠢᠯᠡᠵᠦ ᠥᠭᠭᠦᠨ᠎ᠡ      ᠠᠵᠤ ᠠᠬᠤᠶᠢᠯᠠᠯ ᠤᠨ ᠬᠦᠴᠢᠷᠳᠡᠯ ᠢ ᠣᠶᠢᠯᠠᠭᠠᠭᠰᠠᠨ ᠤ ᠲᠠᠷᠠᠭ᠎ᠠ᠂ ᠳ᠋ᠦᠩ ᠾᠧ ᠲᠣᠭᠤᠷᠢᠭ ᠤᠨ ᠬᠢᠨ ᠲᠡᠷᠡ ᠳᠠᠷᠤᠢ ᠳᠤᠨᠢ ᠠᠵᠤ ᠠᠬᠤᠶᠢᠯᠠᠯ ᠳᠤ︽ᠭᠤᠶᠤᠴᠢᠯᠠᠨ ᠮᠡᠳᠡᠭᠦᠯᠬᠦ ᠦᠭᠡᠢ ᠪᠠᠷ ᠳᠠᠷᠤᠢ ᠡᠳ᠋ᠯᠡᠬᠦ︾ᠲᠦᠷᠭᠡᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠠᠵᠢᠯ ᠦᠯᠡᠳᠡᠭᠡᠬᠦ ᠨᠥᠬᠦᠪᠦᠷᠢ ᠬᠠᠷᠠᠭᠠᠯᠵᠠᠯ ᠤᠨ ᠠᠵᠤ ᠠᠬᠤᠶᠢᠯᠠᠯ ᠢ ᠲᠤᠰᠠᠯᠠᠬᠤ ᠲᠦᠷᠦ ᠶᠢᠨ ᠪᠣᠳᠣᠯᠭ᠎ᠠ ᠶᠢ ᠤᠨᠢᠨ ᠳᠡᠭᠡᠷ᠎ᠡ ᠨᠢ ᠲᠣᠬᠢᠷᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷᠳᠡᠯ ᠢ ᠲᠠᠷᠬᠠᠭᠠᠪᠠ᠃ᠪᠡᠯᠡ ᠮᠥᠩᠭᠦ ᠶᠢ ᠴᠠᠭ ᠲᠤᠬᠠᠢ ᠳᠤᠨᠢ ᠣᠷᠣᠭᠤᠯᠵᠤ᠂ ᠠᠵᠤ ᠠᠬᠤᠶᠢᠯᠠᠯ ᠤᠨ ᠠᠵᠢᠯᠯᠠᠭᠠᠨ ᠢ ᠦᠳᠲᠡᠷ ᠲᠦᠷᠭᠡᠨ ᠰᠡᠷᠭᠦᠭᠡᠪᠡ᠃ ︽ᠺᠣᠮᠫᠠᠨᠢ  ᠶᠢᠨ ᠨᠢᠭᠡ ᠯᠡ ᠤᠳᠠᠭ᠎ᠠ  ᠶᠢᠨ ᠴᠢᠨᠠᠷᠲᠠᠢ ᠠᠵᠢᠯ ᠦᠯᠡᠳᠡᠭᠡᠬᠦ ᠨᠥᠬᠦᠪᠦᠷᠢ ᠨᠡᠶᠢᠲᠡ 22 ᠲᠦᠮᠡ ᠭᠠᠷᠤᠢ ᠪᠣᠯᠵᠤ᠂ ᠺᠣᠮᠫᠠᠨᠢ  ᠶᠢᠨ ᠡᠵᠡᠩᠨᠡᠯᠲᠡ ᠳᠤ ᠦᠵᠡᠭᠦᠯᠬᠦ ᠬᠢᠵᠢᠭ ᠤᠨ ᠨᠥᠯᠥᠭᠡ  ᠶᠢ ᠪᠠᠭᠠᠰᠬᠠᠵᠤ᠂ ᠮᠠᠨ  ᠢ ᠬᠠᠪᠰᠤᠷᠤᠨ ᠪᠡᠷᠬᠡ ᠪᠣᠭᠤᠮᠲᠠ  ᠶᠢ ᠳᠤᠭᠤᠯᠵᠤ᠂ ᠠᠵᠢᠯ ᠤᠨ ᠪᠠᠶᠢᠷᠢ  ᠶᠢ ᠦᠯᠡᠳᠡᠭᠡᠨ᠂ ᠠᠵᠢᠯᠲᠠᠨ ᠠᠵᠢᠯᠴᠢᠨ  ᠢ ᠲᠣᠭᠲᠠᠪᠤᠷᠢᠵᠢᠭᠤᠯᠵᠤ᠂ ᠺᠣᠮᠫᠠᠨᠢ  ᠶᠢᠨ ᠨᠡᠩ ᠰᠠᠶᠢᠨ ᠬᠥᠭᠵᠢᠯᠲᠡ  ᠶᠢ ᠳᠠᠶᠢᠴᠢᠯᠠᠪᠠ︾᠃ ᠭᠡᠵᠦ ᠪᠤᠭᠤᠲᠤ ᠬᠤᠳᠠ ᠶᠢᠨ ᠰᠢᠦᠢ ᠴᠧᠩ ᠬᠥᠳᠡᠯᠮᠦᠷᠢ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠬᠡᠯᠡᠪᠡ᠃      ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠪᠣᠯ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢᠨ ᠤᠷᠢᠲᠠᠯ ᠮᠥᠨ᠃ᠨᠡᠶᠢᠭᠡᠮ ᠤᠨ ᠳᠠᠭᠠᠳᠬᠠᠯ ᠤᠨ ︽ᠪᠠᠭᠤᠷᠠᠭᠤᠯᠬᠤ ᠶᠢ ᠳᠠᠬᠢᠨ ᠬᠤᠶᠢᠰᠢᠯᠠᠭᠤᠯᠬᠤ︾ ᠠᠴᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠬᠦᠷᠲᠡᠯ᠎ᠡ᠂ ᠪᠤᠭᠤᠲᠤ ᠬᠤᠲᠠ ᠂ ᠳ᠋ᠦᠩ ᠾᠧ ᠲᠣᠭᠤᠷᠢᠭ ᠤᠨ ᠬᠢᠨ ᠬᠠᠮᠲᠤ ᠪᠠᠷ ᠬᠦᠴᠦ ᠣᠷᠣᠭᠤᠯᠵᠤ᠂ 1 ᠳ᠋ᠦᠭᠡᠷ ᠰᠠᠷ᠎ᠠ  ᠠᠴᠠ 8 ᠳ᠋ᠤᠭᠠᠷ ᠰᠠᠷ᠎ᠠ ᠪᠣᠯᠲᠠᠯ᠎ᠠ᠂ ᠳ᠋ᠦᠩ ᠾᠧ ᠲᠣᠭᠤᠷᠢᠭ ᠤᠨ ᠬᠢᠨ ︽ᠪᠠᠭᠤᠷᠠᠭᠤᠯᠬᠤ ᠶᠢ ᠳᠠᠬᠢᠨ ᠬᠤᠶᠢᠰᠢᠯᠠᠭᠤᠯᠬᠤ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠷᠤᠭᠠᠰᠤ ᠶᠢ 1161.5 ᠲᠦᠮᠡᠨ ᠲᠥᠭᠦᠷᠢᠭ ᠬᠥᠩᠭᠡᠯᠡᠵᠦ᠂ ᠠᠵᠤ ᠠᠬᠤᠶᠢᠯᠠᠯ ᠤᠨ ᠠᠵᠢᠯ ᠠᠯᠳᠠᠭᠰᠠᠳ ᠤᠨ ᠳᠠᠷᠤᠭᠠᠰᠤ ᠶᠢ 212.5 ᠲᠦᠮᠡᠨ ᠲᠥᠭᠦᠷᠢᠭ ᠬᠥᠩᠭᠡᠯᠡᠵᠦ᠂ 886 ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠠᠵᠢᠯ ᠦᠯᠡᠳᠡᠭᠡᠬᠦ ᠨᠥᠬᠦᠪᠦᠷᠢ 800.3 ᠲᠦᠮᠡᠨ ᠲᠥᠭᠦᠷᠢᠭ ᠢ ᠰᠠᠯᠭᠠᠨ ᠥᠭᠴᠡᠢ᠃
ᠠᠵᠢᠯ ᠠᠯᠳᠠᠯᠲᠠ ᠶᠢᠨ ᠪᠠᠶᠢᠳᠠᠯ ᠢ ᠬᠢᠨᠠᠨ ᠰᠢᠯᠭᠠᠬᠤ ᠠᠵᠤ ᠠᠬᠤᠶᠢᠯᠠᠯ ᠤᠨ ᠪᠣᠯᠪᠠᠰᠤᠷᠠᠯ ᠤᠨ ᠬᠤᠷᠠᠯ      ︽ᠪᠢᠳᠡ ᠠᠵᠢᠯ ᠠᠯᠳᠠᠯᠲᠠ  ᠶᠢᠨ ᠳᠠᠭᠠᠳᠬᠠᠯ ᠤᠨ ᠠᠵᠢᠯ ᠤᠨ ᠪᠠᠶᠢᠷᠢ  ᠶᠢ ᠲᠣᠭᠲᠠᠪᠤᠷᠢᠵᠢᠭᠤᠯᠤᠨ ᠪᠤᠴᠠᠭᠠᠬᠤ ᠲᠠᠯ᠎ᠠ ᠪᠠᠷ ︿ᠰᠢᠭᠤᠳ ᠬᠦᠷᠭᠡᠵᠦ ᠲᠦᠷᠭᠡᠨ ᠡᠳ᠋ᠯᠡᠬᠦ﹀  ᠶᠢ ᠬᠡᠷᠡᠭᠵᠢᠭᠦᠯᠵᠦ᠂ ᠠᠵᠤ ᠠᠬᠤᠶᠢᠯᠠᠯ ᠭᠤᠶᠤᠴᠢᠯᠠᠯ ᠭᠠᠷᠭᠠᠬᠤ ᠬᠡᠷᠡᠭ ᠦᠭᠡᠢ᠂ ᠲᠣᠮᠣ ᠳ᠋ᠠᠶᠢᠲ᠋ᠠ  ᠶᠢᠨ ᠠᠷᠤ ᠲᠠᠯ᠎ᠠ  ᠶᠢᠨ ᠬᠠᠷᠢᠴᠠᠭᠤᠯᠤᠯ ᠢᠶᠠᠷ ᠳᠠᠮᠵᠢᠭᠤᠯᠤᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠳᠤ ᠰᠢᠭᠤᠳ ︿ᠤᠨᠢᠨ ᠳᠡᠭᠡᠷ᠎ᠡ ᠨᠢ ᠬᠦᠷᠭᠡᠵᠦ﹀᠂ ᠠᠵᠤ ᠠᠬᠤᠶᠢᠯᠠᠯ ᠨᠢᠭᠡ ᠯᠡ ᠳᠡᠭᠡᠷ᠎ᠡ ᠨᠤᠲᠠᠯᠠᠨ ᠲᠣᠭᠲᠠᠭᠠᠵᠤ᠂ ᠠᠵᠢᠯ ᠤᠨ ᠪᠠᠶᠢᠷᠢ  ᠶᠢ ᠲᠣᠭᠲᠠᠪᠤᠷᠢᠵᠢᠭᠤᠯᠤᠨ ᠪᠤᠴᠠᠭᠠᠬᠤ ᠪᠡᠯᠡ ᠮᠥᠩᠭᠦ  ᠶᠢ ᠠᠵᠤ ᠠᠬᠤᠶᠢᠯᠠᠯ ᠤᠨ ᠳᠠᠩᠰᠠᠨ ᠡᠷᠦᠬᠡ ᠳᠤ ᠰᠢᠭᠤᠳ ᠬᠦᠷᠭᠡᠨ᠎ᠡ︾᠃ ᠭᠡᠵᠦ ᠳ᠋ᠦᠩ ᠾᠧ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶᠠᠨ ‍ᠤᠲᠥᠷᠥ ᠶᠢᠨ ᠪᠣᠳᠣᠯᠭ᠎ᠠ ᠶᠢᠨ ︽ᠴᠠᠭ ᠤᠨ ᠬᠤᠷ᠎ᠠ︾ ᠨᠢ ᠠᠵᠤ ᠠᠬᠤᠶᠢᠯᠠᠯ ᠤᠨ ᠳᠠᠷᠤᠯᠲᠠ ᠶᠢ ᠪᠦᠲᠦᠮᠵᠢᠲᠡᠶ ᠬᠥᠩᠭᠡᠷᠡᠭᠦᠯᠦᠭᠰᠡᠨ ᠤ ᠤᠯᠠᠮ ᠠᠴᠠ ᠠᠵᠤ ᠠᠬᠤᠶᠢᠯᠠᠯ ᠢ ᠬᠠᠪᠰᠤᠷᠤᠨ ᠣᠨᠴᠠᠭᠠᠶ ᠴᠠᠭ ᠦᠶ᠎ᠡ ᠳᠤ ᠠᠵᠢᠯ ᠤᠨ ᠪᠠᠶᠢᠷᠢ ᠶᠢ ᠨᠢ ᠲᠣᠭᠲᠠᠪᠤᠷᠢᠵᠢᠭᠤᠯᠵᠤ᠂ ᠠᠵᠢᠯᠲᠠᠨ ᠤ ᠡᠩᠨᠡᠭᠡ ᠶᠢ ᠨᠢ ᠲᠣᠭᠲᠠᠪᠤᠷᠢᠵᠢᠭᠤᠯᠤᠭᠰᠠᠨ ᠠᠴᠠ ᠪᠣᠯᠵᠠᠢ᠃ᠬᠠᠮ ᠨᠢᠳᠤᠷᠭ᠎ᠠ ᠴᠣᠬᠢᠬᠤᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ      8 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠳ᠋ᠦᠩ ᠾᠧ ᠲᠣᠭᠤᠷᠢᠭ ᠤᠨ ᠬᠢᠨ ︽2022 ᠣᠨ ᠤ ᠠᠵᠢᠯ ᠣᠯᠭᠤᠯᠲᠠ ᠶᠢᠨ ᠲᠤᠰᠠᠯᠠᠮᠵᠢ ᠶᠢᠨ ︿ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ﹀ ᠶᠢᠨ ᠬᠠᠮᠲᠤᠷᠠᠭᠰᠠᠨ ᠠᠵᠢᠯᠲᠠᠨ ᠡᠯᠰᠡᠬᠦ ᠴᠤᠭᠯᠠᠭᠠᠨ︾ ᠡᠷᠭᠢᠯᠡᠵᠦ᠂ ᠲᠣᠰ ᠠᠵᠢᠯᠯᠠᠭ᠎ᠠ ᠳᠤ ᠨᠡᠶᠢᠲᠡ 61 ᠭᠤᠣᠯᠳᠠᠯᠭ᠎ᠠ ᠲᠠᠢ ᠠᠵᠤ ᠠᠬᠤᠶᠢᠯᠠᠯ ᠢ ᠤᠷᠢᠨ ᠣᠷᠣᠯᠴᠠᠭᠤᠯᠵᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠶᠢᠨ ᠠᠷᠭ᠎ᠠ ᠮᠠᠶ᠋ᠢᠭ ᠢᠶᠠᠷ ᠵᠡᠷᠭᠡᠪᠡᠷ ᠶᠠᠪᠤᠭᠳᠠᠭᠤᠯᠵᠤ᠂ ᠠᠵᠢᠯ ᠡᠷᠢᠭᠰᠡᠳ ᠢ ᠨᠡᠶᠢᠲᠡ 700 ᠭᠠᠷᠤᠢ ᠬᠥᠮᠥᠨ ᠤᠳᠠᠭ᠎ᠠ ᠲᠡᠳᠡᠨ ᠠᠪᠴᠢᠷᠠᠵᠤ᠂ ᠠᠩᠬ᠎ᠠ ᠠᠯᠬᠤᠮ ᠤᠨ ᠰᠠᠨᠠᠯ ᠢ 113 ᠬᠥᠮᠥᠨ ᠤᠳᠠᠭ᠎ᠠ ᠲᠣᠭᠲᠠᠭᠠᠵᠤ᠂ ᠤᠬᠠᠭᠤᠯᠭ᠎ᠠ ᠶᠢᠨ ᠳᠡᠪᠲᠡᠷ ᠢ 200 ᠭᠠᠷᠤᠢ ᠬᠤᠪᠢ ᠲᠠᠷᠬᠠᠭᠠᠵᠠᠢ᠃ᠰᠠᠶ᠋ᠢᠬᠠᠨ ᠲᠡᠭᠦᠰᠦᠭᠰᠡᠨ ᠵᠠᠩ ᠰᠢᠶᠣᠣ ᠹᠧᠩ ᠣᠯᠠᠨ ᠠᠵᠤ ᠠᠬᠤᠶᠢᠯᠠᠯ ᠲᠠᠢ ᠨᠢᠭᠤᠷᠲᠠᠨ ᠶᠠᠷᠢᠯᠴᠠᠬᠤ ᠪᠠᠷ ᠳᠡᠮᠵᠢᠨ᠂ ᠬᠠᠮᠤᠭ ᠤᠨ ᠡᠴᠦᠰ ᠲᠤ ᠰᠠᠨᠠᠭᠠᠨ ᠳᠠᠭᠠᠨ ᠳᠠᠭᠠᠷᠠᠭᠰᠠᠨ ᠨᠢᠭᠡᠨ ᠠᠵᠤ ᠠᠬᠤᠶᠢᠯᠠᠯ ᠲᠠᠢ ᠠᠵᠢᠯ ᠣᠯᠬᠤ ᠰᠠᠨᠠᠭ᠎ᠠ ᠲᠠᠢ ᠪᠣᠯᠵᠠᠢ᠂ ᠡᠭᠦᠨ ᠳᠤ ᠵᠠᠩ ᠰᠢᠶᠣᠣ ᠹᠧᠩ ᠄ ︽ᠡᠶᠢᠮᠦᠷᠬᠦ ᠠᠵᠢᠯᠲᠠᠨ ᠡᠯᠰᠡᠬᠦ ᠴᠤᠭᠯᠠᠭᠠᠨ ᠨᠢ ᠮᠠᠨ ᠤ ᠰᠠᠶ᠋ᠢᠬᠠᠨ ᠨᠡᠶᠢᠭᠡᠮ ᠳᠤ ᠣᠷᠣᠭᠰᠠᠨ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠲᠤ ᠮᠠᠰᠢ ᠰᠠᠶᠢᠨ ᠠᠵᠢᠯ ᠣᠯᠬᠤ ᠲᠣᠬᠢᠶᠠᠯ ᠣᠯᠭᠤᠵᠤ ᠥᠭᠭᠦᠭᠰᠡᠨ ᠢᠶᠠᠷ ᠪᠠᠷᠠᠬᠤ ᠦᠭᠡᠢ᠂ ᠠᠵᠤ ᠠᠬᠤᠶᠢᠯᠠᠯ ᠤᠨ ᠬᠢᠨ ᠴᠦ ᠲᠡᠳᠡᠨ ᠤ ᠬᠡᠷᠡᠭᠰᠡᠬᠦ ᠴᠢᠳᠠᠪᠤᠷᠢᠲᠠᠨ  ᠢ ᠨᠠᠩ ᠣᠨᠣᠪᠴᠢᠲᠠᠶ ᠰᠣᠩᠭᠤᠵᠤ ᠴᠢᠳᠠᠬᠤ ᠪᠣᠯᠤᠭᠰᠠᠨ ᠪᠠᠶᠢᠨ᠎ᠠ︾ ᠭᠡᠵᠡᠢ᠃
ᠤᠷᠢᠬᠤ ᠬᠤᠷᠠᠯ ᠤᠨ ᠠᠬᠤᠢ ᠲᠠᠯᠠᠪᠠᠢ     ᠠᠵᠢᠯ ᠣᠯᠭᠤᠯᠲᠠ ᠨᠢ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠳᠤ ᠬᠤᠯᠪᠣᠭᠳᠠᠨ᠎ᠠ᠂ ᠬᠤᠶᠠᠷ ᠲᠠᠯ᠎ᠠ ᠶᠢᠨ ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠰᠠᠶᠢᠲᠤᠷ ᠬᠢᠬᠦ ᠪᠣᠯ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢᠨ ᠭᠤᠣᠯ ᠠᠭᠤᠯᠭ᠎ᠠ ᠪᠣᠯᠣᠨ᠎ᠠ᠃ᠳ᠋ᠦᠩ ᠾᠧ ᠲᠣᠭᠤᠷᠢᠭ ᠤᠨ ᠬᠢᠨ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠠᠯᠳᠠᠭᠰᠠᠳ ᠪᠣᠯᠣᠨ ᠬᠦᠴᠢᠷᠳᠡᠯᠲᠡᠢ ᠬᠥᠮᠥᠰ ᠢᠶᠠᠷ ᠭᠤᠣᠯᠳᠠᠯᠭ᠎ᠠ ᠪᠣᠯᠭᠠᠵᠤ᠂ ᠤᠨᠢᠨ ᠳᠡᠭᠡᠷ᠎ᠡ ᠨᠢ ᠬᠦᠴᠦᠯᠡᠵᠦ᠂ ᠠᠵᠢᠯ ᠤᠨ ᠪᠠᠶᠢᠷᠢ ᠶᠢᠨ ᠬᠠᠩᠭᠠᠯᠭ᠎ᠠ᠂ ᠤᠷᠢᠵᠤ ᠬᠡᠷᠡᠭᠯᠡᠬᠦ ᠦᠢᠯᠡᠴᠢᠯᠡᠭᠡ᠂ ᠬᠦᠴᠢᠷᠳᠡᠯ ᠢ ᠬᠠᠪᠰᠤᠷᠤᠨ ᠲᠡᠳᠬᠦᠬᠦ ᠵᠡᠷᠭᠡ ᠡᠷᠴᠢᠮ ᠢᠶᠠᠨ ᠴᠢᠩᠭᠠᠷᠠᠭᠤᠯᠵᠤ᠂ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠨᠢ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠲᠠᠢ ᠬᠤᠯᠪᠤᠭᠠᠯᠠᠨ ᠵᠡᠮᠳᠡᠭᠴᠦᠳ ᠤᠨ ᠲᠤᠰᠬᠠᠢ ᠲᠠᠯᠠᠪᠠᠢ ᠶᠢᠨ ᠤᠷᠢᠵᠤ ᠡᠯᠰᠡᠬᠦ ᠬᠤᠷᠠᠯ ᠢ 2 ᠤᠳᠠᠭ᠎ᠠ ᠵᠣᠬᠢᠶᠠᠨ ᠪᠠᠶᠢᠭᠤᠯᠵᠤ᠂ 33 ᠠᠵᠤ ᠠᠬᠤᠶᠢᠯᠠᠯ 450 ᠰᠢᠬᠠᠮ ᠠᠵᠢᠯ ᠤᠨ ᠪᠠᠶᠢᠷᠢ ᠬᠠᠩᠭᠠᠪᠠ᠃ᠵᠡᠮᠳᠡᠭᠴᠦᠳ ᠤᠨ ᠲᠤᠰᠬᠠᠢ ᠲᠠᠯᠠᠪᠠᠶ ᠶᠢᠨ ᠰᠦᠯᠵᠢᠶ᠎ᠡ ᠪᠠᠷ ᠠᠵᠢᠯᠲᠠᠨ ᠡᠯᠰᠡᠬᠦ ᠮᠡᠳᠡᠭᠡ ᠵᠠᠩᠭᠢ ᠬᠦᠷᠭᠡᠬᠦ ᠠᠵᠢᠯᠯᠠᠭ᠎ᠠ ᠶᠢ 3 ᠬᠤᠭᠤᠴᠠᠭ᠎ᠠ ᠥᠷᠨᠢᠭᠦᠯᠵᠦ᠂ 35 ᠠᠵᠤ ᠠᠬᠤᠶᠢᠯᠠᠯ ᠳᠤ 467 ᠠᠵᠢᠯ ᠤᠨ ᠪᠠᠶᠢᠷᠢ ᠬᠠᠩᠭᠠᠪᠠ᠃︽ᠳ᠋ᠦᠩ ᠾᠧ ᠶᠢᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠪᠤᠷᠢ ᠶᠢᠨ ᠬᠢᠨ ᠠᠵᠢᠯᠯᠠᠭ᠎ᠠ ᠪᠠᠷ ᠵᠡᠮᠳᠡᠭᠴᠦᠳ ᠢ ᠬᠠᠪᠰᠤᠷᠤᠨ ᠠᠵᠢᠯ ᠣᠯᠭᠤᠬᠤ ᠳᠤ ᠬᠠᠯᠠᠮᠵᠢᠯᠠᠯ ᠬᠦᠷᠭᠡᠵᠦ ᠳ᠋ᠦᠩ ᠾᠧ ᠲᠣᠭᠤᠷᠢᠭ ᠤᠨ ᠵᠡᠮᠳᠡᠭᠴᠦᠳ ᠤᠨ ᠠᠵᠢᠯ ᠣᠯᠭᠤᠯᠲᠠ ᠶᠢ ᠠᠬᠢᠭᠤᠯᠬᠤ ᠰᠢᠭᠤᠳ ᠨᠡᠪᠲᠡᠷᠡᠭᠦᠯᠭᠡ ᠶᠢᠨ ᠠᠵᠢᠯ ᠤᠨ ᠪᠠᠶᠢᠷᠢ ᠶᠢ ᠳᠠᠭᠠᠭᠤᠯᠬᠤ︾ᠠᠵᠢᠯ ᠢ ᠥᠷᠨᠢᠭᠦᠯᠵᠦ᠂ 25 ᠠᠵᠤ ᠠᠬᠤᠶᠢᠯᠠᠯ ᠳᠤ 200 ᠠᠵᠢᠯ ᠤᠨ ᠪᠠᠶᠢᠷᠢ ᠬᠠᠩᠭᠠᠪᠠ︔ᠴᠡᠷᠢᠭ ᠤᠨ ᠠᠯᠪᠠᠨ  ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠴᠡᠷᠢᠭ ᠤᠨ ᠠᠯᠪᠠᠨ  ᠠᠴᠠ ᠪᠠᠭᠤᠭᠰᠠᠳ ᠤᠨ ᠲᠤᠰᠬᠠᠢ ᠠᠵᠢᠯᠲᠠᠨ ᠡᠯᠰᠡᠬᠦ ᠬᠤᠷᠠᠯ  ᠢ ᠬᠤᠷᠠᠯᠳᠤᠭᠤᠯᠵᠤ᠂ 25 ᠠᠵᠤ ᠠᠬᠤᠶᠢᠯᠠᠯ ᠬᠤᠷᠠᠯ ᠳᠤ ᠣᠷᠣᠯᠴᠠᠵᠤ᠂ 508 ᠠᠵᠢᠯ ᠤᠨ ᠪᠠᠶᠢᠷᠢ ᠬᠠᠩᠭᠠᠵᠤ᠂ 55 ᠬᠥᠮᠥᠨ ᠳᠤ ᠠᠵᠢᠯ ᠣᠯᠭᠤᠬᠤ ᠰᠠᠨᠠᠯ ᠲᠠᠢ ᠪᠣᠯᠪᠠ︔ᠡᠯ᠎ᠡ ᠵᠡᠭᠡᠯᠢ ᠪᠠᠯᠭᠠᠰᠤ᠂ ᠵᠡᠮᠳᠡᠭᠴᠦᠳ ᠤᠨ ᠬᠤᠯᠪᠣᠭ᠎ᠠ ᠶᠢ ᠵᠣᠬᠢᠶᠠᠨ ᠪᠠᠶᠢᠭᠤᠯᠤᠨ ᠠᠵᠢᠯ ᠣᠯᠭᠤᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ 50 ᠬᠥᠮᠥᠨ ᠡᠯᠰᠡᠨ᠎ᠡ᠃8 ᠰᠠᠷ᠎ᠠ ᠶᠢᠨ ᠰᠡᠭᠦᠯᠴᠢ ᠪᠣᠯᠲᠠᠯ᠎ᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ ᠠᠵᠢᠯᠯᠠᠭ᠎ᠠ ᠶᠢ 14 ᠲᠠᠯᠠᠪᠤᠷ ᠡᠷᠭᠢᠯᠡᠵᠦ᠂ 7488 ᠠᠵᠢᠯ ᠤᠨ ᠪᠠᠶᠢᠷᠢ ᠬᠠᠩᠭᠠᠪᠠ᠃
ᠡᠯᠰᠡᠯᠲᠡ ᠶᠢᠨ ᠬᠤᠷᠠᠯ ᠳᠡᠭᠡᠷ᠎ᠡ ᠠᠵᠢᠯ ᠡᠷᠢᠭᠴᠢ ᠠᠵᠤ ᠠᠬᠤᠶᠢᠯᠠᠯ ᠠᠴᠠ ᠬᠠᠮᠢᠶ᠎ᠠ ᠪᠦᠬᠦᠢ ᠪᠠᠶᠢᠳᠠᠯ ᠢ ᠠᠰᠠᠭᠤᠨ ᠯᠠᠪᠯᠠᠨ᠎ᠠ      ᠡᠭᠦᠨ ᠤ ᠵᠡᠷᠭᠡ ᠳᠤ ᠳ᠋ᠦᠩ ᠾᠧ ᠲᠣᠭᠤᠷᠢᠭ ᠤᠨ ᠬᠢᠨ ᠠᠵᠢᠯ ᠠᠯᠳᠠᠯᠲᠠ  ᠶᠢᠨ ᠳᠠᠭᠠᠳᠬᠠᠯ ᠤᠨ ᠪᠠᠲᠤᠯᠠᠭ᠎ᠠ  ᠶᠢᠨ ᠬᠡᠪᠴᠢᠶ᠎ᠡ  ᠶᠢ ᠦᠷᠭᠦᠯᠵᠢᠯᠡᠨ ᠥᠷᠭᠡᠳᠬᠡᠵᠦ᠂ ᠠᠵᠢᠯ ᠠᠯᠳᠠᠭᠰᠠᠳ ᠤᠨ ᠦᠨᠳᠦᠰᠦᠨ ᠠᠮᠢᠳᠤᠷᠠᠯ  ᠢ ᠪᠠᠲᠤᠯᠠᠨ᠎ᠠ᠂ ᠠᠵᠢᠯ ᠠᠯᠳᠠᠯᠲᠠ  ᠶᠢᠨ ᠳᠠᠭᠠᠳᠬᠠᠯ ᠤᠨ ᠮᠥᠩᠭᠦ ᠠᠪᠬᠤ ᠬᠤᠭᠤᠴᠠᠭ᠎ᠠ ᠨᠢ ᠳᠦᠭᠦᠷᠦᠭᠰᠡᠨ ᠪᠠᠶᠢᠲᠠᠯ᠎ᠠ ᠮᠥᠨ ᠯᠡ ᠠᠵᠢᠯ ᠣᠯᠣᠭᠠᠳᠤᠢ᠂ ᠠᠵᠢᠯ ᠠᠯᠳᠠᠯᠲᠠ  ᠶᠢᠨ ᠳᠠᠭᠠᠳᠬᠠᠯ ᠤᠨ ᠮᠥᠩᠭᠦ ᠠᠪᠬᠤ ᠨᠥᠬᠦᠴᠡᠯ ᠳᠤ ᠨᠡᠶᠢᠴᠡᠬᠦ ᠦᠭᠡᠢ ᠳᠠᠭᠠᠳᠬᠠᠯ ᠳᠤ ᠣᠷᠣᠯᠴᠠᠭᠰᠠᠨ ᠠᠵᠢᠯ ᠠᠯᠳᠠᠭᠰᠠᠳ ᠲᠤ ᠠᠵᠢᠯ ᠠᠯᠳᠠᠯᠲᠠ  ᠶᠢᠨ ᠨᠥᠬᠦᠪᠦᠷᠢ ᠮᠥᠩᠭᠦ ᠣᠯᠭᠤᠨ᠎ᠠ᠃      ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠵᠤ᠂ ᠠᠵᠢᠯ ᠣᠯᠭᠤᠯᠲᠠ ᠶᠢ ᠪᠠᠲᠤᠯᠠᠵᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠤᠨ᠎ᠠ᠃ᠡᠨᠡ ᠵᠢᠯ᠂ ᠳ᠋ᠦᠩ ᠡᡁᠸ ᠲᠣᠭᠤᠷᠢᠭ ᠤᠨ ᠬᠢᠨ ᠬᠠᠮ ᠳᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠠᠵᠤ ᠠᠬᠤᠶᠢᠯᠠᠯ ᠢ ᠲᠣᠭᠲᠠᠪᠤᠷᠢᠵᠢᠭᠤᠯᠵᠤ᠂ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠤᠨ ᠪᠠᠶᠢᠷᠢ ᠶᠢ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠠᠯᠳᠠᠭᠰᠠᠳ ᠢ ᠬᠠᠪᠰᠤᠷᠤᠨ ᠲᠡᠳᠬᠦᠵᠦ ᠠᠮᠢᠳᠤᠷᠠᠯ ᠢ ᠨᠢ ᠪᠠᠲᠤᠯᠠᠵᠤ᠂ ᠠᠷᠠᠳ ᠤᠯᠠᠨ ᠤ ᠰᠡᠳᠬᠢᠯ ᠢ ᠠᠮᠤᠷᠵᠢᠭᠤᠯᠵᠤ᠂ ᠳ᠋ᠦᠩ ᠡᡁᠸ ᠲᠣᠭᠤᠷᠢᠭ ᠢ ᠨᠡᠩ ᠭᠦᠢᠴᠡᠳ ᠪᠥᠭᠡᠳ ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠬᠦ ᠢᠲᠡᠭᠡᠯ ᠲᠠᠢ ᠪᠣᠯᠭᠠᠵᠤ᠂ ᠪᠠᠰᠠ ᠴᠢᠨᠠᠷ ᠰᠠᠶᠢᠲᠠᠢ ᠬᠥᠭᠵᠢᠯᠲᠡ ᠶᠢ ᠨᠡᠩ ᠢᠳᠡ ᠬᠦᠴᠦᠨ ᠲᠠᠢ ᠪᠣᠯᠭᠠᠨ᠎ᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1