︽ᠪᠣᠯᠪᠠᠰᠤᠨ ᠢ ᠲᠣᠯᠢᠳᠠᠬᠤ︾︽ᠮᠥᠩᠭᠦᠨ ᠵᠠᠭᠠᠮᠠᠲᠤ ᠬᠤᠰᠢᠭᠤᠴᠢ︾ᠨᠡᠶᠢᠭᠡᠮ ᠲᠣᠭᠤᠷᠢᠭ ᠤᠨ ᠵᠠᠰᠠᠯᠲᠠ ᠶᠢᠨ ᠬᠥᠯᠭᠡ ᠰᠢᠲᠠᠷ᠎ᠠ ᠶᠢ ᠠᠮᠢᠯᠠᠭᠤᠯᠤᠨ᠎ᠠ
ᠨᠡᠶᠢᠲᠡᠯᠡᠭᠰᠡᠨ ᠴᠠᠭ᠄
2022/9/14
      ᠥᠷᠯᠥᠭᠡ ᠪᠦᠷᠢ ᠶᠠᠩ ᠶᠧ ︽ᠤᠯᠠᠭᠠᠨ ᠬᠠᠨᠴᠤᠢ ᠶᠢᠨ ᠲᠡᠮᠳᠡᠭ︾ ᠵᠡᠭᠦᠵᠦ᠂ ᠨᠠᠨ ᠰᠠᠨ ᠬᠤᠷᠢᠶᠠᠯᠠᠯ ᠤᠨ ᠡᠷᠬᠢᠨ ᠲᠣᠭᠤᠷᠢᠨ ᠢᠶᠠᠷ ᠲᠣᠭᠤᠷᠢᠵᠤ᠂ ᠬᠤᠭ ᠨᠣᠪᠰᠢ ᠶᠢ ᠴᠠᠭ ᠲᠤᠬᠠᠢ ᠳᠤᠨᠢ ᠴᠡᠪᠡᠷᠯᠡᠵᠦ᠂ ᠰᠠᠭᠤᠭᠠᠯᠢ ᠠᠷᠠᠳ ᠤᠳ ᠲᠡᠭᠦᠨ ᠢ ︽ᠯᠣᠣ ᠶᠠᠩ︾ ᠭᠡᠵᠦ ᠳᠣᠲᠣᠨᠣᠰᠤᠭ ᠢᠶᠠᠷ ᠳᠠᠭᠤᠳᠠᠳᠠᠭ᠃ᠳ᠋ᠦᠩ ᠾᠧ ᠲᠣᠭᠤᠷᠢᠭ ᠤᠨ ᠶᠠᠩ ᠭᠧ ᠯᠥ᠋ᠩ ᠵᠡᠭᠡᠯᠢ ᠶᠢᠨ ᠨᠠᠨ ᠵᠢᠶᠠ ᠶᠤᠸᠠᠨ ᠨᠡᠶᠢᠭᠡᠮ ᠲᠣᠭᠤᠷᠢᠭ ᠲᠤ︽ᠮᠥᠩᠭᠦᠨ ᠵᠠᠭᠠᠮᠠᠲᠤ ᠬᠤᠰᠢᠭᠤᠴᠢ︾ ᠶᠢᠨ ᠡᠩᠨᠡᠭᠡ ᠢᠳᠡᠪᠬᠢᠲᠡᠢ ᠶᠠᠪᠤᠭᠳᠠᠵᠤ᠂ ︽ᠯᠣᠣ ᠶᠠᠩ︾ᠪᠣᠯ ᠳᠠᠷᠤᠢ ᠡᠩᠨᠡᠭᠡᠨ ᠤ ᠳᠣᠲᠣᠷᠠᠬᠢ ᠨᠢᠭᠡ ᠭᠡᠰᠢᠭᠦᠨ ᠪᠣᠯᠣᠨ᠎ᠠ᠂ ᠬᠤᠭ ᠨᠣᠪᠰᠢ ᠶᠢ ᠴᠡᠪᠡᠷᠯᠡᠬᠦ ᠠᠴᠠ ᠲᠤᠨᠤᠭ ᠲᠥᠬᠦᠭᠡᠷᠦᠮᠵᠢ ᠶᠢ ᠰᠡᠯᠪᠢᠨ ᠵᠠᠰᠠᠬᠤ ᠬᠦᠷᠲᠡᠯ᠎ᠡ᠂ ᠡᠷᠦᠬᠡ ᠪᠠᠷ ᠬᠦᠷᠴᠦ ᠰᠤᠷᠪᠤᠯᠵᠢᠯᠠᠬᠤ ᠠᠴᠠ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠬᠢᠬᠦ ᠬᠦᠷᠲᠡᠯ᠎ᠡ᠂ ᠭᠠᠵᠠᠷ ᠪᠣᠯᠭᠠᠨ ᠳᠤ ᠲᠡᠳᠡᠨ ᠤ ᠪᠠᠷ᠎ᠠ ᠶᠢ ᠣᠯᠵᠤ ᠬᠠᠷᠠᠨ᠎ᠠ᠃
     ᠣᠶᠢᠷ᠎ᠠ ᠶᠢᠨ ᠵᠢᠯ ᠠᠴᠠ᠂ ᠳ᠋ᠦᠩ ᠡᡁᠸ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠲᠣᠣᠷᠵᠢᠯ ᠭᠡᠬᠦ ᠡᠨᠡᠬᠦ ᠬᠠᠮᠤᠭ ᠤᠨ ᠪᠠᠭ᠎ᠠ ᠵᠠᠰᠠᠯᠲᠠ ᠶᠢᠨ ᠨᠢᠭᠡᠴᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠤ ︽ᠲᠣᠣᠷ︾ ᠤᠨ ᠳᠤᠮᠳᠠᠬᠢ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠲᠠᠶᠢᠴᠢᠯᠠᠨ ᠪᠠᠳᠠᠷᠠᠭᠤᠯᠵᠤ᠂ ︽ᠪᠠᠩᠬᠢ ᠶᠢᠨ ᠵᠠᠭᠠᠮᠠᠲᠤ ᠬᠤᠰᠢᠭᠤᠴᠢ︾ ᠶᠢᠨ ᠡᠩᠨᠡᠭᠡ ᠶᠢ ᠪᠠᠶᠢᠭᠤᠯᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠥᠮ ᠢ ᠲᠣᠣᠷᠵᠢᠯ᠂ ᠠᠰᠠᠷ ᠲᠠᠭᠲᠤ ᠶᠢᠨ ᠲᠡᠰᠢ ᠤᠷᠲᠤᠳᠬᠠᠬᠤ ᠶᠢ ᠠᠬᠢᠭᠤᠯᠵᠤ᠂ ︽ᠨᠠᠮ ᠤᠨ ᠬᠤᠷᠢᠶ᠎ᠠ ᠶᠡᠷᠦᠩᠬᠡᠢ ᠵᠣᠬᠢᠴᠠᠭᠤᠯᠭ᠎ᠠ ᠶᠢ ᠠᠳᠬᠤᠬᠤ᠂ ᠨᠠᠮ ᠤᠨ ᠡᠭᠦᠷ ᠲᠦᠷᠦᠭᠦᠯᠡᠨ ᠬᠥᠲᠥᠯᠥᠨ ᠳᠠᠭᠠᠭᠤᠯᠬᠤ᠂ ᠨᠠᠮ ᠤᠨ ᠭᠡᠰᠢᠭᠦᠨ ᠬᠤᠰᠢᠭᠤᠴᠢ ᠵᠢᠱᠢᠶ᠎ᠡ ᠦᠵᠡᠭᠦᠯᠬᠦ᠂ ᠰᠠᠭᠤᠭᠠᠯᠢ ᠠᠷᠠᠳ ᠬᠠᠮᠲᠤᠪᠠᠷ ᠬᠠᠮᠵᠢᠯᠴᠠᠬᠤ︾ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠵᠠᠢ᠃
     ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠬᠠᠷᠢᠶ᠎ᠠ ᠣᠷᠣᠨ ᠤ ᠪᠠᠨ ᠬᠠᠯᠠᠭᠤᠨ ᠰᠡᠳᠬᠢᠯ ᠲᠠᠢ᠂ ᠨᠡᠷ᠎ᠡ ᠬᠦᠨᠳᠦ ᠪᠠᠷ ᠥᠨᠳᠥᠷ᠂ ᠪᠠᠶᠢᠳᠠᠯ ᠳᠠᠭᠠᠨ ᠴᠠᠭᠠᠷᠠᠭᠰᠠᠨ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ᠂ ᠰᠠᠭᠤᠭᠠᠯᠢ ᠠᠷᠠᠳ ᠢ ᠡᠯᠰᠡᠨ ᠠᠪᠴᠤ︽ᠮᠥᠩᠭᠦᠨ ᠵᠠᠭᠠᠮᠠᠳᠠᠨ ᠤ ᠬᠤᠰᠢᠭᠤᠴᠢ︾ ᠶᠢᠨ ᠡᠩᠨᠡᠭᠡ ᠶᠢ ᠪᠦᠷᠢᠯᠳᠦᠭᠦᠯᠵᠦ᠂ ᠣᠳᠣᠬᠠᠨ ᠳᠤ ᠨᠡᠶᠢᠳᠡ 426 ︽ᠮᠥᠩᠭᠦᠨ ᠵᠠᠭᠠᠮᠠᠳᠠᠨ ᠤ ᠬᠤᠰᠢᠭᠤᠴᠢ︾ ᠶᠢ ᠡᠯᠰᠡᠵᠦ᠂ ᠰᠠᠭᠤᠭᠠᠯᠢ ᠠᠷᠠᠳ ᠲᠠᠢ ᠪᠠᠶᠢᠩᠭᠤ ᠬᠠᠷᠢᠯᠴᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠣᠯᠴᠠᠵᠠᠢ᠃ᠡᠩ ᠤᠨ ᠴᠠᠭ ᠲᠤ ᠰᠤᠷᠪᠤᠯᠵᠢᠯᠠᠬᠤ᠂ ᠭᠡᠷ ᠲᠤᠨᠢ ᠬᠦᠷᠴᠦ ᠯᠠᠪᠯᠠᠨ ᠠᠰᠠᠭᠤᠬᠤ ᠵᠡᠷᠭᠡ ᠬᠡᠯᠪᠡᠷᠢ ᠪᠠᠷ ᠳᠠᠮᠵᠢᠭᠤᠯᠤᠨ᠂ ︽ᠪᠠᠩᠬᠢ ᠶᠢᠨ ᠵᠠᠭᠠᠮᠠᠳᠠᠨ ᠤ ᠬᠤᠰᠢᠭᠤᠴᠢ︾ ᠨᠢ ᠨᠡᠶᠢᠭᠡᠮ ᠤᠨ ᠠᠮᠤᠷ ᠲᠦᠪᠰᠢᠨ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠵᠡᠷᠭᠡ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠠᠶᠢᠩᠭᠤᠵᠢᠭᠤᠯᠤᠨ ᠣᠶᠢᠯᠠᠭᠠᠵᠤ᠂ ᠲᠡᠷᠡ ᠳᠠᠷᠤᠢ ᠳᠤᠨᠢ ᠬᠠᠷᠢᠭᠤ ᠥᠭᠴᠦ᠂ ᠵᠥᠷᠢᠴᠡᠯ ᠢ ᠲᠣᠥᠷᠵᠢᠭᠤᠯᠪᠠ᠃ᠡᠭᠦᠨ ᠤ ᠬᠠᠮᠲᠤ᠂ ︽ᠪᠠᠩᠬᠢ ᠶᠢᠨ ᠵᠠᠭᠠᠮᠠᠲᠤ ᠬᠤᠰᠢᠭᠤᠴᠢ︾ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠤᠯᠠᠭᠠᠨ ᠥᠷᠲᠡᠭᠡ ᠶᠢ ᠠᠰᠢᠭᠯᠠᠨ᠂ ︽ᠣᠯᠠᠨ ᠢᠶᠠᠷ ᠢᠶᠠᠨ ᠤᠴᠢᠷ ᠶᠠᠪᠤᠳᠠᠯ ᠢ ᠬᠡᠯᠡᠯᠴᠡᠬᠦ︾ ︽ᠬᠤᠰᠢᠭᠤᠴᠢ ᠰᠥᠨᠢ ᠶᠢᠨ ᠬᠡᠯᠡᠯᠴᠡᠭᠡ︾ ᠵᠡᠷᠭᠡ ᠨᠠᠮ ᠪᠠ ᠣᠯᠠᠨ ᠲᠦᠮᠡᠨ ᠤ ᠵᠥᠪᠳᠡᠯᠴᠡᠨ ᠶᠠᠷᠢᠯᠴᠠᠬᠤ ᠲᠠᠪᠴᠠᠩ ᠢ ᠪᠠᠶᠢᠭᠤᠯᠵᠤ᠂ ︽ᠵᠣᠭᠤᠭ ᠳᠡᠯᠭᠡᠬᠦ︾ ᠳᠤᠮᠳᠠ ᠣᠯᠠᠨ ᠲᠦᠮᠡᠨ ᠤ ᠰᠡᠳᠬᠢᠯ ᠤᠨ ᠳᠠᠭᠤᠨ ᠢ ᠰᠣᠨᠣᠰᠴᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠠᠰᠠᠯᠲᠠ ᠳᠤ ᠣᠷᠣᠯᠴᠠᠭᠤᠯᠵᠤ᠂ ᠨᠡᠶᠢᠭᠡᠮ ᠲᠣᠭᠤᠷᠢᠭ ᠲᠤ ᠤᠴᠢᠷ ᠶᠠᠪᠤᠳᠠᠯ ᠢ ᠬᠠᠮᠢᠶᠠᠷᠬᠤ ᠬᠥᠮᠥᠨ ᠲᠠᠢ᠂ ᠤᠴᠢᠷ ᠶᠠᠪᠤᠳᠠᠯ ᠢ ᠶᠠᠷᠢᠯᠴᠠᠬᠤ ᠲᠠᠯᠠᠪᠤᠷ ᠲᠠᠢ᠂ ᠳᠦᠷᠢᠮ ᠲᠠᠢ ᠬᠡᠷᠡᠭ ᠶᠠᠪᠤᠳᠠᠯ ᠡᠷᠭᠢᠯᠡᠬᠦ ᠵᠠᠷᠤᠳᠠᠯ ᠲᠠᠢ ᠪᠣᠯᠭᠠᠬᠤ ᠬᠡᠷᠡᠭᠲᠡᠢ᠃ᠣᠲᠣ ᠪᠣᠯᠲᠠᠯ᠎ᠠ᠂ ᠠᠷᠠᠳ ᠤᠨ ᠠᠮᠢᠳᠤᠷᠠᠯ ᠤᠨ ᠡᠯ᠎ᠡ ᠲᠥᠷᠥᠯ ᠤᠨ ᠠᠰᠠᠭᠤᠳᠠᠯ  ᠢ ᠨᠢᠭᠡᠨᠲᠡ 270 ᠭᠠᠷᠤᠢ ᠵᠦᠢᠯ ᠳᠤ ᠬᠠᠮᠵᠢᠨ ᠰᠢᠢᠳᠪᠦᠷᠢᠯᠡᠵᠡᠢ᠃
     ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠪᠥᠬᠦ ᠣᠷᠣᠨ ᠤ ︽ᠪᠠᠩᠬᠢ ᠶᠢᠨ ᠵᠠᠭᠠᠮᠠᠲᠤ ᠬᠤᠰᠢᠭᠤᠴᠢ︾ ᠰᠠᠨᠠᠭᠠᠴᠢᠯᠠᠭ᠎ᠠ  ᠠᠴᠠ ᠪᠠᠨ ᠪᠡᠶ᠎ᠡ ᠶᠢᠨ ᠭᠠᠷᠤᠯ ᠢᠶᠠᠨ ᠳᠡᠯᠭᠡᠨ ᠂ ᠠᠮᠠᠯᠠᠯᠲᠠ ᠪᠠᠨ ᠦᠢᠯᠡᠳᠦᠯᠭᠡᠵᠢᠭᠦᠯᠵᠦ᠂ ᠥᠯᠢᠭᠡᠷ ᠳᠠᠭᠤᠷᠢᠶᠠᠯ ᠪᠣᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠤᠨ᠂ ᠪᠠᠶᠢᠭ᠎ᠠ ᠭᠠᠵᠠᠷ ᠤᠨ ᠲᠣᠣᠷᠵᠢᠯ᠂ ᠠᠰᠠᠷ ᠤᠨ ᠠᠰᠠᠷ ᠤᠨ ᠪᠠᠶᠢᠩᠭᠤ ᠰᠠᠭᠤᠭ᠎ᠠ ᠬᠥᠮᠥᠨ ᠠᠮᠠ ᠪᠠ ᠲᠦᠷᠢᠶᠡᠰᠦᠨ ᠭᠡᠷ ᠤᠨ ᠭᠠᠳᠠᠨ᠎ᠠ  ᠠᠴᠠ ᠢᠷᠡᠭᠰᠡᠨ ᠬᠥᠮᠥᠰ ᠢ ᠰᠠᠨᠠᠭᠠᠴᠢᠯᠠᠭ᠎ᠠ  ᠠᠴᠠ ᠪᠠᠨ ᠵᠢᠭᠰᠠᠭᠠᠨ ᠪᠠᠶᠢᠴᠠᠭᠠᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠥᠨᠴᠥᠭ ᠪᠤᠯᠤᠩ ᠦᠯᠡᠳᠡᠭᠡᠬᠦ ᠦᠭᠡᠢ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠡᠷᠬᠢᠨ ᠲᠣᠭᠤᠷᠢᠨ ᠤ ᠣᠯᠠᠨ ᠲᠦᠮᠡᠨ ᠢ ᠳᠠᠶᠢᠴᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠢᠵᠢᠯ ᠲᠥᠪᠲᠦ ᠲᠣᠭᠤᠷᠢᠭ ᠢ ᠬᠠᠮᠲᠤ ᠪᠠᠷ ᠵᠢᠷᠤᠭᠤᠯᠤᠨ᠎ᠠ᠃      ︽ᠨᠠᠨ ᠵᠢᠶᠠ ᠶᠤᠸᠠᠨ ᠨᠡᠶᠢᠭᠡᠮ ᠲᠣᠭᠤᠷᠢᠭ ᠲᠤ᠂ ᠬᠤᠰᠢᠭᠤᠴᠢ ᠪᠠᠷ ᠳᠠᠭᠠᠭᠤᠯᠤᠨ ᠵᠠᠰᠠᠬᠤ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠪᠠᠷ ᠳᠠᠮᠵᠢᠭᠤᠯᠵᠤ᠂ ᠪᠠᠭ᠎ᠠ ᠶᠠᠪᠤᠳᠠᠯ ᠳᠤ ᠲᠣᠣᠷ ᠠᠴᠠ ᠭᠠᠷᠬᠤ ᠦᠭᠡᠢ᠂ ᠶᠡᠭᠡ ᠶᠠᠪᠤᠳᠠᠯ ᠳᠤ ᠨᠡᠶᠢᠭᠡᠮ ᠲᠣᠭᠤᠷᠢᠭ ᠠᠴᠠ ᠭᠠᠷᠬᠤ ᠦᠭᠡᠢ ᠪᠠᠶᠢᠬᠤ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠪᠣᠯᠣᠨ ᠵᠣᠯ ᠵᠢᠷᠭᠠᠯ ᠤᠨ ᠲᠥᠷᠥᠭᠳᠡᠯ ᠲᠠᠰᠤᠷᠠᠯᠳᠡ ᠦᠭᠡᠢ ᠳᠡᠭᠡᠭᠰᠢᠯᠡᠪᠡ︾᠃ ᠭᠡᠵᠦ ᠶᠠᠩ ᠭᠧ ᠯᠥ᠋ᠩ ᠵᠡᠭᠡᠯᠢ ᠭᠤᠳᠤᠮᠵᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1