9 ᠰᠠᠷ᠎ᠠ ᠶᠢᠨ 7 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠵᠠᠩ ᠯᠢ ᠵᠢᠶᠦ᠋ᠨ ᠪᠦᠯᠬᠦᠮ ᠳᠠᠭᠠᠭᠤᠯᠤᠨ ᠤᠷᠢᠳ ᠬᠤᠵᠢᠳ ᠸᠢᠺᠲ᠋ᠣᠷᠢᠮᠤᠷ ᠬᠤᠳᠠ ᠶᠢᠨ ᠭᠡᠷ | ᠳᠣᠲᠣᠷᠠᠬᠢ ᠵᠤᠭ᠎ᠠ ᠴᠡᠩᠭᠡᠯ ᠤᠨ ᠲᠠᠯᠠᠪᠠᠢ᠂ ᠸᠠᠨ ᠳ᠋ᠠ ᠺᠢᠨᠣ᠋ ᠶᠢᠨ ᠬᠤᠳᠠ᠂ ᠵᠢᠶᠠ ᠵᠢᠶᠠ ᠶᠤᠸᠠᠢ ᠬᠡᠳᠦ ᠳᠡᠯᠭᠡᠭᠦᠷ᠂ | ᠾᠧ ᠳ᠋ᠦᠩ ᠤᠨ ᠠᠷᠠᠳ ᠲᠤ ᠲᠦᠬᠦᠮ ᠦᠵᠡᠭᠦᠯᠬᠦ ᠵᠠᠬ᠎ᠠ ᠳᠡᠯᠭᠡᠭᠦᠷ᠂ ᠬᠦᠷᠢᠶᠡᠯᠡᠩ ᠲᠣᠭᠤᠷᠢᠭ ᠤᠨ | ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠭᠦ᠋ ᠲᠤ | ᠰᠢᠨ ᠮᠠᠲᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠠᠶᠢᠭᠤᠯᠵᠤ ᠪᠠᠶᠢᠭ᠎ᠠ ᠲᠦᠷᠦᠯ | ᠵᠦᠢᠯ ᠤᠨ ᠪᠠᠷᠢᠯᠭ᠎ᠠ ᠶᠢᠨ ᠭᠠᠵᠠᠷ ᠲᠤ ᠬᠦᠷᠴᠦ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ | ᠬᠤᠭᠤᠴᠠᠭᠠᠨ ᠳᠠᠬᠢ ᠪᠦᠬᠦ ᠣᠷᠣᠨ ᠤ ᠢᠳᠡᠭᠡᠨ ᠤ ᠠᠮᠤᠷ ᠲᠦᠪᠰᠢᠨ᠂ ᠦᠢᠯᠡᠳᠪᠦᠷᠢᠯᠡᠯ ᠤᠨ ᠠᠮᠤᠷ ᠲᠦᠪᠰᠢᠨ ᠤ | ᠡᠯ᠎ᠡ ᠵᠦᠢᠯ ᠤᠨ ᠠᠵᠢᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠴᠤ ᠪᠠᠶᠢᠴᠠᠭᠠᠪᠠ᠃ | | | | | | | ᠵᠠᠩ ᠯᠢ ᠵᠢᠶᠦ᠋ᠨ ᠸᠢᠺᠲ᠋ᠣᠷᠢᠮᠤᠷ ᠬᠤᠲᠠ ᠶᠢᠨ ᠵᠢᠶᠠ ᠶᠤᠸᠠᠢ ᠬᠡᠲᠦ ᠳᠡᠯᠭᠡᠭᠦᠷ ᠲᠤ ᠢᠳᠡᠭᠡᠨ ᠤ ᠠᠮᠤᠷ ᠲᠦᠪᠰᠢᠨ ᠤ | ᠵᠡᠷᠭᠡ ᠠᠵᠢᠯ ᠢ ᠬᠢᠨᠠᠨ ᠵᠢᠯᠤᠭᠤᠳᠴᠤ ᠪᠠᠶᠢᠴᠠᠭᠠᠵᠤ ᠪᠠᠶᠢᠭ᠎ᠠ ᠨᠢ᠃ | | | | | | ᠵᠠᠩ ᠯᠢ ᠵᠢᠶᠦ᠋ᠨ ᠡᡁᠸ ᠳ᠋ᠦᠩ ᠤᠨ ᠠᠷᠠᠳ ᠲᠤ ᠲᠦᠬᠦᠮ ᠦᠵᠡᠭᠦᠯᠬᠦ ᠵᠠᠬ᠎ᠠ ᠳᠡᠯᠭᠡᠭᠦᠷ ᠲᠤ ᠢᠳᠡᠭᠡᠨ ᠤ ᠠᠮᠤᠷ | ᠲᠦᠪᠰᠢᠨ ᠵᠡᠷᠭᠡ ᠠᠵᠢᠯ ᠢ ᠬᠢᠨᠠᠨ ᠵᠢᠯᠤᠭᠤᠳᠴᠤ ᠪᠠᠶᠢᠴᠠᠭᠠᠵᠠᠢ᠃ | ᠸᠢᠺᠲ᠋ᠣᠷᠢᠮᠤᠷ ᠬᠤᠲᠠ ᠳᠤ᠂ ᠾᠧ ᠳ᠋ᠦᠩ ᠤᠨ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠲᠤ᠂ | ᠵᠠᠩ ᠯᠢ ᠵᠢᠶᠦ᠋ᠨ ᠪᠠᠶᠢᠩᠭᠤ ᠶᠢᠨ ᠴᠢᠨᠠᠷᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠢᠳᠡᠭᠡᠨ ᠤ ᠠᠮᠤᠷ | ᠲᠦᠪᠰᠢᠨ᠂ ᠦᠢᠯᠡᠳᠪᠦᠷᠢᠯᠡᠯ ᠡᠵᠡᠩᠨᠡᠯᠲᠡ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠲᠦᠭᠦᠬᠡᠢ ᠡᠳ᠋ ᠤᠨ | ᠬᠢᠵᠢᠭ ᠤᠨ ᠪᠠᠶᠢᠴᠠᠭᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠠᠶᠤᠯ | ᠦᠭᠡᠢ ᠦᠢᠯᠡᠳᠪᠦᠷᠢᠯᠡᠯ ᠤᠨ ᠳᠦᠷᠢᠮ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠵᠢᠴᠢ ᠰᠣᠷᠢᠯᠲᠠ ᠶᠢᠨ | ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠨᠡᠪᠲᠡᠷᠡᠬᠦ | ᠵᠠᠮ᠂ ᠭᠠᠯ ᠤᠨᠲᠠᠷᠠᠭᠠᠬᠤ ᠠᠮᠤᠷ ᠲᠦᠪᠰᠢᠨ ᠤ ᠪᠡᠯᠡᠳᠬᠡᠮᠵᠢ ᠶᠢᠨ ᠲᠣᠬᠢᠷᠠᠭᠤᠯᠤᠯᠲᠠ᠂ ᠭᠡᠷ ᠳᠣᠲᠣᠷᠠᠬᠢ ᠲᠣᠮᠣ | ᠬᠡᠯᠪᠡᠷᠢ ᠶᠢᠨ ᠵᠤᠭ᠎ᠠ ᠴᠡᠩᠭᠡᠯ ᠤᠨ ᠲᠥᠬᠦᠭᠡᠷᠦᠮᠵᠢ᠂ ᠴᠠᠬᠢᠯᠭᠠᠨ ᠱᠠᠲᠤ ᠵᠡᠷᠭᠡ ᠣᠨᠴᠠ ᠲᠥᠷᠥᠯ ᠤᠨ | ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠵᠢᠴᠢ ᠢᠳᠡᠭᠡᠨ ᠤ ᠡᠵᠡᠩᠨᠡᠯᠲᠡ ᠶᠢᠨ ᠭᠡᠷᠡᠴᠢ ᠪᠠᠷᠢᠮᠲᠠ ᠠᠪᠬᠤ᠂ ᠶᠠᠰᠤ | ᠴᠢᠨᠠᠷ ᠢ ᠪᠠᠲᠤᠯᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ | ᠪᠠᠶᠢᠴᠠᠭᠠᠨ ᠦᠵᠡᠬᠦ ᠬᠡᠷᠡᠭᠲᠡᠢ᠃ᠵᠠᠩ ᠯᠢ ᠵᠢᠶᠦ᠋ᠨ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠲᠠᠶᠢᠱᠠᠨ ᠠᠭᠤᠯᠠ ᠠᠴᠠ ᠬᠦᠨᠳᠦ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠬᠤᠭᠤᠴᠠᠭᠠᠨ ᠳᠤ ᠵᠠᠬ᠎ᠠ | ᠳᠡᠯᠭᠡᠭᠦᠷ ᠤᠨ ᠬᠡᠷᠡᠭᠴᠡᠭᠡ ᠶᠡᠭᠡ ᠪᠠᠷ ᠨᠡᠮᠡᠭᠳᠡᠵᠦ᠂ ᠬᠥᠮᠥᠨ ᠬᠠᠷ᠎ᠠ ᠶᠡᠭᠡ ᠬᠡᠮᠵᠢᠶ᠎ᠡ ᠪᠠᠷ ᠴᠤᠭᠯᠠᠷᠠᠵᠤ᠂ ᠡᠯ᠎ᠡ | ᠲᠦᠷᠦᠯ ᠤᠨ ᠵᠠᠬ᠎ᠠ ᠳᠡᠯᠭᠡᠭᠦᠷ ᠪᠠᠶᠠᠷ ᠤᠨ ᠡᠳᠦᠷ ᠤᠨ ᠬᠤᠭᠤᠴᠠᠭᠠᠨ ᠳᠤ ᠡᠯ᠎ᠡ ᠲᠦᠷᠦᠯ ᠤᠨ ᠠᠮᠤᠷ ᠲᠦᠪᠰᠢᠨ ᠤ | ᠬᠡᠮ ᠰᠣᠭᠤᠭ ᠤᠨ ᠪᠠᠶᠢᠴᠠᠭᠠᠯᠲᠠ ᠶᠢ ᠴᠢᠩᠭᠠᠳᠬᠠᠵᠤ᠂ ᠠᠵᠢᠯᠯᠠᠬᠤ ᠶᠠᠪᠤᠴᠠ ᠶᠢ ᠴᠢᠩᠭ᠎ᠠ ᠵᠢᠷᠤᠮᠵᠢᠭᠤᠯᠵᠤ᠂ ᠡᠯ᠎ᠡ | ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ᠂ ᠠᠮᠤᠷ ᠲᠦᠪᠰᠢᠨ ᠤ ᠬᠠᠮᠢᠶᠠᠷᠤᠯᠲᠠ ᠶᠢᠨ | ᠳᠦᠷᠢᠮ ᠢ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃ᠬᠤᠳᠠᠯᠳᠤᠭᠠᠨ ᠤ ᠳᠡᠯᠭᠡᠭᠦᠷ ᠤᠨ ᠬᠡᠲᠦ ᠳᠡᠯᠭᠡᠭᠦᠷ᠂ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠣᠯᠠᠨ ᠨᠡᠶᠢᠲᠡ ᠶᠢᠨ ᠲᠠᠯᠠᠪᠤᠷ ᠤᠳ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠩᠭᠤ ᠶᠢᠨ ᠲᠥᠷᠥ ᠶᠢᠨ ᠪᠣᠳᠣᠯᠭ᠎ᠠ ᠪᠠ ᠱᠠᠭᠠᠷᠳᠠᠯᠭ᠎ᠠ ᠶᠢ ᠴᠢᠩᠭ᠎ᠠ ᠨᠢᠮᠪᠠᠢ | ᠨᠠᠶᠢᠳᠠᠪᠤᠷᠢᠵᠢᠭᠤᠯᠵᠤ᠂ ᠺᠣᠳ᠋ ᠰᠢᠷᠪᠢᠵᠦ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠰᠠᠯᠬᠢ ᠨᠡᠪᠲᠡᠷᠡᠭᠦᠯᠦᠨ | ᠠᠷᠢᠭᠤᠳᠬᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠢᠳᠡᠭᠡᠨ ᠤ ᠠᠮᠤᠷ ᠲᠦᠪᠰᠢᠨ᠂ ᠣᠨᠴᠠ | ᠲᠥᠷᠥᠯ ᠤᠨ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠥᠷᠭᠡᠨ ᠣᠯᠠᠨ ᠲᠦᠮᠡᠨ ᠤ ᠡᠷᠡᠭᠦᠯ ᠮᠡᠨᠳᠦ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠢ᠃ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠳᠦᠷ ᠲᠤᠲᠤᠮ ᠤᠨ ᠬᠡᠮ | ᠰᠣᠭᠤᠭ ᠢ ᠵᠢᠭᠰᠠᠭᠠᠨ ᠪᠠᠶᠢᠴᠠᠭᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ ᠤᠨ ᠠᠳᠡᠯ | ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠡᠷᠡᠰ ᠬᠤᠷᠢᠭᠯᠠᠵᠤ᠂ ᠠᠮᠤᠷ ᠠᠮᠤᠭᠤᠯᠠᠩ ᠥᠯᠵᠡᠢ ᠪᠡᠯᠭᠡ ᠲᠠᠢ | ᠪᠠᠶᠠᠷ ᠤᠨ ᠡᠳᠦᠷ ᠤᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠢ᠃ | | | | | | | ᠵᠠᠩ ᠯᠢ ᠵᠢᠶᠦ᠋ᠨ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠤᠨ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠲᠤ ᠪᠠᠷᠢᠯᠭ᠎ᠠ ᠶᠢᠨ ᠠᠬᠢᠴᠠ᠂ ᠠᠮᠤᠷ ᠲᠦᠪᠰᠢᠨ ᠤ | ᠬᠠᠮᠢᠶᠠᠷᠤᠯᠲᠠ ᠶᠢᠨ ᠪᠠᠶᠢᠳᠠᠯ ᠢ ᠣᠶᠢᠯᠠᠭᠠᠨ᠎ᠠ᠃ | | | | | ᠵᠠᠩ ᠯᠢ ᠵᠢᠶᠦ᠋ᠨ ᠭᠦ᠋ ᠲᠤ ᠰᠢᠨ᠎ᠡ ᠮᠠᠲᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ | ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠲᠤ ᠦᠢᠯᠡᠳᠪᠦᠷᠢᠯᠡᠯ ᠤᠨ ᠲᠥᠯᠥᠪᠯᠡᠭᠡ ᠪᠣᠯᠣᠨ | ᠠᠶᠤᠯᠭᠦᠢ ᠦᠢᠯᠡᠳᠪᠦᠷᠢᠯᠡᠯ ᠤᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ | ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ᠂ ᠭᠦ᠋ ᠲᠤ ᠰᠢᠨ ᠮᠠᠲᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠲᠤ᠂ ᠵᠠᠩ ᠯᠢ ᠵᠢᠶᠦ᠋ᠨ | ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠶᠢ ᠨᠠᠷᠢᠨ ᠣᠶᠢᠯᠠᠭᠠᠵᠤ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ᠂ ᠵᠠᠬ᠎ᠠ ᠳᠡᠯᠭᠡᠭᠦᠷ ᠤᠨ ᠦᠨ᠎ᠡ ᠬᠠᠩᠰᠢ᠂ ᠦᠢᠯᠡᠳᠪᠦᠷᠢᠯᠡᠯ ᠤᠨ ᠲᠥᠯᠥᠪᠯᠡᠭᠡ ᠵᠡᠷᠭᠡ ᠪᠠᠶᠢᠳᠠᠯ ᠢ ᠨᠠᠷᠢᠨ | ᠯᠠᠪᠯᠠᠨ ᠠᠰᠠᠭᠤᠪᠠ᠃ᠵᠠᠩ ᠯᠢ ᠵᠢᠶᠦ᠋ᠨ᠂ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠶᠢᠯᠠᠯ ᠤᠨ ᠬᠥᠭᠵᠢᠯᠲᠡ ᠶᠢᠨ | ᠠᠮᠢᠨ ᠰᠤᠳᠠᠰᠤ ᠮᠥᠨ᠂ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠣᠨ ᠠᠵᠠ | ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠡᠳᠦᠷ ᠲᠤᠳᠤᠮ ᠤᠨ ᠠᠮᠤᠷ ᠲᠦᠪᠰᠢᠨ ᠤ ᠪᠠᠶᠢᠴᠠᠭᠠᠯᠲᠠ ᠶᠢ | ᠴᠢᠩᠭᠠᠳᠬᠠᠵᠤ᠂ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠴᠠᠭ ᠲᠤᠬᠠᠢ ᠳᠤᠨᠢ | ᠢᠯᠡᠷᠡᠭᠦᠯᠵᠦ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ ᠬᠡᠷᠡᠭᠲᠡᠢ᠃ᠪᠠᠷᠢᠯᠭ᠎ᠠ ᠶᠢᠨ | ᠠᠵᠢᠯᠲᠠᠨ ᠤ ᠠᠮᠤᠷ ᠲᠦᠪᠰᠢᠨ ᠤ ᠪᠣᠯᠪᠠᠰᠤᠷᠠᠯ ᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠮᠤᠷ | ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠭᠤᠭᠴᠤᠭ᠎ᠠ ᠨᠢᠭᠡᠪᠦᠷᠢ᠂ ᠠᠵᠢᠯ ᠤᠨ ᠪᠠᠶᠢᠷᠢ ᠨᠢᠭᠡᠪᠦᠷᠢ᠂ ᠬᠥᠮᠥᠨ ᠨᠢᠭᠡᠪᠦᠷᠢ ᠳᠤ ᠪᠦᠷᠬᠦᠭᠦᠯᠬᠦ | ᠬᠡᠷᠡᠭᠲᠡᠢ᠃ᠢᠳᠡᠪᠬᠢᠲᠡᠢ ᠪᠠᠷ ᠥᠪᠡᠷ ᠢ ᠪᠠᠨ ᠪᠠᠶᠢᠴᠠᠭᠠᠨ ᠵᠠᠯᠠᠷᠠᠭᠤᠯᠵᠤ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ | ᠳᠡᠭᠡᠭᠰᠢᠯᠡᠭᠦᠯᠦᠨ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ᠡᠯ᠎ᠡ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠠᠷᠢᠯᠭ᠎ᠠ ᠶᠢᠨ ᠭᠠᠵᠠᠷ ᠤᠨ ᠠᠮᠤᠷ ᠲᠦᠪᠰᠢᠨ ᠤ | ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠲᠥᠷᠥᠯ ᠤᠨ ᠬᠦᠷᠢᠶᠡᠨ ᠳᠠᠬᠢ | ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ | ᠠᠬᠤᠶᠢᠯᠠᠯ ᠤᠨ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ ᠦᠵᠡᠯ ᠤᠬᠠᠮᠰᠠᠷ ᠢᠶᠠᠨ ᠴᠢᠩᠭᠠᠷᠠᠭᠤᠯᠬᠤ ᠶᠢ | ᠰᠢᠮᠳᠠᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠨᠠᠷᠢᠨ ᠨᠠᠶᠢᠳᠠᠪᠤᠷᠢᠵᠢᠭᠤᠯᠵᠤ᠂ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠢ᠃ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠴᠢᠤᠸᠠᠨ ᠸᠧᠢ᠂ ᠬᠥᠩᠭᠡᠨ ᠴᠠᠭᠠᠨ ᠤ | ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠶᠦᠩ᠂ | ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠪᠠᠷ᠎ᠠ | ᠪᠣᠯᠵᠤ ᠪᠠᠶᠢᠴᠠᠭᠠᠪᠠ᠃ | | | | | |