ᠳ᠋ᠦᠩ ᠾᠧ ᠲᠣᠭᠤᠷᠢᠭ ᠤᠨ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠪᠠᠭᠰᠢ ᠨᠠᠷ ᠤᠨ ᠲᠥᠯᠥᠭᠡᠯᠡᠭᠴᠢᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/9/19
       9 ᠰᠠᠷ᠎ᠠ ᠶᠢᠨ 9  ᠤ ᠡᠳᠦᠷ᠂ ᠳ᠋ᠦᠩ ᠡᡁᠸ ᠲᠣᠭᠤᠷᠢᠭ ᠤᠨ ᠲᠦᠷᠪᠡᠨ ᠶᠡᠭᠡ ᠪᠠᠭ ᠤᠨ ᠤᠳᠤᠷᠢᠳᠤᠯᠭ᠎ᠠ ᠲᠤᠰ ᠲᠤᠰ ᠬᠡᠰᠡᠭ ᠰᠢᠯᠢᠳᠡᠭ ᠪᠠᠭᠰᠢ ᠪᠣᠯᠣᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠪᠠᠭᠰᠢ᠂ ᠰᠤᠷᠭᠠᠨ ᠬᠥᠮᠦᠵᠢᠯ ᠤᠨ ᠠᠵᠢᠯᠲᠠᠳ ᠢ ᠲᠣᠬᠤᠨᠢᠭᠤᠯᠵᠤ᠂ ᠲᠣᠭᠤᠷᠢᠭ ᠤᠨ ᠲᠦᠷᠪᠡᠨ ᠶᠡᠭᠡ ᠪᠠᠭ ᠤᠨ ᠡᠮᠦᠨ᠎ᠡ ᠠᠴᠠ ᠪᠦᠬᠦ ᠣᠷᠣᠨ ᠤ ᠥᠷᠭᠡᠨ ᠤᠯᠠᠨ ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠵᠥᠩᠨᠡᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠡᠢ᠃
ᠶᠠᠩ ᠡᠯ ᠰᠢ ᠠᠵᠢᠯ ᠠᠴᠠ ᠪᠠᠨ ᠠᠮᠠᠷᠠᠭᠰᠠᠨ ᠪᠠᠭᠰᠢ ᠴᠢᠶᠣᠤ ᠰᠠᠨ ᠯᠦ ᠶᠢ ᠪᠣᠯᠭᠤᠭᠠᠨ ᠲᠣᠬᠤᠨᠢᠭᠤᠯᠪᠠ᠃      ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠩ ᠡᠯ ᠰᠢ ᠠᠵᠢᠯ ᠠᠴᠠ ᠪᠠᠨ ᠠᠮᠠᠷᠠᠭᠰᠠᠨ ᠪᠠᠭᠰᠢ ᠴᠢᠶᠣᠤ ᠰᠠᠨ ᠯᠦ ᠶᠢᠨ ᠭᠡᠷ ᠲᠤ ᠢᠷᠡᠵᠦ᠂ ᠲᠡᠭᠦᠨ ᠲᠠᠢ ᠳᠣᠲᠣᠨᠣ ᠪᠠᠷ ᠶᠠᠷᠢᠯᠴᠠᠵᠤ᠂ ᠲᠡᠭᠦᠨ ᠤ ᠭᠡᠷ ᠪᠦᠯᠢ ᠪᠣᠯᠣᠨ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠭᠦᠨ ᠤ ᠤᠯᠠᠨ ᠵᠢᠯ ᠤᠨ ᠲᠤᠷᠰᠢ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ᠂ ᠲᠡᠭᠦᠨ ᠤ ᠦᠯᠡᠳᠡᠪᠦᠷᠢ ᠢᠯᠴᠢ ᠪᠠᠨ ᠦᠷᠭᠦᠯᠵᠢᠯᠡᠨ ᠪᠠᠳᠠᠷᠠᠭᠤᠯᠵᠤ᠂ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠪᠣᠯᠣᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠲᠠᠯ᠎ᠠ ᠪᠠᠷ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠬᠤ ᠶᠢ ᠬᠦᠰᠡᠪᠡ᠃ᠶᠠᠩ ᠡᠯ ᠰᠢ ᠢᠯᠡᠷᠬᠡᠶᠢᠯᠡᠬᠦ ᠳᠡᠭᠡᠨ᠂ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠥᠨ᠃ ᠪᠦᠬᠦ ᠣᠷᠣᠨ ᠢᠶᠠᠷ ᠢᠶᠠᠨ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠡᠷᠬᠢᠯᠡᠬᠦ ᠶᠢᠨ ᠲᠣᠭᠤᠷᠢᠨ ᠳᠤ᠂ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠲᠦᠷᠭᠡᠳᠬᠡᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠢ ᠠᠬᠢᠭᠤᠯᠵᠤ᠂ ᠪᠠᠭᠰᠢ ᠶᠢᠨ ᠣᠯᠭᠤᠮᠵᠢ ᠶᠢ ᠪᠠᠲᠤᠯᠠᠨ ᠰᠠᠶᠢᠵᠢᠷᠠᠭᠤᠯᠵᠤ᠂ ᠨᠡᠩ ᠪᠣᠳᠠᠲᠠᠢ ᠶᠢ ᠡᠷᠬᠢᠮᠯᠡᠭᠰᠡᠨ ᠰᠤᠷᠲᠠᠯ ᠪᠣᠯᠣᠨ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠬᠠᠭᠤᠴᠢᠨ ᠪᠤᠭᠤᠲᠤ ᠶᠢᠨ ᠰᠤᠷᠭᠠᠨ ᠬᠥᠮᠦᠵᠢᠯ ᠤᠨ ᠰᠦᠷ ᠵᠢᠪᠬᠤᠭ᠎ᠠ ᠶᠢ ᠰᠡᠷᠭᠦᠭᠡᠨ ᠮᠠᠨᠳᠤᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ᠶᠠᠩ ᠡᠯ ᠰᠢ ᠬᠡᠯᠡᠬᠦ ᠳᠡᠭᠡᠨ᠂ ︽ᠴᠢᠶᠣᠤ ᠨᠠᠰᠤᠲᠠᠨ ᠤ ᠰᠤᠷᠭᠠᠨ ᠬᠥᠮᠦᠵᠢᠯ ᠤᠨ ᠠᠵᠢᠯ ᠤᠨ ᠪᠠᠶᠢᠷᠢ ᠶᠢᠨ ᠠᠵᠢᠯ ᠤᠨ ᠳᠤᠮᠳᠠ ᠪᠠᠨ ᠰᠢᠨᠲᠠᠷᠠᠰᠢ ᠦᠭᠡᠢ ᠪᠠᠷᠢᠮᠲᠠᠯᠠᠵᠤ᠂ ᠶᠠᠳᠠᠷᠠᠯ ᠵᠦᠳᠡᠷᠡᠯ ᠠᠴᠠ ᠬᠠᠯᠠᠰᠢᠷᠠᠯ ᠦᠭᠡᠢ ᠵᠢᠳᠬᠦᠭᠰᠡᠨ ᠳᠤ ᠲᠠᠯᠠᠷᠬᠠᠵᠤ ᠪᠠᠶᠢᠨ᠎ᠠ᠂ ᠬᠤᠶᠢᠰᠢᠳᠠ ᠲᠠ ᠳ᠋ᠦᠩ ᠾᠧ ᠶᠢᠨ ᠰᠤᠷᠭᠠᠨ ᠬᠥᠮᠦᠵᠢᠯ ᠤᠨ ᠦᠢᠯᠡᠰ ᠢ ᠦᠷᠭᠦᠯᠵᠢᠯᠡᠨ ᠬᠠᠯᠠᠮᠵᠢᠯᠠᠨ ᠳᠡᠮᠵᠢᠬᠦ ᠶᠢᠨ ᠬᠠᠮᠲᠤ ᠲᠠᠨ ᠤ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠮᠢᠳᠤᠷᠠᠯ ᠵᠣᠯ ᠵᠢᠷᠭᠠᠯ ᠲᠠᠢ ᠪᠠᠶᠢᠬᠤ ᠶᠢ ᠴᠢᠩ ᠰᠡᠳᠬᠢᠯ ᠠᠴᠠ ᠪᠠᠨ ᠢᠷᠥᠭᠡᠬᠦ ᠶᠢ ᠬᠦᠰᠡᠵᠦ ᠪᠠᠶᠢᠨ᠎ᠠ︾ ᠭᠡᠵᠡᠢ᠃
ᠵᠠᠩ ᠯᠢ ᠵᠢᠶᠦ᠋ᠨ ᠥᠪᠥᠷ ᠮᠣᠩᠭᠤᠯ ᠤᠨ ᠲᠠᠯ᠎ᠠ ᠨᠤᠲᠤᠭ ᠤᠨ ᠰᠣᠳᠣᠨ ᠴᠢᠳᠠᠪᠤᠷᠢᠲᠠᠨ᠂ ᠥᠪᠡᠷᠲᠡᠭᠡᠨ ᠵᠠᠰᠠᠬᠤ ᠣᠷᠣᠨ ᠤ ᠣᠨᠴᠠ ᠳᠡᠰ ᠤᠨ ᠪᠠᠭᠰᠢ ᠵᠢᠢ ᠬᠤᠩ ᠰᠢᠶᠠ ᠶᠢ ᠪᠣᠯᠭᠤᠭᠠᠨ ᠲᠣᠬᠤᠨᠢᠭᠤᠯᠵᠠᠢ᠃      ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠠᠩ ᠯᠢ ᠵᠢᠶᠦ᠋ᠨ ᠤᠷᠢᠳ ᠬᠤᠵᠢᠳ 79 ᠨᠠᠰᠤᠲᠠᠢ ᠨᠠᠰᠤᠨ ᠤ ᠠᠮᠠᠷᠠᠯᠲᠠ ᠪᠠᠨ ᠠᠪᠤᠭᠰᠠᠨ ᠰᠤᠷᠭᠠᠨ ᠬᠥᠮᠦᠵᠢᠯ ᠤᠨ ᠠᠵᠢᠯᠲᠠᠨ ᠰᠦᠨ ᠶᠦᠩ ᠵᠧᠨ᠂ ᠥᠪᠥᠷ ᠮᠣᠩᠭᠤᠯ ᠤᠨ ᠲᠠᠯ᠎ᠠ ᠨᠤᠲᠤᠭ ᠤᠨ ᠰᠣᠳᠣᠨ ᠴᠢᠳᠠᠪᠤᠷᠢᠲᠠᠨ᠂ ᠥᠪᠡᠷᠲᠡᠭᠡᠨ ᠵᠠᠰᠠᠬᠤ ᠣᠷᠣᠨ ᠤ ᠣᠨᠴᠠ ᠳᠡᠰ ᠤᠨ ᠪᠠᠭᠰᠢ ᠵᠢᠢ ᠬᠤᠩ ᠰᠢᠶᠠ ᠶᠢᠨ ᠭᠡᠷ ᠲᠤ ᠬᠦᠷᠴᠦ᠂ ᠳᠡᠳᠡᠨ ᠲᠠᠢ ᠳᠣᠲᠣᠨᠣ ᠪᠠᠷ ᠶᠠᠷᠢᠯᠴᠠᠵᠤ᠂ ᠵᠣᠭᠤᠭ ᠳᠡᠯᠭᠡᠵᠦ᠂ ᠠᠮᠢᠳᠤᠷᠠᠯ ᠤᠨ ᠲᠤᠬᠠᠢ ᠶᠠᠷᠢᠯᠴᠠᠵᠤ᠂ ᠳ᠋ᠦᠩ ᠾᠧ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠤᠬᠠᠢ ᠶᠠᠷᠢᠯᠴᠠᠵᠠᠢ᠃ᠵᠠᠩ ᠯᠢ ᠵᠢᠶᠦ᠋ᠨ ᠲᠡᠳᠡᠨ ᠤ ᠤᠯᠠᠨ ᠵᠢᠯ ᠤᠨ ᠲᠤᠷᠰᠢ ᠰᠤᠷᠭᠠᠨ ᠬᠥᠮᠦᠵᠢᠯ ᠤᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠬᠤ ᠪᠠᠨ ᠰᠡᠳᠬᠢᠯ ᠲᠠᠯᠪᠢᠨ ᠶᠠᠷᠢᠯᠴᠠᠵᠤ᠂ ᠰᠤᠯᠠ ᠵᠣᠭᠤᠭᠳᠠᠭᠰᠠᠨ ᠬᠠᠯᠠᠭᠤᠨ ᠳᠤᠯᠠᠭᠠᠨ ᠠᠭᠤᠷ ᠠᠮᠢᠰᠬᠤᠯ ᠤᠨ ᠳᠤᠮᠳᠠ᠂ ᠵᠠᠩ ᠯᠢ ᠵᠢᠶᠦ᠋ᠨ ᠲᠡᠳᠡᠨ ᠤ ᠤᠯᠠᠨ ᠵᠢᠯ ᠤᠨ ᠲᠤᠷᠰᠢ ᠰᠤᠷᠭᠠᠨ ᠬᠥᠮᠦᠵᠢᠯ ᠤᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠬᠤ ᠪᠠᠨ ᠢᠯᠡᠳᠬᠡᠪᠡ᠃ᠶᠠᠷᠢᠯᠴᠠᠭᠠᠨ ᠤ ᠳᠤᠮᠳᠠ᠂ ᠵᠠᠩ ᠯᠢ ᠵᠢᠶᠦ᠋ᠨ ᠪᠠᠰᠠ ᠲᠡᠳᠡᠨ ᠤ ᠪᠡᠶ᠎ᠡ ᠮᠠᠬᠠᠪᠤᠳ᠂ ᠠᠮᠢᠳᠤᠷᠠᠯ ᠪᠠ ᠭᠡᠷ ᠪᠦᠯᠢ ᠶᠢᠨ ᠪᠠᠶᠢᠳᠠᠯ ᠢ ᠨᠠᠷᠢᠨ ᠣᠶᠢᠯᠠᠭᠠᠵᠤ᠂ ᠪᠠᠰᠠ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠣᠶᠢᠷ᠎ᠠ ᠶᠢᠨ ᠵᠢᠯ ᠤᠨ ᠬᠥᠭᠵᠢᠯᠲᠡ ᠬᠤᠪᠢᠷᠠᠯᠲᠠ ᠵᠢᠴᠢ ᠣᠯᠣᠭᠰᠠᠨ ᠠᠮᠵᠢᠯᠲᠠ ᠶᠢ ᠲᠠᠨᠢᠯᠴᠠᠭᠤᠯᠪᠠ᠃ᠲᠡᠷᠡ ᠬᠡᠯᠡᠬᠦ ᠳᠡᠭᠡᠨ᠂ ᠨᠠᠰᠤᠨ ᠤ ᠠᠮᠠᠷᠠᠯᠲᠠ ᠪᠠᠨ ᠠᠪᠤᠭᠰᠠᠨ ᠰᠤᠷᠭᠠᠨ ᠬᠥᠮᠦᠵᠢᠯ ᠤᠨ ᠠᠵᠢᠯᠲᠠᠳ ᠴᠥᠮ ᠰᠤᠷᠭᠠᠨ ᠬᠥᠮᠦᠵᠢᠯ ᠤᠨ ᠡᠮᠦᠨ᠎ᠡ ᠹᠷᠣᠨᠲ ᠲᠤ ᠦᠨᠳᠦᠰᠦᠯᠡᠵᠦ᠂ ᠨᠡᠶᠢᠭᠡᠮ ᠳᠤ ᠶᠡᠭᠡ ᠬᠡᠮᠵᠢᠶᠡᠨ ᠤ ᠲᠤᠯᠭᠠᠭᠤᠷᠢ ᠬᠦᠴᠦᠨ  ᠢ ᠬᠥᠮᠥᠵᠢᠭᠦᠯᠦᠨ ᠥᠭᠴᠡᠢ᠂ ᠡᠨᠡ ᠪᠣᠯ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠡᠷᠬᠢᠮ ᠨᠠᠨᠳᠢᠨ ᠥᠪ ᠬᠥᠷᠥᠩᠭᠡ ᠮᠥᠨ ᠭᠡᠵᠡᠢ᠃ᠲᠡᠳᠡᠨ ᠤ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠳᠡᠮᠵᠢᠵᠦ᠂ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ᠲᠣᠬᠤᠨᠢᠭᠤᠯᠬᠤ ᠶᠠᠪᠤᠴᠠ ᠳᠤ᠂ ᠵᠠᠩ ᠯᠢ ᠵᠢᠶᠦ᠋ᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠳᠤ᠂ ᠠᠵᠢᠯ  ᠠᠴᠠ ᠪᠠᠨ ᠰᠠᠯᠵᠤ ᠠᠮᠠᠷᠠᠭᠰᠠᠨ ᠪᠠ ᠠᠵᠢᠯ  ᠠᠴᠠ ᠪᠠᠨ ᠪᠠᠭᠤᠵᠤ ᠠᠮᠠᠷᠠᠭᠰᠠᠨ ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ  ᠢ ᠬᠠᠯᠠᠮᠵᠢᠯᠠᠵᠤ᠂ ᠲᠡᠳᠡᠨ  ᠢ ᠢᠳᠡᠪᠬᠢᠲᠡᠢ ᠪᠠᠷ ᠬᠠᠪᠰᠤᠷᠤᠨ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ  ᠢ ᠨᠢ ᠰᠢᠢᠳᠪᠦᠷᠢᠯᠡᠵᠦ᠂ ᠲᠡᠳᠡᠨ  ᠢ ᠥᠲᠡᠯᠦᠭᠡ ᠨᠠᠰᠤ  ᠶᠢ ᠨᠢ ᠠᠮᠤᠷ ᠲᠠᠶᠢᠪᠤᠩ ᠥᠩᠭᠡᠷᠡᠭᠦᠯᠵᠦ᠂ ᠵᠣᠯ ᠵᠢᠷᠭᠠᠯᠲᠤ ᠠᠮᠢᠳᠤᠷᠠᠯ  ᠢ ᠨᠢ ᠠᠮᠤᠷ ᠲᠠᠶᠢᠪᠤᠩ ᠥᠩᠭᠡᠷᠡᠭᠦᠯᠬᠦ ᠬᠡᠷᠡᠭᠲᠡᠢ ᠭᠡᠵᠦ ᠵᠠᠬᠢᠵᠠᠢ᠃
ᠳ᠋ᠦᠩ ᠼᠦ᠋ᠨ ᠷᠦ᠋ᠢ ᠪᠦᠦ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠱᠢ ᠯᠢᠶᠠᠩ ᠯᠢᠶᠠᠩ᠂ ᠶᠠᠨ ᠬᠤᠩ ᠢ ᠪᠣᠯᠭᠤᠭᠠᠨ ᠲᠣᠬᠤᠨᠢᠭᠤᠯᠪᠠ᠃      ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠣᠷᠣ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠳ᠋ᠦᠩ ᠼᠦ᠋ᠨ ᠷᠦ᠋ᠢ ᠪᠤᠭᠤᠲᠤ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠱᠢ ᠯᠢᠶᠠᠩ ᠯᠢᠶᠠᠩ᠂ ᠶᠠᠨ ᠬᠤᠩ ᠢ ᠲᠣᠬᠤᠨᠢᠭᠤᠯᠪᠠ᠃ᠳ᠋ᠦᠩ ᠼᠦ᠋ᠨ ᠷᠦ᠋ᠢ᠂ ᠪᠠᠭᠰᠢ ᠨᠠᠷ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠵᠦ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠬᠦᠷᠢᠶ᠎ᠡ ᠢᠮᠠᠭᠲᠠ ᠨᠠᠮ ᠤᠨ ᠤᠳᠤᠷᠢᠳᠤᠯᠭ᠎ᠠ ᠶᠢᠨ ᠪᠠᠲᠤ ᠴᠢᠩᠭ᠎ᠠ ᠵᠢᠭᠰᠠᠭᠠᠯ ᠤᠨ ᠭᠠᠵᠠᠷ ᠪᠣᠯᠬᠤ ᠶᠢ ᠪᠠᠲᠤᠯᠠᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠳᠤᠲᠠᠭᠤᠳᠠᠯ ᠢᠶᠠᠨ ᠲᠦᠷᠭᠡᠨ ᠨᠥᠬᠦᠪᠦᠷᠢᠯᠡᠵᠦ᠂ ᠵᠢᠭᠠᠨ ᠰᠤᠷᠭᠠᠯᠲᠠ ᠶᠢᠨ ᠴᠢᠳᠠᠪᠤᠷᠢ ᠪᠣᠯᠣᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃      ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠮᠠ ᠨᠢ ᠪᠤᠭᠤᠲᠤ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠵᠧᠦ ᠬᠤᠢ᠂ ᠪᠤᠭᠤᠲᠤ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠦ᠋ ᠷᠦᠢ ᠶᠢ ᠲᠣᠬᠤᠨᠢᠭᠤᠯᠪᠠ᠃ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠶᠢ᠂ ᠪᠤᠭᠤᠲᠤ ᠶᠢᠨ ᠲᠡᠮᠦᠷ ᠵᠠᠮ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠶᠠᠩ ᠫᠢᠩ᠂ ᠨᠢᠦ ᠴᠢᠶᠣᠤ ᠵᠡᠭᠡᠯᠢ ᠶᠢᠨ ᠪᠠᠭ᠎ᠠ ᠰᠤᠷᠭᠠᠭᠤᠯᠢ ᠶᠢᠨ ᠪᠠᠭᠰᠢ ᠵᠧᠦ ᠵᠢᠶᠠ ᠶᠢ ᠲᠣᠬᠤᠨᠢᠭᠤᠯᠪᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1