ᠳ᠋ᠦᠩ ᠾᠧ ᠲᠣᠭᠤᠷᠢᠭ ᠤᠨ ᠨᠠᠮ ᠵᠠᠰᠠᠭ ᠤᠨ ᠭᠤᠣᠯ ᠤᠳᠤᠷᠢᠳᠤᠯᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠲᠠᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2022/9/19
       9 ᠰᠠᠷ᠎ᠠ ᠶᠢᠨ 10 ᠤ ᠡᠳᠦᠷ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠲᠤ᠂ ᠣᠷᠣᠨ ᠤ ᠨᠠᠮ ᠤᠨ ᠬᠤᠷᠢᠶ᠎ᠠ ᠶᠢᠨ ᠱᠦᠵᠢ ᠶᠠᠩ ᠡᠯ ᠰᠢ᠂ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠠᠩ ᠯᠢ ᠵᠢᠶᠦ᠋ᠨ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠠᠵᠢᠯᠲᠠᠳ ᠢ ᠪᠣᠯᠭᠤᠭᠠᠨ ᠲᠣᠬᠤᠨᠢᠭᠤᠯᠵᠤ ᠪᠠᠶᠢᠭ᠎ᠠ ᠨᠢ᠃
ᠲᠣᠬᠤᠨᠢᠭᠤᠯᠬᠤ ᠲᠣᠭᠤᠷᠢᠭ ᠤᠨ ᠵᠢᠯᠣᠭᠤᠳᠤᠨ ᠲᠣᠬᠢᠷᠠᠭᠤᠯᠬᠤ ᠲᠥᠪ ᠪᠠ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠲᠤᠰᠬᠠᠢ ᠠᠩᠭᠢ ᠶᠢᠨ ᠵᠢᠵᠢᠭᠦᠷᠯᠡᠭᠴᠢ ᠶᠢ ᠡᠷᠬᠢᠨ ᠦᠵᠡᠭᠰᠡᠨ ᠪᠥᠭᠡᠳ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠪᠠᠳᠠᠨ ᠵᠢᠯᠤᠭᠤᠳᠴᠤ ᠪᠠᠶᠢᠴᠠᠭᠠᠬᠤ ᠶᠢᠨ ᠬᠠᠮᠲᠤ G6 ᠲᠦᠷᠭᠡᠨ ᠳᠠᠪᠬᠢᠬᠤ ᠵᠠᠰᠠᠮᠠᠯ ᠵᠠᠮ ᠤᠨ ᠳ᠋ᠦᠩ ᠰᠢᠩ ᠺᠠ ᠺᠧᠦ᠂ ᠳ᠋ᠧ ᠱᠧᠩ ᠲᠠᠢ ᠺᠠ ᠺᠧᠦ ᠶᠢᠨ ᠲᠤᠰᠬᠠᠢ ᠡᠭᠡᠯᠵᠢ ᠶᠢᠨ ᠵᠢᠵᠢᠭᠦᠷᠯᠡᠭᠴᠢ ᠶᠢ ᠪᠣᠯᠭᠤᠭᠠᠨ ᠲᠣᠬᠤᠨᠢᠭᠤᠯᠪᠠ᠃      ᠶᠠᠩ ᠡᠯ ᠰᠢ᠂ ᠵᠠᠩ ᠯᠢ ᠵᠢᠶᠦ᠋ᠨ ᠨᠠᠷ ᠤᠷᠢᠳ ᠬᠤᠵᠢᠳ ᠲᠣᠭᠤᠷᠢᠭ ᠤᠨ ᠵᠢᠯᠣᠭᠤᠳᠤᠨ ᠲᠣᠬᠢᠷᠠᠭᠤᠯᠬᠤ ᠲᠥᠪ ᠪᠣᠯᠣᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠲᠤᠰᠬᠠᠢ ᠠᠩᠭᠢ ᠶᠢᠨ ᠵᠢᠵᠢᠭᠦᠷᠯᠡᠭᠴᠢᠳ ᠢ ᠪᠣᠯᠭᠤᠭᠠᠨ ᠲᠣᠬᠤᠨᠢᠭᠤᠯᠵᠤ᠂ G6 ᠲᠦᠷᠭᠡᠨ ᠳᠠᠪᠬᠢᠬᠤ ᠵᠠᠰᠠᠮᠠᠯ ᠵᠠᠮ ᠤᠨ ᠳ᠋ᠦᠩ ᠰᠢᠩ ᠺᠠ ᠺᠧᠦ ᠪᠣᠯᠣᠨ ᠳ᠋ᠧ ᠱᠧᠩ ᠲᠠᠢ ᠺᠠ ᠺᠧᠦ ᠶᠢᠨ ᠲᠤᠰᠬᠠᠢ ᠡᠭᠡᠯᠵᠢ ᠶᠢᠨ ᠵᠢᠵᠢᠭᠦᠷᠯᠡᠭᠴᠢ᠂ ᠪᠤᠭᠤᠲᠤ ᠶᠢᠨ ᠳ᠋ᠦᠩ ᠾᠧ ᠨᠢᠰᠬᠡᠯ ᠤᠨ ᠪᠠᠭᠤᠳᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠡᠭᠡᠯᠵᠢ ᠶᠢᠨ ᠵᠢᠵᠢᠭᠦᠷᠯᠡᠭᠴᠢ᠂ ᠪᠤᠭᠤᠲᠤ ᠶᠢᠨ ᠵᠡᠭᠦᠨ ᠭᠠᠯᠲᠤ ᠲᠡᠷᠭᠡᠨ ᠥᠷᠲᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠡᠭᠡᠯᠵᠢ ᠶᠢᠨ ᠵᠢᠵᠢᠭᠦᠷᠯᠡᠭᠴᠢ ᠂ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠵᠢᠵᠢᠭᠦᠷᠯᠡᠭᠴᠢ᠂ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠴᠤᠪᠤᠷᠠᠯ ᠢ ᠡᠷᠢᠬᠦ ᠲᠤᠰᠬᠠᠢ ᠡᠭᠡᠯᠵᠢ ᠶᠢᠨ ᠠᠵᠢᠯᠲᠠᠨ᠂ ᠲᠡᠳᠡᠨ ᠢᠶᠠᠷ ᠳᠠᠮᠵᠢᠭᠤᠯᠤᠨ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠠᠵᠢᠯᠲᠠᠳ ᠲᠤ ᠴᠢᠩ ᠰᠡᠳᠬᠢᠯ ᠤᠨ ᠲᠠᠯᠠᠷᠬᠠᠯ ᠪᠠ ᠳᠣᠲᠣᠨᠣ ᠮᠡᠨᠳᠦᠴᠢᠯᠡᠯ ᠳᠡᠪᠰᠢᠭᠦᠯᠵᠦ᠂ ᠡᠭᠦᠨ ᠤ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠲᠠᠳ ᠤᠨ ᠪᠠᠭ᠎ᠠ ᠭᠡᠷ ᠢᠶᠠᠨ ᠬᠠᠶᠠᠵᠤ᠂ ᠤᠯᠠᠨ ᠢ ᠬᠠᠷᠠᠭᠠᠯᠵᠠᠵᠤ᠂ ᠪᠦᠬᠦ ᠣᠷᠣᠨ ᠤ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠰᠠᠬᠢᠨ ᠬᠠᠮᠠᠭᠠᠯᠠᠬᠤ ᠳᠤ ᠭᠠᠷᠭᠠᠭᠰᠠᠨ ᠰᠢᠷᠭᠠᠭᠤ ᠴᠢᠷᠮᠠᠶᠢᠯᠭ᠎ᠠ ᠪᠣᠯᠣᠨ ᠲᠣᠪᠣᠶᠢᠮ᠎ᠠ ᠬᠤᠪᠢ ᠨᠡᠮᠡᠷᠢ ᠶᠢ ᠭᠦᠢᠴᠡᠳ ᠨᠤᠲᠠᠯᠠᠪᠠ᠃
ᠪᠤᠭᠤᠲᠤ ᠶᠢᠨ ᠳ᠋ᠦᠩ ᠾᠧ ᠨᠢᠰᠬᠡᠯ ᠤᠨ ᠪᠠᠭᠤᠳᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠡᠭᠡᠯᠵᠢ ᠶᠢᠨ ᠵᠢᠵᠢᠭᠦᠷᠯᠡᠭᠴᠢᠳ ᠢ ᠡᠷᠬᠢᠨ ᠦᠵᠡᠵᠦ ᠲᠣᠬᠤᠨᠢᠭᠤᠯᠪᠠ᠃
ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠴᠤᠪᠤᠷᠠᠯ ᠢ ᠡᠷᠢᠬᠦ ᠲᠤᠰᠬᠠᠢ ᠠᠩᠭᠢ ᠶᠢᠨ ᠠᠵᠢᠯᠲᠠᠨ ᠢ ᠡᠷᠬᠢᠨ ᠦᠵᠡᠵᠦ ᠲᠣᠬᠤᠨᠢᠭᠤᠯᠪᠠ᠃      ᠶᠠᠩ ᠡᠯ ᠰᠢ ᠴᠢᠬᠤᠯᠠᠴᠢᠯᠠᠭᠰᠠᠨ ᠨᠢ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠬᠢᠵᠢᠭ ᠤᠨ ᠪᠠᠶᠢᠳᠠᠯ ᠤᠨ ᠡᠮᠦᠨ᠎ᠡ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠦᠷᠭᠦᠯᠵᠢᠯᠡᠨ ᠡᠷᠡᠯᠬᠡᠭᠯᠡᠨ ᠲᠡᠮᠡᠴᠡᠵᠦ᠂ ᠪᠠᠶᠢᠩᠭᠤ  ᠶᠢᠨ ᠴᠢᠨᠠᠷᠲᠠᠢ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ︽ᠨᠢᠭᠡᠳᠦᠭᠡᠷ ᠪᠣᠭᠤᠮᠲᠠ︾ ᠶᠢ ᠴᠢᠩᠭ᠎ᠠ ᠰᠠᠬᠢᠵᠤ᠂ ᠬᠢᠵᠢᠭ ᠤᠨ ᠪᠠᠶᠢᠳᠠᠯ  ᠢ ᠡᠰᠡᠷᠭᠦᠴᠡᠬᠦ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ᠪᠦᠬᠦ ᠣᠷᠣᠨ ᠢᠶᠠᠷ ᠢᠶᠠᠨ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ︾ᠶᠡᠷᠦᠩᠬᠡᠢ ᠠᠷᠭ᠎ᠠ ᠪᠣᠳᠣᠯᠭ᠎ᠠ ᠪᠠ︽ᠬᠥᠳᠡᠯᠦᠩᠭᠦᠢ ᠪᠠᠷ ᠲᠡᠭ ᠪᠣᠯᠭᠠᠬᠤ︾ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ᠃︽ᠭᠠᠳᠠᠨ᠎ᠠ  ᠠᠴᠠ ᠣᠷᠣᠭᠤᠯᠬᠤ  ᠶᠢ ᠰᠡᠷᠭᠡᠶᠢᠯᠡᠬᠦ︾  ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠲᠤᠷᠰᠢᠯᠲᠠ  ᠶᠢᠨ ᠨᠣᠮᠧᠷ  ᠢ ᠨᠠᠷᠢᠯᠢᠭ ᠪᠠᠭᠤᠯᠭᠠᠬᠤ᠂ ᠳᠤᠯᠠᠭᠠᠨ  ᠢ ᠬᠡᠮᠵᠢᠬᠦ᠂ ᠪᠥᠭᠡᠮ ᠬᠦᠴᠢᠯ ᠤᠨ ᠥᠯᠢᠭᠡᠷ ᠠᠪᠬᠤ ᠵᠡᠷᠭᠡ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ  ᠶᠢ ᠴᠢᠩᠭ᠎ᠠ ᠬᠡᠷᠡᠭᠵᠢᠭᠦᠯᠵᠦ᠂ ᠳᠠᠭᠠᠭᠠᠴᠢᠯᠠᠯᠲᠠ ᠳᠤ ᠣᠷᠣᠬᠤ ᠲᠡᠷᠭᠡ ᠬᠥᠰᠬᠡ᠂ ᠳᠠᠭᠠᠭᠠᠴᠢᠯᠠᠯᠲᠠ ᠳᠤ ᠪᠤᠴᠠᠵᠤ ᠢᠷᠡᠬᠦ ᠬᠥᠮᠥᠰ  ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ  ᠶᠢ ᠨᠠᠷᠢᠨ ᠬᠢᠨᠠᠮᠠᠭᠠᠢ ᠰᠠᠶᠢᠲᠤᠷ ᠬᠢᠵᠦ ᠂ ᠨᠢᠭᠡ ᠲᠡᠷᠭᠡ  ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ  ᠢ ᠴᠦ ᠣᠷᠬᠢᠭᠳᠠᠭᠤᠯᠬᠤ ᠦᠭᠡᠢ ᠪᠠᠶᠢᠬᠤ  ᠶᠢ ᠦᠨᠡᠨ ᠬᠦ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠ ᠬᠠᠲᠠᠭᠤ ᠴᠢᠩᠭ᠎ᠠ ᠰᠤᠷᠲᠠᠯ ᠢᠶᠠᠷ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ  ᠶᠢᠨ ᠱᠤᠭᠤᠮ  ᠢ ᠪᠠᠲᠤ ᠴᠣᠭᠴᠠᠯᠠᠬᠤ ᠬᠡᠷᠡᠭᠲᠡᠢ᠃ᠲᠡᠷᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠪᠠᠶᠢᠭ᠎ᠠ ᠠᠵᠢᠯᠲᠠᠳ ᠬᠦᠴᠢᠷ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ᠂ ᠦᠷᠭᠦᠯᠵᠢᠯᠡᠨ ᠪᠠᠶᠢᠯᠳᠤᠬᠤ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠰᠠᠬᠢᠯᠭ᠎ᠠ ᠪᠠᠲᠤ ᠶᠢ ᠴᠢᠩᠳᠠᠯᠠᠵᠤ᠂ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠵᠤ᠂ ᠭᠤᠭᠴᠤᠭ᠎ᠠ ᠨᠢᠭᠡᠪᠦᠷᠢ ᠶᠢ ᠴᠢᠩᠭ᠎ᠠ ᠠᠩᠬᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢᠭᠡᠪᠦᠷᠢ ᠶᠢ ᠨᠠᠷᠢᠨ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤᠨ ᠤ ᠱᠤᠭᠤᠮ ᠪᠣᠯᠣᠨ ᠠᠮᠤᠷ ᠲᠦᠪᠰᠢᠨ ᠤ ᠱᠤᠭᠤᠮ ᠢ ᠰᠠᠶᠢᠲᠤᠷ ᠰᠠᠬᠢᠨ ᠬᠠᠮᠠᠭᠠᠯᠠᠬᠤ ᠶᠢ ᠬᠦᠰᠡᠪᠡ᠃ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠡᠮᠦᠨ᠎ᠡ ᠹᠷᠣᠨᠲ ᠤᠨ ᠠᠵᠢᠯᠲᠠᠳ ᠢ ᠬᠠᠯᠠᠮᠵᠢᠯᠠᠨ ᠬᠠᠯᠠᠮᠵᠢᠯᠠᠬᠤ ᠪᠠᠨ ᠴᠢᠩᠭᠠᠳᠬᠠᠵᠤ᠂ ᠠᠵᠢᠯᠲᠠᠳ ᠤᠨ ᠬᠦᠴᠦᠨ ᠢ ᠰᠢᠨᠵᠢᠯᠡᠬᠦ ᠤᠬᠠᠭᠠᠨᠴᠢ ᠪᠠᠷ ᠵᠣᠬᠢᠰᠲᠠᠢ ᠲᠣᠬᠢᠷᠠᠭᠤᠯᠵᠤ᠂ ᠤᠯᠠᠨ ᠢᠶᠠᠷ ᠢᠶᠠᠨ ᠠᠮᠤᠷ ᠲᠦᠪᠰᠢᠨ ᠡᠷᠡᠭᠦᠯ ᠮᠡᠨᠳᠦ ᠪᠠᠷ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠢᠯᠯᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠵᠠᠩ ᠯᠢ ᠵᠢᠶᠦ᠋ᠨ ᠴᠢᠬᠤᠯᠠᠴᠢᠯᠠᠭᠰᠠᠨ ᠨᠢ᠂ ᠨᠠᠢᠮᠠᠨ ᠰᠠᠷ᠎ᠠ ᠶᠢᠨ ᠲᠡᠷᠭᠡᠯ ᠪᠠᠶᠠᠷ ᠪᠠ ᠤᠯᠤᠰ ᠤᠨ ᠪᠠᠶᠠᠷ ᠤᠨ ᠬᠤᠭᠤᠴᠠᠭᠠᠨ ᠳᠤ ᠲᠡᠷᠭᠡᠨ ᠤ ᠤᠷᠤᠰᠬᠠᠯ ᠤᠨ ᠬᠡᠮᠵᠢᠶ᠎ᠡ ᠶᠡᠭᠡ᠂ ᠬᠥᠮᠥᠨ ᠤ ᠤᠷᠤᠰᠬᠠᠯ ᠤᠨ ᠪᠠᠶᠢᠴᠠᠭᠠᠨ ᠰᠢᠯᠭᠠᠬᠤ ᠡᠭᠦᠷᠭᠡ ᠬᠦᠨᠳᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠠᠵᠢᠯ ᠤᠨ ᠲᠤᠰᠬᠠᠢ ᠠᠩᠭᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠪᠠ ᠵᠢᠵᠢᠭᠦᠷᠯᠡᠨ ᠰᠠᠬᠢᠬᠤ ᠠᠵᠢᠯᠲᠠᠳ ᠳᠡᠭᠡᠳᠦ ᠱᠠᠲᠤᠨ ᠤ ᠬᠠᠮᠤᠭ ᠤᠨ ᠰᠢᠨ᠎ᠡ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠪᠠ ᠱᠠᠭᠠᠷᠳᠠᠯᠭ᠎ᠠ ᠶᠢ ᠬᠢᠨᠠᠮᠠᠭᠠᠢ ᠵᠢᠷᠤᠮᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠨᠠᠷᠢᠯᠢᠭ ᠰᠠᠶᠢᠲᠤᠷ ᠠᠳᠬᠤᠵᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠦᠢᠯᠡᠳᠦᠯ ᠢ ᠦᠨᠡᠨᠬᠦ ᠪᠠᠳᠠᠷᠠᠭᠤᠯᠤᠨ᠂ ᠠᠵᠢᠯ ᠤᠨ ᠬᠦᠴᠦᠨ ᠢᠶᠠᠨ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠢ᠃ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠡᠯ᠎ᠡ ᠵᠦᠢᠯ ᠤᠨ ᠬᠠᠯᠠᠮᠵᠢᠯᠠᠨ ᠬᠠᠶᠢᠷᠠᠯᠠᠬᠤ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠵᠢᠵᠢᠭᠦᠷᠯᠡᠨ ᠰᠠᠬᠢᠵᠤ ᠪᠠᠶᠢᠭ᠎ᠠ ᠬᠥᠮᠥᠰ ᠤᠨ ᠢᠮᠠᠭᠲᠠ ᠴᠤᠭ ᠵᠢᠪᠬᠤᠭ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠤᠯᠴᠠᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠡᠷᠡᠭᠦᠯ ᠡᠩᠬᠡ ᠠᠮᠤᠷ ᠠᠮᠤᠭᠤᠯᠠᠩ᠂ ᠪᠠᠶᠠᠷ ᠬᠥᠷ ᠲᠠᠢ ᠥᠯᠵᠡᠢ ᠪᠡᠯᠭᠡ ᠲᠠᠢ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃      ᠣᠷᠣᠨ ᠤ ᠤᠳᠤᠷᠢᠳᠤᠯᠭ᠎ᠠ ᠱᠢ ᠯᠢ ᠨᠠ᠂ ᠬᠤ ᠭᠦᠸᠧ ᠷᠦᠢ᠂ ᠯᠢ ᠶᠦᠩ᠂ ᠳ᠋ᠦ᠋ ᠺᠧ᠂ ᠯᠢ ᠢ ᠵᠢᠴᠢ ᠣᠷᠣᠨ ᠤ ᠵᠠᠰᠠᠭ ᠤᠨ ᠣᠷᠳᠣᠨ ᠤ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠣᠯ ᠬᠠᠷᠢᠭᠤᠴᠠᠯᠭᠠᠲᠠᠨ ᠪᠠᠷ᠎ᠠ ᠪᠣᠯᠵᠤ ᠲᠣᠬᠤᠨᠢᠭᠤᠯᠪᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1