【ᠳᠡᠷᠭᠡᠳᠡᠬᠢ ᠦᠯᠢᠭᠡᠷ ᠳᠠᠭᠤᠷᠢᠶᠠᠯ ᠤᠨ ︽ᠪᠠᠶᠢᠯᠳᠤᠭᠠᠨ︾ ᠤ ᠬᠢᠵᠢᠭ︾ ᠤᠨ ︽ᠬᠥᠰᠢᠭᠡ ᠶᠢᠨ ᠠᠷᠤ ᠳᠠᠬᠢ ᠬᠤᠰᠢᠭᠤᠴᠢ︾ ᠴᠢᠶᠧ ᠬᠠᠢ ᠯᠦᠩ
ᠨᠡᠶᠢᠲᠡᠯᠡᠭᠰᠡᠨ ᠴᠠᠭ᠄
2022/9/19
       ︽ᠲᠠ ᠰᠠᠶᠢᠨ ᠤᠸ ? ᠪᠢ ᠪᠣᠯ ᠲᠣᠭᠤᠷᠢᠭ ᠤᠨ ᠵᠢᠯᠣᠭᠤᠳᠤᠨ ᠲᠣᠬᠢᠷᠠᠭᠤᠯᠬᠤ ᠲᠥᠪ ᠪᠠ ᠮᠡᠳᠡᠭᠡ ᠵᠠᠩᠭᠢ  ᠶᠢᠨ ᠲᠤᠭ᠎ᠠ ᠪᠠᠷᠢᠮᠲᠠ  ᠶᠢᠨ ᠲᠤᠰᠬᠠᠢ ᠠᠩᠭᠢ  ᠶᠢᠨ ᠵᠢᠵᠢᠭᠦᠷᠯᠡᠭᠴᠢ ᠮᠥᠨ᠂ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠬᠤᠯᠪᠣᠭᠳᠠᠯ ᠪᠦᠬᠦᠢ ᠱᠠᠭᠠᠷᠳᠠᠯᠭ᠎ᠠ  ᠶᠢ ᠦᠨᠳᠦᠰᠦᠯᠡᠨ᠂ ᠲᠠᠨ ᠤ ᠣᠷᠴᠢᠮ ᠤᠨ ᠮᠡᠳᠡᠭᠡ ᠵᠠᠩᠭᠢ  ᠶᠢ ᠬᠢᠨᠠᠨ ᠬᠠᠷᠭᠤᠭᠤᠯᠬᠤ ᠴᠢᠬᠤᠯᠠᠲᠠᠢ ᠪᠠᠶᠢᠨ᠎ᠠ᠂ ᠲᠠ ᠬᠠᠮᠵᠢᠬᠤ ᠪᠣᠯᠪᠠᠤ︾᠃ ᠴᠢᠶ᠋ᠧ ᠬᠠᠢ ᠯᠦᠩ ᠬᠢᠵᠢᠭ  ᠢ ᠰᠡᠷᠭᠡᠶᠢᠯᠡᠬᠦ ᠮᠡᠳᠡᠭᠡ ᠵᠠᠩᠭᠢ  ᠶᠢᠨ ᠲᠤᠰᠬᠠᠢ ᠠᠩᠭᠢ  ᠶᠢᠨ ᠠᠵᠢᠯᠲᠠᠨ ᠪᠣᠯᠤᠭᠰᠠᠨ ᠤ ᠬᠤᠪᠢ ᠳᠤ᠂ ᠬᠢᠨᠠᠨ ᠪᠠᠶᠢᠴᠠᠭᠠᠭᠰᠠᠨ ᠲᠤᠭ᠎ᠠ ᠪᠠᠷᠢᠮᠲᠠ  ᠶᠢ ᠣᠯᠣᠭᠰᠠᠨ ᠤ ᠳᠠᠷᠠᠭ᠎ᠠ ᠲᠡᠷᠡ ᠳᠠᠷᠤᠢ ᠳᠤᠨᠢ ᠨᠠᠷᠢᠨ ᠣᠨᠣᠴᠢᠲᠠᠢ ᠪᠠᠷ ᠬᠢᠨᠠᠨ ᠪᠠᠶᠢᠴᠠᠭᠠᠵᠤ᠂ ᠲᠡᠷᠡ ᠳᠠᠷᠤᠢ ᠳᠤᠨᠢ ᠲᠤᠭ᠎ᠠ ᠪᠠᠷᠢᠮᠲᠠ  ᠶᠢ ᠬᠤᠷᠢᠶᠠᠩᠭᠤᠶᠢᠯᠠᠨ᠂ ᠲᠡᠷᠡ ᠳᠠᠷᠤᠢ ᠳᠤᠨᠢ ᠬᠠᠮᠲᠤᠷᠠᠨ ᠡᠵᠡᠮᠳᠡᠬᠦ ᠪᠣᠯ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠪᠣᠯᠬᠤ ᠪᠥᠭᠡᠳ ᠪᠠᠰᠠ ᠴᠤ ᠨᠠᠷᠢᠨ ᠣᠨᠣᠴᠢᠲᠠᠢ ᠪᠠᠷ ᠰᠡᠷᠭᠡᠶᠢᠯᠡᠨ ᠡᠵᠡᠮᠳᠡᠬᠦ  ᠶᠢᠨ ᠵᠠᠩᠭᠢᠯᠠᠭ᠎ᠠ ᠪᠣᠯᠣᠨ᠎ᠠ᠃ᠲᠡᠳᠡ 24 ᠴᠠᠭ ᠤᠨ ᠳᠣᠲᠣᠷ᠎ᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠴᠠᠭ ᠢ ᠠᠮᠵᠢᠨ᠂ ᠬᠤᠷᠳᠤᠴᠠ ᠶᠢ ᠠᠮᠵᠢᠵᠤ᠂ ᠵᠡᠪᠰᠡᠭ ᠢᠶᠠᠨ ᠳᠡᠷᠡᠯᠡᠨ ᠬᠤᠶᠠᠭ ᠢᠶᠠᠨ ᠠᠪᠴᠤ ᠳᠡᠶᠢᠯᠬᠦ ᠦᠭᠡᠢ᠂ ᠡᠰᠡᠬᠦᠯ᠎ᠡ ᠡᠮᠦᠨ᠎ᠡ ᠹᠷᠣᠨᠲ ᠲᠤ ᠲᠠᠭᠠᠷᠢᠨ ᠣᠷᠣᠵᠤ᠂ ᠡᠰᠡᠬᠦᠯ᠎ᠡ ᠠᠷᠤ ᠲᠠᠯ᠎ᠠ ᠪᠠᠨ ᠪᠠᠲᠤᠯᠠᠵᠤ᠂ ᠠᠮᠢ ᠪᠡᠶ᠎ᠡ ᠪᠠᠨ ᠦᠯᠦ ᠬᠠᠶᠢᠬᠤᠷᠤᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠂ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠠᠩᠨᠠᠨ ᠲᠤᠷᠰᠢᠬᠤ ᠴᠡᠷᠢᠭ ᠪᠣᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠡᠭᠡᠯ ᠵᠢᠷ ᠤᠨ ᠦᠢᠯᠡ ᠠᠵᠢᠯᠯᠠᠭ᠎ᠠ ᠪᠠᠷ ᠢᠶᠠᠨ ᠰᠠᠭᠤᠭᠠᠯᠢ ᠠᠷᠠᠳ ᠤᠨ ᠠᠮᠢ ᠨᠠᠰᠤ ᠡᠷᠡᠭᠦᠯ ᠮᠡᠨᠳᠤ ᠶᠢ ᠰᠠᠬᠢᠨ ᠬᠠᠮᠠᠭᠠᠯᠠᠪᠠ᠃      ︽ᠬᠠᠮᠢᠭ᠎ᠠ ᠣᠴᠢᠭᠰᠠᠨ ᠶᠤᠮ? ᠶᠠᠮᠠᠷ ᠬᠥᠮᠥᠰ ᠲᠠᠢ ᠠᠭᠤᠯᠵᠠᠵᠤ ᠪᠠᠢᠭᠰᠠᠨ ᠶᠤᠮ?︾ ᠭᠡᠵᠦ ᠥᠩᠭᠡᠷᠡᠭᠰᠡᠨ ᠳᠤ ᠦᠵᠡᠬᠦ ᠳᠤ ᠡᠩ ᠤᠨ ᠰᠢᠭ ᠡᠲᠡᠭᠡᠷ ᠠᠰᠠᠭᠤᠯᠲᠠ ᠨᠢ ᠣᠨᠴᠠᠭᠠᠶ ᠴᠠᠭ ᠦᠶ᠎ᠡ ᠳᠤ ᠬᠠᠷᠢᠨ ᠣᠨᠴᠠᠭᠠᠶ ᠴᠢᠬᠤᠯᠠ ᠪᠠᠶᠢᠳᠠᠭ᠂ ᠥᠴᠥᠬᠡᠨ ᠲᠡᠳᠦᠢ ᠮᠡᠳᠡᠭᠡ ᠵᠠᠩᠭᠢ  ᠶᠢ ᠣᠷᠬᠢᠭᠳᠠᠭᠤᠯᠤᠭᠰᠠᠨ ᠴᠤ ᠬᠢᠵᠢᠭ ᠤᠨ ᠪᠠᠶᠢᠳᠠᠯ  ᠢ ᠲᠠᠷᠬᠠᠭᠠᠬᠤ ᠪᠤᠶᠤ ᠳᠡᠯᠭᠡᠷᠡᠭᠦᠯᠵᠦ ᠮᠡᠳᠡᠬᠦ ᠶᠤᠮ᠃  ᠃ᠴᠢᠶᠧ ᠬᠠᠢ ᠯᠦᠩ ᠡᠩ ᠤᠨ ᠦᠶ᠎ᠡ  ᠶᠢᠨ ᠠᠵᠢᠯ ᠤᠨ ᠳᠤᠮᠳᠠ ᠪᠠᠨ ᠠᠮᠢᠳᠤᠷᠠᠯ ᠤᠨ ᠪᠠᠶᠢᠳᠠᠯ  ᠢ ᠯᠠᠪᠯᠠᠨ ᠠᠰᠠᠭᠤᠬᠤ ᠪᠠᠷ ᠪᠠᠷᠠᠬᠤ ᠦᠭᠡᠢ ᠪᠠᠰᠠ ᠬᠤᠯᠪᠣᠭᠳᠠᠯ ᠪᠦᠬᠦᠢ ᠬᠥᠮᠥᠰ  ᠢ ᠬᠦᠯᠢᠴᠡᠩᠭᠦᠢ ᠪᠠᠷ ᠢᠳᠬᠠᠨ ᠲᠠᠶᠢᠳᠬᠤᠷᠠᠭᠤᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ  ᠶᠢᠨ ᠮᠡᠳᠡᠯᠭᠡ  ᠶᠢ ᠲᠦᠭᠡᠮᠡᠯᠵᠢᠭᠦᠯᠵᠡᠢ᠃ᠡᠳᠦᠷ ᠪᠦᠷᠢ ᠠᠵᠢᠯ ᠰᠢᠯᠵᠢᠬᠦ ᠴᠢᠬᠤᠯᠠᠲᠠᠢ ᠬᠥᠮᠥᠨ ᠮᠠᠰᠢ ᠣᠯᠠᠨ ᠪᠠᠶᠢᠳᠠᠭ᠂ ᠴᠢᠶ᠋ᠧ ᠬᠠᠢ ᠯᠦᠩ ᠦᠷᠭᠦᠯᠵᠢ ᠰᠥᠨᠢᠵᠢᠨ ᠠᠵᠢᠯᠯᠠᠵᠤ᠂ ᠴᠠᠭ ᠬᠤᠭᠤᠴᠠᠭ᠎ᠠ ᠲᠠᠢ ᠤᠷᠤᠯᠳᠤᠨ ᠭᠦᠶᠦᠳᠡᠭ᠂ ᠨᠡᠭᠦᠳᠡᠯ ᠲᠣᠬᠢᠷᠠᠭᠤᠯᠭ᠎ᠠ ᠶᠢᠨ ᠮᠡᠳᠡᠭᠡ ᠵᠠᠩᠭᠢ ᠶᠢ ᠠᠯᠢ ᠲᠦᠷᠭᠡᠨ ᠢᠶᠠᠷ ᠮᠡᠳᠡᠭᠦᠯᠦᠯᠲᠡ ᠪᠣᠯᠭᠠᠬᠤ ᠶᠢ ᠪᠠᠲᠤᠯᠠᠬᠤ ᠶᠢᠨ ᠲᠥᠯᠥᠭᠡ᠂ ᠤᠳᠠᠭ᠎ᠠ ᠪᠦᠷᠢ ᠮᠡᠳᠡᠭᠡ ᠵᠠᠩᠭᠢ ᠶᠢᠨ ᠬᠠᠷᠢᠭᠤ ᠲᠤᠰᠬᠠᠯ ᠢ ᠣᠯᠣᠭᠰᠠᠨ ᠤ ᠳᠠᠷᠠᠭ᠎ᠠ ᠴᠥᠮ ᠰᠤᠳᠤᠯᠤᠨ ᠮᠠᠭᠠᠳᠯᠠᠬᠤ ᠠᠵᠢᠯ ᠢ ᠳᠠᠷᠤᠢ ᠲᠦᠷᠭᠡᠨ ᠥᠷᠨᠢᠭᠦᠯᠵᠦ᠂ ᠶᠡᠭᠡ ᠬᠡᠮᠵᠢᠶᠡᠨ ᠤ ᠲᠤᠭ᠎ᠠ ᠪᠠᠷᠢᠮᠲᠠ ᠶᠢ ᠨᠠᠷᠢᠨ ᠬᠢᠨᠠᠮᠠᠭᠠᠢ ᠡᠮᠬᠢᠯᠡᠨ ᠵᠠᠳᠠᠯᠵᠤ᠂ ᠬᠠᠮᠢᠶ᠎ᠠ ᠪᠦᠬᠦᠢ ᠬᠥᠮᠥᠰ ᠤᠨ ᠢᠷᠡᠯᠲᠡ ᠶᠢ ᠡᠷᠢᠬᠦ ᠶᠢᠨ ᠬᠠᠮᠲᠤ ᠰᠤᠳᠤᠯᠤᠨ ᠮᠠᠭᠠᠳᠯᠠᠭᠰᠠᠨ ᠦᠷ᠎ᠡ ᠳ᠋ᠦᠩ ᠢᠶᠠᠨ ᠬᠠᠮᠤᠭ ᠤᠨ ᠲᠡᠷᠢᠭᠦᠨ ᠳᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠲᠤ ᠮᠡᠳᠡᠭᠳᠡᠵᠦ᠂ ᠬᠠᠯᠳᠠᠪᠤᠷᠢᠲᠤ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠶᠡᠷᠦᠩᠬᠡᠶᠢᠯᠡᠨ ᠪᠥᠷᠢᠯᠳᠦᠭᠦᠯᠳᠡᠭ᠃      ᠬᠢᠵᠢᠭ ᠤᠨ ᠪᠠᠶᠢᠳᠠᠯ ᠪᠣᠯ ᠳᠠᠷᠤᠢ ᠵᠠᠷᠯᠢᠭ ᠮᠥᠨ᠂ ᠰᠡᠷᠭᠡᠶᠢᠯᠡᠨ ᠬᠢᠵᠠᠭᠠᠷᠯᠠᠬᠤ ᠪᠣᠯ ᠳᠠᠷᠤᠢ ᠬᠠᠷᠢᠭᠤᠴᠠᠯᠭ᠎ᠠ ᠮᠥᠨ᠃8 ᠰᠠᠷ᠎ᠠ ᠶᠢᠨ 21 ᠤ ᠡᠳᠦᠷ᠂ ᠮᠡᠳᠡᠭᠡ ᠵᠠᠩᠭᠢ ᠶᠢᠨ ᠲᠤᠰᠬᠠᠢ ᠠᠩᠭᠢ ᠶᠢᠨ ᠬᠠᠮᠲᠤ ᠠᠵᠢᠯᠲᠠᠨ ᠠᠵᠢᠯ ᠤᠨ ᠳᠤᠮᠳᠠ ᠪᠠᠨ ᠴᠢᠶᠧ ᠬᠠᠢ ᠯᠦᠩ ᠳᠣᠭᠤᠯᠳᠠᠵᠤ ᠪᠠᠶᠢᠬᠤ ᠶᠢ ᠣᠯᠵᠤ ᠮᠠᠲᠠᠵᠠᠢ᠂ ᠵᠠᠷᠢᠮ ᠳᠠᠭᠠᠨ ᠬᠤᠶᠠᠷ ᠭᠠᠷ ᠢᠶᠠᠷ ᠢᠶᠠᠨ ᠬᠥᠯ ᠢᠶᠠᠨ ᠨᠤᠬᠤᠯᠠᠵᠤ ᠵᠣᠪᠠᠭᠤᠷᠢ ᠶᠢᠨ ᠥᠷᠭᠡᠵᠢᠨ ᠳᠡᠯᠭᠡᠷᠡᠬᠦ ᠶᠢ ᠳᠠᠷᠤᠵᠤ ᠶᠠᠳᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠯᠡ ᠬᠦᠨᠳᠦ ᠬᠡᠴᠡᠭᠦᠦ ᠪᠠᠶᠢᠵᠤ᠂ ᠠᠵᠢᠯ ᠤᠨ ᠳᠠᠷᠤᠯᠲᠠ ᠬᠦᠨᠳᠦᠷᠡᠭᠰᠡᠨ ᠠᠴᠠ ᠪᠣᠯᠵᠤ ᠴᠢᠶᠧ ᠬᠠᠢ ᠯᠦᠩ ᠨᠢᠰᠬᠡᠯ ᠤᠨ ᠪᠠᠭᠤᠳᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠣᠬᠢᠷᠠᠭᠤᠯᠬᠤ ᠠᠵᠢᠯ ᠤᠨ ᠳᠤᠮᠳᠠ ᠪᠣᠯᠭᠤᠮᠵᠢ ᠦᠭᠡᠢ ᠪᠠᠷ ᠬᠥᠯ ᠢᠶᠠᠨ ᠪᠤᠯᠵᠠᠭᠠᠪᠠ᠂ ᠲᠡᠷᠡ ᠡᠮᠨᠡᠯᠭᠡ ᠶᠢᠨ ᠠᠵᠢᠯᠲᠠᠨ ᠤ ᠢᠳᠬᠠᠨ ᠬᠤᠷᠢᠭᠯᠠᠬᠤ ᠶᠢ ᠬᠠᠶᠢᠬᠤᠷᠤᠯ ᠦᠭᠡᠢ ᠪᠠᠷ ᠥᠪᠡᠷ ᠤᠨ ᠬᠥᠯ ᠤᠨ ᠱᠠᠭ᠎ᠠ ᠶᠢᠨ ᠵᠥᠭᠡᠯᠡᠨ ᠨᠡᠬᠡᠳᠡᠰᠦ ᠶᠢᠨ ᠪᠡᠷᠲᠡᠭᠰᠡᠨ ᠪᠠ ᠲᠣᠶᠢᠭ ᠶᠠᠰᠤᠨ ᠤ ᠵᠥᠭᠡᠯᠡᠨ ᠨᠡᠬᠡᠳᠡᠰᠦ ᠶᠢᠨ ᠪᠡᠷᠲᠡᠭᠰᠡᠨ ᠶᠠᠪᠤᠳᠠᠯ ᠢᠶᠠᠨ ᠨᠢᠭᠤᠨ ᠳᠠᠯᠳᠠᠯᠠᠵᠤ᠂ ᠡᠪᠡᠳᠬᠦ ᠶᠢ ᠲᠡᠰᠪᠦᠷᠢᠯᠡᠨ ᠥᠪᠡᠷ ᠤᠨ ᠠᠵᠢᠯ ᠤᠨ ᠪᠠᠶᠢᠷᠢ ᠳᠠᠭᠠᠨ ᠪᠤᠴᠠᠭᠰᠠᠨ ᠪᠠᠶᠢᠨ᠎ᠠ᠃8 ᠰᠠᠷ᠎ᠠ ᠶᠢᠨ 23 ᠤ ᠡᠳᠦᠷ ᠪᠣᠯᠲᠠᠯ᠎ᠠ᠂ ᠲᠡᠷᠡ ᠠᠵᠢᠯ ᠤᠨ ᠪᠠᠶᠢᠷᠢ ᠳᠤ ᠭᠠᠷᠴᠤ ᠶᠡᠭᠡ ᠪᠠᠭ᠎ᠠ ᠭᠠᠳᠠᠷ ᠣᠷᠣᠨ ᠠᠴᠠ ᠢᠷᠡᠭᠰᠡᠨ 2300 ᠭᠠᠷᠤᠢ ᠬᠥᠮᠥᠨ ᠤ ᠲᠤᠭ᠎ᠠ ᠪᠠᠷᠢᠮᠲᠠ ᠶᠢ ᠰᠢᠢᠳᠪᠦᠷᠢᠯᠡᠬᠦ ᠶᠢ ᠪᠠᠷᠢᠮᠲᠠᠯᠠᠵᠤ᠂ ᠳᠤᠮᠳᠠᠴᠢ ᠪᠠᠷ 1 ᠮᠢᠨᠦ᠋ᠲ ᠲᠤ 4 ︱ 5 ᠲᠤᠭ᠎ᠠ ᠪᠠᠷᠢᠮᠲᠠ ᠶᠢ ᠳᠠᠭᠠᠭᠠᠴᠢᠯᠠᠬᠤ ᠪᠠᠷ ᠢᠷᠡᠵᠠᠢ᠃
     ᠴᠢᠶᠧ ᠬᠠᠢ ᠯᠦᠩ ᠤᠨ ᠡᠪᠡᠳᠴᠢᠨ ᠤ ᠪᠠᠶᠢᠳᠠᠯ ᠨᠢ ᠳᠠᠬᠢᠨ ᠳᠠᠪᠲᠠᠨ ᠤᠳᠠᠭᠠᠰᠢᠷᠠᠭᠰᠠᠨ ᠠᠴᠠ ᠪᠣᠯᠵᠤ᠂ ᠵᠣᠭᠰᠣᠬᠤ ᠶᠢᠨ ᠠᠷᠭ᠎ᠠ ᠦᠭᠡᠢ ᠪᠣᠯᠵᠤ᠂ ᠡᠮᠨᠡᠯᠭᠡ ᠶᠢᠨ ᠬᠤᠷᠢᠶᠠᠨ ᠤ ᠪᠠᠶᠢᠴᠠᠭᠠᠯᠲᠠ ᠶᠢ ᠥᠩᠭᠡᠷᠡᠭᠡᠭᠰᠡᠨ ᠤ ᠳᠠᠷᠠᠭ᠎ᠠ ᠬᠡᠪᠲᠡᠵᠦ ᠠᠮᠠᠷᠠᠬᠤ ᠬᠡᠷᠡᠭᠲᠡᠢ᠃ᠴᠢᠶᠧ ᠬᠠᠢ ᠯᠦᠩ ᠡᠪᠡᠳᠴᠢᠨ ᠢᠶᠠᠨ ᠰᠤᠪᠢᠯᠠᠬᠤ ᠳᠠᠭᠠᠨ ᠦᠷᠭᠦᠯᠵᠢᠯᠡᠨ ᠠᠵᠢᠯᠯᠠᠵᠠᠢ ᠂ ᠤᠴᠢᠷ ᠨᠢ ᠲᠡᠷᠡ ᠬᠢᠵᠢᠭ ᠤᠨ ᠪᠠᠶᠢᠳᠠᠯ ᠤᠨ ᠡᠮᠦᠨ᠎ᠡ ᠮᠡᠳᠡᠭᠡ ᠵᠠᠩᠭᠢ  ᠶᠢᠨ ᠪᠠᠶᠢᠴᠠᠭᠠᠯᠲᠠ  ᠶᠢ ᠰᠠᠭᠠᠲᠠᠭᠠᠵᠤ ᠪᠣᠯᠬᠤ ᠦᠭᠡᠢ᠂ ᠮᠡᠳᠡᠭᠡ ᠵᠠᠩᠭᠢ  ᠶᠢ ᠬᠤᠶᠢᠰᠢᠯᠠᠭᠤᠯᠵᠤ ᠪᠣᠯᠬᠤ ᠦᠭᠡᠢ᠂ ᠶᠠᠮᠠᠷᠪᠠ ᠴᠠᠭ ᠲᠣᠬᠢᠶᠠᠯ  ᠢ ᠴᠤ ᠰᠠᠭᠠᠲᠠᠭᠠᠵᠤ ᠪᠣᠯᠬᠤ ᠦᠭᠡᠢ ᠭᠡᠳᠡᠭ  ᠢ ᠮᠡᠳᠡᠵᠦ᠂ ᠶᠡᠷᠦ ᠠᠴᠠ ᠵᠣᠪᠠᠭᠤᠷᠢ ᠵᠦᠳᠡᠭᠦᠷᠢ ᠪᠠᠨ ᠲᠣᠭᠠᠴᠢᠨ ᠶᠠᠳᠠᠵᠤ ᠪᠠᠶᠢᠨ᠎ᠠ ᠭᠡᠵᠦ ᠬᠡᠯᠡᠭᠰᠡᠨ ᠦᠭᠡᠢ᠂ ᠲᠤᠭ᠎ᠠ ᠪᠠᠷᠢᠮᠲᠠ ᠨᠢᠭᠡᠪᠦᠷᠢ  ᠶᠢ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠨᠠᠷᠢᠨ ᠣᠨᠣᠴᠢᠲᠠᠢ ᠪᠠᠷ ᠰᠤᠳᠤᠯᠤᠨ ᠮᠠᠭᠠᠳᠯᠠᠳᠠᠭ᠃ᠲᠦᠷ ᠠᠮᠠᠷᠠᠭᠤᠯᠤᠨ ᠴᠡᠭᠴᠡᠯᠡᠭᠰᠡᠨ ᠤ ᠳᠠᠷᠠᠭ᠎ᠠ᠂ ᠴᠢᠶᠧ ᠬᠠᠢ ᠯᠦᠩ ᠮᠣᠷᠢᠨ ᠳᠠᠪᠬᠢᠭᠠ ᠪᠠᠷ ᠢᠶᠠᠨ ᠪᠠᠶᠢᠭᠤᠯᠭ᠎ᠠ ᠳᠠᠭᠠᠨ ᠪᠤᠴᠠᠵᠤ ᠢᠷᠡᠪᠡ᠂ ᠡᠨᠡ ᠤᠳᠠᠭ᠎ᠠ ᠲᠡᠭᠦᠨ ᠤ ᠳᠡᠷᠭᠡᠳᠡ ᠨᠢᠭᠡ ᠲᠠᠶᠠᠭ ᠨᠡᠮᠡᠭᠳᠡᠨ᠂ ᠲᠠᠶᠠᠭ ᠲᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠳᠠᠬᠢᠨᠲᠠ ᠪᠤᠴᠠᠵᠤ ᠢᠷᠡᠪᠡ᠃ᠴᠢᠶᠧ ᠬᠠᠢ ᠯᠦᠩ ᠡᠪᠡᠳᠴᠢᠨ ᠲᠠᠢ ᠪᠠᠷ ᠠᠵᠢᠯ ᠤᠨ ᠪᠠᠶᠢᠷᠢ ᠳᠤ ᠭᠠᠷᠬᠤ ᠳᠠᠭᠠᠨ ᠮᠡᠳᠡᠭᠡ ᠵᠠᠩᠭᠢ ᠶᠢᠨ ᠲᠤᠰᠬᠠᠢ ᠠᠩᠭᠢ ᠶᠢᠨ ᠠᠵᠢᠯᠲᠠᠨ ᠨᠢᠭᠡᠪᠦᠷᠢ ᠶᠢᠨ ᠰᠡᠳᠬᠢᠯ ᠢ ᠬᠥᠳᠡᠯᠭᠡᠵᠦ᠂ ᠲᠡᠷᠡ ᠢᠨᠢᠶᠡᠨ ᠬᠡᠯᠡᠬᠦ ᠳᠡᠭᠡᠨ᠄︽ᠪᠢ ᠪᠠᠰᠠ ᠬᠥᠯ ᠢᠶᠠᠷ ᠢᠶᠠᠨ ᠠᠵᠢᠯ ᠬᠢᠬᠦ ᠬᠡᠷᠡᠭ ᠦᠭᠡᠢ᠂ ᠪᠢ ᠬᠠᠮᠤᠭ ᠠᠴᠠ ᠢᠯᠡᠭᠦᠦ ᠭᠠᠷ᠂ ᠨᠢᠳᠦ᠂ ᠠᠮᠠ ᠪᠠᠨ ᠬᠡᠷᠡᠭᠯᠡᠳᠡᠭ᠂ ᠲᠠᠬᠢᠭᠠᠳ ᠬᠡᠯᠡᠪᠡᠯ᠂ ᠡᠮᠡᠭᠲᠡᠢ ᠨᠥᠬᠦᠳ ᠴᠥᠮ ᠰᠥᠨᠢ ᠶᠢᠨ ᠡᠭᠡᠯᠵᠢᠨ ᠳᠤ ᠭᠠᠷᠴᠤ ᠴᠢᠳᠠᠨ᠎ᠠ᠂ ᠮᠢᠨᠤ ᠨᠢᠭᠡ ᠡᠷᠡᠭᠲᠡᠢ ᠨᠥᠬᠦᠷ ᠡᠨᠡ ᠵᠢᠭᠠᠬᠠᠨ ᠭᠠᠳᠠᠷ ᠰᠢᠷᠬ᠎ᠠ ᠠᠴᠠ ᠪᠣᠯᠵᠤ ᠪᠠᠶᠢᠯᠳᠤᠭᠠᠨ ᠤ ᠲᠠᠯᠠᠪᠤᠷ ᠠᠴᠠ ᠳᠤᠲᠠᠭᠠᠨ ᠭᠠᠷᠴᠤ ᠪᠣᠯᠬᠤ ᠦᠭᠡᠢ᠂ ᠬᠦᠨᠳᠦ ᠬᠡᠴᠡᠭᠦᠦ ᠬᠢᠵᠢᠭ ᠤᠨ ᠪᠠᠶᠢᠳᠠᠯ ᠤᠨ ᠰᠢᠯᠭᠠᠯᠲᠠ ᠶᠢ ᠠᠷᠭᠠᠴᠠᠵᠤ᠂ ᠢᠯᠡᠭᠦᠦ ᠨᠢᠭᠡ ᠬᠥᠮᠥᠨ ᠪᠠᠶᠢᠪᠠᠯ ᠢᠯᠡᠭᠦᠦ ᠬᠦᠴᠦ ᠭᠠᠷᠭᠠᠵᠤ᠂ ᠢᠯᠡᠭᠦᠦ ᠨᠢᠭᠡ ᠬᠤᠪᠢ ᠬᠠᠷᠢᠭᠤᠴᠠᠯᠭ᠎ᠠ ᠡᠭᠦᠷᠭᠡᠯᠡᠪᠡᠯ ᠢᠯᠡᠭᠦᠦ ᠨᠢᠭᠡ ᠬᠤᠪᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ︾ ᠭᠡᠵᠡᠢ᠃      ᠬᠢᠵᠢᠭ ᠤᠨ ᠪᠠᠶᠢᠳᠠᠯ ᠤᠨ ᠡᠮᠦᠨ᠎ᠡ᠂ ᠲᠠᠳᠠ ᠬᠠᠷᠢᠭᠤᠴᠠᠯᠭ᠎ᠠ ᠪᠠᠨ ᠡᠭᠦᠷᠭᠡᠯᠡᠵᠦ᠂ ᠤᠭ ᠰᠠᠨᠠᠭ᠎ᠠ ᠪᠠᠨ ᠬᠢᠵᠢᠭ ᠢ ᠡᠰᠡᠷᠭᠦᠴᠡᠬᠦ ᠬᠥᠰᠢᠭᠡ ᠶᠢᠨ ᠠᠷᠤ ᠳᠠᠬᠢ ᠲᠡᠶᠢᠨ ᠤ ᠲᠠᠯᠠᠪᠤᠷ ᠲᠤ ᠪᠢᠴᠢᠬᠦ ᠶᠢ ᠰᠣᠩᠭᠤᠪᠠ︔ᠨᠠᠷᠢᠨ ᠪᠤᠳᠤᠯᠢᠶᠠᠨᠲᠠᠢ ᠲᠤᠭ᠎ᠠ ᠪᠠᠷᠢᠮᠲᠠ ᠶᠢᠨ ᠡᠮᠦᠨ᠎ᠡ᠂ ᠲᠡᠳᠡ ᠪᠣᠳᠠᠲᠤ ᠠᠵᠢᠯᠯᠠᠭ᠎ᠠ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠲᠠᠶᠢᠯᠪᠤᠷᠢᠯᠠᠵᠤ ᠪᠠᠶᠢᠨ᠎ᠠ︔ᠵᠣᠬᠢᠶᠠᠨ ᠪᠠᠶᠢᠭᠤᠯᠤᠯᠲᠠ ᠠᠴᠠ ᠪᠠᠭᠤᠯᠭᠠᠭᠰᠠᠨ ᠡᠭᠦᠷᠭᠡ ᠶᠢᠨ ᠡᠮᠦᠨ᠎ᠡ᠂ ᠲᠡᠳᠡ ᠪᠠᠭ᠎ᠠ ᠭᠡᠷ ᠢᠶᠠᠨ ᠬᠠᠶᠠᠵᠤ ᠤᠯᠠᠨ ᠢ ᠬᠠᠷᠠᠭᠠᠯᠵᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠢ ᠥᠪᠡᠷ ᠤᠨ ᠢᠶᠠᠨ ︽ᠬᠤᠶᠠᠳᠠᠭᠢ ᠭᠡᠷ︾ ᠢᠶᠠᠨ ᠪᠣᠯᠭᠠᠪᠠ᠃      ᠠᠳᠠᠯᠢ ᠪᠤᠰᠤ ᠶᠢᠨ ︽ᠲᠠᠶᠢᠨ ᠤ ᠲᠠᠯᠠᠪᠤᠷ︾᠂ ᠠᠳᠠᠯᠢᠬᠠᠨ ︽ᠪᠠᠶᠢᠯᠳᠤᠭᠠᠨ︾;ᠠᠳᠠᠯᠢ ᠪᠤᠰᠤ ᠠᠵᠢᠯ ᠤᠨ ᠪᠠᠶᠢᠷᠢ᠂ ᠠᠳᠠᠯᠢᠬᠠᠨ ᠡᠭᠦᠷᠭᠡ ᠬᠠᠷᠢᠭᠤᠴᠠᠯᠭ᠎ᠠ ᠲᠠᠢ᠃ᠲᠡᠳᠡ ᠢᠮᠠᠭᠲᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠴᠠᠭ ᠬᠤᠭᠤᠴᠠᠭ᠎ᠠ ᠲᠠᠢ ᠤᠷᠤᠯᠳᠤᠵᠦ᠂ ᠲᠤᠭ᠎ᠠ ᠪᠠᠷᠢᠮᠲᠠ ᠪᠠᠷ ᠠᠶᠠᠯᠠᠯ ᠢᠶᠠᠨ ᠬᠠᠮᠠᠭᠠᠯᠠᠵᠤ᠂ ᠳᠠᠷᠢ ᠶᠢᠨ ᠤᠲᠤᠭ᠎ᠠ ᠦᠭᠡᠢ ᠬᠢᠵᠢᠭ ᠢ ᠡᠰᠡᠷᠭᠦᠴᠡᠬᠦ ᠬᠥᠰᠢᠭᠡ ᠶᠢᠨ ᠠᠷᠤ ᠶᠢᠨ ᠳᠠᠶᠢᠨ ᠤ ᠲᠠᠯᠠᠪᠤᠷ ᠲᠤ᠂ ᠤᠯᠠᠨ ᠤᠳᠠᠭ᠎ᠠ ᠶᠢᠨ ︽ᠬᠢᠵᠢᠭ︾ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠳᠤ ᠬᠦᠴᠦᠲᠡᠢ ᠲᠣᠮᠣ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠠᠢ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1