︽ᠳᠡᠷᠭᠡᠳᠡᠬᠢ ᠦᠯᠢᠭᠡᠷ ᠳᠠᠭᠤᠷᠢᠶᠠᠯ︾ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠬᠤᠭᠤᠴᠠᠭᠠᠨ ᠳᠤ ᠳᠡᠳᠡ ᠮᠥᠨ ᠯᠡ ᠠᠵᠢᠯ ᠤᠨ ᠪᠠᠶᠢᠷᠢ ᠪᠠᠨ ᠪᠠᠲᠤ ᠰᠠᠬᠢᠭᠰᠠᠭᠠᠷ ᠪᠠᠶᠢᠨ᠎ᠠ︕
ᠨᠡᠶᠢᠲᠡᠯᠡᠭᠰᠡᠨ ᠴᠠᠭ᠄
2022/9/19
    【ᠲᠠ ᠰᠠᠶᠢᠨ ᠤᠣ︕ 48 ᠴᠠᠭ ᠤᠨ ᠴᠥᠮ᠎ᠡ ᠶᠢᠨ ᠬᠦᠴᠢᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠪᠠᠨ ᠭᠠᠷᠭᠠᠵᠤ᠂ ᠡᠷᠡᠭᠦᠯ ᠮᠡᠨᠳᠦ ᠶᠢᠨ ᠨᠣᠮᠧᠷ᠂ ᠠᠶᠠᠯᠠᠯ ᠤᠨ ᠨᠣᠮᠧᠷ ᠢᠶᠠᠨ ᠦᠵᠡᠭᠦᠯᠦᠭᠡᠷᠡᠢ᠃】 ︽ᠲᠠ ᠪᠣᠯᠣᠨ ᠪᠤᠰᠤᠳ ᠠᠶᠠᠨᠴᠢᠳ ᠤᠨ ᠠᠮᠤᠷ ᠲᠦᠪᠰᠢᠨ ᠤ ᠲᠥᠯᠥᠭᠡ᠂ ᠣᠯᠠᠨ ᠢᠶᠠᠷ ᠢᠶᠠᠨ ᠤᠬᠠᠮᠰᠠᠷ  ᠠᠴᠠ ᠪᠠᠨ ᠠᠮᠠᠪᠴᠢ ᠵᠡᠭᠦᠬᠦ ᠪᠠᠨ ᠳᠦᠷᠢᠮᠵᠢᠭᠦᠯᠦᠭᠡᠷᠡᠢ︾᠃ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ ᠪᠣᠯᠬᠤ ᠳᠤ᠂ ᠥᠷᠯᠥᠭᠡ ᠶᠢᠨ 4 ᠴᠠᠭ ᠲᠤ᠂ ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠠᠶᠠᠨᠲᠠᠯ᠎ᠠ ᠶᠡᠭᠡ ᠵᠡᠭᠡᠯᠢ ᠶᠢᠨ ᠲᠣᠮᠢᠯᠠᠭᠰᠠᠨ ᠰᠠᠯᠪᠤᠷᠢ ᠶᠢᠨ ᠵᠢᠭᠠᠨ ᠵᠢᠯᠣᠭᠤᠳᠤᠭᠴᠢ ᠮᠠ ᠵᠢᠶᠠᠨ ᠹᠧᠢ ᠬᠠᠮᠲᠤ ᠠᠵᠢᠯᠯᠠᠭᠰᠠᠳ ᠲᠠᠢ ᠪᠠᠨ ᠪᠤᠭᠤᠲᠤ ᠶᠢᠨ ᠵᠡᠭᠦᠨ ᠦᠷᠳᠡᠭᠡ ᠠᠴᠠ ᠭᠠᠷᠬᠤ ᠪᠣᠭᠤᠮᠲᠠ ᠶᠢᠨ ᠡᠮᠦᠨ᠎ᠡ ᠹᠷᠣᠨᠲ ᠲᠤ ᠵᠢᠵᠢᠭᠦᠷᠯᠡᠵᠦ᠂ ᠠᠶᠠᠨᠴᠢᠳ ᠢ ᠬᠥᠲᠥᠯᠥᠨ ᠵᠢᠯᠤᠭᠤᠳᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠠᠨᠴᠢᠳ ᠲᠤ ᠥᠪᠡᠷ ᠢ ᠪᠠᠨ ᠰᠠᠶᠢᠲᠤᠷ ᠬᠠᠮᠠᠭᠠᠯᠠᠬᠤ ᠶᠢ ᠬᠦᠯᠢᠴᠡᠩᠭᠦᠢ ᠨᠠᠷᠢᠨ ᠨᠢᠮᠪᠠᠢ ᠰᠠᠨᠠᠭᠤᠯᠵᠤ᠂ ᠨᠠᠰᠢ ᠴᠠᠰᠢ ᠵᠣᠷᠴᠢᠬᠤ ᠠᠶᠠᠨᠴᠢᠳ ᠤᠨ ᠠᠮᠢ ᠨᠠᠰᠤᠨ ᠤ ᠡᠷᠡᠭᠦᠯ ᠮᠡᠨᠳᠤ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠪᠠ᠃
     ᠪᠤᠭᠤᠲᠤ ᠶᠢᠨ ᠵᠡᠭᠦᠨ ᠭᠠᠯᠲᠤ ᠲᠡᠷᠭᠡᠨ ᠤ ᠥᠷᠲᠡᠭᠡ ᠨᠢ ᠪᠤᠭᠤᠲᠤ ᠬᠤᠲᠠ ᠶᠢᠨ ᠴᠢᠬᠤᠯᠠ ᠲᠡᠮᠦᠷ ᠵᠠᠮ ᠤᠨ ᠬᠦᠢᠰᠦ ᠪᠣᠯᠤᠭᠰᠠᠨ ᠤ ᠬᠤᠪᠢ ᠳᠤ᠂ ᠮᠥᠨ ᠴᠦ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠴᠢᠬᠤᠯᠠ ᠪᠣᠭᠤᠮᠲᠠ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ︾ ᠵᠠᠩᠭᠢᠯᠠᠭ᠎ᠠ ᠶᠢᠨ ᠭᠤᠭᠴᠤᠭ᠎ᠠ ᠪᠣᠯᠣᠨ᠎ᠠ᠂ ᠡᠳᠦᠷ ᠪᠦᠷᠢ ᠪᠦᠬᠦ ᠤᠯᠤᠰ ᠤᠨ ᠡᠯ᠎ᠡ ᠭᠠᠵᠠᠷ ᠠᠴᠠ ᠳᠠᠭᠠᠭᠠᠴᠢᠯᠠᠬᠤ ᠪᠠᠷ ᠢᠷᠡᠭᠰᠡᠨ 8000 ᠭᠠᠷᠤᠢ ᠠᠶᠠᠨᠴᠢᠳ ᠤᠨ ᠡᠮᠦᠨ᠎ᠡ᠂ ᠬᠢᠵᠢᠭ ᠤᠨ ᠪᠠᠶᠢᠳᠠᠯ ᠳᠡᠯᠭᠡᠷᠡᠬᠦ ᠳᠠᠯᠳᠠ ᠠᠶᠤᠯ ᠲᠦᠭᠰᠢᠭᠦᠷᠢ ᠶᠢᠨ ᠡᠮᠦᠨ᠎ᠡ᠂ ᠮᠠ ᠵᠢᠶᠠᠨ ᠹᠧᠢ ᠪᠣᠯᠣᠨ ᠠᠷᠠᠳ ᠤᠨ ᠴᠠᠭᠳᠠᠭ᠎ᠠ ᠨᠠᠷ ᠭᠡᠷ ᠬᠤᠲᠠᠯᠠᠭᠠᠷ ᠢᠶᠠᠨ ᠴᠤᠭᠯᠠᠷᠠᠬᠤ ᠪᠠᠶᠠᠷ ᠤᠨ ᠡᠳᠦᠷ ᠲᠤ ᠰᠠᠨᠠᠭᠠᠴᠢᠯᠠᠭ᠎ᠠ ᠠᠴᠠ ᠪᠠᠨ ᠪᠠᠭ᠎ᠠ ᠭᠡᠷ ᠢᠶᠠᠨ ᠬᠠᠶᠠᠵᠤ᠂ ᠤᠯᠠᠨ ᠤ ᠲᠥᠯᠥᠭᠡ ᠵᠢᠳᠬᠦᠵᠦ᠂ ᠤᠭ ᠰᠠᠨᠠᠭ᠎ᠠ ᠪᠠᠨ ᠠᠵᠢᠯᠯᠠᠭ᠎ᠠ ᠳᠡᠭᠡᠷ᠎ᠡ ᠪᠠᠨ ᠪᠢᠴᠢᠵᠦ᠂ ᠡᠭᠦᠷᠭᠡ ᠬᠠᠷᠢᠭᠤᠴᠠᠯᠭ᠎ᠠ ᠪᠠᠨ ᠠᠵᠢᠯ ᠤᠨ ᠪᠠᠶᠢᠷᠢ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠪᠣᠳᠠᠲᠠᠢ ᠠᠵᠢᠯᠯᠠᠭ᠎ᠠ ᠪᠠᠷ ᠢᠶᠠᠨ ︽ᠬᠤᠳᠠ ᠶᠢᠨ ᠪᠣᠭᠤᠮᠲᠠ ᠳᠤ ᠣᠷᠣᠬᠤ︾ ᠶᠢ ᠦᠨᠡᠨᠬᠦ ᠰᠠᠶᠢᠲᠤᠷ ᠰᠠᠬᠢᠵᠤ᠂ ︽ᠡᠭᠦᠳᠡ ᠰᠠᠬᠢᠭᠴᠢ︾ᠪᠣᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠴᠣᠭᠴᠠᠯᠠᠪᠠ᠃
     ︽ᠬᠡᠳᠦᠶᠢᠪᠡᠷ ᠭᠡᠷ ᠤᠨ ᠬᠥᠮᠥᠰ ᠲᠠᠢ ᠪᠠᠨ ᠠᠭᠤᠯᠵᠠᠵᠤ ᠴᠢᠳᠠᠬᠤ ᠦᠭᠡᠢ ᠪᠣᠯᠪᠠᠴᠤ ᠳᠣᠲᠣᠭᠠᠳᠤ  ᠶᠢ ᠬᠠᠮᠠᠭᠠᠯᠠᠬᠤ ᠺᠠᠳ᠋ᠷ ᠴᠠᠭᠳᠠᠭ᠎ᠠ ᠪᠣᠯᠤᠭᠰᠠᠨ ᠤ ᠬᠤᠪᠢ ᠳᠤ᠂ ᠠᠷᠠᠳ ᠣᠯᠠᠨ  ᠢ ᠠᠮᠤᠷ ᠠᠮᠤᠭᠤᠯᠠᠩ ᠥᠯᠵᠡᠢ ᠪᠡᠯᠭᠡ ᠲᠠᠢ ᠪᠠᠶᠠᠷ ᠤᠨ ᠡᠳᠦᠷ  ᠢ ᠥᠩᠭᠡᠷᠡᠭᠦᠯᠬᠦ ᠪᠣᠯ ᠮᠠᠨ ᠤ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠮᠥᠨ᠂ ᠬᠡᠳᠦᠢ ᠶᠡᠭᠡ ᠬᠦᠴᠦ ᠭᠠᠷᠭᠠᠭᠰᠠᠨ ᠴᠤ ᠪᠡᠨ᠎ᠡ ᠲᠠᠢ ᠪᠥᠭᠡᠳ ᠭᠡᠷ ᠤᠨ ᠬᠥᠮᠥᠰ ᠨᠢ ᠴᠦ ᠮᠠᠨ ᠤ ᠠᠵᠢᠯ  ᠢ ᠣᠶᠢᠯᠠᠭᠠᠨ ᠳᠡᠮᠵᠢᠵᠦ ᠪᠠᠶᠢᠭ᠎ᠠ ᠶᠤᠮ︾᠃ ᠮᠠ ᠵᠢᠶᠠᠨ ᠹᠧᠢ ᠬᠡᠯᠡᠪᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1