︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠠ· ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠶ᠎ᠠ︾ᠳ᠋ᠦᠩ ᠾᠧ ᠲᠣᠭᠤᠷᠢᠭ᠄ ᠠᠵᠤ ᠦᠢᠯᠡᠰ ᠬᠥᠭᠵᠢᠭᠰᠡᠨ ᠲᠠᠷᠢᠶᠠᠴᠢᠳ ᠤᠨ ᠠᠷᠠᠳ ᠢᠶᠠᠨ ᠪᠠᠶᠠᠵᠢᠭᠤᠯᠬᠤ ᠰᠤᠷᠲᠠᠯ ᠪᠣᠷᠣᠭᠵᠢᠭᠤᠨ ᠬᠥᠳᠡᠭᠡ ᠲᠣᠰᠬᠤᠨ ᠤ ᠭᠤᠸ᠎ᠠ ᠰᠠᠶᠢᠬᠠᠨ
ᠨᠡᠶᠢᠲᠡᠯᠡᠭᠰᠡᠨ ᠴᠠᠭ᠄
2022/9/20
      ᠠᠵᠤ ᠦᠢᠯᠡᠰ ᠤᠨ ᠬᠥᠭᠵᠢᠯᠲᠡ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠴᠡᠪᠡᠷ ᠴᠡᠮᠴᠡᠭᠡᠷ ᠪᠠᠶᠢᠵᠤ᠂ ᠪᠣᠯᠪᠠᠰᠤᠨ ᠬᠥᠳᠡᠭᠡ ᠲᠣᠰᠬᠤᠨ ᠤ ᠬᠡᠪ ᠰᠤᠷᠲᠠᠯ ᠠᠷᠠᠳ ᠤᠯᠠᠨ ᠢ ᠤᠮᠳᠠᠯᠠᠨ᠎ᠠ ᠁ ᠳ᠋ᠦᠩ ᠾᠧ ᠲᠣᠭᠤᠷᠢᠭ ᠤᠨ ᠥᠷᠭᠡᠨ ᠠᠭᠤᠳᠠᠮ ᠬᠥᠳᠡᠭᠡ ᠲᠣᠰᠬᠤᠨ ᠤ ᠡᠬᠡ ᠭᠠᠵᠠᠷ ᠲᠤ᠂ ᠣᠷᠴᠢᠨ ᠲᠣᠭᠤᠷᠢᠨ ᠭᠤᠶᠢᠳᠠ ᠰᠠᠶᠢᠬᠠᠨ᠂ ᠠᠵᠤ ᠦᠢᠯᠡᠰ ᠬᠥᠭᠵᠢᠭᠰᠡᠨ᠂ ᠲᠠᠷᠢᠶᠠᠴᠢᠨ ᠪᠠᠶᠠᠨ ᠴᠢᠨᠡᠭᠡᠯᠢᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠷᠤᠭ ᠠᠭᠠᠵᠢᠮ ᠢᠶᠠᠷ ᠳᠡᠯᠭᠡᠭᠳᠡᠨ᠎ᠡ᠃︽ᠠᠵᠤ ᠦᠢᠯᠡᠰ ᠤᠨ ᠬᠥᠭᠵᠢᠯᠲᠡ︾ᠪᠠᠶᠠᠵᠢᠬᠤ ᠡᠭᠦᠳᠡ ᠪᠠᠨ ᠨᠡᠭᠡᠭᠡᠬᠦ      ᠠᠯᠲᠠᠨ ᠨᠠᠮᠤᠷ ᠤᠨ ᠶᠢᠰᠦᠨ ᠰᠠᠷ᠎ᠠ ᠳᠤ᠂ ᠭᠤᠸᠠ ᠵᠢᠮᠢᠰ ᠠᠩᠬᠢᠯᠤᠮ᠎ᠠ ᠦᠨᠦᠷ ᠬᠠᠩᠬᠤᠯᠤᠨ᠎ᠠ᠃ᠰᠠᠷᠴᠢᠨ ᠪᠠᠯᠭᠠᠰᠤᠨ ᠤ ᠰᠠᠮᠤᠵᠢᠶᠠ ᠲᠣᠰᠬᠤᠨ ᠤ ᠠᠷᠠᠳ ᠤᠨ ᠶᠢᠨ ᠢ ᠭᠦᠩ ᠤᠨ ᠦᠵᠦᠮ ᠤᠨ ᠬᠦᠷᠢᠶᠡᠯᠡᠩ ᠳᠤ ᠣᠷᠣᠬᠤ ᠳᠤ᠂ ᠮᠤᠷᠤᠯᠵᠠᠭᠰᠠᠨ ᠦᠵᠦᠮ ᠤᠨ ᠣᠷᠢᠶᠠᠩᠭᠤ ᠶᠢᠨ ᠨᠠᠪᠴᠢ ᠨᠢ ᠬᠥᠬᠡᠷᠡᠨ ᠨᠣᠭᠤᠭᠠᠷᠠᠵᠤ᠂ ᠰᠠᠯᠠᠭ᠎ᠠ ᠨᠠᠮᠠᠭ᠎ᠠ ᠪᠠᠷ ᠳᠦᠭᠦᠷᠡᠩ ᠦᠵᠦᠮ ᠤᠨ ᠮᠣᠳᠣᠨ ᠤ ᠨᠠᠮᠠᠭ᠎ᠠ ᠪᠠᠷ ᠳᠦᠭᠦᠷᠴᠦ᠂ ᠬᠥᠮᠥᠰ ᠤᠨ ᠰᠢᠯᠦᠰᠦ ᠶᠢ ᠭᠤᠭᠤᠵᠢᠭᠤᠯᠤᠨ᠎ᠠ᠃ᠦᠵᠦᠮ ᠤᠨ ᠵᠢᠶᠠᠰᠠᠨ ᠤ ᠳᠣᠣᠷ᠎ᠠ᠂ ᠶᠢᠨ ᠭᠤᠸᠠᠢ ᠡᠬᠡᠨᠡᠷ ᠲᠠᠢ ᠪᠠᠨ ᠬᠤᠶᠠᠭᠤᠯᠠ ᠦᠵᠦᠮ ᠤᠨ ᠤᠭᠤᠲᠠ ᠪᠠᠨ ᠳᠠᠳᠮᠠᠭᠠᠢ ᠪᠠᠷ ᠤᠷᠠᠵᠤ ᠬᠠᠶᠠᠭᠠᠳ᠂ ᠬᠠᠶᠢᠴᠢ ᠪᠠᠷ ᠨᠢᠭᠡ ᠬᠡᠯᠬᠢᠶ᠎ᠡ ᠦᠵᠦᠮ ᠢᠶᠠᠨ ᠮᠣᠳᠣᠨ ᠨᠠᠮᠠᠭ᠎ᠠ ᠳᠡᠭᠡᠷ᠎ᠡ ᠠᠴᠠ ᠨᠢ ᠬᠠᠶᠢᠴᠢᠯᠠᠨ ᠠᠪᠴᠤ᠂ ᠳᠠᠬᠢᠨ ᠰᠠᠭᠰᠤᠨ ᠳᠤ ᠬᠢᠵᠦ᠂ ᠲᠡᠭᠦᠭᠰᠡᠨ ᠦᠵᠦᠮ ᠢᠶᠠᠨ ᠲᠡᠭᠰᠢᠯᠡᠨ ᠲᠡᠭᠰᠢᠯᠡᠵᠦ᠂ ᠬᠦᠨᠳᠦ ᠶᠢ ᠨᠢ ᠵᠢᠩᠯᠡᠵᠦ᠂ ᠬᠠᠶᠢᠷᠴᠠᠭ ᠢ ᠨᠢ ᠪᠢᠲᠡᠭᠦᠮᠵᠢᠯᠡᠪᠡ ᠁ ᠮᠠᠰᠢ ᠶᠠᠭᠠᠷᠠᠤ ᠪᠠᠶᠢᠯ᠎ᠠ᠃【ᠤᠭᠤᠲᠠ ᠶᠢᠨ ᠭᠤᠣᠯ ᠵᠣᠷᠢᠯᠭ᠎ᠠ ᠨᠢ ᠬᠤᠷᠣᠬᠠᠢ ᠶᠢ ᠰᠡᠷᠭᠡᠶᠢᠯᠡᠵᠦ᠂ ᠪᠠᠺᠲ᠋ᠧᠷᠢ ᠶᠢ ᠰᠡᠷᠭᠡᠶᠢᠯᠡᠵᠦ᠂ ᠦᠵᠦᠮ ᠤᠨ ᠬᠠᠯᠢᠰᠤ ᠶᠢ ᠭᠢᠯᠲᠦᠭᠡᠨ ᠢᠶᠠᠷ ᠨᠢ ᠪᠠᠶᠢᠯᠭᠠᠵᠤ᠂ ᠴᠢᠨᠠᠷ ᠴᠢᠨᠰᠠᠭ᠎ᠠ ᠶᠢ ᠨᠢ ᠨᠡᠩ ᠰᠠᠶᠢᠨ ᠪᠠᠶᠢᠯᠭᠠᠵᠤ᠂ ᠡᠨᠡ ᠵᠢᠯ ᠤᠨ ᠰᠠᠶᠢᠨ ᠬᠤᠷᠢᠶᠠᠯᠲᠠ ᠲᠠᠢ ᠪᠣᠯᠭᠠᠬᠤ ᠶᠢ ᠪᠠᠲᠤᠯᠠᠬᠤ ᠶᠢᠨ ᠲᠥᠯᠥᠭᠡ ᠶᠤᠮ᠃】 ᠶᠢᠨ ᠭᠤᠸᠠᠢ ᠰᠤᠷᠪᠤᠯᠵᠢᠯᠠᠭᠴᠢ ᠳᠤ ᠲᠠᠨᠢᠯᠴᠠᠭᠤᠯᠪᠠ᠃ᠴᠥᠭᠡᠨ ᠪᠤᠰᠤ ᠵᠤᠭᠠᠴᠠᠭᠰᠠᠳ ᠭᠠᠷᠠᠭ ᠤᠨ ᠰᠡᠭᠦᠯᠴᠢ ᠳᠤ ᠢᠷᠡᠵᠦ᠂ ᠲᠡᠭᠦᠬᠦ ᠶᠢᠨ ᠪᠠᠶᠠᠷ ᠪᠠᠶᠠᠰᠤᠯ ᠢ ᠪᠡᠶ᠎ᠡ ᠪᠠᠷ ᠢᠶᠠᠨ ᠡᠳ᠋ᠯᠡᠵᠦ᠂ ᠲᠠᠷᠢᠶᠠᠴᠢᠨ ᠠᠶᠢᠯ ᠤᠨ ᠪᠠᠶᠠᠷ ᠪᠠᠭ᠋ᠠᠳᠤᠯ ᠢ ᠮᠡᠳᠡᠷᠡᠵᠦ ᠪᠠᠶᠢᠯ᠎ᠠ᠃
     ︽ᠡᠨᠡ ᠵᠢᠯ ᠵᠢᠮᠢᠰ ᠤᠨ ᠬᠦᠷᠢᠶᠡᠯᠡᠩ ᠳᠤ 6 ᠮᠦ ᠣᠷᠴᠢᠮ ᠦᠵᠦᠮ ᠳᠠᠷᠢᠵᠤ᠂ ᠵᠢᠩ ᠶᠠ ᠪᠣᠯᠣᠨ ᠬᠤᠩ ᠲᠢ  ᠶᠢᠨ ᠡᠭᠦᠯᠳᠡᠷ ᠤᠨ ᠦᠵᠦᠮ ᠳᠠᠷᠢᠵᠠᠢ᠂ ᠨᠠᠷᠢᠨ ᠨᠢᠮᠪᠠᠢ ᠪᠣᠶᠢᠵᠢᠭᠤᠯᠤᠭᠰᠠᠨ ᠢᠶᠠᠷ ᠦᠵᠦᠮ ᠡᠯᠪᠡᠭ ᠬᠤᠷᠢᠶᠠᠯᠲᠠ ᠣᠯᠵᠤ᠂ ᠮᠦ ᠪᠦᠷᠢ  ᠶᠢᠨ ᠤᠨᠠᠯᠲᠠ 3000 ᠵᠢᠩ ᠬᠦᠷᠴᠦ᠂ ᠮᠦ ᠪᠦᠷᠢ ᠠᠴᠠ ᠳᠤᠮᠳᠠᠴᠢ ᠪᠠᠷ 8000 ---10000 ᠲᠥᠭᠦᠷᠢᠭ ᠣᠯᠵᠤ᠂ ᠮᠠᠨ ᠤ ᠲᠣᠰᠬᠤᠨ ᠤ ᠠᠷᠠᠳ ᠤᠨ ᠴᠦᠩᠬᠦ ᠴᠦ ᠥᠩᠭᠡᠷᠡᠭᠰᠡᠨ ᠠᠴᠠ ᠪᠠᠨ ᠭᠦᠳᠦᠶᠢᠵᠦ᠂ ᠠᠮᠢᠳᠤᠷᠠᠯ ᠨᠢ ᠶᠠᠪᠤᠬᠤ ᠲᠤᠲᠤᠮ ᠰᠠᠶᠢᠵᠢᠷᠠᠵᠤ ᠪᠠᠶᠢᠨ᠎ᠠ ᠁︾ ᠭᠡᠵᠦ  ᠶᠢᠨ ᠭᠤᠸᠠᠢ ᠰᠤᠷᠪᠤᠯᠵᠢᠯᠠᠭᠴᠢ ᠳᠤ ᠪᠠᠶᠠᠷᠲᠠᠢ ᠪᠠᠷ ᠬᠡᠯᠡᠵᠡᠢ᠃
     ᠠᠵᠤ ᠦᠢᠯᠡᠰ ᠬᠥᠭᠵᠢᠪᠡᠯ ᠬᠥᠳᠡᠭᠡ ᠲᠣᠰᠬᠤᠨ ᠬᠥᠭᠵᠢᠨ᠎ᠡ᠃ᠳ᠋ᠦᠩ ᠾᠧ ᠲᠣᠭᠤᠷᠢᠭ ᠤᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ ᠂ ︽ᠠᠵᠤ ᠦᠢᠯᠡᠰ ᠤᠨ ᠬᠥᠭᠵᠢᠯᠲᠡ︾ ᠶᠢᠨ ᠵᠠᠩᠭᠢᠯᠠᠭ᠎ᠠ ᠶᠢ ᠴᠢᠩᠭ᠎ᠠ ᠠᠳᠬᠤᠵᠤ᠂ ᠥᠪᠡᠷ ᠤᠨ ᠭᠠᠵᠠᠷ ᠵᠦᠢ ᠶᠢᠨ ᠳᠠᠪᠠᠭᠤᠯᠢᠭ ᠪᠠ ᠠᠵᠤ ᠦᠢᠯᠡᠰ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠪᠠᠨ ᠦᠷᠭᠦᠯᠵᠢᠯᠡᠨ ᠲᠦᠷᠭᠡᠳᠬᠡᠵᠦ᠂ ᠬᠥᠳᠡᠭᠡ ᠠᠵᠤ ᠠᠬᠤᠢ ᠵᠤᠭᠠᠴᠠᠯ ᠢ ᠠᠭᠤᠰᠤᠯᠴᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠭᠠᠷᠳᠠᠴᠠ ᠪᠣᠯᠭᠠᠵᠤ᠂ ᠪᠣᠬᠢᠷᠳᠤᠯ ᠦᠭᠡᠢ ᠲᠠᠷᠢᠶᠠᠯᠠᠩ᠂ ᠰᠡᠯᠡᠭᠦᠴᠡᠯ ᠤᠨ ᠲᠠᠷᠢᠶᠠᠯᠠᠩ᠂ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠰᠡᠯᠡᠭᠦᠴᠡᠯ ᠤᠨ ᠵᠤᠭᠠᠴᠠᠯ ᠪᠣᠯᠣᠨ ᠲᠠᠷᠢᠶᠠᠯᠠᠩ ᠤᠨ ᠪᠡᠶᠡᠴᠢᠯᠡᠨ ᠣᠶᠢᠯᠠᠭᠠᠬᠤ ᠵᠡᠷᠭᠡ ᠠᠵᠢᠯᠯᠠᠭ᠎ᠠ ᠶᠢ ᠤᠶᠠᠯᠳᠤᠭᠤᠯᠵᠤ᠂ ᠤᠳᠤ ᠦᠶ᠎ᠡ ᠶᠢᠨ ᠲᠠᠷᠢᠶᠠᠯᠠᠩ᠂ ᠠᠮᠢ ᠠᠬᠤᠢ ᠶᠢᠨ ᠵᠤᠭᠠᠴᠠᠯ ᠵᠡᠷᠭᠡ ᠶᠢ ᠨᠢᠭᠡ ᠴᠣᠭᠴᠠᠵᠢᠭᠤᠯᠤᠭᠰᠠᠨ ᠣᠨᠴᠠᠯᠢᠭᠲᠤ ᠰᠦᠯᠵᠢᠶᠡᠨ ᠤ ᠤᠯᠠᠭᠠᠨ ᠲᠣᠰᠬᠤᠨ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠰᠡᠯᠡᠭᠦᠴᠡᠯ ᠤᠨ ᠲᠠᠷᠢᠶᠠᠯᠠᠩ ᠢᠶᠠᠷ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠭᠡᠨ ᠬᠥᠭᠵᠢᠯᠲᠡ ᠶᠢ ᠳᠠᠶᠢᠴᠢᠯᠠᠵᠤ᠂ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠬᠤ ᠬᠡᠷᠡᠭᠲᠡᠢ᠃︽ᠠᠮᠢ ᠠᠬᠤᠢ ᠶᠢᠨ ᠨᠣᠭᠤᠭᠠᠷᠠᠭᠤᠯᠤᠯᠲᠠ︾ᠰᠢᠨ᠎ᠡ ᠬᠠᠭᠤᠳᠠᠰᠤ ᠶᠢ ᠵᠢᠷᠤᠬᠤ      ᠠᠳᠦᠯᠠᠢ ᠲᠣᠰᠬᠤᠨ ᠳᠤ ᠬᠦᠷᠬᠦ ᠳᠤ᠂ ᠠᠶᠢᠯ ᠲᠣᠰᠬᠤᠨ ᠴᠡᠪᠡᠷ ᠴᠡᠮᠴᠡᠭᠡᠷ᠂ ᠣᠷᠴᠢᠨ ᠲᠣᠭᠤᠷᠢᠨ ᠴᠣ᠋ ᠰᠢᠨ᠎ᠡ ᠪᠣᠯᠵᠤ᠂ ᠰᠠᠶᠢᠨ ᠳᠤᠷ᠎ᠠ ᠶᠢᠨ ᠠᠵᠢᠯᠯᠠᠭᠴᠢ︽ᠤᠯᠠᠭᠠᠨ ᠬᠠᠨᠴᠤᠢ ᠶᠢᠨ ᠲᠡᠮᠳᠡᠭ︾ᠠᠪᠴᠤ ᠡᠷᠡᠭᠦᠯ ᠬᠠᠮᠠᠭᠠᠯᠠᠯ ᠤᠨ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ ᠴᠠᠭ ᠲᠤᠬᠠᠢ ᠳᠤᠨᠢ ᠬᠤᠭ ᠨᠣᠪᠰᠢ ᠶᠢ ᠴᠡᠪᠡᠷᠯᠡᠬᠦ ᠶᠢ ᠦᠷᠭᠦᠯᠵᠢ ᠣᠯᠵᠤ ᠬᠠᠷᠠᠳᠠᠭ᠃ᠭᠡᠷ ᠤᠨ ᠠᠷᠤ ᠥᠪᠥᠷ ᠲᠤ ᠴᠡᠪᠡᠷ ᠴᠡᠮᠴᠡᠭᠡᠷ᠂ ᠬᠥᠬᠡᠮᠳᠦᠭ ᠨᠣᠭᠤᠭᠠᠨ ᠣᠶ ᠮᠣᠳᠣ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠲᠣᠰᠬᠤᠨ ᠤ ᠵᠠᠮ ᠤᠨ ᠬᠤᠶᠠᠷ ᠲᠠᠯ᠎ᠠ ᠳᠤ ᠬᠤᠸᠠᠷ ᠴᠡᠴᠡᠭ ᠮᠢᠷᠠᠯᠵᠠᠨ ᠳᠡᠯᠭᠡᠷᠡᠵᠦ᠂ ᠴᠠᠭᠠᠨ ᠬᠡᠷᠡᠮ ᠦᠨᠡᠰᠦᠨ ᠸᠠᠭᠠᠷ ᠤᠨ ᠠᠷᠠᠳ ᠤᠨ ᠣᠷᠣᠨ ᠰᠠᠭᠤᠴᠠ ᠨᠢ ᠶᠠᠭ ᠯᠠ ᠳᠤᠮᠳᠠᠳᠤ ᠤᠯᠤᠰ ᠤᠨ ᠤᠯᠠᠮᠵᠢᠯᠠᠯᠲᠤ ᠠᠭᠤᠯᠠ ᠤᠰᠤᠨ ᠤ ᠵᠢᠷᠤᠭ ᠰᠢᠭ᠋ ᠬᠡᠭᠡᠷ᠎ᠡ ᠲᠠᠯ᠎ᠠ ᠳᠤ ᠳᠡᠯᠭᠡᠭᠳᠡᠭᠰᠡᠨ ᠪᠠᠶᠢᠳᠠᠭ᠃
     ︽ᠮᠠᠨ ᠤ ᠲᠣᠰᠬᠤᠨ ᠤ ᠣᠷᠴᠢᠨ ᠲᠣᠭᠤᠷᠢᠨ ᠥᠩᠭᠡᠷᠡᠭᠰᠡᠨ ᠳᠤ ᠲᠤᠩ ᠠᠨᠠᠢ᠂ ᠭᠠᠳᠠᠭᠰᠢ ᠭᠠᠷᠬᠤ ᠳᠠᠭᠠᠨ ᠨᠢᠭᠡ ᠪᠡᠶ᠎ᠡ ᠦᠨᠡᠰᠦ ᠤᠨᠠᠵᠤ᠂ ᠴᠠᠭᠠᠨ ᠬᠤᠪᠴᠠᠰᠤ ᠡᠮᠦᠰᠬᠦ ᠠᠴᠠ ᠵᠢᠷᠦᠬᠡᠰᠢᠶᠡᠳᠡᠭ ᠪᠠᠶᠢᠭᠰᠠᠨ᠂ ᠤᠳᠤ ᠴᠡᠪᠡᠷ ᠴᠡᠮᠴᠡᠭᠡᠷ᠂ ᠥᠩᠭᠡ ᠦᠵᠡᠮᠵᠢ ᠭᠤᠶᠤ ᠰᠠᠶᠢᠬᠠᠨ ᠪᠣᠯᠪᠠ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠣᠯᠣᠮᠠᠭᠴᠠ ᠮᠠᠰᠢ ᠤᠯᠠᠨ ᠬᠥᠮᠥᠰ ᠮᠠᠨ ᠤ ᠠᠳᠡ ᠢᠷᠡᠵᠤ ᠵᠤᠭᠠᠴᠠᠨ ᠨᠠᠭᠠᠳᠳᠠᠭ ᠪᠠᠶᠢᠨ᠎ᠠ︾ᠭᠡᠵᠦ ᠵᠢᠭᠠᠵᠤ ᠭᠠᠷᠭᠠᠭᠰᠠᠨ ᠪᠠᠶᠢᠨ᠎ᠠ᠃ ᠡᠨᠡ ᠪᠣᠯ ᠮᠠᠨ ᠤ ᠲᠣᠰᠬᠤᠨ ᠤ ᠣᠷᠴᠢᠨ ᠲᠣᠭᠤᠷᠢᠨ ᠤᠤᠯ ᠳᠠᠭᠠᠨ ᠲᠤᠩ ᠮᠠᠭᠤ᠂ ᠭᠠᠳᠠᠭᠰᠢ ᠭᠠᠷᠬᠤ ᠳᠠᠭᠠᠨ ᠨᠢᠭᠡ ᠪᠡᠶ᠎ᠡ ᠦᠨᠡᠰᠦ ᠤᠨᠠᠵᠤ᠂ ᠴᠠᠭᠠᠨ ᠬᠤᠪᠴᠠᠰᠤ ᠡᠮᠦᠰᠬᠦ ᠠᠴᠠ ᠪᠠᠨ ᠵᠢᠷᠦᠬᠡᠰᠢᠶᠡᠵᠦ ᠪᠠᠶᠢᠭᠰᠠᠨ ᠶᠠᠪᠤᠳᠠᠯ ᠪᠣᠯᠣᠨ᠎ᠠ᠃ᠠᠳᠦᠯᠠᠢ ᠲᠣᠰᠬᠤᠨ ᠤ ᠠᠷᠠᠳ ᠯᠢᠦ ᠡᠵᠢ ᠶᠢᠨ ᠦᠭᠡᠨ ᠳᠤ ᠵᠣᠯ ᠵᠢᠷᠭᠠᠯ ᠤᠨ ᠲᠥᠷᠥᠭᠳᠡᠯ ᠪᠢᠯᠬᠠᠨ᠎ᠠ᠃      ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠨᠢ ᠬᠥᠮᠥᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠦᠷᠭᠦᠯᠵᠢᠯᠡᠨ ᠵᠠᠰᠠᠬᠤ ᠠᠴᠠ ᠰᠠᠯᠵᠤ ᠴᠢᠳᠠᠬᠤ ᠦᠭᠡᠢ ᠶᠤᠮ᠃ᠳ᠋ᠦᠩ ᠾᠧ ᠲᠣᠭᠤᠷᠢᠭ ᠤᠨ ᠬᠢᠨ ᠣᠷᠴᠢᠨ ᠲᠣᠭᠤᠷᠢᠨ ᠤ ᠪᠣᠬᠢᠷᠳᠤᠯ ᠢ︽ᠬᠠᠰᠤᠬᠤ ᠦᠢᠯᠡᠳᠦᠯ︾᠂ ᠠᠮᠢ ᠠᠬᠤᠢ ᠶᠢᠨ ᠬᠠᠮᠠᠭᠠᠯᠠᠯᠲᠠ ᠶᠢ︽ᠨᠡᠮᠡᠬᠦ ᠦᠢᠯᠡᠳᠦᠯ︾ᠪᠣᠯᠭᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠵᠣᠷᠯᠣᠩ ᠤᠨ ᠬᠤᠪᠢᠰᠬᠠᠯ︾᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠶᠢ ᠠᠬᠢᠭᠤᠯᠪᠠ᠃ᠪᠣᠬᠢᠷᠳᠤᠯ ᠢ ᠵᠠᠰᠠᠬᠤ ᠶᠢᠨ ᠳᠠᠭᠠᠤ ᠳᠤ᠂︽ᠨᠣᠭᠤᠭᠠᠨ ᠥᠩᠭᠡ ᠶᠢ ᠨᠡᠮᠡᠭᠳᠡᠭᠦᠯᠬᠦ᠂ ᠨᠣᠭᠤᠭᠠᠨ ᠥᠩᠭᠡ ᠶᠢ ᠣᠷᠣᠭᠤᠯᠬᠤ᠂ ᠨᠣᠭᠤᠭᠠᠨ ᠥᠩᠭᠡ ᠶᠢ ᠰᠡᠷᠭᠦᠭᠡᠬᠦ︾ ᠶᠢ ᠠᠬᠢᠭᠤᠯᠵᠤ᠂ ᠠᠶᠢᠯ ᠲᠣᠰᠬᠤᠨ ᠢ ᠭᠤᠶᠣᠵᠢᠭᠤᠯᠬᠤ ᠶᠢ ᠨᠡᠮᠡᠭᠳᠡᠭᠦᠯᠦᠨ᠂ ᠠᠶᠢᠯ ᠲᠣᠰᠬᠤᠨ ᠢ ︽ᠨᠢᠭᠡᠨ ᠴᠠᠭ ᠤᠨ ᠭᠤᠶᠤ ᠰᠠᠶᠢᠬᠠᠨ︾ ᠢ ︽ᠥᠨᠢ ᠤᠳᠠᠭᠠᠨ ᠤ ᠭᠤᠶᠤ ᠰᠠᠶᠢᠬᠠᠨ︾ᠪᠣᠯᠭᠠᠵᠤ᠂ ︽ᠬᠡᠰᠡᠭ ᠲᠠᠯ᠎ᠠ ᠶᠢᠨ ᠭᠤᠶᠤ ᠰᠠᠶᠢᠬᠠᠨ︾ ᠢ ︽ᠪᠦᠬᠦᠨ ᠢ ᠭᠤᠶᠤ ᠰᠠᠶᠢᠬᠠᠨ︾ᠪᠣᠯᠭᠠᠵᠤ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢᠨ ᠨᠡᠮᠡᠭᠳᠡᠯ ᠤᠨ ᠴᠡᠭ ᠪᠣᠯᠭᠠᠵᠤ᠂ ᠲᠣᠰᠬᠤᠨ ᠤ ᠠᠷᠠᠳ ᠤᠨ ᠵᠣᠭᠤᠰᠤᠨ ᠤ ᠴᠦᠩᠬᠦ ᠶᠢ ᠬᠥᠪᠴᠢᠯᠡᠵᠦ᠂ ᠢᠨᠢᠶᠡᠳᠦᠮ ᠲᠠᠢ ᠴᠢᠷᠠᠢ ᠶᠢ ᠣᠯᠠᠰᠢᠷᠠᠭᠤᠯᠤᠨ᠎ᠠ᠃
     ︽ᠪᠢᠳᠡ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠪᠦᠬᠦ ᠲᠠᠯ᠎ᠠ ᠪᠠᠷ ᠦᠷ᠎ᠡ ᠪᠦᠲᠦᠮᠵᠢ ᠣᠯᠵᠤ᠂ ᠤᠯᠠᠨ ᠲᠠᠯ᠎ᠠ ᠪᠠᠷ ᠴᠡᠴᠡᠭᠯᠡᠬᠦ ᠶᠢ ᠴᠢᠨᠠᠭᠰᠢᠳᠠ ᠠᠬᠢᠭᠤᠯᠵᠤ᠂ ᠬᠥᠳᠡᠭᠡ ᠲᠣᠰᠬᠤᠨ ᠤ︿ᠵᠢᠰᠦ ᠴᠢᠷᠠᠢ﹀ ᠶᠢ ᠲᠠᠰᠤᠷᠠᠯᠲᠠ ᠦᠭᠡᠢ ᠰᠢᠨᠡᠳᠬᠡᠵᠦ᠂ ᠳᠣᠲᠣᠭᠠᠳᠤ ᠶᠢᠨ︿ᠰᠦᠷ ᠵᠢᠪᠬᠤᠭ᠎ᠠ﹀ ᠶᠢ ᠳᠡᠭᠡᠭᠰᠢᠯᠡᠭᠦᠯᠦᠨ᠎ᠡ︾᠃ ᠣᠲᠣ ᠪᠣᠯᠲᠠᠯ᠎ᠠ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠨᠡᠶᠢᠲᠡ 3.5 ᠲᠦᠮᠡ ᠭᠠᠷᠤᠢ ᠲᠣᠨ ᠴᠡᠪᠡᠷᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠨᠡᠶᠢᠲᠡ 1.1 ᠲᠦᠮᠡ ᠭᠠᠷᠤᠢ ᠲᠣᠨ ᠴᠡᠪᠡᠷᠯᠡᠪᠡ︔ ᠸᠠᠩ ᠳ᠋ᠠ ᠬᠠᠨ ᠲᠣᠰᠬᠤᠨ᠂ ᠠᠳᠦᠯᠠᠢ ᠲᠣᠰᠬᠤᠨ ᠵᠡᠷᠭᠡ 6 ᠬᠥᠳᠡᠭᠡ ᠲᠣᠰᠬᠤᠨ ᠤ ᠮᠣᠳᠣ ᠵᠠᠶᠢᠯᠠᠬᠤ ᠠᠵᠢᠯ ᠢ ᠨᠢᠭᠡᠨᠲᠡ ᠳᠠᠭᠤᠰᠬᠠᠵᠤ᠂ ᠨᠡᠶᠢᠳᠡ 3238 ᠰᠠᠭᠤᠷᠢ ᠲᠤᠷᠤᠭ ᠮᠣᠳᠣ᠂ 4072 ᠲᠡᠭᠰᠢ ᠳᠥᠷᠪᠡᠯᠵᠢᠨ ᠮᠧᠲᠷ ᠤᠨ ᠨᠣᠭᠤᠭᠠᠨ ᠰᠢᠪᠡᠭᠡ ᠲᠠᠷᠢᠵᠦ᠂ 1189 ᠰᠠᠭᠤᠷᠢ ᠦᠬᠦᠭᠰᠡᠨ ᠮᠣᠳᠣ ᠶᠢ ᠴᠡᠪᠡᠷᠯᠡᠪᠡ︾ᠭᠡᠵᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠳᠬᠡᠪᠡ᠃︽ᠨᠤᠲᠤᠭ ᠤᠨ ᠵᠠᠩ ᠠᠭᠠᠯᠢ︾ᠰᠢᠨ᠎ᠡ ᠬᠥᠳᠡᠭᠡ ᠲᠣᠰᠬᠤᠨ ᠢ ᠲᠡᠵᠢᠭᠡᠬᠦ      ︽ᠲᠣᠰᠬᠤᠨ ᠳᠤ ᠤᠯᠠᠭᠠᠨ ᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠪᠠᠶᠢᠭᠤᠯᠤᠭᠳᠠᠭᠰᠠᠨ ᠠᠴᠠ ᠲᠣᠰᠬᠤᠨ ᠤ ᠠᠷᠠᠳ ᠤᠨ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠣᠰᠬᠤᠨ ᠤ ᠶᠡᠭᠡ ᠪᠠᠷ ᠪᠠᠵᠠᠭᠠᠵᠤ ᠶᠡᠭᠡ ᠪᠠᠷ ᠡᠷᠬᠢᠯᠡᠬᠦ ᠮᠠᠭᠤ ᠰᠤᠷᠲᠠᠯ ᠢ ᠬᠤᠪᠢᠷᠠᠭᠤᠯᠪᠠ︾᠃ ᠭᠡᠵᠦ ᠡᡁᠸ ᠳ᠋ᠦᠩ ᠪᠠᠯᠭᠠᠰᠤᠨ ᠤ ᠸᠠᠩ ᠳ᠋ᠠ ᠬᠠᠨ ᠲᠣᠰᠬᠤᠨ ᠤ ᠠᠷᠠᠳ ᠸᠠᠩ ᠬᠤᠢ ᠶᠢᠩ ᠬᠡᠯᠡᠪᠡ᠃
     ᠵᠠᠩ ᠳᠠᠳᠬᠠᠯ ᠢ ᠥᠭᠡᠷᠡᠴᠢᠯᠡᠬᠦ ᠨᠢ ᠸᠠᠩ ᠳ᠋ᠠ ᠬᠠᠨ ᠲᠣᠰᠬᠤᠨ ᠤ ᠠᠷᠠᠳ ᠲᠤ ᠦᠨᠡᠨ ᠪᠣᠳᠠᠲᠠᠢ ᠠᠰᠢᠭ ᠬᠦᠷᠲᠡᠭᠡᠭᠰᠡᠨ ᠢᠶᠠᠷ ᠪᠠᠷᠠᠬᠤ ᠦᠭᠡᠢ ᠪᠠᠰᠠ ᠬᠥᠳᠡᠭᠡ ᠶᠢᠨ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠭᠰᠠᠨ ᠪᠠᠶᠢᠨ᠎ᠠ᠃ᠲᠣᠰᠬᠤᠨ ᠤ ᠰᠣᠶᠣᠯ ᠤᠨ ᠠᠭᠤᠳᠠᠮ ᠲᠠᠯᠠᠪᠠᠢ ᠳᠤ᠂ ᠬᠡᠦᠬᠡᠳ ᠤᠳ ᠨᠠᠭᠠᠳᠤᠨ ᠲᠣᠭᠯᠠᠵᠤ᠂ ᠨᠠᠰᠤᠲᠠᠶᠢᠴᠤᠳ ᠤᠷᠠᠨ ᠰᠠᠶᠢᠬᠠᠨ ᠤ ᠲᠣᠭᠯᠠᠯᠲᠠ ᠪᠣᠯᠪᠠᠰᠤᠷᠠᠵᠤ᠂ ᠴᠢᠷᠠᠢ ᠳᠤᠨᠢ ᠵᠣᠯ ᠵᠢᠷᠭᠠᠯᠲᠤ ᠢᠨᠢᠶᠡᠳᠦ ᠪᠢᠯᠬᠠᠨ᠎ᠠ᠃ᠸᠠᠩ ᠳ᠋ᠠ ᠬᠠᠨ ᠲᠣᠰᠬᠤᠨ ᠢᠶᠠᠷ ᠵᠣᠭᠰᠣᠬᠤ ᠦᠭᠡᠢ᠂ ᠡᠳᠦᠭᠡ ᠳ᠋ᠦᠩ ᠡᡁᠸ ᠲᠣᠭᠤᠷᠢᠭ ᠤᠨ ᠡᠯ᠎ᠡ ᠲᠣᠰᠬᠤᠨ ᠳᠤ᠂ ᠤᠷᠤᠭ ᠤᠨ ᠶᠠᠪᠤᠳᠠᠯ ᠢ ᠰᠢᠨ᠎ᠡ ᠪᠠᠷ ᠡᠷᠬᠢᠯᠡᠬᠦ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ ᠡᠷᠬᠢᠯᠡᠬᠦ ᠵᠠᠩᠰᠢᠯ ᠳᠡᠯᠭᠡᠷᠡᠵᠦ᠂ ᠪᠣᠯᠪᠠᠰᠤᠨ ᠰᠢᠨ᠎ᠡ ᠰᠤᠷᠲᠠᠯ ᠲᠦᠭ ᠲᠦᠮᠡᠨ ᠠᠶᠢᠯ ᠡᠷᠦᠬᠡ ᠳᠤ ᠳᠡᠯᠭᠡᠷᠡᠵᠦ᠂ ᠪᠣᠯᠪᠠᠰᠤᠨ ᠬᠥᠳᠡᠭᠡ ᠲᠣᠰᠬᠤᠨ ᠤ ᠰᠤᠷᠲᠠᠯ ᠤᠯᠠᠮ ᠠᠴᠠ ᠤᠯᠠᠮ ᠥᠳᠬᠡᠷᠡᠵᠦ ᠪᠠᠶᠢᠨ᠎ᠠ᠃
     ᠬᠥᠳᠡᠭᠡ ᠲᠣᠰᠬᠤᠨ ᠢ ᠪᠣᠯᠪᠠᠰᠤᠨ ᠢᠶᠠᠷ ᠪᠣᠶᠢᠵᠢᠭᠤᠯᠵᠤ᠂ ᠰᠢᠨ᠎ᠡ ᠰᠠᠯᠬᠢ ᠬᠥᠳᠡᠭᠡ ᠲᠠᠯ᠎ᠠ ᠶᠢ ᠪᠦᠷᠬᠦᠪᠡ᠃ᠣᠶᠢᠷ᠎ᠠ ᠶᠢᠨ ᠵᠢᠯ ᠠᠴᠠ᠂ ᠳ᠋ᠦᠩ ᠾᠧ ᠲᠣᠭᠤᠷᠢᠭ ᠤᠨ ᠬᠢᠨ ︽ᠪᠣᠯᠪᠠᠰᠤᠨ ᠡᠷᠦᠬᠡ︾᠂︽ᠬᠠᠮᠤᠭ ᠤᠨ ᠭᠤᠶᠤ ᠬᠦᠷᠢᠶ᠎ᠡ︾ᠵᠡᠷᠭᠡ ᠰᠢᠯᠭᠠᠷᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠤᠢ ᠪᠣᠯᠭᠠᠬᠤ᠂ ᠴᠡᠭ ᠢᠶᠠᠷ ᠨᠡᠶᠢᠳᠡᠮ ᠢ ᠳᠠᠶᠢᠴᠢᠯᠠᠬᠤ᠂ ᠵᠢᠱᠢᠶ᠎ᠡ ᠦᠵᠡᠭᠦᠯᠦᠨ ᠳᠠᠶᠢᠴᠢᠯᠠᠬᠤ ᠪᠠᠷ ᠳᠠᠮᠵᠢᠭᠤᠯᠵᠤ᠂ ᠡᠷᠡᠭᠦᠯ ᠴᠢᠭᠢᠷᠠᠭ᠂ ᠪᠣᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠪᠣᠯᠣᠨ ᠬᠥᠳᠡᠭᠡ ᠲᠣᠰᠬᠤᠨ ᠤ ᠪᠣᠯᠪᠠᠰᠤᠨ ᠤ ᠰᠢᠨ᠎ᠡ ᠬᠡᠪ ᠰᠤᠷᠲᠠᠯ ᠢ ᠪᠣᠶᠢᠵᠢᠭᠤᠯᠪᠠ︔ᠶᠣᠰᠣ ᠰᠤᠷᠲᠠᠬᠤᠨ ᠤ ᠦᠨᠡᠯᠡᠯᠲᠡ ᠶᠢᠨ ᠬᠤᠷᠠᠯ᠂ ᠤᠯᠠᠭᠠᠨ ᠴᠠᠭᠠᠨ ᠤ ᠬᠡᠷᠡᠭ ᠡᠷᠬᠢᠯᠡᠭᠴᠢᠳ ᠤᠨ ᠬᠤᠷᠠᠯ᠂ ᠡᠷᠡᠭᠦᠯ ᠬᠠᠮᠠᠭᠠᠯᠠᠯ ᠤᠨ ᠦᠨᠡᠯᠡᠯᠲᠡ ᠶᠢᠨ ᠬᠤᠷᠠᠯ ᠵᠡᠷᠭᠡ ᠶᠢ ᠪᠠᠶᠢᠭᠤᠯᠬᠤ ᠪᠠᠷ ᠳᠠᠮᠵᠢᠭᠤᠯᠵᠤ᠂ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠬᠠᠮᠲᠤᠪᠠᠷ ᠵᠥᠪᠳᠡᠯᠴᠡᠵᠦ᠂ ᠲᠣᠰᠬᠤᠨ ᠤ ᠳᠦᠷᠢᠮ ᠠᠷᠠᠳ ᠤᠨ ᠭᠡᠷ᠎ᠡ ᠪᠠᠷ ᠲᠣᠰᠬᠤᠨ ᠤ ᠠᠷᠠᠳ ᠤᠨ ᠬᠦᠰᠡᠯ ᠰᠠᠨᠠᠭ᠎ᠠ ᠶᠢ ᠭᠦᠢᠴᠡᠳ ᠢᠯᠡᠷᠡᠭᠦᠯᠬᠦ ᠶᠢ ᠪᠠᠲᠤᠯᠠᠵᠤ᠂ ᠲᠣᠰᠬᠤᠨ ᠤ ᠠᠷᠠᠳ ᠤᠨ ᠤᠬᠠᠮᠰᠠᠷ ᠠᠴᠠ ᠪᠠᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠬᠥᠲᠥᠯᠥᠨ ᠵᠢᠯᠤᠭᠤᠳᠴᠤ᠂ ᠪᠣᠯᠪᠠᠰᠤᠨ ᠬᠥᠳᠡᠭᠡ ᠲᠣᠰᠬᠤᠨ ᠤ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃      ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠰᠢᠨ᠎ᠡ ᠬᠠᠭᠤᠳᠠᠰᠤ ᠶᠢ ᠪᠢᠴᠢᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠦᠶ᠎ᠡ ᠳᠡᠭᠡᠨ ᠪᠠᠶᠢᠨ᠎ᠠ᠃ᠳ᠋ᠦᠩ ᠾᠧ ᠲᠣᠭᠤᠷᠢᠭ ᠤᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠭᠦ ᠬᠦᠴᠦᠨ ᠢ ᠴᠢᠨᠠᠭᠰᠢᠳᠠ ᠬᠥᠭᠵᠢᠭᠡᠵᠦ᠂ ᠬᠥᠳᠡᠭᠡ ᠲᠣᠰᠬᠤᠨ ᠤ ᠭᠤᠸ᠎ᠠ ᠰᠠᠶᠢᠬᠠᠨ᠂ ᠬᠥᠳᠡᠭᠡ ᠲᠣᠰᠬᠤᠨ ᠤ ᠬᠡᠪ ᠨᠠᠮᠪᠠ ᠲᠠᠢ᠂ ᠠᠵᠤ ᠦᠢᠯᠡᠰ ᠤᠨ ᠬᠥᠭᠵᠢᠯ ᠪᠠᠳᠠᠷᠠᠯ ᠤᠨ ᠴᠠᠭ ᠦᠶ᠎ᠡ ᠶᠢᠨ ᠵᠢᠷᠤᠭ ᠢ ᠦᠷᠭᠦᠯᠵᠢᠯᠡᠨ ᠳᠡᠯᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠴᠣ᠋ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1