︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠠ︾ᠳ᠋ᠦᠩ ᠾᠧ ᠲᠣᠭᠤᠷᠢᠭ᠄ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ
ᠨᠡᠶᠢᠲᠡᠯᠡᠭᠰᠡᠨ ᠴᠠᠭ᠄
2022/9/26
      ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠶᠢᠨ︽ᠦᠨᠳᠦᠰᠦ︾ᠪᠠ︽ᠰᠦᠭ ᠰᠦᠨᠡᠰᠦ︾ᠮᠥᠨ᠃ᠺᠠᠳ᠋ᠷᠴᠤᠳ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢᠨ ᠲᠤᠰᠬᠠᠢ ᠰᠡᠳᠦᠪᠲᠦ ᠪᠣᠯᠪᠠᠰᠤᠷᠠᠯ ᠢ ᠡᠷᠬᠢᠯᠡᠵᠦ᠂ ︽ᠨᠠᠮ ᠤᠨ ᠪᠠᠶᠢᠭᠤᠯᠤᠯᠲᠠ ᠶᠢᠨ ᠬᠦᠴᠦᠨ ᠢ ᠨᠢᠭᠲᠠᠷᠠᠭᠤᠯᠬᠤ·ᠬᠥᠬᠡ ᠮᠡᠯᠡᠬᠡᠢ ᠶᠢᠨ ᠠᠵᠢᠯᠯᠠᠭ᠎ᠠ︾ ᠶᠢ ᠥᠷᠨᠢᠭᠦᠯᠵᠦ᠂ ᠰᠠᠯᠠᠭᠠᠨ ᠤ ᠳᠡᠰ ᠤᠨ ᠺᠠᠳ᠋ᠷ ᠢ ᠰᠣᠩᠭᠤᠨ ᠲᠣᠮᠢᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠭᠠᠨ ᠵᠢᠯᠣᠭᠤᠳᠤᠭᠴᠢ ᠶᠢᠨ ᠲᠤᠰᠢᠶᠠᠯ ᠢ ᠬᠠᠷᠢᠭᠤᠴᠠᠭᠤᠯᠤᠨ ᠲᠣᠰᠬᠤᠨ ᠳᠤ ᠣᠴᠢᠭᠤᠯᠤᠨ ᠵᠢᠯᠣᠭᠤᠳᠤᠭᠤᠯᠵᠤ᠂ ᠤᠯᠤᠰ ᠲᠦᠷᠦ ᠶᠢᠨ ᠬᠢᠨᠠᠯᠲᠠ ᠲᠠᠯᠪᠢᠯᠲᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠪᠠ ᠁ ᠡᠨᠡ ᠵᠢᠯ ᠠᠴᠠ ᠨᠠᠰᠢ᠂ ᠳ᠋ᠦᠩ ᠾᠧ ᠲᠣᠭᠤᠷᠢᠭ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠣᠯᠣᠨ ᠤᠯᠠᠨ ᠲᠦᠮᠡᠨ ᠤ ᠠᠵᠢᠯ ᠤᠨ ᠳᠠᠪᠠᠭᠤᠯᠢᠭ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠶᠢ ᠡᠭᠦᠳᠬᠦ ᠳᠠᠪᠠᠭᠤᠯᠢᠭ ᠪᠣᠯᠣᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠠᠬᠢᠭᠤᠯᠵᠤ᠂ ︽ᠤᠷᠤᠭᠰᠢᠯᠠᠬᠤ︾ᠬᠠᠨᠳᠤᠰᠢ ᠶᠢ ᠬᠦᠴᠦᠯᠡᠨ ᠪᠠᠲᠤᠯᠠᠵᠤ᠂︽ᠲᠣᠭᠲᠠᠭᠤᠨ︾ ᠤ ᠠᠶᠢᠵᠠᠮ ᠢ ᠡᠵᠡᠮᠳᠡᠵᠦ᠂︽ᠥᠨᠳᠥᠷ︾ᠶᠠᠰᠤ ᠴᠢᠨᠠᠷ ᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠪᠠᠲᠤᠯᠠᠪᠤᠷᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠯᠬᠤᠮ ᠢ ᠠᠯᠬᠤᠬᠤ ᠶᠢ ᠠᠬᠢᠭᠤᠯᠬᠤ ᠬᠡᠷᠡᠭᠲᠡᠢ᠃ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠰᠡᠳᠬᠢᠯ ᠢᠶᠠᠨ ᠨᠢᠭᠲᠠᠷᠠᠭᠤᠯᠵᠤ ᠬᠦᠴᠦᠨ ᠢᠶᠠᠨ ᠨᠢᠭᠲᠠᠷᠠᠭᠤᠯᠤᠶ᠎ᠠ      ᠦᠵᠡᠯ ᠰᠠᠨᠠᠭ᠎ᠠ ᠪᠠᠷ ᠨᠠᠮ ᠢᠶᠠᠨ ᠪᠠᠶᠢᠭᠤᠯᠵᠤ᠂ ᠤᠨᠤᠯ ᠢᠶᠠᠷ ᠨᠠᠮ ᠢᠶᠠᠨ ᠬᠦᠴᠦᠷᠬᠡᠭᠵᠢᠭᠦᠯᠬᠦ ᠳᠤ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠠᠳᠬᠤᠴᠢᠪᠠᠯ ᠳᠠᠷᠤᠢ ᠨᠠᠮ ᠤᠨ ᠪᠠᠶᠢᠭᠤᠯᠤᠯᠲᠠ ᠶᠢᠨ ᠦᠨᠳᠦᠰᠦᠨ ᠵᠦᠢᠯ ᠢ ᠠᠳᠬᠤᠵᠤ ᠴᠢᠳᠠᠬᠤ ᠶᠤᠮ᠃ᠣᠶᠢᠷ᠎ᠠ ᠶᠢᠨ ᠵᠢᠯ ᠠᠴᠠ᠂ ᠳ᠋ᠦᠩ ᠾᠧ ᠲᠣᠭᠤᠷᠢᠭ ᠤᠨ ᠬᠢᠨ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠣᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠦᠢᠯᠡᠳᠦᠯᠭᠡᠵᠢᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠡᠷᠡᠰ ᠭᠤᠶᠢᠪᠢᠰᠢ ᠦᠭᠡᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠤ᠂ ᠢᠲᠡᠭᠡᠯ ᠪᠢᠰᠢᠷᠡᠯ ᠤᠨ ᠰᠠᠭᠤᠷᠢ ᠶᠢ ᠨᠢ ᠪᠠᠬᠢᠵᠢᠭᠦᠯᠵᠦ᠂ ᠬᠥᠭᠵᠢᠯᠲᠡ ᠶᠢᠨ ᠵᠠᠮ ᠤᠨ︽ᠲᠣᠭᠲᠠᠪᠤᠷᠢᠵᠢᠭᠤᠯᠤᠭᠴᠢ︾ ᠶᠢ ᠵᠥᠪ ᠡᠵᠡᠮᠳᠡᠬᠦ ᠶᠢ ᠪᠠᠷᠢᠮᠲᠠᠯᠠᠪᠠ᠃
     ︽ᠡᠨᠡ ᠤᠳᠠᠭ᠎ᠠ ᠶᠢᠨ ᠪᠣᠯᠪᠠᠰᠤᠷᠠᠯ ᠮᠠᠰᠢ ᠤᠳᠬ᠎ᠠ ᠠᠭᠤᠯᠭ᠎ᠠ ᠲᠠᠢ᠂ ᠰᠤᠷᠤᠯᠴᠠᠯᠭ᠎ᠠ ᠶᠢᠨ ᠠᠭᠤᠯᠭ᠎ᠠ ᠤᠯᠠᠨ᠂ ᠠᠰᠠᠭᠤᠳᠠᠯ ᠢ ᠪᠣᠳᠣᠯᠬᠢᠯᠠᠬᠤ ᠨᠢ ᠤᠯᠠᠨ᠂ ᠣᠯᠣᠯᠲᠠ ᠨᠢ ᠴᠦ ᠤᠯᠠᠨ︾᠃ ᠨᠢᠭᠡᠳᠦᠭᠡᠷ ᠬᠤᠭᠤᠴᠠᠭᠠᠨ ᠤ ᠨᠠᠮ ᠤᠨ ᠭᠡᠰᠢᠭᠦᠨ ᠺᠠᠳ᠋ᠷᠴᠤᠳ ᠤᠨ ᠰᠤᠷᠲᠠᠯ ᠤᠨ ᠪᠠᠶᠢᠭᠤᠯᠤᠯᠲᠠ  ᠶᠢ ᠴᠢᠩᠭᠠᠳᠬᠠᠬᠤ ᠰᠤᠷᠤᠯᠴᠠᠯᠭ᠎ᠠ ᠦᠢᠯᠡᠳᠦᠯᠭᠡ  ᠶᠢᠨ ᠠᠵᠢᠯᠯᠠᠭ᠎ᠠ  ᠶᠢᠨ ᠲᠤᠰᠬᠠᠢ ᠰᠡᠳᠦᠪᠲᠦ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ᠄ ︽ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ ᠪᠢᠳᠡ ᠬᠤᠰᠢᠭᠤᠴᠢ ᠵᠢᠱᠢᠶᠡᠴᠢ  ᠶᠢᠨ ᠦᠢᠯᠡᠳᠦᠯ  ᠢᠶᠠᠨ ᠭᠦᠢᠴᠡᠳ ᠪᠠᠳᠠᠷᠠᠭᠤᠯᠵᠤ᠂ ᠪᠡᠶ᠎ᠡ ᠪᠠᠷ  ᠢᠶᠠᠨ ᠬᠡᠪ ᠳᠦᠷᠢᠮ ᠪᠣᠯᠵᠤ᠂ ᠥᠪᠡᠷ ᠤᠨ ᠤᠯᠤᠰ ᠲᠥᠷᠥ  ᠶᠢᠨ ᠪᠣᠯᠪᠠᠰᠤᠷᠠᠯ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠪᠡᠯ ᠰᠠᠶ᠋ᠢ ᠨᠡᠶᠢᠭᠡᠮ ᠳᠤ ᠨᠡᠩ ᠰᠠᠶᠢᠨ ᠦᠢᠯᠡᠴᠢᠯᠡᠵᠦ᠂ ᠣᠯᠠᠨ ᠲᠦᠮᠡᠨ ᠳᠤ ᠨᠡᠩ ᠰᠠᠶᠢᠨ ᠦᠢᠯᠡᠴᠢᠯᠡᠵᠦ ᠴᠢᠳᠠᠨ᠎ᠠ᠂ ᠡᠨᠡ ᠪᠣᠯ ᠮᠢᠨᠤ ᠡᠨᠡ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠭᠰᠠᠨ ᠬᠠᠮᠤᠭ ᠤᠨ ᠭᠦᠨᠵᠡᠭᠡᠢ ᠣᠶᠢᠯᠠᠭᠠᠯᠲᠠ ᠮᠥᠨ︾ ᠭᠡᠵᠡᠢ᠃ 4 ᠰᠠᠷ᠎ᠠ ᠶᠢᠨ 17  ᠤ ᠡᠳᠦᠷ ᠠᠴᠠ 6 ᠰᠠᠷ᠎ᠠ ᠶᠢᠨ 8 ᠤ ᠡᠳᠦᠷ ᠪᠣᠯᠲᠠᠯ᠎ᠠ᠂ ᠳ᠋ᠦᠩ ᠡᡁᠸ ᠲᠣᠭᠤᠷᠢᠭ ᠤᠨ ᠬᠢᠨ ᠤᠷᠢᠳ ᠬᠤᠵᠢᠳ 330 ᠺᠠᠳ᠋ᠷ ᠢ ᠵᠣᠬᠢᠶᠠᠨ ᠪᠠᠶᠢᠭᠤᠯᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠳᠤ ᠣᠷᠣᠯᠴᠠᠭᠤᠯᠵᠤ᠂ ᠳᠤᠭᠤᠶᠢᠯᠠᠩ ᠬᠤᠪᠢᠶᠠᠨ ᠰᠤᠳᠤᠯᠤᠨ ᠶᠠᠷᠢᠯᠴᠠᠬᠤ ᠪᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠰᠢᠯᠭᠠᠨ ᠦᠨᠡᠯᠡᠬᠦ ᠰᠢᠯᠭᠠᠯᠲᠠ ᠶᠢ ᠥᠷᠨᠢᠭᠦᠯᠵᠦ᠂ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠤ ᠨᠠᠮᠴᠢ ᠴᠢᠨᠠᠷ ᠤᠨ ᠤᠬᠢᠶᠠᠯ ᠬᠦᠷᠲᠡᠭᠡᠬᠦ᠂ ᠤᠶᠤᠨ ᠰᠠᠨᠠᠭᠠᠨ ᠤ ᠺᠠᠯᠼ ᠨᠥᠬᠦᠪᠦᠷᠢᠯᠡᠬᠦ᠂ ᠴᠠᠬᠢᠯᠭᠠᠨ ᠴᠡᠨᠡᠭᠯᠡᠬᠦ ᠴᠢᠳᠠᠪᠤᠷᠢ ᠶᠢ ᠤᠯᠠᠮ ᠴᠢᠨᠠᠭᠰᠢᠳᠠ ᠬᠦᠷᠲᠡᠭᠡᠵᠡᠢ᠃
     ᠳ᠋ᠦᠩ ᠾᠧ ᠲᠣᠭᠤᠷᠢᠭ ᠤᠨ ᠬᠢᠨ ᠨᠠᠮ ᠤᠨ ᠤᠯᠤᠰ ᠲᠥᠷᠥ ᠶᠢᠨ ᠪᠠᠶᠢᠭᠤᠯᠤᠯᠲᠠ  ᠶᠢ ᠲᠡᠷᠢᠭᠦᠨ ᠪᠠᠶᠢᠷᠢᠨ ᠳᠤ ᠲᠠᠯᠪᠢᠬᠤ  ᠶᠢ ᠪᠠᠷᠢᠮᠲᠠᠯᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠲᠣᠭᠤᠷᠢᠨ ᠳᠤ᠂ ᠭᠤᠣᠯ ᠳᠤᠭᠤᠶᠢᠯᠠᠩ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠰᠤᠷᠤᠯᠴᠠᠬᠤ ᠵᠢᠭᠰᠠᠭᠠᠯ ᠤᠨ ᠭᠠᠵᠠᠷ ᠢ ᠠᠰᠢᠭᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ 11 ᠤᠳᠠᠭ᠎ᠠ᠂ ᠰᠦᠯᠵᠢᠶᠡᠨ ᠳᠡᠭᠡᠷᠡᠬᠢ ᠰᠤᠷᠤᠯᠴᠠᠯᠭ᠎ᠠ ᠶᠢᠨ ᠬᠤᠷᠠᠯ ᠢ 3 ᠤᠳᠠᠭ᠎ᠠ ᠬᠤᠷᠠᠯᠳᠤᠭᠤᠯᠵᠤ᠂ ᠪᠦᠬᠦ ᠤᠯᠤᠰ ᠤᠨ︽ᠬᠤᠶᠠᠷ ᠬᠤᠷᠠᠯ︾  ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 100 ᠭᠠᠷᠤᠢ ᠤᠳᠠᠭ᠎ᠠ ᠤᠬᠠᠭᠤᠯᠤᠨ ᠲᠠᠶᠢᠯᠪᠤᠷᠢᠯᠠᠬᠤ ᠵᠡᠷᠭᠡ ᠤᠯᠠᠨ ᠵᠦᠢᠯ ᠤᠨ ᠬᠡᠯᠪᠡᠷᠢ ᠶᠢᠨ ᠬᠥᠮᠦᠵᠢᠯ ᠪᠣᠯᠪᠠᠰᠤᠷᠠᠯ ᠢ ᠥᠷᠨᠢᠭᠦᠯᠪᠡ᠃ᠡᠭᠦᠨ ᠤ ᠬᠠᠮᠲᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠠᠶᠢᠩᠭᠤᠵᠢᠯᠲᠠ ᠶᠢ ᠦᠷᠭᠦᠯᠵᠢᠯᠡᠨ ᠠᠬᠢᠭᠤᠯᠵᠤ᠂ ᠪᠦᠬᠦ ᠣᠷᠣᠨ ᠤ 72 ᠰᠠᠯᠠᠭ᠎ᠠ ᠮᠥᠴᠢᠷ ᠨᠢᠭᠡᠴᠡ ᠶᠢ ᠵᠣᠬᠢᠶᠠᠨ ᠪᠠᠶᠢᠭᠤᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠲᠡᠦᠬᠡ︾ ᠶᠢ ᠰᠤᠷᠤᠯᠴᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 30 ᠭᠠᠷᠤᠢ ᠲᠠᠯᠠᠪᠠᠢ ᠥᠷᠨᠢᠭᠦᠯᠵᠡᠢ ᠁ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ᠂ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ ᠤᠳ ᠢᠶᠠᠷ᠂ ᠦᠵᠡᠯ ᠰᠠᠨᠠᠭᠠᠨ ᠤ ᠤᠬᠢᠶᠠᠯ ᠤᠳᠠᠭ᠎ᠠ ᠪᠦᠷᠢ ᠶᠢᠨ ᠠᠵᠢᠯᠯᠠᠭ᠎ᠠ ᠥᠷᠨᠢᠭᠦᠯᠵᠡᠢ ᠁ ᠳ᠋ᠦᠩ ᠡᡁᠸ ᠲᠣᠭᠤᠷᠢᠭ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ︽ᠺᠠᠯᠼ ᠨᠥᠬᠦᠪᠦᠷᠢᠯᠡᠵᠦ︾︽ᠲᠣᠰᠣ ᠨᠡᠮᠡᠵᠦ︾᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠴᠢᠨᠠᠭᠰᠢᠳᠠ ᠠᠬᠢᠭᠤᠯᠤᠭᠰᠠᠨ ᠪᠠᠶᠢᠨ᠎ᠠ᠃ᠴᠢᠳᠠᠪᠤᠷᠢ ᠪᠠᠨ ᠳᠡᠭᠡᠭᠰᠢᠯᠡᠭᠦᠯᠬᠦ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠬᠦ ᠬᠡᠷᠡᠭᠲᠡᠢ      ᠺᠠᠳ᠋ᠷ ᠵᠣᠷᠢᠭᠲᠠᠢ ᠪᠠᠷ ᠡᠭᠦᠷᠭᠡᠯᠡᠬᠦ ︽ᠥᠷᠭᠡᠨ ᠮᠥᠷᠥ︾ ᠲᠠᠢ ᠪᠠᠶᠢᠬᠤ ᠪᠠᠷ ᠪᠠᠷᠠᠬᠤ ᠦᠭᠡᠢ ᠪᠠᠰᠠ ᠡᠭᠦᠷᠭᠡᠯᠡᠵᠦ ᠳᠡᠶᠢᠯᠬᠦ ︽ᠬᠠᠲᠠᠭᠤ ᠮᠥᠷᠥ︾ ᠲᠠᠢ ᠪᠠᠶᠢᠬᠤ ᠬᠡᠷᠡᠭᠲᠡᠢ︔ᠠᠵᠢᠯ ᠬᠢᠬᠦ ᠶᠢ ᠪᠤᠳᠤᠬᠤ᠂ ᠦᠨᠡᠨ ᠬᠦ ᠠᠵᠢᠯ ᠬᠢᠬᠦ ᠣᠷᠭᠢᠯᠤᠮ᠎ᠠ ᠰᠡᠳᠬᠢᠯᠭᠡ ᠲᠠᠢ ᠪᠠᠶᠢᠬᠤ ᠪᠠᠷ ᠪᠠᠷᠠᠬᠤ ᠦᠭᠡᠢ ᠪᠠᠰᠠ ᠠᠵᠢᠯ ᠬᠢᠵᠦ ᠴᠢᠳᠠᠬᠤ᠂ ᠠᠵᠢᠯ ᠬᠢᠵᠦ ᠪᠦᠲᠦᠭᠡᠬᠦ ᠴᠢᠳᠠᠪᠤᠷᠢ ᠲᠠᠢ ᠪᠠᠶᠢᠬᠤ ᠬᠡᠷᠡᠭᠲᠡᠢ᠃
     ︽︿ᠬᠥᠬᠡᠮᠳᠦᠭ ᠨᠣᠭᠤᠭᠠᠨ ᠦᠢᠯᠠ ᠠᠵᠢᠯᠯᠠᠭ᠎ᠠ﹀ ᠨᠢ ᠮᠠᠨ ᠤ ᠵᠠᠯᠠᠭᠤ ᠺᠠᠳ᠋ᠷᠴᠤᠳ ᠲᠤ ᠲᠦᠷᠭᠡᠨ ᠢᠶᠠᠷ ᠳᠦᠷᠢ ᠳᠤ ᠣᠷᠣᠬᠤ᠂ ︿ᠦᠰᠤᠨ ᠪᠣᠶᠢᠵᠢᠬᠤ ᠦᠶᠡᠯᠡᠯ﹀﹀ ᠢ ᠪᠣᠭᠤᠨᠢᠰᠬᠠᠬᠤ ᠲᠠᠪᠴᠠᠩ ᠢ ᠪᠠᠶᠢᠭᠤᠯᠵᠤ ᠥᠭᠴᠡᠢ᠂ ᠪᠢ ᠥᠩᠭᠡᠷᠡᠭᠰᠡᠨ ᠲᠠᠢ ᠪᠠᠨ ᠠᠳᠠᠯᠢ ᠪᠠᠷ ᠵᠠᠮ ᠨᠡᠭᠡᠭᠡᠨ ᠤᠷᠤᠭᠰᠢᠯᠠᠬᠤ ᠬᠠᠯᠠᠭᠤᠨ ᠰᠡᠳᠬᠢᠯᠭᠡ ᠪᠠ ᠢᠳᠡᠪᠬᠢᠵᠢᠯ ᠢᠶᠠᠨ ᠪᠠᠲᠤᠯᠠᠵᠤ᠂ ᠨᠡᠩ ᠥᠨᠳᠥᠷ᠂ ᠨᠡᠩ ᠬᠤᠯᠠ ᠬᠠᠷᠠᠯᠲᠠ ᠲᠡᠰᠢ ᠴᠢᠷᠮᠠᠶᠢᠨ ᠤᠷᠤᠭᠰᠢᠯᠠᠵᠤ᠂ ᠡᠷᠲᠡ ᠨᠢᠭᠡᠨ ᠡᠳᠦᠷ ᠬᠦᠴᠢᠲᠡᠢ ︿ᠬᠥᠬᠡᠮᠳᠦᠭ ᠨᠣᠭᠤᠭᠠᠨ ᠦᠢᠯᠠ ᠦᠢᠯᠠ﹀ ᠠᠴᠠ ᠪᠠᠨ ᠠᠮᠲᠠᠲᠤ ᠰᠠᠶᠢᠬᠠᠨ ︿ᠦᠷ᠎ᠡ ᠵᠢᠮᠢᠰ﹀ᠪᠣᠯᠭᠠᠨ ᠪᠣᠶᠢᠵᠢᠭᠤᠯᠬᠤ ᠪᠠᠷ ᠴᠢᠷᠮᠠᠶᠢᠨ᠎ᠠ︾᠃ ᠭᠡᠵᠦ 2019 ᠣᠨ ᠤ ᠰᠣᠩᠭᠤᠨ ᠰᠢᠯᠵᠢᠭᠦᠯᠬᠦ ᠰᠤᠷᠤᠭᠴᠢ ᠯᠢᠦ ᠶᠤᠸᠠᠢ ᠬᠡᠯᠡᠪᠡ᠃ᠡᠨᠡ ᠵᠢᠯ ᠳ᠋ᠦᠩ ᠾᠧ ᠲᠣᠭᠤᠷᠢᠭ ᠤᠨ ᠬᠢᠨ︽ᠨᠠᠮ ᠤᠨ ᠪᠠᠶᠢᠭᠤᠯᠤᠯᠲᠠ ᠶᠢᠨ ᠬᠦᠴᠦᠨ ᠢ ᠲᠥᠪᠯᠡᠷᠡᠭᠦᠯᠬᠦ·ᠴᠢᠩ ᠮᠠᠩ  ᠤᠨ ᠠᠵᠢᠯᠯᠠᠭ᠎ᠠ︾ ᠶᠢ ᠥᠷᠨᠢᠭᠦᠯᠦᠭᠰᠡᠨ ᠠᠴᠠ ᠨᠠᠰᠢ᠂ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠰᠢᠨ᠎ᠡ ᠪᠠᠷ ᠰᠢᠯᠭᠠᠨ ᠡᠯᠰᠡᠬᠦ 157 ᠵᠠᠯᠠᠭᠤ ᠺᠠᠳ᠋ᠷ ᠢ ᠵᠣᠬᠢᠶᠠᠨ ᠪᠠᠶᠢᠭᠤᠯᠵᠤ ᠲᠣᠰᠬᠤᠨ︵ᠨᠡᠶᠢᠭᠡᠮ ᠲᠣᠭᠤᠷᠢᠭ︶ ᠲᠠᠢ ᠬᠤᠣᠰᠯᠠᠨ ᠠᠵᠢᠯᠯᠠᠭᠤᠯᠵᠤ᠂ ᠠᠵᠢᠯ ᠤᠨ ᠪᠠᠶᠢᠷᠢ ᠳᠤ ᠰᠠᠭᠤᠵᠤ ᠳᠠᠪᠲᠠᠨ ᠪᠣᠯᠪᠠᠰᠤᠷᠠᠭᠤᠯᠬᠤ ᠶᠢᠨ ᠬᠠᠮᠲᠤ ᠵᠠᠯᠠᠭᠤ ᠺᠠᠳ᠋ᠷ ᠨᠢᠭᠡᠪᠦᠷᠢ ᠳᠤ︽ᠴᠢᠩ ᠮᠠᠩ  ᠤᠨ ᠠᠵᠢᠯᠯᠠᠭ᠎ᠠ ᠶᠢᠨ ᠠᠵᠢᠯ ᠤᠨ ᠪᠠᠶᠢᠷᠢ ᠶᠢ ᠳᠠᠭᠠᠬᠤ ᠡᠳᠦᠷ ᠤᠨ ᠲᠡᠮᠳᠡᠭᠯᠡᠯ︾ᠲᠣᠭᠲᠠᠭᠠᠨ ᠥᠭᠴᠦ᠂ ᠵᠠᠯᠠᠭᠤ ᠺᠠᠳ᠋ᠷᠴᠤᠳ ᠢ ᠬᠠᠪᠰᠤᠷᠤᠨ ᠪᠠᠶᠢᠴᠠᠭᠠᠨ ᠰᠤᠳᠤᠯᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠠᠵᠢᠯ ᠬᠢᠵᠦ ᠦᠢᠯᠡᠰ ᠪᠣᠰᠬᠠᠬᠤ ᠬᠠᠯᠠᠭᠤᠨ ᠰᠡᠳᠬᠢᠯᠭᠡ ᠶᠢ ᠨᠢ ᠬᠥᠭᠵᠢᠭᠡᠵᠡᠢ᠃
     ᠳ᠋ᠦᠩ ᠾᠧ ᠲᠣᠭᠤᠷᠢᠭ ᠤᠨ ᠬᠢᠨ ᠺᠠᠳ᠋ᠷ ᠢ ᠬᠥᠮᠥᠵᠢᠭᠦᠯᠬᠦ᠂ ᠴᠢᠳᠠᠪᠤᠷᠢᠲᠠᠨ ᠢ ᠬᠥᠮᠥᠵᠢᠭᠦᠯᠬᠦ ᠶᠢ ᠨᠡᠩ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠺᠠᠳ᠋ᠷ ᠢ ᠬᠥᠮᠥᠵᠢᠭᠦᠯᠵᠦ᠂ ᠴᠢᠳᠠᠪᠤᠷᠢᠲᠠᠨ ᠢ ᠰᠠᠶᠢᠲᠤᠷ ᠬᠡᠷᠡᠭᠯᠡᠵᠦ᠂ ᠨᠡᠩ ᠤᠯᠠᠨ︽ᠳᠠᠭᠠᠭᠤᠯᠤᠭᠴᠢ︾᠂︽ᠠᠵᠢᠨᠠᠢ ᠬᠦᠯᠦᠭ︾ ᠢ ᠳ᠋ᠦᠩ ᠾᠧ ᠭᠤᠣᠯ ᠤᠨ ᠡᠬᠡ ᠭᠠᠵᠠᠷ ᠲᠤ ᠥᠷᠢᠰᠦᠯᠳᠦᠭᠦᠯᠦᠨ ᠳᠡᠭᠦᠯᠢᠭᠦᠯᠪᠡ᠃ᠨᠠᠮ ᠤᠨ ᠭᠡᠰᠢᠭᠦᠨ ᠺᠠᠳ᠋ᠷᠴᠤᠳ ᠤᠨ︽ᠬᠢᠴᠢᠶᠡᠯ ᠨᠥᠬᠦᠵᠦ ᠴᠠᠬᠢᠯᠭᠠᠨ ᠴᠡᠨᠡᠭᠯᠡᠬᠦ︾ᠬᠡᠪ ᠴᠢᠨᠠᠷ ᠢ ᠳᠡᠭᠡᠭᠰᠢᠯᠡᠭᠦᠯᠬᠦ ᠲᠤᠰᠬᠠᠢ ᠪᠣᠯᠪᠠᠰᠤᠷᠠᠯ ᠢ ᠶᠡᠬᠡᠪᠡᠷ ᠬᠡᠷᠡᠭᠵᠢᠭᠦᠯᠵᠦ᠂ ᠤᠷᠢᠳ ᠬᠤᠵᠢᠳ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠡᠯ᠎ᠡ ᠲᠦᠷᠦᠯ ᠤᠨ ᠪᠣᠯᠪᠠᠰᠤᠷᠠᠯ ᠢ 16 ᠬᠤᠭᠤᠴᠠᠭ᠎ᠠ ᠡᠷᠬᠢᠯᠡᠵᠦ᠂ 1200 ᠭᠠᠷᠤᠢ ᠬᠥᠮᠥᠨ ᠤᠳᠠᠭ᠎ᠠ ᠪᠣᠯᠪᠠᠰᠤᠷᠠᠭᠤᠯᠵᠤ᠂ 49 ᠰᠠᠯᠠᠭᠠᠨ ᠲᠡᠰ ᠤᠨ ᠺᠠᠳ᠋ᠷ ᠢ ᠰᠣᠩᠭᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠭᠠᠨ ᠵᠢᠯᠣᠭᠤᠳᠤᠭᠴᠢ ᠶᠢᠨ ᠲᠤᠰᠢᠶᠠᠯ ᠢ ᠡᠭᠦᠷᠭᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃︽ᠺᠠᠳ᠋ᠷᠴᠤᠳ ᠢ︿ᠡᠷᠳᠡᠮ ᠴᠢᠳᠠᠯ ᠢᠶᠠᠨ ᠬᠡᠷᠡᠭᠯᠡᠬᠦ ᠭᠠᠵᠠᠷ﹀ ᠲᠠᠢ ᠪᠣᠯᠭᠠᠬᠤ ᠳᠤ᠂ ᠬᠥᠭᠵᠢᠯᠲᠡ ᠪᠣᠯᠣᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠡᠯ᠎ᠡ ᠲᠦᠷᠦᠯ ᠤᠨ ᠺᠠᠳ᠋ᠷ ᠢ ᠳᠠᠪᠲᠠᠨ ᠪᠣᠯᠪᠠᠰᠤᠷᠠᠭᠤᠯᠬᠤ ᠡᠷᠴᠢᠮ ᠢ ᠴᠢᠩᠭᠠᠷᠠᠭᠤᠯᠵᠤ᠂ ᠴᠢᠳᠠᠪᠤᠷᠢᠲᠠᠨ ᠤ ᠠᠵᠢᠯ ᠶᠠᠪᠤᠳᠠᠯ ᠬᠢᠬᠦ ᠳᠤ ᠲᠠᠪᠴᠠᠩ ᠲᠠᠢ᠂ ᠬᠥᠭᠵᠢᠯᠲᠡ ᠳᠤ ᠣᠷᠣᠨ ᠵᠠᠢ ᠲᠠᠢ ᠪᠣᠯᠭᠠᠬᠤ ᠬᠡᠷᠡᠭᠲᠡᠢ︾᠃ ᠭᠡᠵᠦ ᠳ᠋ᠦᠩ ᠾᠧ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃
     ᠡᠭᠦᠨ ᠤ ᠰᠠᠭᠤᠷᠢᠨ ᠳᠡᠭᠡᠷ᠎ᠡ᠂︽ᠳ᠋ᠦᠩ ᠾᠧ ᠲᠣᠭᠤᠷᠢᠭ ᠤᠨ ᠲᠣᠰᠬᠤᠨ︵ᠨᠡᠶᠢᠭᠡᠮ ᠲᠣᠭᠤᠷᠢᠭ︶︶ ᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠵᠤ ᠣᠯᠭᠤᠮᠵᠢ ᠪᠣᠯᠭᠠᠨ ᠳᠡᠪᠰᠢᠭᠦᠯᠬᠦ ᠲᠤᠬᠠᠢ ᠬᠡᠷᠡᠭᠵᠢᠭᠦᠯᠬᠦ ᠠᠷᠭ᠎ᠠ︾᠂︽ᠳ᠋ᠦᠩ ᠾᠧ ᠲᠣᠭᠤᠷᠢᠭ ᠤᠨ ᠭᠡᠷ᠎ᠡ ᠶᠢᠨ ᠳᠦᠷᠢᠮ ᠢᠶᠠᠷ ᠤᠷᠢᠨ ᠬᠡᠷᠡᠭᠯᠡᠬᠦ ᠬᠥᠮᠥᠰ ᠢ ᠬᠠᠮᠢᠶᠠᠷᠬᠤ ᠪᠠ ᠬᠢᠨᠠᠨ ᠰᠢᠯᠭᠠᠬᠤ ᠠᠷᠭ᠎ᠠ︵ᠲᠤᠷᠰᠢᠨ ᠬᠡᠷᠡᠭᠵᠢᠭᠦᠯᠬᠦ︶︾ᠵᠡᠷᠭᠡ ᠶᠢ ᠲᠣᠭᠲᠠᠭᠠᠵᠤ᠂ ᠵᠡᠷᠭᠡ ᠳᠡᠪᠰᠢᠬᠦ ᠶᠢ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠺᠠᠳ᠋ᠷ ᠤᠨ ᠣᠯᠭᠤᠮᠵᠢ ᠬᠠᠷᠠᠭᠠᠯᠵᠠᠯ ᠤᠨ ᠡᠷᠬᠡ ᠲᠡᠭᠰᠢ ᠪᠠᠶᠢᠬᠤ ᠶᠢ ᠪᠠᠲᠤᠯᠠᠬᠤ ᠬᠡᠷᠡᠭᠲᠡᠢ᠃ᠡᠭᠦᠨ ᠤ ᠬᠠᠮᠲᠤ᠂ ᠡᠯ᠎ᠡ ᠲᠥᠷᠥᠯ ᠤᠨ ᠴᠢᠳᠠᠪᠤᠷᠢᠲᠠᠨ ᠤ ᠴᠤᠭᠯᠠᠷᠠᠯ ᠢ ᠶᠡᠬᠡᠪᠡᠷ ᠲᠠᠲᠠᠵᠤ᠂ ᠳ᠋ᠦᠩ ᠾᠧ ᠲᠣᠭᠤᠷᠢᠭ ᠤᠨ ᠦᠢᠯᠡᠴᠢᠯᠡᠭᠡᠨ ᠤ ᠭᠤᠣᠯᠳᠠᠯᠭ᠎ᠠ  ᠲᠠᠢ ᠠᠵᠤ ᠠᠬᠤᠶᠢᠯᠠᠯ᠂ ᠲᠥᠷᠥᠯ ᠵᠦᠢᠯ ᠤᠨ ᠴᠢᠳᠠᠪᠤᠷᠢᠲᠠᠨ ᠤ ᠠᠵᠢᠯ ᠤᠨ ᠲᠤᠰᠬᠠᠢ ᠠᠩᠭᠢ  ᠶᠢ ᠪᠠᠶᠢᠭᠤᠯᠵᠤ᠂ ︽ᠳ᠋ᠦᠩ ᠾᠧ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠰᠤᠳᠤᠯᠤᠨ ᠲᠣᠭᠲᠠᠭᠠᠵᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ ᠲᠠᠢ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠯᠴᠠᠬᠤ ᠬᠡᠯᠡᠯᠴᠡᠭᠡᠷ ᠲᠣᠭᠲᠠᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ︽ᠨᠢᠭᠡ ᠳᠤ ᠨᠢᠭᠡ︾ ᠲᠤᠰᠬᠠᠢ ᠲᠠᠯᠠᠪᠤᠷ ᠲᠤ ᠠᠵᠢᠯᠲᠠᠨ ᠡᠯᠰᠡᠬᠦ ᠠᠵᠢᠯᠯᠠᠭ᠎ᠠ ᠶᠢ 66 ᠲᠠᠯᠠᠪᠤᠷ ᠥᠷᠨᠢᠭᠦᠯᠵᠦ᠂ 400 ᠭᠠᠷᠤᠢ ᠠᠵᠢᠯᠲᠠᠨ ᠡᠯᠰᠡᠵᠦ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠰᠢᠨ᠎ᠡ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ      ︽ᠲᠠᠨ ᠤ ᠣᠶᠢᠯᠠᠭᠠᠭᠰᠠᠨ ᠢᠶᠠᠷ᠂ ᠬᠤᠯᠪᠣᠭᠳᠠᠯ ᠪᠦᠬᠦᠢ ᠡᠭᠦᠷᠭᠡ ᠲᠤᠰᠢᠶᠠᠯᠲᠤ ᠰᠠᠯᠠᠭ᠎ᠠ ᠮᠥᠴᠢᠷ ᠤᠨ ᠬᠢᠨ ᠬᠠᠰᠢ ᠶᠠᠰᠢ ᠪᠠᠷ ᠬᠤᠶᠢᠰᠢᠯᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠦᠭᠡᠢ᠂ ᠠᠵᠤ ᠠᠬᠤᠶᠢᠯᠠᠯ ᠤᠨ ᠬᠥᠭᠵᠢᠯᠲᠡ  ᠶᠢ ᠳᠡᠮᠵᠢᠬᠦ ᠶᠠᠪᠤᠳᠠᠯ  ᠢ ᠵᠥᠪᠬᠡᠨ ᠠᠮᠠᠨ ᠳᠡᠭᠡᠷ᠎ᠡ ᠪᠠᠨ ᠶᠠᠷᠢᠭᠠᠳ ᠦᠢᠯᠡ ᠠᠵᠢᠯᠯᠠᠭ᠎ᠠ ᠳᠡᠭᠡᠷ᠎ᠡ ᠪᠠᠨ ᠭᠦᠢᠴᠡᠳᠬᠡᠭᠰᠡᠨ ᠦᠭᠡᠢ ᠭᠡᠬᠦ ᠮᠡᠲᠦ  ᠶᠢᠨ ᠡᠶᠢᠮᠦᠷᠬᠦ ᠠᠰᠠᠭᠤᠳᠠᠯ ᠤᠳ ᠣᠷᠣᠰᠢᠵᠤ ᠪᠠᠶᠢᠨ᠎ᠠ ᠤᠸ ᠦᠭᠡᠢ ᠦᠸ︾ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠠᠵᠤ ᠠᠬᠤᠶᠢᠯᠠᠯ ᠠᠴᠠ ᠺᠠᠳ᠋ᠷ ᠤᠨ ᠰᠤᠷᠲᠠᠯ ᠤᠨ ᠪᠠᠶᠢᠳᠠᠯ ᠢ ᠣᠶᠢᠯᠠᠭᠠᠨ ᠣᠶᠢᠯᠠᠭᠠᠪᠠ᠃      【ᠡᠶᠢᠮᠦ ᠪᠠᠶᠢᠳᠠᠯ ᠪᠠᠶᠢᠬᠤ ᠦᠭᠡᠢ ᠪᠠᠷ ᠪᠠᠷᠠᠬᠤ ᠦᠭᠡᠢ᠂ ᠳ᠋ᠦᠩ ᠾᠧ ᠲᠣᠭᠤᠷᠢᠭ ᠤᠨ ᠺᠠᠳ᠋ᠷᠴᠤᠳ ᠪᠠᠰᠠ ᠦᠷᠭᠦᠯᠵᠢ ᠪᠢᠳᠡᠨ ᠢ ᠬᠠᠪᠰᠤᠷᠴᠤ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠲᠡᠭ᠂ ᠵᠢᠱᠢᠶᠡᠯᠡᠪᠡᠯ ᠬᠢᠵᠢᠭ ᠤᠨ ᠪᠠᠶᠢᠳᠠᠯ ᠤᠨ ᠦᠶ᠎ᠡ ᠳᠤ ᠪᠢᠳᠡᠨ ᠢ ᠬᠠᠪᠰᠤᠷᠴᠤ ᠪᠠᠶᠢᠴᠠᠭᠠᠯᠲᠠ ᠶᠢᠨ ᠮᠡᠳᠡᠭᠦᠯᠦᠯᠲᠡ ᠶᠢ ᠵᠣᠬᠢᠴᠠᠭᠤᠯᠤᠨ᠂ ᠴᠠᠭ ᠲᠤᠬᠠᠢ ᠳᠤᠨᠢ ᠵᠣᠴᠢᠨ ᠡᠷᠦᠬᠡ ᠳᠤ ᠪᠠᠷᠠᠭ᠎ᠠ ᠶᠢ ᠶᠠᠪᠤᠭᠤᠯᠵᠤ ᠥᠭᠲᠡᠭ᠃】 ᠰᠢᠮᠦᠶᠢᠩ ᠤᠨ ᠠᠷᠠᠰᠤᠨ ᠡᠳ᠋ᠯᠡᠯ ᠤᠨ ᠦᠢᠯᠡᠰ ᠤᠨ ᠬᠡᠷᠡᠭ ᠮᠡᠳᠡᠭᠴᠢᠳ ᠤᠨ ᠳᠠᠷᠤᠭ᠎ᠠ ᠲᠧᠩ ᠵᠢᠩ ᠮᠢᠨ ᠲᠣᠭᠤᠷᠢᠨ ᠶᠠᠪᠤᠵᠤ ᠪᠠᠶᠢᠭ᠎ᠠ ᠺᠠᠳ᠋ᠷᠴᠤᠳ ᠲᠤ ᠰᠡᠳᠬᠢᠯ ᠬᠥᠳᠡᠯᠦᠨ ᠶᠠᠷᠢᠵᠤ ᠪᠠᠶᠢᠯ᠎ᠠ᠃
     ᠨᠢᠭᠡ ᠵᠣᠪᠬᠢᠰ ᠲᠤ ᠪᠦᠬᠦ ᠲᠠᠯ᠎ᠠ ᠶᠢ ᠠᠵᠢᠭᠯᠠᠨ᠎ᠠ᠃ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠳᠡᠭᠡᠷ ᠵᠢᠵᠢᠭ ᠰᠠᠵᠢᠭ ᠵᠦᠢᠯᠡᠰ ᠤᠨ ᠠᠷᠤ ᠳᠤ ᠳ᠋ᠦᠩ ᠾᠧ ᠲᠣᠭᠤᠷᠢᠭ ᠤᠨ ᠬᠢᠨ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠡᠷᠡᠰ ᠵᠣᠷᠢᠭ ᠪᠣᠯᠣᠨ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠶᠢ ᠬᠠᠷᠠᠭᠤᠯᠪᠠ᠃ᠡᠨᠡ ᠵᠢᠯ᠂ ᠳ᠋ᠦᠩ ᠾᠧ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠠᠩᠭᠢᠯᠠᠭ᠎ᠠ ᠶᠢᠨ ᠬᠥᠮᠥᠨ᠂ ᠵᠠᠩᠭᠢᠯᠠᠭ᠎ᠠ ᠶᠢᠨ ᠭᠠᠵᠠᠷ᠂ ᠵᠠᠩᠭᠢᠯᠠᠭ᠎ᠠ ᠶᠢᠨ ᠶᠠᠪᠤᠳᠠᠯ ᠢ ᠴᠢᠩᠭ᠎ᠠ ᠠᠩᠬᠠᠷᠴᠤ᠂ ᠲᠤᠰᠬᠠᠢ ᠵᠦᠢᠯ ᠤᠨ ᠬᠢᠨᠠᠯᠲᠠ ᠲᠠᠯᠪᠢᠯᠲᠠ ᠶᠢ ᠳᠣᠪᠤᠶᠢᠯᠭᠠᠵᠤ᠂ ᠡᠳᠦᠷ ᠲᠤᠲᠤᠮ ᠤᠨ ᠬᠢᠨᠠᠯᠲᠠ ᠪᠠᠨ ᠪᠣᠳᠠᠲᠠᠶᠢᠵᠢᠭᠤᠯᠵᠤ᠂ ᠤᠯᠤᠰ ᠲᠥᠷᠥ ᠶᠢᠨ ᠬᠢᠨᠠᠯᠲᠠ ᠲᠠᠯᠪᠢᠯᠲᠠ ᠪᠠᠨ ᠴᠢᠩᠭᠠᠳᠬᠠᠵᠤ᠂ ︽ᠨᠢᠭᠡ ᠴᠣᠭᠴᠠᠵᠢᠭᠤᠯᠬᠤ︾ ᠪᠠ ︽ᠰᠢᠭᠢᠳᠬᠡᠯ ᠮᠠᠶ᠋ᠢᠭ︾ ︽ᠲᠤᠰᠬᠠᠢ ᠠᠩᠭᠢ ᠶᠢᠨ ᠮᠠᠶ᠋ᠢᠭ︾ ᠢ ᠬᠠᠷᠢᠯᠴᠠᠨ ᠤᠶᠠᠯᠳᠤᠭᠤᠯᠤᠭᠰᠠᠨ ᠬᠢᠨᠠᠯᠲᠠ ᠲᠠᠯᠪᠢᠬᠤ ᠠᠷᠭ᠎ᠠ  ᠶᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠭᠤᠣᠯᠳᠠᠯᠭ᠎ᠠ ᠲᠠᠢ ᠲᠤᠰᠬᠠᠢ ᠴᠡᠭᠴᠡᠯᠡᠨ ᠵᠠᠰᠠᠬᠤ᠂ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠵᠡᠷᠭᠡ ᠶᠢ ᠤᠯᠤᠰ ᠲᠥᠷᠥ ᠶᠢᠨ ᠬᠢᠨᠠᠯᠲᠠ ᠶᠢᠨ ᠨᠠᠷᠢᠨ ᠲᠠᠩᠰᠠ ᠪᠠ ︽ᠬᠤᠶᠠᠷ ᠬᠠᠷᠢᠭᠤᠴᠠᠯᠭ᠎ᠠ︾ ᠶᠢᠨ ᠡᠭᠦᠷᠭᠡ ᠶᠢᠨ ᠨᠠᠷᠢᠨ ᠲᠠᠩᠰᠠᠨ ᠳᠤ ᠣᠷᠣᠭᠤᠯᠵᠤ᠂ ᠠᠰᠠᠭᠤᠳᠠᠯ ᠤᠨ ᠡᠬᠡ ᠲᠠᠩᠰᠠ ᠶᠢ ᠪᠠᠶᠢᠭᠤᠯᠵᠤ᠂ ᠬᠢᠨᠠᠯᠲᠠ ᠲᠠᠯᠪᠢᠬᠤ ᠡᠭᠦᠷᠭᠡ ᠶᠢ ᠲᠣᠳᠣᠷᠬᠠᠶᠢᠯᠠᠵᠤ᠂ ︽ᠡᠬᠡ ᠲᠠᠩᠰᠠ + ᠨᠠᠷᠢᠨ ᠲᠠᠩᠰᠠ + ᠬᠢᠨᠠᠨ ᠵᠢᠯᠤᠭᠤᠳᠬᠤ + ᠵᠠᠯᠬᠠᠭᠠᠨ ᠰᠢᠳᠬᠡᠬᠦ︾ ᠠᠵᠢᠯ ᠤᠨ ᠲᠣᠭᠲᠠᠴᠠ ᠶᠢ ᠬᠡᠷᠡᠭᠯᠡᠨ᠂ ᠰᠣᠯᠢᠯᠴᠠᠨ ᠶᠠᠷᠢᠯᠴᠠᠬᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠬᠦ᠂ ᠬᠥᠨᠳᠡᠯᠡᠨ ᠭᠤᠯᠳᠤ ᠤᠶᠠᠯᠳᠤᠭᠰᠠᠨ ᠤᠯᠤᠰ ᠲᠥᠷᠥ ᠶᠢᠨ ᠬᠢᠨᠠᠯᠲᠠ ᠶᠢᠨ ︽ᠨᠢᠭᠡ ᠬᠥᠯᠭᠡ ᠰᠢᠲᠠᠷ᠎ᠠ︾ ᠶᠢᠨ ᠪᠠᠶᠢᠷᠢᠰᠢᠯ ᠢ ᠪᠣᠶ ᠪᠣᠯᠭᠠᠬᠤ ᠶᠢ ᠲᠦᠯᠬᠢᠨ ᠠᠬᠢᠭᠤᠯᠵᠤ᠂ ᠨᠡᠶᠢᠲᠡ 1464 ᠤᠳᠠᠭ᠎ᠠ ᠤᠯᠤᠰ ᠲᠥᠷᠥ ᠶᠢᠨ ᠬᠢᠨᠠᠯᠲᠠ ᠲᠠᠯᠪᠢᠵᠤ᠂ 578 ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠰᠢᠪᠠᠳᠠᠪᠠ᠃
     ︽ᠳᠠᠷᠠᠭᠠᠴᠢ ᠶᠢᠨ ᠠᠯᠬᠤᠮ ᠳᠤ᠂ ᠪᠢᠳᠡ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠪᠠᠲᠤᠯᠠᠬᠤ᠂ ᠬᠥᠭᠵᠢᠯᠲᠡ ᠶᠢᠨ ᠡᠭᠦᠷᠭᠡ ᠴᠢᠳᠠᠪᠬᠢ ᠶᠢ ᠲᠡᠭᠦᠯᠳᠡᠷᠵᠢᠭᠦᠯᠬᠦ ᠶᠢ ᠠᠬᠢᠭᠤᠯᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠡᠭᠦᠷᠭᠡ ᠬᠠᠷᠢᠭᠤᠴᠠᠯᠭ᠎ᠠ ᠶᠢ ᠦᠨᠡᠨᠬᠦ ᠣᠷᠣᠭᠤᠯᠵᠤ᠂ ᠣᠳᠣᠬᠠᠨ ᠤ ᠭᠤᠣᠯᠳᠠᠯᠭ᠎ᠠ ᠲᠠᠢ ᠠᠵᠢᠯ ᠢᠶᠠᠷ ᠭᠠᠷᠳᠠᠴᠠ ᠪᠣᠯᠭᠠᠵᠤ᠂ ᠤᠯᠤᠰ ᠲᠦᠷᠦ ᠶᠢᠨ ᠬᠢᠨᠠᠯᠲᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠠᠮᠢᠭ᠎ᠠ ᠬᠦᠷᠲᠡᠯ᠎ᠡ ᠪᠠᠶᠢᠷᠢᠯᠠᠭᠤᠯᠪᠠᠯ ᠪᠢᠳᠡᠨ ᠤ ᠬᠢᠨᠠᠯᠲᠠ ᠪᠠᠶᠢᠴᠠᠭᠠᠯᠲᠠ ᠶᠢ ᠲᠡᠨᠳᠡ ᠬᠦᠷᠲᠡᠯ᠎ᠡ ᠳᠠᠭᠠᠬᠤ ᠶᠢ ᠦᠨᠡᠨᠬᠦ ᠪᠡᠶᠡᠯᠡᠭᠦᠯᠦᠨ᠎ᠡ︾᠃ ᠭᠡᠵᠦ ᠳ᠋ᠦᠩ ᠾᠧ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃      ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ᠂ ᠳ᠋ᠦᠩ ᠾᠧ ᠲᠣᠭᠤᠷᠢᠭ ᠤᠨ ᠬᠢᠨ ᠡᠷᠴᠢᠮ ᠢᠶᠠᠨ ᠦᠯᠦ ᠰᠤᠯᠠᠷᠠᠭᠤᠯᠬᠤ᠂ ᠬᠦᠭ ᠠᠶᠢᠵᠠᠮ ᠢᠶᠠᠨ ᠦᠯᠦ ᠬᠤᠪᠢᠷᠠᠭᠤᠯᠬᠤ᠂ ᠬᠡᠮ ᠬᠡᠮᠵᠢᠶ᠎ᠡ ᠪᠠᠨ ᠦᠯᠦ ᠰᠤᠯᠠᠷᠠᠭᠤᠯᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠡᠭᠦᠷᠢᠳᠡ ᠵᠣᠭᠰᠣᠰᠢ ᠦᠭᠡᠢ ᠠᠵᠢᠯᠯᠠᠬᠤ ᠳᠦᠷᠢ ᠪᠠᠶᠢᠳᠠᠯ ᠢ ᠢᠮᠠᠭᠲᠠ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠰᠠᠭᠤᠷᠢ ᠶᠢ ᠳᠠᠰᠤᠷᠠᠯᠳᠠ ᠦᠭᠡᠢ ᠪᠠᠬᠢᠵᠢᠭᠦᠯᠵᠦ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1