︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ︾ᠳ᠋ᠦᠩ ᠾᠧ ᠲᠣᠭᠤᠷᠢᠭ᠄︽ᠭᠤᠷᠪᠠ ᠶᠢ ᠬᠥᠲᠥᠯᠥᠨ ᠳᠠᠭᠠᠭᠤᠯᠬᠤ︾ ᠶᠢ ᠪᠠᠷᠢᠮᠲᠠᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠠᠵᠢᠯ ᠤᠨ ᠵᠠᠮ ᠢ ᠳᠡᠪᠢᠰᠬᠦ ᠬᠡᠷᠡᠭᠲᠡᠢ
ᠨᠡᠶᠢᠲᠡᠯᠡᠭᠰᠡᠨ ᠴᠠᠭ᠄
2022/9/26
      2022 ᠣᠨ ᠠᠴᠠ ᠨᠠᠰᠢ᠂ ᠳ᠋ᠦᠩ ᠾᠧ ᠲᠣᠭᠤᠷᠢᠭ ᠤᠨ ᠬᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ︽ᠰᠠᠮᠪᠠᠷ᠎ᠠ ᠶᠢ ᠨᠡᠶᠢᠲᠡᠯᠡᠬᠦ ᠭᠤᠣᠯ ᠰᠡᠳᠦᠪ︾ ᠤᠨ ᠭᠤᠣᠯᠳᠠᠯᠭ᠎ᠠ ᠲᠠᠢ ᠡᠭᠦᠷᠭᠡ ᠶᠢ ᠰᠢᠢᠳᠪᠦᠷᠢᠯᠡᠬᠦ ᠪᠠᠷ ᠠᠵᠠ ᠲᠣᠬᠢᠶᠠᠯ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠲᠣᠪᠣᠶᠢᠮ᠎ᠠ ᠪᠠᠶᠢᠷᠢᠨ ᠳᠤ ᠲᠠᠯᠪᠢᠨ ᠠᠳᠬᠤᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂︽ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠲᠦᠷᠦᠭᠦᠯᠡᠵᠦ᠂ ︿ᠬᠤᠶᠠᠷ ᠵᠥᠪᠯᠡᠯ﹀﹀ ᠤᠨ ᠺᠠᠳ᠋ᠷ ᠤᠷᠢᠳᠠᠪᠠᠷ ᠬᠡᠷᠡᠭᠵᠢᠭᠦᠯᠵᠦ᠂ ᠨᠠᠮ ᠤᠨ ᠭᠡᠰᠢᠭᠦᠨ ᠤᠯᠠᠨ ᠲᠦᠮᠡᠨ ᠴᠤᠤᠷᠢᠶᠠᠲᠤᠨ ᠳᠠᠭᠠᠬᠤ︾ᠠᠵᠢᠯ ᠤᠨ ᠠᠷᠭ᠎ᠠ ᠪᠠᠷ ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠥᠮ ᠢ ᠳᠠᠰᠤᠷᠠᠯᠳᠠ ᠦᠭᠡᠢ ᠪᠦᠷᠢᠨᠰᠢᠭᠦᠯᠵᠦ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠡᠭᠦᠷ ᠤᠨ ᠱᠦᠵᠢ᠂ ᠰᠢᠯᠢᠳᠡᠭ ᠨᠠᠮ ᠤᠨ ᠭᠡᠰᠢᠭᠦᠨ ᠤ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠲᠦᠮᠡᠨ ᠢ ᠳᠠᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠭᠡᠨ ᠵᠠᠮ ᠳᠤ ᠣᠷᠣᠭᠤᠯᠬᠤ ᠬᠡᠷᠡᠭᠲᠡᠢ᠃ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠱᠢᠶ᠎ᠡᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︽ᠲᠦᠰᠢᠭ ᠲᠤᠯᠭᠠᠭᠤᠷᠢ︾ ᠶᠢ ᠪᠠᠲᠤ ᠴᠣᠭᠴᠠᠯᠠᠨ᠎ᠠ
ᠳ᠋ᠦᠩ ᠾᠧ ᠲᠣᠭᠤᠷᠢᠭ ᠤᠨ ᠨᠠᠨ ᠰᠢᠩ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠲᠣᠭᠤᠷᠢᠭ ᠤᠨ ᠮᠣᠷᠢᠨ ᠮᠡᠷᠭᠡᠵᠢᠯ ᠤᠨ ᠰᠠᠭᠤᠷᠢᠨ ᠭᠠᠵᠠᠷ      ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠬᠥᠳᠡᠭᠡ ᠲᠣᠰᠬᠤᠨ ᠳᠤ ᠡᠯ᠎ᠡ ᠵᠦᠢᠯ ᠤᠨ ᠠᠵᠢᠯ ᠥᠷᠨᠢᠭᠦᠯᠬᠦ ᠶᠢᠨ ᠰᠠᠭᠤᠷᠢ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ︽ᠲᠦᠰᠢᠭ ᠲᠤᠯᠭᠠᠭᠤᠷᠢ︾ᠪᠣᠯᠣᠨ᠎ᠠ᠃ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠡᠭᠦᠷ ᠤᠨ ᠪᠦᠬᠦ ᠲᠠᠯ᠎ᠠ ᠪᠠᠷ ᠰᠢᠯᠭᠠᠷᠠᠵᠤ ᠲᠠᠬᠢᠨ ᠳᠡᠭᠲᠡᠷ ᠲᠤ ᠭᠠᠷᠬᠤ ᠶᠢ ᠠᠬᠢᠭᠤᠯᠬᠤ ᠶᠢᠨ ᠲᠥᠯᠥᠭᠡ᠂ ᠡᠯ᠎ᠡ ᠱᠠᠲᠤᠨ ᠤ ᠨᠠᠮ ᠤᠨ ᠡᠭᠦᠷ︽ᠬᠠᠮᠤᠭ ᠤᠨ ᠬᠦᠴᠦᠷᠬᠡᠭ ᠨᠠᠮ ᠤᠨ ᠡᠭᠦᠷ︾ ᠢᠶᠠᠷ ᠬᠠᠷᠠᠯᠲᠠ ᠪᠣᠯᠭᠠᠵᠤ᠂ ᠨᠠᠮ ᠤᠨ ᠡᠭᠦᠷ ᠤᠨ︽ᠡᠷᠡᠭᠦᠯ ᠮᠡᠨᠳᠦ ᠶᠢᠨ ᠪᠠᠶᠢᠴᠠᠭᠠᠯᠲᠠ︾ ᠶᠢᠨ ᠲᠦᠷᠦᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷ ᠤᠨ ᠠᠵᠢᠯ ᠤᠨ ᠳᠦᠷᠢᠮ︵ᠲᠤᠷᠰᠢᠨ ᠬᠡᠷᠡᠭᠵᠢᠭᠦᠯᠬᠦ︶︾ ᠪᠣᠯᠣᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠬᠠᠷᠢᠴᠠᠭᠤᠯᠵᠤ᠂ ᠬᠠᠮᠤᠭ ᠤᠨ ᠬᠦᠴᠦᠷᠬᠡᠭ ᠲᠣᠰᠬᠤᠨ ᠤ ᠨᠠᠮ ᠤᠨ ᠡᠭᠦᠷ ᠠᠴᠠ12 ᠬᠥᠮᠥᠨ ᠢ ᠰᠢᠯᠭᠠᠷᠠᠭᠤᠯᠪᠠ᠃ᠡᠭᠦᠨ ᠤ ᠬᠠᠮᠲᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠪᠠᠭ ᠤᠨ ᠴᠢᠳᠠᠪᠤᠷᠢ ᠪᠠᠷ ᠴᠢᠩᠭ᠎ᠠ᠂ ᠤᠯᠠᠨ ᠲᠦᠮᠡᠨ ᠤ ᠰᠠᠭᠤᠷᠢ ᠪᠠᠷ ᠰᠠᠶᠢᠨ᠂ ᠪᠠᠶᠢᠭᠠᠯᠢ ᠶᠢᠨ ᠨᠥᠬᠦᠴᠡᠯ ᠢᠶᠠᠷ ᠰᠢᠯᠢᠳᠡᠭ ᠲᠣᠰᠬᠤᠨ ᠢ ᠰᠣᠩᠭᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠦᠯᠢᠭᠡᠷ ᠳᠠᠭᠤᠷᠢᠶᠠᠯ ᠲᠣᠰᠬᠤᠨ ᠢ ᠬᠦᠴᠦᠯᠡᠨ ᠪᠠᠶᠢᠭᠤᠯᠬᠤ ᠬᠡᠷᠡᠭᠲᠡᠢ᠃1576.9 ᠲᠦᠮᠡᠨ ᠲᠥᠭᠦᠷᠢᠭ ᠤᠨ ᠪᠡᠯᠡ ᠣᠷᠣᠭᠤᠯᠵᠤ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤ ᠶᠢᠨ ᠠᠳᠦᠯᠠᠢ ᠲᠣᠰᠬᠤᠨ ᠤ ᠵᠤᠭᠠᠴᠠᠯ ᠤᠨ ᠲᠦᠷᠦᠯ ᠵᠦᠢᠯ ᠪᠣᠯᠣᠨ ᠳ᠋ᠦᠩ ᠾᠧ ᠲᠣᠭᠤᠷᠢᠭ ᠤᠨ ᠾᠧ ᠳ᠋ᠦᠩ ᠪᠠᠯᠭᠠᠰᠤ ᠶᠢᠨ ᠸᠠᠩ ᠳ᠋ᠠ ᠬᠠᠨ ᠲᠣᠰᠬᠤᠨ ᠤ ᠮᠣᠷᠢᠨ ᠮᠡᠷᠭᠡᠵᠢᠯ ᠤᠨ ᠰᠠᠭᠤᠷᠢᠨ ᠤ ᠲᠦᠷᠦᠯ ᠵᠦᠢᠯ ᠢ ᠪᠦᠲᠦᠭᠡᠨ ᠪᠠᠶᠢᠭᠤᠯᠵᠤ᠂ ᠣᠨᠴᠠᠯᠢᠭᠲᠤ ᠬᠠᠮᠠᠭᠠᠯᠠᠯᠲᠠ ᠶᠢᠨ ᠬᠡᠯᠪᠡᠷᠢ ᠶᠢᠨ᠂ ᠬᠤᠳᠠ ᠶᠢᠨ ᠲᠡᠭᠦᠷᠭᠡ ᠶᠢᠨ ᠠᠭᠤᠰᠤᠯᠴᠠᠭᠰᠠᠨ ᠬᠡᠯᠪᠡᠷᠢ ᠶᠢᠨ ᠲᠣᠰᠬᠤᠨ ᠤ ︽ᠦᠯᠢᠬᠡᠷ ᠵᠠᠭᠪᠤᠷ ᠤᠨ ᠦᠷᠦᠭᠡ︾ ᠶᠢ ᠪᠠᠶᠢᠭᠤᠯᠤᠨ᠎ᠠ᠃ᠨᠠᠮ ᠤᠨ ᠡᠭᠦᠷ ᠠᠴᠠ ᠬᠤᠷᠰᠢᠶ᠎ᠠ ᠶᠢ ᠳᠠᠭᠠᠭᠤᠯᠤᠨ ᠡᠷᠬᠢᠯᠡᠬᠦ ᠬᠥᠭᠵᠢᠯᠲᠡ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠲᠣᠰᠬᠤᠨ ᠤ ᠨᠠᠮ ᠤᠨ ᠡᠭᠦᠷ ᠠᠴᠠ ᠰᠠᠨᠠᠭᠠᠴᠢᠯᠠᠵᠤ᠂ 4 ᠨᠠᠮ ᠤᠨ ᠭᠡᠰᠢᠭᠦᠨ ᠺᠠᠳ᠋ᠷ ᠲᠦᠷᠦᠭᠦᠯᠡᠨ ᠲᠣᠰᠬᠤᠨ ᠤ ᠠᠷᠠᠳ ᠢ ᠳᠠᠶᠢᠴᠢᠯᠠᠨ ᠬᠤᠪᠢ ᠣᠷᠣᠭᠤᠯᠵᠤ᠂ ᠥᠪᠥᠷ ᠮᠣᠩᠭᠤᠯ ᠤᠨ ᠠᠳᠦᠯᠠᠢ ᠶᠢᠨ ᠠᠮᠢ ᠠᠬᠤᠢ ᠶᠢᠨ ᠵᠤᠭᠠᠴᠠᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠳᠠᠩᠰᠠᠯᠠᠭᠤᠯᠤᠨ ᠪᠠᠶᠢᠭᠤᠯᠵᠤ᠂ ᠬᠠᠮᠲᠤ ᠶᠢᠨ ᠠᠵᠤ ᠠᠬᠤᠢ ᠶᠢ ᠬᠥᠭᠵᠢᠭᠦᠯᠬᠦ᠂ ᠲᠣᠰᠬᠤᠨ ᠤ ᠠᠷᠠᠳ ᠢ ᠳᠠᠶᠢᠴᠢᠯᠠᠨ ᠪᠠᠶᠠᠵᠢᠭᠤᠯᠬᠤ ᠰᠢᠨ᠎ᠡ ᠵᠠᠮ ᠢ ᠡᠷᠢᠵᠦ ᠣᠯᠵᠠᠢ᠃ᠨᠠᠮ ᠤᠨ ᠡᠭᠦᠷ ᠤᠨ ᠱᠦᠵᠢ ᠶᠢᠨ ᠵᠢᠱᠢᠶ᠎ᠡ ᠦᠵᠡᠭᠦᠯᠵᠦᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ︽ᠳᠠᠭᠠᠭᠤᠯᠤᠭᠴᠢ︾ᠪᠣᠯᠬᠤ ᠪᠠᠷ ᠴᠢᠷᠮᠠᠶᠢᠨ᠎ᠠ      ᠲᠣᠰᠬᠤᠨ ᠤ ᠠᠷᠠᠳ ᠤᠨ ᠪᠠᠶᠠᠵᠢᠭᠰᠠᠨ ᠡᠰᠡᠬᠦ ᠶᠢᠨ ᠵᠠᠩᠭᠢᠯᠠᠭ᠎ᠠ ᠨᠢ ᠨᠠᠮ ᠤᠨ ᠡᠭᠦᠷ ᠢ ᠦᠵᠡᠨ᠎ᠡ︔ᠲᠣᠰᠬᠤᠨ ᠤ ᠬᠦᠴᠦᠷᠬᠡᠭ ᠡᠰᠡᠬᠦ ᠶᠢ ᠦᠵᠡᠬᠦ ᠳᠤ︽ᠳᠠᠭᠠᠭᠤᠯᠤᠭᠴᠢ ᠭᠠᠯᠠᠭᠤ︾ ᠶᠢ ᠦᠵᠡᠬᠦ ᠬᠡᠷᠡᠭᠲᠡᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠤᠭ᠎ᠠ ᠵᠢᠷᠤᠭ ᠲᠥᠯᠥᠪᠯᠡᠭᠡ ᠶᠢ ᠪᠡᠶᠡᠯᠡᠭᠦᠯᠬᠦ ᠳᠤ ᠳᠠᠭᠠᠭᠤᠯᠤᠭᠴᠢ ᠶᠢ ᠰᠠᠶᠢᠲᠤᠷ ᠰᠣᠩᠭᠤᠬᠤ ᠨᠢ ᠲᠤᠶᠢᠯ ᠤᠨ ᠴᠢᠬᠤᠯᠠ ᠶᠤᠮ᠃ᠳ᠋ᠦᠩ ᠾᠧ ᠲᠣᠭᠤᠷᠢᠭ ᠤᠨ ᠬᠢᠨ ᠲᠣᠰᠬᠤᠨ ᠤ ᠨᠠᠮ ᠤᠨ ᠡᠭᠦᠷ ᠤᠨ ᠱᠦᠵᠢ ᠶᠢᠨ ᠬᠠᠮᠲᠤ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠳᠠᠭᠠᠭᠤᠯᠤᠨ ᠡᠷᠬᠢᠯᠡᠬᠦ ᠪᠠ ᠡᠭᠦᠳᠦᠨ ᠪᠠᠶᠢᠭᠤᠯᠬᠤ ᠶᠢ ᠢᠳᠡᠪᠬᠢᠲᠡᠢ ᠬᠥᠲᠥᠯᠥᠨ ᠵᠣᠷᠢᠭᠵᠢᠭᠤᠯᠵᠤ᠂ ᠪᠦᠬᠦ ᠣᠷᠣᠨ ᠤ 49 ᠲᠣᠰᠬᠤᠨ ᠳᠤ ᠲᠣᠰᠬᠤᠨ ᠤ ᠨᠠᠮ ᠤᠨ ᠡᠭᠦᠷ ᠤᠨ ᠱᠦᠵᠢ ᠪᠠᠷ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠲᠤᠰᠢᠶᠠᠯ ᠢ ᠡᠭᠦᠷᠭᠡᠯᠡᠭᠦᠯᠬᠦ ᠶᠢ ᠪᠦᠬᠦᠨ ᠢᠶᠠᠷ ᠨᠢ ᠪᠡᠶᠡᠯᠡᠭᠦᠯᠵᠦ᠂ ᠪᠠᠶᠠᠵᠢᠭᠰᠠᠨᠱᠢ ᠳ᠋ᠡ ᠭᠦ᠋ ᠲᠣᠰᠬᠤᠨ ᠤ ᠨᠠᠮ ᠤᠨ ᠡᠭᠦᠷ ᠤᠨ ᠱᠦᠵᠢ ᠮᠢᠶᠣᠣ ᠰᠢᠨ ᠴᠢ ᠶᠢᠨ ᠲᠦᠷᠦᠭᠦᠯᠡᠨ ᠠᠬᠢᠭᠤᠯᠤᠭᠰᠠᠨ ᠰᠢᠷᠴᠢᠨ ᠪᠠᠯᠭᠠᠰᠤ ᠶᠢᠨ ᠱᠢ ᠳ᠋ᠡ ᠭᠦ᠋ ᠲᠣᠰᠬᠤᠨ ᠤ ᠬᠥᠳᠡᠭᠡ ᠲᠣᠰᠬᠤᠨ ᠤ ᠰᠡᠯᠡᠭᠦᠴᠡᠯ ᠵᠤᠭᠠᠴᠠᠯ ᠤᠨ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠨᠢ ᠨᠢᠭᠡᠨᠲᠡ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠦᠷᠦᠯ ᠵᠦᠢᠯ ᠪᠣᠯᠵᠤ᠂ ᠲᠣᠰᠬᠤᠨ ᠤ ᠬᠠᠮᠲᠤ ᠶᠢᠨ ᠣᠷᠣᠯᠭ᠎ᠠ ᠶᠢ 80 ᠲᠦᠮᠡᠨ ᠲᠥᠭᠦᠷᠢᠭ ᠨᠡᠮᠡᠭᠳᠡᠭᠦᠯᠵᠡᠢ᠃
ᠰᠢᠷᠴᠢᠨ ᠪᠠᠯᠭᠠᠰᠤᠨ ᠤ ᠱᠢ ᠳ᠋ᠡ ᠬᠥ᠋ ᠲᠣᠰᠬᠤᠨ ᠤ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ      2020 ᠣᠨ ᠠᠴᠠ ᠨᠠᠰᠢ᠂ ᠳ᠋ᠦᠩ ᠡᡁᠸ ᠲᠣᠭᠤᠷᠢᠭ ᠤᠨ ᠬᠢᠨ ︽ᠲᠦᠷᠦᠭᠦᠦ ᠭᠠᠯᠠᠭᠤ ᠪᠤᠯᠢᠶᠠᠯᠳᠤᠨ ᠮᠥᠷᠥᠶᠢᠴᠡᠬᠦ︾ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠲᠠᠪᠴᠠᠩ ᠢ ᠪᠠᠶᠢᠭᠤᠯᠵᠤ᠂ ᠦᠭᠡ ᠳᠠᠭᠤᠨ ᠦᠭᠡᠢ ᠲᠣᠰᠬᠤᠨ ᠤ ᠨᠠᠮ ᠤᠨ ᠡᠭᠦᠷ ᠤᠨ ᠱᠦᠵᠢ ᠶᠢ ᠡᠮᠦᠨ᠎ᠡ ᠲᠠᠪᠴᠠᠩ ᠳᠤ ᠭᠠᠷᠭᠠᠨ ᠲᠤᠷᠰᠢᠯᠭ᠎ᠠ ᠶᠠᠷᠢᠵᠤ᠂ ᠠᠷᠭ᠎ᠠ ᠬᠢᠳᠡᠯ ᠢ ᠶᠠᠷᠢᠯᠴᠠᠵᠤ᠂ ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠢᠴᠡᠬᠦ ᠳᠠᠪᠠᠵᠤ ᠭᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠲᠣᠰᠬᠤᠨ ᠤ ᠺᠠᠳ᠋ᠷ ᠤᠨ ᠡᠩᠨᠡᠭᠡ ᠶᠢᠨ ᠪᠦᠬᠦᠯᠢ ᠴᠣᠭᠴᠠ ᠶᠢᠨ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ᠡᠭᠦᠨ ᠤ ᠬᠠᠮᠲᠤ᠂ ᠦᠷ᠎ᠡ ᠳ᠋ᠦᠩ ᠤᠨ ᠤᠳᠤᠷᠢᠳᠤᠮᠵᠢ ᠶᠢ ᠭᠦᠢᠴᠡᠳ ᠢᠯᠡᠷᠡᠭᠦᠯᠵᠦ᠂ ᠴᠡᠷᠢᠭ ᠤᠨ ᠡᠷᠳᠡᠮ ᠤᠨ ᠮᠥᠷᠥᠶᠢᠴᠡᠭᠡᠨ ᠤ ᠦᠷ᠎ᠡ ᠳ᠋ᠦᠩ ᠢ ᠣᠯᠭᠤᠮᠵᠢ  ᠶᠢ ᠳᠡᠪᠰᠢᠭᠦᠯᠬᠦ᠂ ᠲᠡᠷᠢᠭᠦᠨ ᠤ ᠬᠢ  ᠶᠢ ᠰᠢᠯᠭᠠᠷᠠᠭᠤᠯᠵᠤ ᠰᠢᠯᠢᠳᠡᠭ ᠢ ᠰᠢᠯᠭᠠᠷᠠᠭᠤᠯᠬᠤ ᠯᠤᠭ᠎ᠠ ᠬᠤᠯᠪᠣᠭᠳᠠᠭᠤᠯᠵᠤ᠂ ︽ᠲᠦᠷᠦᠭᠦᠦ ᠭᠠᠯᠠᠭᠤ ᠡᠷᠡᠯᠬᠡᠭᠯᠡᠨ ᠮᠥᠷᠥᠶᠢᠴᠡᠬᠦ︾ ᠶᠢᠨ ᠮᠥᠩᠭᠦᠨ ᠮᠧᠳᠠᠯ ᠣᠯᠣᠭᠰᠠᠨ ᠲᠣᠰᠬᠤᠨ ᠤ ᠨᠠᠮ ᠤᠨ ᠡᠭᠦᠷ ᠤᠨ ᠱᠦᠵᠢ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠲᠡᠷᠢᠭᠦᠨ ᠤ ᠬᠤᠪᠢ ᠬᠥᠮᠥᠨ᠂ ︽ᠳ᠋ᠢᠩ ᠰᠢᠶᠠᠩ ᠬᠤᠸᠠ ᠺᠠᠢ︾ ᠶᠢᠨ ᠰᠢᠯᠢᠳᠡᠭ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ᠂ ᠰᠢᠯᠢᠳᠡᠭ ᠡᠪ ᠬᠠᠮᠲᠤ ᠨᠠᠮ ᠤᠨ ᠭᠡᠰᠢᠭᠦᠨ ᠵᠡᠷᠭᠡ ᠨᠡᠶᠢᠲᠡᠯᠢᠭ ᠵᠢᠱᠢᠶ᠎ᠡ ᠶᠢ ᠰᠣᠩᠭᠤᠨ ᠰᠢᠯᠭᠠᠷᠠᠭᠤᠯᠬᠤ ᠠᠵᠢᠯᠯᠠᠭ᠎ᠠ ᠳᠤ ᠣᠷᠣᠯᠴᠠᠭᠤᠯᠵᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠱᠦᠵᠢ︾ ᠶᠢ ᠪᠤᠢ ᠪᠣᠯᠭᠠᠵᠤ᠂ 291 ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠲᠤ ᠳᠠᠭᠤᠷᠢᠶᠠᠯ ᠦᠵᠡᠭᠦᠯᠪᠡ᠃
︽ᠲᠦᠷᠦᠭᠦᠴᠢ ᠭᠠᠯᠠᠭᠤ ᠪᠤᠯᠢᠶᠠᠯᠳᠤᠨ ᠵᠡᠪᠰᠡᠭ ᠤᠨ ᠮᠥᠷᠥᠶᠢᠴᠡᠭᠡᠨ︾ ᠥᠷᠨᠢᠭᠦᠯᠬᠦ ᠠᠵᠢᠯᠯᠠᠭ᠎ᠠ ᠶᠢ ᠥᠷᠨᠢᠭᠦᠯᠪᠡᠬᠥᠳᠡᠭᠡ ᠲᠣᠰᠬᠤᠨ ᠤ ᠨᠠᠮ ᠤᠨ ᠭᠡᠰᠢᠭᠦᠨ ᠤ ᠵᠢᠱᠢᠶ᠎ᠡᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠵᠢᠷᠦᠬᠡ ᠴᠢᠩᠭᠠᠷᠠᠭᠤᠯᠬᠤ ᠡᠮ︾ ᠢ ᠨᠡᠮᠡᠷᠢᠯᠡᠪᠡ
ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤᠨ ᠤ ᠱᠢ ᠳ᠋ᠡ ᠭᠦ᠋ ᠲᠣᠰᠬᠤᠨ ᠤ ᠬᠠᠷ᠎ᠠ ᠳᠤᠯᠠᠨ ᠲᠠᠷᠪᠤᠰ      ᠬᠤᠭᠤᠯᠠᠢ ᠪᠠᠨ ᠬᠠᠭᠠᠷᠠᠲᠠᠯ᠎ᠠ ᠬᠠᠰᠬᠢᠷᠬᠤ ᠪᠠᠷ ᠦᠯᠢᠭᠡᠷ ᠳᠠᠭᠤᠷᠢᠶᠠᠯ ᠦᠵᠡᠭᠦᠯᠬᠦ ᠶᠢ ᠬᠦᠷᠬᠦ ᠦᠭᠡᠢ᠂ ᠲᠣᠰᠬᠤᠨ ᠤ ᠠᠷᠠᠳ ᠢ ᠤᠬᠠᠭᠤᠯᠤᠨ ᠳᠠᠶᠢᠴᠢᠯᠠᠬᠤ ᠬᠠᠮᠤᠭ ᠤᠨ ᠰᠠᠶᠢᠨ ᠠᠷᠭ᠎ᠠ ᠪᠣᠯ ᠳᠠᠷᠤᠢ ᠪᠡᠶ᠎ᠡ ᠪᠠᠷ ᠢᠶᠠᠨ ᠬᠡᠷᠡᠭᠵᠢᠭᠦᠯᠵᠦ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠬᠦ ᠶᠠᠪᠤᠳᠠᠯ ᠪᠣᠯᠣᠨ᠎ᠠ᠃ᠳ᠋ᠦᠩ ᠾᠧ ᠲᠣᠭᠤᠷᠢᠭ ᠤᠨ ᠪᠠᠯᠭᠠᠰᠤ ᠲᠣᠰᠬᠤᠨ ᠬᠤᠶᠠᠷ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︽ᠨᠠᠮ ᠤᠨ ᠭᠡᠰᠢᠭᠦᠨ + ᠪᠣᠯᠪᠠᠰᠤᠨ ᠢ ᠡᠭᠦᠳᠦᠨ ᠪᠠᠶᠢᠭᠤᠯᠬᠤ︾᠂︽ᠨᠠᠮ ᠤᠨ ᠭᠡᠰᠢᠭᠦᠨ + ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ︾᠂︽ᠨᠠᠮ ᠤᠨ ᠭᠡᠰᠢᠭᠦᠨ + ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ︾︽ᠨᠠᠮ ᠤᠨ ᠭᠡᠰᠢᠭᠦᠨ +︾ ᠶᠢᠨ ᠵᠠᠭᠪᠤᠷ ᠢ ᠡᠬᠢᠯᠡᠭᠦᠯᠵᠦ᠂ ︽ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠡᠷᠦᠬᠡ︾᠂︽ᠪᠠᠶᠠᠵᠢᠯ ᠤᠨ ᠳᠠᠭᠠᠭᠤᠯᠤᠭᠴᠢ︾ ᠶᠢ ᠰᠢᠯᠭᠠᠷᠠᠭᠤᠯᠬᠤ ᠪᠠᠷ ᠴᠢᠷᠮᠠᠶᠢᠬᠤ ᠠᠵᠢᠯᠯᠠᠭ᠎ᠠ ᠶᠢ ᠥᠷᠭᠡᠨ ᠳᠡᠯᠭᠡᠷᠡᠩᠭᠦᠢ ᠥᠷᠨᠢᠭᠦᠯᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠬᠡᠪ ᠵᠠᠩᠰᠢᠯ ᠢ ᠥᠭᠡᠷᠡᠴᠢᠯᠡᠬᠦ᠂ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠤᠨ ᠪᠦᠬᠦ ᠶᠠᠪᠤᠴᠠ ᠳᠤ ᠪᠦᠲᠦᠮᠵᠢᠲᠡᠢ ᠠᠭᠤᠰᠤᠯᠴᠠᠭᠤᠯᠵᠠᠢ᠃ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ︽ᠣᠳᠣᠨ ᠲᠠᠰ ᠤᠨ ᠬᠠᠮᠢᠶᠠᠷᠤᠯᠲᠠ︾ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠥᠳᠡᠭᠡ ᠲᠣᠰᠬᠤᠨ ᠤ ᠬᠥᠭᠵᠢᠯᠲᠡ᠂ ᠪᠠᠶᠢᠭᠤᠯᠤᠯᠲᠠ᠂ ᠵᠠᠰᠠᠯᠲᠠ ᠶᠢᠨ ᠳᠤᠮᠳᠠᠬᠢ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ︽ᠣᠳᠣᠨ ᠰᠣᠨᠢᠨ ᠭᠠᠷᠭᠠᠵᠤ ᠣᠳᠣᠨ ᠮᠡᠴᠢᠳ ᠪᠤᠯᠢᠶᠠᠯᠳᠤᠬᠤ︾ ᠪᠥᠭᠡᠳ ᠦᠷ᠎ᠡ ᠳ᠋ᠦᠩ ᠢ ᠣᠨ ᠤ ᠨᠠᠮ ᠤᠨ ᠭᠡᠰᠢᠭᠦᠨ ᠤ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠵᠡᠷᠭᠡ ᠠᠵᠢᠯ ᠲᠠᠢ ᠤᠶᠠᠯᠳᠤᠭᠤᠯᠵᠤ᠂ ᠬᠥᠳᠡᠭᠡ ᠲᠣᠰᠬᠤᠨ ᠤ ᠨᠠᠮ ᠤᠨ ᠭᠡᠰᠢᠭᠦᠨ ᠤ ᠲᠣᠰ ᠪᠡᠶ᠎ᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ ᠣᠨᠴᠠ ᠴᠢᠳᠠᠪᠤᠷᠢ ᠪᠠᠨ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠬᠦᠴᠦᠨ ᠴᠢᠳᠠᠯ ᠢᠶᠠᠨ ᠡᠷᠭᠦᠬᠦ ᠶᠢ ᠦᠨᠡᠨ ᠬᠦ ᠬᠥᠲᠥᠯᠥᠨ ᠵᠢᠯᠣᠭᠤᠳᠤᠨ᠎ᠠ᠃ᠰᠢᠷᠴᠢᠨ ᠪᠠᠯᠭᠠᠰᠤᠨ ᠤ ᠠᠳᠦᠯᠠᠢ ᠲᠣᠰᠬᠤᠨ ᠳᠤ᠂ ᠬᠤᠶᠠᠷ ᠨᠠᠮ ᠤᠨ ᠭᠡᠰᠢᠭᠦᠨ ᠲᠠᠷᠢᠶᠠᠴᠢᠨ ᠠᠶᠢᠯ ᠤᠨ ᠵᠤᠭᠠᠴᠠᠯ ᠤᠨ ᠡᠵᠡᠩᠨᠡᠯᠲᠡ ᠶᠢᠨ ᠵᠢᠱᠢᠶ᠎ᠡ ᠦᠵᠡᠭᠦᠯᠵᠦ᠂ ᠲᠠᠷᠢᠶᠠᠴᠢᠨ ᠠᠶᠢᠯ ᠤᠨ ᠵᠤᠭᠠᠴᠠᠯ ᠢ ᠤᠶᠠᠯᠳᠤᠭᠤᠯᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠲᠤᠷᠰᠢᠬᠤ ᠠᠩᠬᠠᠨ ᠤ ᠠᠯᠬᠤᠮ ᠢ ᠠᠯᠬᠤᠵᠠᠢ᠃ᠥᠷᠭᠡᠨ ᠤᠯᠠᠨ ᠨᠠᠮ ᠤᠨ ᠭᠡᠰᠢᠭᠦᠨ ᠢᠳᠡᠪᠬᠢᠲᠡᠢ ᠪᠠᠷ ᠬᠤᠷᠰᠢᠶ᠎ᠠ ᠶᠢ ᠳᠠᠭᠠᠭᠤᠯᠤᠨ ᠡᠷᠬᠢᠯᠡᠵᠤ᠂ ᠣᠳᠣᠬᠠᠨ ᠳᠤ ᠳ᠋ᠦᠩ ᠡᡁᠸ ᠲᠣᠭᠤᠷᠢᠭ ᠲᠤ ᠬᠤᠳᠠ ᠶᠢᠨ ᠲᠡᠰ ᠠᠴᠠ ᠳᠡᠭᠡᠭᠰᠢᠬᠢ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ 24 ᠪᠤᠢ᠂ ᠡᠭᠦᠨ ᠳᠤ ᠤᠯᠤᠰ ᠤᠨ ᠲᠡᠰ ᠤᠨ ᠬᠢ 3 ᠪᠤᠢ᠂ ᠥᠪᠡᠷᠲᠡᠭᠡᠨ ᠵᠠᠰᠠᠬᠤ ᠣᠷᠣᠨ ᠤ ᠲᠡᠰ ᠤᠨ ᠬᠢ 9 ᠪᠤᠢ᠃ᠨᠠᠮ ᠤᠨ ᠭᠡᠰᠢᠭᠦᠨ ᠲᠦᠷᠦᠭᠦᠯᠡᠨ ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠲᠡᠳᠬᠦᠵᠦ᠂ ᠲᠦᠷᠦᠭᠦᠯᠡᠨ ᠤᠯᠠᠭᠠᠨ ᠴᠠᠭᠠᠨ ᠤ ᠳᠠᠶᠢᠯᠠᠯᠭ᠎ᠠ ᠶᠢ ᠳᠥᠭᠦᠮᠴᠢᠯᠡᠵᠦ᠂ ᠲᠦᠷᠦᠭᠦᠯᠡᠨ ᠭᠠᠵᠠᠷ ᠰᠢᠷᠣᠢ ᠶᠢ ᠰᠢᠯᠵᠢᠭᠦᠯᠵᠦ᠂ ᠲᠦᠷᠦᠭᠦᠯᠡᠨ ᠲᠤᠰᠬᠠᠢ ᠬᠤᠷᠰᠢᠶ᠎ᠠ ᠪᠠᠶᠢᠭᠤᠯᠬᠤ ᠨᠢ ᠨᠢᠭᠡᠨᠲᠡ ᠠᠭᠠᠵᠢᠮ ᠢᠶᠠᠷ ᠬᠥᠳᠡᠭᠡ ᠲᠣᠰᠬᠤᠨ ᠤ ᠨᠠᠮ ᠤᠨ ᠭᠡᠰᠢᠭᠦᠨ ᠤ ᠥᠷᠭᠡᠨ ᠳᠡᠯᠭᠡᠷ ᠬᠠᠮᠲᠤ ᠶᠢᠨ ᠲᠠᠨᠢᠯᠲᠠ ᠪᠣᠯᠵᠤ᠂ ᠨᠠᠮ ᠤᠨ ᠡᠭᠦᠷ᠂ ᠨᠠᠮ ᠤᠨ ᠭᠡᠰᠢᠭᠦᠨ᠂ ᠤᠯᠠᠨ ᠲᠦᠮᠡᠨ ᠤ ᠬᠠᠮᠲᠤ ᠶᠢᠨ ᠲᠠᠪᠰᠢᠯᠳᠠ ᠶᠢ ᠪᠡᠶᠡᠯᠡᠭᠦᠯᠵᠡᠢ᠃      ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠮᠥᠨ᠃ᠳ᠋ᠦᠩ ᠾᠧ ᠲᠣᠭᠤᠷᠢᠭ ᠤᠨ ᠬᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠶᠠᠯᠠᠬᠤ ᠬᠦᠴᠦᠨ᠂ ᠲᠠᠶᠢᠴᠢᠨ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰᠬᠤᠨ ᠤ ᠨᠠᠮ ᠤᠨ ᠡᠭᠦᠷ ᠤᠨ ᠱᠦᠵᠢ ᠶᠢᠨ︽ᠲᠦᠷᠦᠭᠦᠴᠢ ᠭᠠᠯᠠᠭᠤ︾ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠤᠯᠠᠨ ᠲᠦᠮᠡᠨ ᠤ ᠤᠶᠤᠨ ᠤᠬᠠᠭᠠᠨ ᠪᠠ ᠬᠦᠴᠦᠨ ᠴᠢᠳᠠᠯ ᠢ ᠥᠨᠳᠥᠷ ᠪᠦᠲᠦᠮᠵᠢᠲᠡᠢ ᠪᠠᠷ ᠨᠢᠭᠲᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠭᠤᠰᠤᠯᠴᠠᠭᠤᠯᠵᠤ᠂ ᠵᠡᠷᠭᠡᠪᠡᠷ ᠤᠷᠤᠭᠰᠢᠯᠠᠭᠤᠯᠬᠤ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠮᠥᠨ ᠪᠠ ᠠᠮᠤᠷ ᠵᠢᠮᠤᠷ ᠠᠵᠤ ᠲᠦᠷᠦᠭᠦ ᠶᠢ ᠰᠢᠯᠦᠭ ᠵᠢᠷᠤᠭ ᠤᠨ ᠬᠠᠭᠤᠳᠠᠰᠤ ᠪᠠᠷ ᠵᠢᠷᠤᠭᠯᠠᠵᠠᠢ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1