︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠠ︾ᠳ᠋ᠦᠩ ᠾᠧ ᠲᠣᠭᠤᠷᠢᠭ᠄ ᠠᠮᠤᠷ ᠲᠦᠪᠰᠢᠨ ᠨᠡᠷᠡᠨ ᠤ ᠭᠡᠷᠡᠯ ᠢ ᠦᠰᠦᠨ ᠪᠣᠶᠢᠵᠢᠬᠤ ᠵᠠᠮ ᠢᠶᠠᠷ ᠪᠢᠯᠬᠠᠭᠤᠯᠤᠨ᠎ᠠ
ᠨᠡᠶᠢᠲᠡᠯᠡᠭᠰᠡᠨ ᠴᠠᠭ᠄
2022/9/27
      ︽ᠬᠠᠮᠲᠤ ᠰᠤᠷᠤᠭᠴᠢᠳ ᠠ᠂ ᠪᠢᠳᠡ ᠭᠠᠳᠠᠭᠰᠢ ᠭᠠᠷᠬᠤ ᠳᠠᠭᠠᠨ ᠬᠢᠴᠢᠶᠡᠮᠵᠢ ᠦᠭᠡᠢ ᠪᠠᠷ ᠤᠰᠤᠨ ᠳᠤ ᠤᠨᠠᠭᠠᠳ᠂ ᠤᠰᠤᠨ ᠤ ᠴᠢᠨᠠᠷ  ᠢ ᠰᠠᠶᠢᠨ ᠮᠡᠳᠡᠬᠦ ᠦᠭᠡᠢ ᠪᠣᠯ ᠬᠡᠷᠬᠢᠨ ᠥᠪᠡᠷ  ᠢ ᠪᠠᠨ ᠠᠪᠤᠷᠠᠬᠤ ᠪᠤᠶ  ︾ ᠭᠡᠵᠦ ᠪᠠᠭᠰᠢ ᠳᠠᠭᠠᠨ ᠬᠡᠨ ᠬᠡᠯᠡᠵᠦ ᠥᠭᠬᠦ ᠪᠤᠶ  ︽ᠪᠠᠭᠰᠢ ᠠ᠂ ᠪᠢ ᠮᠡᠳᠡᠨ᠎ᠡ︕ ᠪᠢᠳᠡ ᠯᠠᠪᠳᠠᠭᠤᠨ ᠲᠣᠭᠲᠠᠭᠤᠨ ᠪᠠᠶᠢᠵᠤ᠂ ᠡᠷᠬᠢᠨ ᠲᠣᠭᠤᠷᠢᠨ ᠳᠤᠨᠢ ᠬᠥᠮᠥᠨ ᠪᠠᠶᠢᠬᠤ ᠶᠢ ᠣᠯᠵᠤ ᠮᠡᠳᠡᠪᠡᠯ ᠳᠠᠷᠤᠶᠢᠬᠠᠨ ᠠᠪᠤᠷᠠᠯ ᠭᠤᠶᠤᠵᠤ᠂ ᠲᠣᠯᠣᠭᠠᠢ ᠪᠠᠨ ᠠᠷᠤᠨᠰᠢ ᠭᠡᠳᠡᠶᠢᠯᠭᠡᠨ᠂ ᠠᠮᠠ ᠬᠠᠮᠠᠷ ᠢᠶᠠᠨ ᠠᠯᠢ ᠴᠢᠳᠠᠬᠤ ᠪᠠᠷ ᠤᠰᠤᠨ ᠳᠤ ᠭᠠᠷᠭᠠᠬᠤ ᠬᠡᠷᠡᠭᠲᠡᠢ ᠁︾ ᠭᠡᠵᠦ ᠪᠦᠦ ᠱᠠᠨ ᠤ ᠳᠥᠴᠢᠳᠦᠭᠡᠷ ᠳᠤᠮᠳᠠᠳᠤ ᠰᠤᠷᠭᠠᠭᠤᠯᠢ ᠶᠢᠨ ᠠᠩᠬ᠎ᠠ ᠳᠤᠮᠳᠠᠳᠤ ᠶᠢᠨ ᠠᠷᠪᠠᠨ ᠲᠠᠪᠤᠳᠤᠭᠠᠷ ᠠᠩᠭᠢ ᠶᠢᠨ ᠠᠩᠭᠢ ᠶᠢᠨ ᠬᠤᠷᠠᠯ ᠳᠡᠭᠡᠷ᠎ᠡ᠂ ᠠᠩᠭᠢ ᠶᠢᠨ ᠡᠷᠬᠢᠯᠡᠭᠴᠢ ᠸᠠᠩ ᠵᠢᠶᠠᠨ ᠹᠠᠩ ᠶᠠᠭ ᠺᠠᠷᠲ᠋ᠣᠨ ᠵᠢᠷᠤᠭ᠂ ᠬᠡᠷᠡᠭ ᠤᠨ ᠵᠢᠱᠢᠶ᠎ᠡ᠂ ᠠᠰᠠᠭᠤᠯᠲᠠ ᠬᠠᠷᠢᠭᠤᠯᠲᠠ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠰᠤᠷᠤᠭᠴᠢᠳ ᠲᠤ ᠤᠰᠤᠨ ᠳᠤ ᠵᠢᠪᠬᠦ ᠶᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠦ ᠪᠠᠶᠢᠨ᠎ᠠ᠃
         ᠪᠠᠭᠠᠴᠤᠳ ᠬᠡᠦᠬᠡᠳ ᠪᠣᠯ ᠡᠬᠡ ᠤᠯᠤᠰ ᠤᠨ ᠢᠷᠡᠭᠡᠳᠦᠢ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ᠃ᠣᠶᠢᠷ᠎ᠠ ᠶᠢᠨ ᠵᠢᠯ ᠠᠴᠠ᠂ ᠳ᠋ᠦᠩ ᠡᡁᠸ ᠲᠣᠭᠤᠷᠢᠭ ᠤᠨ ᠬᠢᠨ ᠢᠮᠠᠭᠲᠠ ᠪᠠᠭᠠᠴᠤᠳ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠤ ᠪᠣᠯᠣᠨ ᠠᠮᠤᠷ ᠲᠦᠪᠰᠢᠨ ᠢ ᠪᠠᠲᠤᠯᠠᠬᠤ ᠶᠢ ᠰᠤᠷᠭᠠᠨ ᠬᠥᠮᠦᠵᠢᠯ ᠤᠨ ᠦᠢᠯᠡᠰ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠣᠷᠣᠨ ᠤ ᠬᠠᠷᠢᠶ᠎ᠠ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠢᠳᠡᠪᠬᠢᠲᠡᠢ ᠵᠣᠬᠢᠶᠠᠨ ᠪᠠᠶᠢᠭᠤᠯᠤᠨ ᠡᠯ᠎ᠡ ᠲᠦᠷᠦᠯ ᠤᠨ ᠠᠮᠤᠷ ᠲᠦᠪᠰᠢᠨ ᠤ ᠪᠠ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠲᠤᠯᠠᠪᠤᠷᠢ ᠶᠢᠨ ᠲᠥᠬᠦᠭᠡᠷᠦᠮᠵᠢ ᠶᠢ ᠢᠳᠡᠪᠬᠢᠲᠡᠢ ᠲᠡᠭᠦᠯᠳᠡᠷᠵᠢᠭᠦᠯᠵᠦ᠂ ᠡᠷᠡᠭᠦᠯ ᠪᠥᠭᠡᠳ ᠡᠶ᠎ᠡ ᠵᠣᠬᠢᠴᠠᠩᠭᠤᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠶᠡᠬᠡᠪᠡᠷ ᠪᠤᠢ ᠪᠣᠯᠭᠠᠪᠠ᠃      ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠤᠷᠢᠳᠠᠪᠠᠷ ᠤᠬᠠᠭᠤᠯᠤᠨ᠎ᠠ᠃ᠳ᠋ᠦᠩ ᠾᠧ ᠲᠣᠭᠤᠷᠢᠭ ᠤᠨ ᠬᠢᠨ ᠥᠷᠭᠡᠨ ᠣᠯᠠᠨ ᠪᠠᠭᠰᠢ ᠰᠤᠷᠤᠭᠴᠢᠳ ᠲᠤ ᠡᠯ᠎ᠡ ᠲᠥᠷᠥᠯ ᠤᠨ ᠠᠮᠤᠷ ᠲᠦᠪᠰᠢᠨ ᠤ ᠬᠥᠮᠦᠵᠢᠯ ᠢ ᠤᠬᠠᠭᠤᠯᠤᠨ ᠲᠦᠭᠡᠮᠡᠯᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠬᠦᠴᠦᠷᠬᠡᠭᠯᠡᠯ ᠢᠶᠠᠷ ᠲᠦᠷᠢᠮᠡᠬᠡᠶᠢᠯᠡᠬᠦ ᠶᠢ ᠰᠡᠷᠭᠡᠶᠢᠯᠡᠬᠦ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ᠂ ᠭᠠᠵᠠᠷ ᠬᠥᠳᠡᠯᠦᠯᠲᠡ ᠶᠢ ᠰᠡᠷᠭᠡᠶᠢᠯᠡᠬᠦ᠂ ᠭᠠᠯ ᠢ ᠰᠡᠷᠭᠡᠶᠢᠯᠡᠬᠦ᠂ ᠢᠳᠡᠭᠡᠨ ᠤ ᠬᠤᠣᠷᠳᠠᠯ ᠢ ᠰᠡᠷᠭᠡᠶᠢᠯᠡᠬᠦ ᠵᠡᠷᠭᠡ ᠶᠢᠨ ᠲᠣᠭᠤᠷᠢᠨ ᠳᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠤᠭᠴᠢᠳ ᠤᠨ ᠣᠨᠴᠠᠭᠠᠶ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠭᠡᠷ ᠤᠨ ᠠᠬᠠᠮᠠᠳ ᠤᠨ ᠬᠤᠷᠠᠯ᠂ ᠭᠡᠷ ᠤᠨ ᠰᠣᠷᠪᠤᠯᠵᠢᠯᠠᠭ᠎ᠠ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠶᠢ ᠬᠠᠮᠠᠭᠠᠯᠠᠨ᠎ᠠ᠃
     ᠪᠤᠭᠤᠲᠤ ᠶᠢᠨ ᠲᠡᠮᠦᠷ ᠵᠠᠮ ᠤᠨ ᠨᠢᠭᠡᠳᠦᠭᠡᠷ ᠬᠡᠦᠬᠡᠳ ᠤᠨ ᠴᠡᠴᠡᠷᠯᠢᠭ ᠲᠤ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠷ ᠪᠦᠷᠢᠯᠳᠦᠭᠰᠡᠨ ᠪᠠᠶᠢᠴᠠᠭᠠᠬᠤ ᠳᠤᠭᠤᠶᠢᠯᠠᠩ ᠤᠨ ᠬᠢᠨ ᠴᠡᠴᠡᠷᠯᠢᠭ ᠤᠨ ᠳᠣᠲᠣᠷᠠᠬᠢ ᠬᠤᠭᠤᠯᠠᠨ ᠭᠡᠷ ᠤᠨ ᠠᠵᠢᠯᠯᠠᠬᠤ ᠲᠠᠰᠤᠯᠭ᠎ᠠ᠂ ᠠᠷᠢᠭᠤᠳᠬᠠᠬᠤ ᠲᠠᠰᠤᠯᠭ᠎ᠠ ᠵᠡᠷᠭᠡ ᠶᠢ ᠲᠥᠪᠯᠡᠷᠡᠭᠦᠯᠦᠨ ᠰᠤᠭᠤᠴᠢᠨ ᠪᠠᠶᠢᠴᠠᠭᠠᠵᠤ ᠪᠤᠢ᠃︽ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠠᠷᠢᠯᠭᠠᠬᠤ ᠶᠢᠨ ᠲᠥᠯᠥᠭᠡ᠂ ᠪᠢᠳᠡ ᠲᠣᠭᠲᠠᠮᠠᠯ ᠬᠤᠭᠤᠴᠠᠭ᠎ᠠ ᠲᠠᠢ ᠪᠠᠷ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠲᠣᠪᠴᠢᠶ᠎ᠠ ᠲᠠᠢ ᠬᠠᠮᠲᠤᠷᠠᠨ ᠬᠤᠭᠤᠯᠠᠨ ᠭᠡᠷ ᠪᠠᠶᠢᠭᠤᠯᠤᠭᠰᠠᠨ ᠲᠣᠭᠤᠷᠢᠭ ᠤᠨ ᠬᠠᠷᠢᠶ᠎ᠠ ᠶᠡᠭᠡ ᠳᠡᠭᠡᠳᠦ ᠰᠤᠷᠭᠠᠭᠤᠯᠢ ᠳᠤ ᠰᠤᠭᠤᠴᠢᠨ ᠪᠠᠶᠢᠴᠠᠭᠠᠯᠲᠠ ᠬᠢᠵᠦ᠂ ᠢᠳᠡᠭᠡᠨ ᠤ ᠮᠠᠲ᠋ᠧᠷᠢᠶᠠᠯ ᠣᠷᠣᠭᠤᠯᠤᠭᠰᠠᠨ ᠡᠬᠡ ᠲᠠᠩᠰᠠ᠂ ᠢᠳᠡᠭᠡᠨ ᠤ ᠥᠯᠢᠭᠡᠷ ᠡᠳ᠋᠂ ᠢᠳᠡᠭᠡᠨ ᠤ ᠬᠠᠳᠠᠭᠠᠯᠠᠯᠲᠠ᠂ ᠬᠠᠮᠢᠶᠠᠷᠤᠯᠲᠠ ᠶᠢᠨ ᠳᠦᠷᠢᠮ ᠬᠢᠭᠡᠳ ᠲᠡᠮᠳᠡᠭᠯᠡᠯ᠂ ᠡᠷᠡᠭᠦᠯ ᠬᠠᠮᠠᠭᠠᠯᠠᠯ ᠤᠨ ᠪᠠᠶᠢᠳᠠᠯ ᠵᠡᠷᠭᠡ ᠡᠯ᠎ᠡ ᠲᠠᠯ᠎ᠠ ᠠᠴᠠ ᠭᠠᠷᠳᠠᠵᠤ᠂ ᠪᠠᠭᠰᠢ ᠰᠣᠷᠣᠭᠴᠢ ᠶᠢᠨ ︿ᠢᠳᠡᠭᠡᠨ ᠤᠮᠳᠠᠭᠠᠨ ᠤ ᠠᠮᠤᠷ ᠲᠦᠪᠰᠢᠨ﹀ ᠢ ᠦᠨᠡᠨ ᠬᠦ ᠪᠠᠲᠤᠯᠠᠨ᠎ᠠ︾ ᠭᠡᠵᠡᠢ᠃ ᠭᠡᠵᠦ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃      ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠬᠤ᠂ ᠠᠮᠤ ᠪᠤᠳᠠᠭ᠎ᠠ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠪᠠᠲᠤᠯᠠᠬᠤ ᠨᠢ ᠨᠡᠩ ᠴᠢᠬᠤᠯᠠ ᠶᠤᠮ᠃ᠡᠨᠡ ᠵᠢᠯ ᠠᠴᠠ ᠨᠠᠰᠢ᠂ ᠳ᠋ᠦᠩ ᠾᠧ ᠲᠣᠭᠤᠷᠢᠭ ᠲᠤ 10 ᠪᠠᠶᠢᠩᠭᠤ ᠶᠢᠨ ᠴᠢᠨᠠᠷᠲᠠᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠵᠤ᠂ ᠣᠷᠣᠨ ᠤ ᠬᠠᠷᠢᠶᠠᠨ ᠳᠠᠬᠢ ᠪᠤᠶ ᠪᠦᠬᠦᠢ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠵᠢᠴᠢ ᠰᠤᠷᠭᠠᠨ ᠬᠥᠮᠦᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠳᠤ 4 ᠡᠭᠡᠯᠵᠢ ᠶᠢᠨ ᠲᠣᠣᠷ ᠲᠠᠲᠠᠬᠤ ᠮᠠᠶ᠋ᠢᠭ ᠤᠨ ᠠᠮᠤᠷ ᠲᠦᠪᠰᠢᠨ ᠤ ᠶᠡᠭᠡ ᠪᠠᠶᠢᠴᠠᠭᠠᠯᠲᠠ ᠬᠢᠵᠦ᠂ ᠡᠭᠦᠨ ᠤ ᠬᠠᠮᠲᠤ ᠭᠠᠯ ᠤᠨᠲᠠᠷᠠᠭᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠢ ᠵᠣᠬᠢᠴᠠᠭᠤᠯᠤᠨ ᠭᠠᠯ ᠤᠨᠲᠠᠷᠠᠭᠠᠬᠤ᠂ ᠢᠳᠡᠭᠡᠨ ᠤ ᠵᠦᠢᠯ᠂ ᠰᠢᠲᠠᠮᠠᠬᠠᠢ ᠬᠡᠢ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠵᠡᠷᠭᠡ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠵᠦ᠂ ᠵᠢᠭᠰᠠᠭᠠᠨ ᠪᠠᠶᠢᠴᠠᠭᠠᠵᠤ ᠭᠠᠷᠭᠠᠭᠰᠠᠨ ᠳᠠᠯᠳᠠ ᠬᠡᠮ ᠢ ᠲᠥᠷᠥᠯ ᠬᠤᠪᠢᠶᠠᠨ ᠴᠡᠭᠴᠡᠯᠡᠨ ᠵᠠᠰᠠᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠬᠥᠳᠡᠯᠦᠩᠭᠦᠢ ᠬᠢᠨᠠᠨ ᠡᠵᠡᠮᠳᠡᠬᠦ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠨ᠂ ᠨᠡᠶᠢᠲᠡ 52 ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃
     ᠡᠭᠦᠨ ᠠᠴᠠ ᠭᠠᠳᠠᠨ᠎ᠠ᠂ ᠳ᠋ᠦᠩ ᠾᠧ ᠲᠣᠭᠤᠷᠢᠭ ᠤᠨ ᠬᠢᠨ ᠪᠠᠰᠠ ᠵᠠᠮ ᠬᠠᠷᠢᠯᠴᠠᠭᠠᠨ ᠤ ᠠᠮᠤᠷ ᠲᠦᠪᠰᠢᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ︽ᠰᠤᠷᠤᠯᠭ᠎ᠠ ᠶᠢ ᠬᠠᠮᠠᠭᠠᠯᠠᠬᠤ︾ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠤᠷ ᠲᠣᠭᠲᠠᠭᠤᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ ᠪᠣᠯᠭᠠᠪᠠ᠃      ︽ᠥᠩᠭᠡᠷᠡᠭᠰᠡᠨ ᠳᠤ ᠪᠢ ᠰᠤᠷᠭᠠᠭᠤᠯᠢ  ᠶᠢᠨ ᠲᠡᠷᠭᠡ  ᠶᠢᠨ ᠠᠵᠢᠯᠯᠠᠭᠠᠨ ᠤ ᠬᠠᠮᠢᠶᠠᠷᠤᠯᠲᠠ  ᠶᠢᠨ ᠲᠠᠯ᠎ᠠ ᠪᠠᠷ ᠲᠡᠶᠢᠮᠦ ᠰᠠᠶᠢᠨ ᠣᠶᠢᠯᠠᠭᠠᠬᠤ ᠦᠭᠡᠢ ᠪᠠᠶᠢᠭᠰᠠᠨ ᠪᠣᠯᠬᠤᠷ ᠶᠡᠷᠦᠨᠢ ᠰᠠᠨᠠᠭ᠎ᠠ ᠠᠮᠤᠷ ᠦᠭᠡᠢ ᠪᠠᠶᠢᠭᠰᠠᠨ ᠶᠤᠮ︾᠃ ᠥᠷᠯᠥᠭᠡ ᠡᠷᠲᠡ᠂ ᠯᠢᠦ ᠯᠢ ᠯᠢ ᠬᠡᠦᠬᠡᠨ ᠢᠶᠠᠨ ᠰᠤᠷᠭᠠᠭᠤᠯᠢ ᠶᠢᠨ ᠲᠡᠷᠭᠡᠨ ᠳᠤ ᠭᠠᠷᠭᠠᠵᠤ᠂ ᠲᠡᠷᠡ ᠢᠨᠢᠶᠡᠨ ᠰᠤᠷᠪᠤᠯᠵᠢᠯᠠᠭᠴᠢ ᠳᠤ᠄ ︽ᠣᠶᠢᠯᠠᠭᠠᠭᠰᠠᠨ ᠤ ᠳᠠᠷᠠᠭ᠎ᠠ ᠰᠠᠶ᠋ᠢ ᠮᠡᠳᠡᠭᠰᠡᠨ ᠨᠢ᠂ ᠮᠠᠨ ᠤ ᠳ᠋ᠦᠩ ᠾᠧ ᠲᠣᠭᠤᠷᠢᠭ ᠤᠨ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠠᠵᠢᠯ ᠢ ᠮᠠᠰᠢ ᠪᠥᠬᠦ ᠲᠠᠯ᠎ᠠ ᠪᠠᠷ ᠬᠢᠵᠦ ᠪᠠᠶᠢᠨ᠎ᠠ᠂ ᠵᠢᠯᠣᠭᠤᠴᠢ ᠶᠢ ᠬᠥᠮᠥᠵᠢᠭᠦᠯᠦᠨ ᠪᠣᠯᠪᠠᠰᠤᠷᠠᠭᠤᠯᠵᠤ ᠠᠵᠢᠯ ᠤᠨ ᠪᠠᠶᠢᠷᠢ ᠳᠤ ᠭᠠᠷᠭᠠᠬᠤ ᠬᠡᠷᠡᠭᠲᠡᠢ᠂ ᠡᠳᠦᠷ ᠪᠦᠷᠢ ᠠᠵᠢᠯᠯᠠᠬᠤ ᠠᠴᠠ ᠪᠠᠨ ᠡᠮᠦᠨ᠎ᠡ ᠡᠯ᠎ᠡ ᠵᠦᠢᠯ ᠤᠨ ᠰᠢᠯᠭᠠᠯᠲᠠ ᠬᠢᠪᠡᠯ ᠰᠠᠶ᠋ᠢ ᠲᠡᠷᠭᠡ ᠬᠥᠳᠡᠯᠦᠨ᠎ᠡ᠂ ᠲᠡᠷᠭᠡᠨ ᠳᠡᠭᠡᠷ᠎ᠡ GPS ᠣᠷᠣᠨ ᠪᠠᠶᠢᠷᠢ ᠲᠣᠭᠲᠠᠭᠠᠬᠤ ᠰᠢᠰᠲ᠋ᠧᠮ ᠤᠭᠰᠠᠷᠠᠵᠤ᠂ ᠪᠠᠰᠠ ᠲᠤᠰᠬᠠᠢ ᠬᠥᠮᠥᠨ ᠰᠤᠷᠭᠠᠭᠤᠯᠢ ᠶᠢᠨ ᠲᠡᠷᠭᠡ ᠶᠢᠨ ᠠᠶᠠᠯᠠᠯ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠂ ᠲᠦᠷᠦᠭᠦᠸ ᠬᠤᠶᠠᠷ ᠡᠳᠦᠷ ᠪᠢ ᠬᠡᠦᠬᠡᠳ ᠤᠨ ᠬᠡᠯᠡᠬᠦ ᠪᠠᠷ᠂ ᠲᠡᠷᠡ ᠰᠤᠷᠭᠠᠭᠤᠯᠢ ᠶᠢᠨ ᠵᠣᠬᠢᠶᠠᠨ ᠪᠠᠶᠢᠭᠤᠯᠤᠭᠰᠠᠨ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠢᠶᠠᠷ ᠠᠮᠢ ᠵᠢᠭᠤᠲᠠᠬᠤ ᠰᠣᠷᠢᠯᠲᠠ ᠳᠤ ᠣᠷᠣᠯᠴᠠᠭᠰᠠᠨ ᠭᠡᠨ᠎ᠡ᠃ ᠣᠳᠣ ᠪᠢᠳᠡᠨ ᠤ ᠡᠷᠡᠭᠡᠯᠵᠡᠭᠡ ᠶᠢ ᠠᠯᠳᠠᠷᠠᠭᠠᠪᠠ︾ ᠭᠡᠪᠡ᠃
     ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠪᠠ ᠥᠷᠭᠡᠨ ᠤᠯᠠᠨ ᠪᠠᠭᠰᠢ ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠢ ᠪᠠᠲᠤᠯᠠᠵᠤ᠂ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠬᠠᠮᠠᠭᠠᠯᠠᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠲᠤᠰᠬᠠᠢ ᠲᠤᠰᠢᠶᠠᠯᠲᠤ ᠠᠮᠤᠷ ᠢ ᠬᠠᠮᠠᠭᠠᠯᠠᠬᠤ ᠪᠠ ᠨᠢᠭᠡ ᠳᠠᠷᠤᠪᠴᠢ ᠪᠠᠷ ᠲᠦᠭᠰᠢᠭᠦᠷᠢ ᠮᠡᠳᠡᠭᠦᠯᠬᠦ᠂ ᠸᠢᠳᠢᠤ᠋ ᠪᠠᠷ ᠬᠢᠨᠠᠨ ᠡᠵᠡᠮᠳᠡᠬᠦ ᠶᠢ ᠲᠣᠬᠢᠷᠠᠭᠤᠯᠵᠤ᠂ ᠭᠠᠳᠠᠨ᠎ᠠ ᠠᠴᠠ ᠢᠷᠡᠭᠰᠡᠨ ᠬᠥᠮᠥᠰ ᠤᠨ ᠨᠣᠮᠧᠷ ᠢ ᠰᠢᠷᠪᠢᠵᠦ ᠳᠠᠩᠰᠠᠯᠠᠬᠤ ᠶᠢ ᠬᠡᠷᠡᠭᠵᠢᠭᠦᠯᠵᠦ᠂ ᠬᠠᠮᠢᠶ᠎ᠠ ᠦᠭᠡᠢ ᠬᠥᠮᠥᠰ ᠤᠨ ᠰᠤᠷᠭᠠᠭᠤᠯᠢ ᠶᠢᠨ ᠬᠦᠷᠢᠶᠡᠨ ᠳᠤ ᠣᠷᠣᠬᠤ ᠶᠢ ᠴᠠᠭᠠᠵᠠᠯᠠᠨ᠎ᠠ᠃ᠰᠤᠷᠤᠭᠴᠢᠳ ᠤᠨ ᠰᠤᠷᠭᠠᠭᠤᠯᠢ ᠳᠤ ᠪᠠᠭᠤᠬᠤ ᠬᠤᠭᠤᠴᠠᠭᠠᠨ ᠳᠠᠬᠢ ᠰᠤᠷᠭᠠᠭᠤᠯᠢ ᠶᠢᠨ ᠡᠭᠦᠳᠡᠨ ᠳᠠᠬᠢ ᠵᠠᠮ ᠬᠠᠷᠢᠯᠴᠠᠭᠠᠨ ᠤ ᠲᠦᠭᠵᠢᠷᠡᠯ ᠤᠨ ᠠᠰᠠᠭᠤᠳᠠᠯ ᠢ ᠪᠦᠲᠦᠮᠵᠢᠲᠡᠶ ᠨᠠᠮᠳᠠᠭᠤᠯᠬᠤ ᠶᠢᠨ ᠲᠥᠯᠥᠭᠡ᠂ ᠰᠣᠷᠣᠭᠴᠢ ᠶᠢᠨ ᠲᠤᠭ᠎ᠠ ᠪᠠᠷ ᠨᠡᠯᠢᠶᠡᠳ ᠣᠯᠠᠨ ᠰᠤᠷᠭᠠᠭᠤᠯᠢ ᠳᠤ ᠴᠢᠭᠯᠡᠭᠦᠯᠦᠨ ᠪᠤᠷᠤᠭᠤ ᠴᠠᠭ ᠲᠤ ᠰᠤᠷᠭᠠᠭᠤᠯᠢ ᠲᠠᠷᠬᠠᠬᠤ ᠶᠢᠨ ᠬᠠᠮᠲᠤ ᠰᠤᠷᠭᠠᠭᠤᠯᠢ ᠳᠤ ᠪᠠᠭᠤᠬᠤ ᠣᠷᠭᠢᠯ ᠤᠨ ᠦᠶ᠎ᠡ ᠳᠤ᠂ ᠠᠰᠠᠷ ᠤᠨ ᠱᠠᠲᠤᠨ ᠤ ᠠᠮᠠᠰᠠᠷ ᠳᠡᠭᠡᠷ᠎ᠡ ᠲᠤᠰᠬᠠᠢ ᠬᠥᠮᠥᠨ ᠲᠣᠬᠢᠷᠠᠭᠤᠯᠤᠨ ᠰᠤᠷᠤᠭᠴᠢᠳ ᠢ ᠵᠢᠭᠠᠨ ᠵᠢᠯᠤᠭᠤᠳᠴᠤ᠂ ᠰᠤᠷᠤᠭᠴᠢᠳ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ᠡᠭᠦᠨ ᠤ ᠬᠠᠮᠲᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠲᠠᠪᠴᠠᠩ ᠢ ᠪᠦᠷᠢᠨᠰᠢᠭᠦᠯᠵᠦ ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠠᠵᠢᠯ ᠲᠣᠬᠢᠷᠠᠭᠤᠯᠵᠤ᠂ ᠣᠳᠣᠬᠠᠨ ᠳᠤ ᠪᠣᠶ ᠪᠦᠬᠦᠢ ᠲᠣᠭᠤᠷᠢᠭ ᠲᠤ ᠬᠠᠷᠢᠶᠠᠯᠠᠭᠳᠠᠬᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠴᠥᠮ ᠭᠤᠣᠯᠳᠠᠯᠭ᠎ᠠ ᠲᠠᠢ ᠣᠷᠣᠨ ᠪᠠᠶᠢᠷᠢ ᠶᠢᠨ ᠬᠢᠨᠠᠨ ᠡᠵᠡᠮᠳᠡᠬᠦ ᠠᠵᠢᠯ ᠢ ᠨᠡᠶᠢᠳᠡᠮ ᠬᠢᠵᠦ᠂ ᠬᠢᠨᠠᠨ ᠡᠵᠡᠮᠳᠡᠬᠦ ᠬᠠᠷᠠᠭᠠᠨ ᠳᠠᠪᠲᠠᠮᠵᠢ ᠶᠢ 90 ᠡᠳᠦᠷ ᠬᠠᠳᠠᠭᠠᠯᠠᠬᠤ ᠱᠠᠭᠠᠷᠳᠠᠯᠭ᠎ᠠ ᠳᠤ ᠭᠦᠷᠦᠭᠰᠡᠨ ᠪᠠᠶᠢᠨ᠎ᠠ᠃
     ᠬᠤᠷᠢᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ ᠯᠢᠶᠠᠩ ᠵᠢᠶᠠᠨ ᠹᠦ᠋ ᠲᠠᠨᠢᠯᠴᠠᠭᠤᠯᠬᠤ ᠳᠠᠭᠠᠨ᠄ ︽ᠰᠤᠷᠭᠠᠭᠤᠯᠢ ᠶᠢᠨ ᠬᠦᠷᠢᠶᠡᠨ ᠤ ᠡᠯ᠎ᠡ ᠲᠣᠭᠤᠷᠢᠭ ᠲᠤ ᠲᠠᠷᠬᠠᠵᠤ ᠪᠠᠶᠢᠭ᠎ᠠ ᠲᠣᠭᠠᠨ ᠤ ᠳᠡᠭᠡᠳᠦ ᠲᠣᠳᠣ ᠰᠡᠭᠦᠳᠡᠷᠯᠡᠬᠦ ᠮᠠᠰᠢᠨ ᠪᠣᠯ ᠳᠠᠷᠤᠢ ᠠᠮᠤᠷ ᠲᠦᠪᠰᠢᠨ ᠤ ᠰᠡᠷᠭᠡᠶᠢᠯᠡᠯᠲᠡ ᠶᠢᠨ ᠲᠠᠪᠴᠠᠩ ᠤᠨ ︿ᠨᠢᠳᠦ ﹀ ᠮᠥᠨ᠂ ᠲᠠᠪᠴᠠᠩ  ᠠᠴᠠ ᠪᠦᠬᠦᠶᠢᠯᠡ ᠰᠤᠷᠭᠠᠭᠤᠯᠢ ᠶᠢᠨ ᠲᠤᠬᠠᠢ ᠶᠢᠨ ᠴᠠᠭ ᠤᠨ ᠪᠠᠶᠢᠳᠠᠯ ᠢ ᠣᠯᠵᠤ ᠬᠠᠷᠠᠵᠤ ᠪᠣᠯᠣᠨ᠎ᠠ︾ ᠭᠡᠵᠡᠢ᠃ ᠰᠤᠷᠭᠠᠭᠤᠯᠢ  ᠶᠢᠨ ᠡᠭᠦᠳᠡ ᠪᠠᠷ ᠣᠷᠣᠵᠤ ᠭᠠᠷᠬᠤ ᠲᠡᠷᠭᠡ ᠬᠥᠰᠬᠡ᠂ ᠡᠯ᠎ᠡ ᠭᠤᠣᠯ ᠵᠠᠮ ᠤᠨ ᠬᠥᠮᠥᠰ ᠤᠨ ᠨᠡᠭᠦᠳᠡᠯ᠂ ᠰᠤᠷᠤᠭᠴᠢᠳ ᠤᠨ ᠬᠢᠴᠢᠶᠡᠯ ᠤᠨ ᠭᠡᠷ᠂ ᠠᠰᠠᠷ ᠤᠨ ᠳᠠᠪᠬᠤᠷᠭ᠎ᠠ ᠁ 24 ᠴᠠᠭ ᠲᠤ ᠪᠦᠬᠦᠨ  ᠢ ᠬᠠᠮᠤᠷᠤᠭᠰᠠᠨ᠂ ᠥᠨᠴᠥᠭ ᠪᠤᠯᠤᠩ ᠦᠭᠡᠢ ᠬᠢᠨᠠᠨ ᠡᠵᠡᠮᠳᠡᠵᠦ᠂ ᠲᠦᠭᠰᠢᠭᠦᠷᠢ ᠮᠡᠳᠡᠭᠡᠯᠡᠬᠦ ᠣᠶᠤᠨᠴᠢᠯᠠᠭᠰᠠᠨ ᠠᠦ᠋ᠲ᠋ᠣ᠋ ᠲᠥᠬᠦᠭᠡᠷᠦᠮᠵᠢ ᠲᠣᠬᠢᠷᠠᠭᠤᠯᠵᠤ᠂ ᠰᠤᠷᠭᠠᠭᠤᠯᠢ  ᠶᠢᠨ ᠬᠦᠷᠢᠶᠡᠨ ᠤ ᠠᠮᠤᠷ ᠲᠦᠪᠰᠢᠨ  ᠢ ᠪᠦᠬᠦ ᠲᠠᠯ᠎ᠠ ᠪᠠᠷ ᠪᠠᠲᠤᠯᠠᠨ᠎ᠠ︾ ᠭᠡᠵᠡᠢ᠃      ᠠᠮᠤᠷ ᠲᠦᠪᠰᠢᠨ ᠤ ᠳᠠᠷᠪᠠᠭᠤᠯ ᠢ ᠬᠡᠶᠢᠰᠬᠡᠨ᠂ ᠨᠡᠷᠡᠨ ᠤ ᠬᠡᠷᠡᠯ ᠤᠨ ᠵᠠᠮ ᠢ ᠴᠣᠭᠴᠠᠯᠠᠨ᠎ᠠ᠃ᠳ᠋ᠦᠩ ᠾᠧ ᠲᠣᠭᠤᠷᠢᠭ ᠤᠨ ᠬᠢᠨ ᠤᠶᠤᠨ ᠤᠬᠠᠭᠠᠨ ᠪᠣᠯᠣᠨ ᠬᠠᠷᠢᠭᠤᠴᠠᠯᠭ᠎ᠠ ᠪᠠᠷ ᠢᠶᠠᠨ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠬᠠᠶᠢᠷ᠎ᠠ ᠬᠠᠯᠠᠮᠵᠢ ᠪᠣᠯᠣᠨ ᠬᠤᠪᠢ ᠨᠡᠮᠡᠷᠢ ᠦᠵᠡᠭᠦᠯᠬᠦ ᠪᠠᠷ ᠬᠥᠮᠥᠨ ᠢ ᠬᠥᠮᠥᠵᠢᠭᠦᠯᠬᠦ ᠰᠡᠳᠬᠢᠯᠭᠡ ᠶᠢ ᠲᠠᠶᠢᠯᠪᠤᠷᠢᠯᠠᠵᠤ᠂︽ᠬᠥᠮᠥᠨ ᠪᠦᠬᠦᠨ ᠠᠮᠤᠷ ᠲᠦᠪᠰᠢᠨ ᠢ ᠬᠠᠯᠠᠮᠵᠢᠯᠠᠵᠤ᠂ ᠬᠥᠮᠥᠨ ᠪᠦᠬᠦᠨ ᠠᠮᠢ ᠨᠠᠰᠤ ᠪᠠᠨ ᠬᠠᠶᠢᠷᠠᠯᠠᠬᠤ︾ᠥᠳᠬᠡᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠬᠡᠦᠬᠡᠳ ᠤᠳ ᠲᠤ ᠠᠮᠤᠷ ᠲᠦᠪᠰᠢᠨ ᠣᠭᠲᠠᠷᠭᠤᠢ ᠶᠢ ᠴᠣᠭᠴᠠᠯᠠᠵᠤ ᠥᠭᠴᠡᠢ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1