︵ᠨᠢᠭᠡ︶ ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ | 2022 ᠣᠨ ᠤ ᠳᠡᠭᠡᠷ᠎ᠡ ᠬᠠᠭᠠᠰ ᠵᠢᠯ ᠳᠤ᠂ ᠳ᠋ᠦᠩ ᠾᠧ ᠲᠣᠭᠤᠷᠢᠭ ᠤᠨ 45 ᠡᠷᠦᠬᠡ ᠶᠢᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠦᠢᠯᠡᠳᠬᠦᠨ ᠤ | ᠪᠥᠬᠦ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 40.4% ᠪᠠᠷ ᠨᠡᠮᠡᠭᠳᠡᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠠᠳᠠᠯᠢ | ᠬᠤᠭᠤᠴᠠᠭᠠᠨ ᠤ ᠬᠢ ᠠᠴᠠ 13.7% ᠪᠠᠷ ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 13.5% ᠪᠠᠷ | ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ︵3.4%︶ ᠤᠨ ᠬᠢ ᠠᠴᠠ 10.3 ᠵᠠᠭᠤᠨ ᠤ ᠨᠢᠭᠡᠴᠢ | ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠥᠪᠡᠷᠲᠡᠭᠡᠨ ᠵᠠᠰᠠᠬᠤ ᠣᠷᠣᠨ ︵8.4%︶ ᠤ 5.3 ᠵᠠᠭᠤᠨ ᠤ | ᠨᠢᠭᠡᠴᠢ ᠥᠨᠳᠥᠷ ᠪᠣᠯᠵᠤ᠂ ᠪᠥᠬᠦ ᠬᠤᠲᠠ ︵17.1%︶ ᠶᠢᠨ 3.4 ᠵᠠᠭᠤᠨ ᠤ ᠨᠢᠭᠡᠴᠢ ᠳᠣᠣᠷ᠎ᠠ ᠪᠣᠯᠵᠤ᠂ | ᠠᠷᠪᠠᠨ ᠬᠤᠰᠢᠭᠤ ᠰᠢᠶᠠᠨ ᠲᠣᠭᠤᠷᠢᠭ ᠤᠨ 8 ᠳ᠋ᠤᠭᠠᠷ ᠲᠤ ᠵᠢᠭᠰᠠᠭᠠᠭᠳᠠᠵᠠᠢ᠃ | ︵ᠬᠤᠶᠠᠷ︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | 2022 ᠣᠨ ᠤ ᠳᠡᠭᠡᠷ᠎ᠡ ᠬᠠᠭᠠᠰ ᠵᠢᠯ ᠳᠤ᠂ ᠳ᠋ᠦᠩ ᠾᠧ ᠲᠣᠭᠤᠷᠢᠭ ᠤᠨ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠵᠦ᠂ ᠬᠤᠶᠠᠷ ᠵᠢᠯ ᠳᠤ | ᠳᠤᠮᠳᠠᠴᠢ ᠪᠠᠷ 22% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ︵6.1%︶ ᠠᠴᠠ 0.4 | ᠵᠠᠭᠤᠨ ᠤ ᠨᠢᠭᠡᠴᠢ ᠳᠣᠣᠷ᠎ᠠ ᠪᠠᠶᠢᠵᠤ᠂ ᠨᠡᠮᠡᠭᠳᠡᠯ ᠤᠨ ᠬᠤᠷᠳᠤᠴᠠ ᠨᠢ ᠥᠪᠡᠷᠲᠡᠭᠡᠨ ᠵᠠᠰᠠᠬᠤ ᠣᠷᠣᠨ ︵33.9%︶ | ᠠᠴᠠ 28.2 ᠵᠠᠭᠤᠨ ᠤ ᠨᠢᠭᠡᠴᠢ ᠳᠣᠣᠷ᠎ᠠ ᠪᠠᠶᠢᠵᠤ᠂ ᠪᠥᠬᠦ ᠬᠤᠲᠠ ︵31.4%︶ ᠠᠴᠠ 25.7 ᠵᠠᠭᠤᠨ ᠤ | ᠨᠢᠭᠡᠴᠢ ᠳᠣᠣᠷ᠎ᠠ ᠪᠠᠶᠢᠵᠤ᠂ ᠠᠷᠪᠠᠨ ᠬᠤᠰᠢᠭᠤ ᠰᠢᠶᠠᠨ ᠲᠣᠭᠤᠷᠢᠭ 10 ᠳ᠋ᠤᠭᠠᠷ ᠲᠤ ᠵᠢᠭᠰᠠᠭᠠᠭᠳᠠᠵᠠᠢ᠃ | ︵ᠭᠤᠷᠪᠠ︶ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ | 2022 ᠣᠨ ᠤ ᠳᠡᠭᠡᠷ᠎ᠡ ᠬᠠᠭᠠᠰ ᠵᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 81.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 2.7% ᠪᠠᠷ ᠪᠠᠭᠤᠷᠠᠵᠤ᠂ ᠬᠤᠶᠠᠷ ᠵᠢᠯ ᠳᠤ ᠳᠤᠮᠳᠠᠴᠢ ᠪᠠᠷ 5.3% ᠪᠠᠷ ᠨᠡᠮᠡᠭᠳᠡᠯ ᠤᠨ ᠬᠤᠷᠳᠤᠴᠠ ᠨᠢ | ᠪᠥᠬᠦ ᠤᠯᠤᠰ ︵-0.7%︶ ᠠᠴᠠ 2 ᠵᠠᠭᠤᠨ ᠤ ᠨᠢᠭᠡᠴᠢ ᠳᠣᠣᠷ᠎ᠠ ᠪᠠᠶᠢᠵᠤ᠂ ᠨᠡᠮᠡᠭᠳᠡᠯ ᠤᠨ ᠬᠤᠷᠳᠤᠴᠠ ᠨᠢ | ᠥᠪᠡᠷᠲᠡᠭᠡᠨ ᠵᠠᠰᠠᠬᠤ ᠣᠷᠣᠨ ︵-0.2%︶ ᠠᠴᠠ 2.5 ᠵᠠᠭᠤᠨ ᠤ ᠨᠢᠭᠡᠴᠢ ᠳᠣᠣᠷ᠎ᠠ ᠪᠠᠶᠢᠵᠤ᠂ ᠪᠥᠬᠦ ᠬᠤᠲᠠ | ︵-1.9%︶ ᠠᠴᠠ 0.8 ᠵᠠᠭᠤᠨ ᠤ ᠨᠢᠭᠡᠴᠢ ᠳᠣᠣᠷ᠎ᠠ ᠪᠠᠶᠢᠵᠤ᠂ ᠠᠷᠪᠠᠨ ᠬᠤᠰᠢᠭᠤ ᠰᠢᠶᠠᠨ ᠲᠣᠭᠤᠷᠢᠭ ᠤᠨ | ᠶᠡᠷᠦᠩᠬᠡᠢ ᠬᠡᠮᠵᠢᠶ᠎ᠡ ᠶᠢᠨ 3 ᠳ᠋ᠤᠭᠠᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠶᠢᠨ 9 ᠳ᠋ᠤᠭᠠᠷ ᠲᠤ | ᠵᠢᠭᠰᠠᠭᠠᠭᠳᠠᠵᠠᠢ᠃ | | |