ᠠᠷᠠᠳ ᠤᠨ ᠰᠡᠳᠬᠢᠯ ᠢ ᠳᠤᠯᠠᠭᠠᠴᠠᠭᠤᠯᠵᠤ ᠠᠵᠢᠯ ᠣᠯᠭᠤᠯᠲᠠ ᠶᠢ ᠳᠡᠮᠵᠢᠵᠤ ᠠᠷᠠᠳ ᠤᠨ ᠵᠣᠪᠠᠨᠢᠯ ᠢ  ᠲᠠᠶᠢᠯᠤᠨ᠎ᠠ
ᠨᠡᠶᠢᠲᠡᠯᠡᠭᠰᠡᠨ ᠴᠠᠭ᠄
2022/9/29
      7 ᠰᠠᠷ᠎ᠠ ᠶᠢᠨ 31᠎ ᠤ ᠡᠳᠦᠷ᠂ ᠳ᠋ᠦᠩ ᠾᠧ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠨᠢᠭᠡᠳᠦᠭᠡᠷ ᠳᠠᠪᠬᠤᠷᠯᠢᠭ ᠲᠤ ︽ᠠᠷᠠᠳ ᠤᠨ ᠰᠡᠳᠬᠢᠯ ᠢ ᠳᠤᠯᠠᠭᠠᠴᠠᠭᠤᠯᠵᠤ ᠠᠵᠢᠯ ᠣᠯᠭᠤᠯᠲᠠ ᠶᠢ ᠳᠡᠮᠵᠢᠨ ᠠᠷᠠᠳ ᠤᠨ ᠵᠣᠪᠠᠨᠢᠯ ᠢ ᠰᠢᠢᠳᠪᠦᠷᠢᠯᠡᠬᠦ︾  ᠡᠷᠬᠢᠯᠡᠵᠡᠢ᠃ ᠲᠤᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠬᠠᠮᠲᠤᠷᠠᠭᠰᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠤᠳ ᠠᠵᠢᠯ ᠣᠯᠬᠤ ᠳᠤ ᠬᠦᠴᠢᠷᠲᠡᠢ ᠬᠥᠮᠥᠰ ᠲᠤ ᠠᠵᠢᠯ ᠤᠨ ᠪᠠᠶᠢᠷᠢ᠂ ᠦᠢᠯᠡᠴᠢᠯᠡᠭᠡ᠂ ᠲᠥᠷᠥ ᠶᠢᠨ ᠪᠣᠳᠣᠯᠭ᠎ᠠ᠂ ᠬᠠᠶᠢᠷ᠎ᠠ ᠬᠠᠯᠠᠮᠵᠢ ᠬᠦᠷᠭᠡᠵᠦ᠂ ᠨᠢᠭᠡ ᠪᠦᠯᠦᠭ ᠬᠦᠴᠢᠷᠳᠡᠯᠲᠡᠢ ᠬᠥᠮᠥᠰ ᠢ ᠬᠠᠪᠰᠤᠷᠤᠨ ᠲᠡᠳᠬᠦᠵᠦ ᠠᠵᠢᠯ ᠣᠯᠭᠤᠬᠤ ᠪᠠᠷ ᠵᠣᠷᠢᠯᠭ᠎ᠠ ᠪᠣᠯᠭᠠᠭᠰᠠᠨ ᠶᠤᠮ᠂ ᠲᠤᠬᠠᠢ ᠶᠢᠨ ᠲᠠᠯᠠᠪᠤᠷ ᠲᠤ ᠨᠡᠶᠢᠲᠡ 36 ᠠᠵᠤ ᠠᠬᠤᠶᠢᠯᠠᠯ ᠠᠵᠢᠯᠲᠠᠨ ᠡᠯᠰᠡᠵᠦ᠂ ᠠᠵᠢᠯ ᠤᠨ ᠪᠠᠶᠢᠷᠢ 1053 ᠬᠠᠩᠭᠠᠵᠤ᠂ 177 ᠬᠥᠮᠥᠨ ᠤ ᠠᠵᠢᠯ ᠡᠷᠢᠬᠦ ᠲᠠᠯᠠᠪᠤᠷ ᠲᠤ ᠣᠷᠣᠵᠤ᠂ 23 ᠬᠥᠮᠥᠨ ᠳᠤ ᠠᠩᠬ᠎ᠠ ᠠᠯᠬᠤᠮ ᠤᠨ ᠠᠵᠢᠯ ᠣᠯᠬᠤ ᠰᠠᠨᠠᠮᠵᠢ ᠲᠠᠢ ᠪᠣᠯᠤᠭᠰᠠᠨ ᠪᠠᠶᠢᠨ᠎ᠠ᠃ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠲᠤᠰᠠᠯᠠᠮᠵᠢ ᠶᠢᠨ ︽ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ︾᠎ ᠶᠢᠨ ᠡᠬᠢᠯᠡᠯᠲᠡ ᠶᠢᠨ ᠶᠣᠰᠣᠯᠠᠯ ᠤᠨ ᠪᠤᠭᠤᠲᠤ ᠬᠤᠲᠠ ᠶᠢᠨ ᠳ᠋ᠦᠩ ᠾᠧ ᠬᠤᠪᠢᠶᠠᠷᠢ ᠲᠣᠭᠤᠷᠢᠭ ᠤᠨ ᠬᠤᠷᠠᠯ ᠤᠨ ᠲᠠᠯᠠᠪᠠᠶ ᠪᠣᠯᠤᠭᠰᠠᠨ ᠤ ᠬᠤᠪᠢ ᠳᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠶᠢ ︽ᠠᠵᠢᠯ ᠣᠯᠭᠤᠯᠲᠠ ᠶᠢᠨ ᠳ᠋ᠦᠩ ᠾᠧ︾ ᠬᠠᠷᠠᠭᠠᠨ ᠳᠠᠪᠲᠠᠮᠵᠢ ᠶᠢᠨ ᠨᠣᠮᠧᠷ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠪᠡ᠃      ᠠᠵᠢᠯᠲᠠᠨ ᠡᠯᠰᠡᠬᠦ ᠴᠤᠭᠯᠠᠭᠠᠨ ᠤ ᠡᠬᠢᠨ ᠤ ᠬᠤᠭᠤᠴᠠᠭᠠᠨ ᠳᠤ᠂ ᠳ᠋ᠦᠩ ᠾᠧ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠪᠦᠷᠢᠳᠬᠡᠵᠦ᠂ ᠠᠵᠢᠯ ᠣᠯᠬᠤ ᠳᠤ ᠬᠦᠴᠢᠷᠲᠡᠢ ᠬᠥᠮᠥᠰ ᠲᠤ ᠲᠡᠭᠦᠨ ᠲᠠᠢ ᠵᠣᠬᠢᠴᠠᠯᠳᠤᠭᠰᠠᠨ ᠰᠢᠯᠢᠳᠡᠭ ᠠᠵᠢᠯ ᠤᠨ ᠪᠠᠶᠢᠷᠢ ᠣᠯᠭᠤᠪᠠ᠃      ︽ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠨᠢ ᠠᠵᠢᠯ ᠡᠷᠢᠭᠰᠡᠳ  ᠢ ᠠᠩᠬ᠎ᠠ ᠠᠯᠬᠤᠮ ᠰᠢᠯᠢᠨ ᠰᠣᠩᠭᠤᠵᠤ ᠪᠣᠯᠣᠨ᠎ᠠ᠂ ᠡᠨᠡ ᠨᠢ ᠮᠠᠨ ᠤ ᠠᠵᠤ ᠠᠬᠤᠶᠢᠯᠠᠯ ᠤᠨ ᠬᠡᠷᠡᠭᠴᠡᠭᠡ ᠳᠤ ᠨᠡᠶᠢᠴᠡᠬᠦ ᠠᠵᠢᠯᠲᠠᠨ ᠡᠷᠢᠬᠦ ᠳᠤ ᠨᠡᠩ ᠠᠰᠢᠭᠲᠠᠢ ᠶᠤᠮ︾᠃ ᠭᠡᠵᠦ ᠠᠵᠤ ᠠᠬᠤᠶᠢᠯᠠᠯ ᠤᠨ ᠠᠵᠢᠯᠲᠠᠨ ᠡᠯᠰᠡᠬᠦ ᠬᠠᠷᠢᠭᠤᠴᠠᠯᠭᠠᠲᠠᠨ ᠬᠡᠯᠡᠪᠡ ᠃ ︽ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠤᠭᠯᠠᠭᠠᠨ ᠳᠤ ᠵᠠᠷᠢᠮ ᠦᠶ᠎ᠡ ᠳᠤ ᠠᠵᠢᠯ ᠡᠷᠢᠭᠰᠡᠳ ᠪᠠ ᠠᠵᠢᠯ ᠤᠨ ᠪᠠᠶᠢᠷᠢ  ᠶᠢᠨ ᠵᠣᠬᠢᠴᠠᠯ ᠤᠨ ᠬᠡᠮᠵᠢᠶ᠎ᠡ  ᠶᠢ ᠰᠢᠭᠤᠳ ᠮᠠᠭᠠᠳᠯᠠᠵᠤ ᠴᠢᠳᠠᠬᠤ ᠦᠭᠡᠢ ᠪᠠᠶᠢᠳᠠᠭ᠂ ᠥᠨᠥᠳᠥᠷ ᠤᠨ ᠲᠤᠬᠠᠢ  ᠶᠢᠨ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠤ ᠣᠯᠣᠯᠲᠠ ᠮᠠᠰᠢ ᠶᠡᠭᠡ ᠪᠠᠶᠢᠳᠠᠭ︾᠃ ᠠᠵᠢᠯᠲᠠᠨ ᠡᠯᠰᠡᠬᠦ ᠴᠤᠭᠯᠠᠭᠠᠨ ᠳᠤ ᠣᠷᠣᠯᠴᠠᠭᠰᠠᠨ ᠠᠵᠤ ᠠᠬᠤᠶᠢᠯᠠᠯ ᠲᠣᠰ ᠤᠳᠠᠭᠠᠨ ᠤ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠤ ᠣᠯᠣᠯᠲᠠ ᠳᠤ ᠮᠠᠰᠢ ᠬᠠᠨᠤᠮᠵᠢᠲᠠᠶ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠠᠵᠤ ᠠᠬᠤᠶᠢᠯᠠᠯ ᠤᠨ ᠬᠥᠮᠥᠨ ᠬᠡᠷᠡᠭᠯᠡᠬᠦ ᠬᠡᠷᠡᠭᠴᠡᠭᠡ ᠵᠢᠴᠢ ᠣᠯᠠᠨ ᠲᠦᠮᠡᠨ ᠤ ᠠᠵᠢᠯ ᠡᠷᠢᠬᠦ ᠰᠠᠨᠠᠮᠵᠢ ᠶᠢᠨ ᠲᠣᠭᠤᠷᠢᠨ ᠳᠤ ᠂ ᠡᠯ᠎ᠡ ᠲᠥᠷᠥᠯ ᠤᠨ ᠠᠵᠢᠯᠲᠠᠨ ᠡᠯᠰᠡᠬᠦ ᠦᠢᠯᠡᠴᠢᠯᠡᠭᠡ ᠥᠷᠨᠢᠭᠦᠯᠬᠦ ᠶᠢ ᠶᠡᠭᠡ ᠪᠠᠷ ᠲᠦᠯᠬᠢᠨ ᠠᠬᠢᠭᠤᠯᠵᠤ᠂ ᠢᠳᠡᠪᠬᠢᠲᠡᠢ ᠪᠠᠷ ᠲᠠᠪᠴᠠᠩ ᠪᠠᠶᠢᠭᠤᠯᠤᠨ᠂ ᠪᠦᠲᠦᠴᠡ ᠶᠢᠨ ᠴᠢᠨᠠᠷᠲᠠᠢ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ ᠪᠡᠷᠬᠡ ᠰᠡᠳᠦᠪ ᠢ ᠬᠦᠴᠦᠯᠡᠨ ᠰᠢᠢᠳᠪᠦᠷᠢᠯᠡᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠠᠬᠢᠭᠤᠯᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1