ᠰᠢ ᠨᠣᠣ ᠪᠦᠦ ᠵᠡᠭᠡᠯᠢ ᠭᠤᠳᠤᠮᠵᠢ ᠶᠢᠨ ᠬᠢᠨ ᠤᠯᠤᠰ ᠤᠨ ᠪᠠᠶᠠᠷ ᠤᠨ ᠠᠮᠠᠷᠠᠯᠲᠠ ᠵᠢᠴᠢ ᠤᠷᠢᠳ ᠬᠤᠵᠢᠳ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2022/9/29
     ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠲᠤᠯᠤᠭᠠᠨ ᠡᠳᠦᠷ ᠤᠨ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠬᠥᠮᠥᠰ ᠤᠨ ᠰᠢᠯᠵᠢᠯᠲᠡ ᠶᠢᠨ ᠣᠷᠭᠢᠯ ᠦᠶ᠎ᠡ ᠭᠠᠷᠴᠤ ᠮᠡᠳᠡᠨ᠎ᠡ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠢ ᠦᠨᠳᠦᠰᠦᠯᠡᠨ᠂ ᠬᠢᠵᠢᠭ ᠤᠨ ᠪᠠᠶᠢᠳᠠᠯ ᠣᠷᠣᠵᠤ ᠢᠷᠡᠬᠦ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ᠂ ᠬᠡᠪᠴᠢᠶᠡᠲᠦ ᠴᠢᠨᠠᠷᠲᠠᠢ ᠬᠢᠵᠢᠭ ᠤᠨ ᠪᠠᠶᠢᠳᠠᠯ ᠥᠯᠥ ᠡᠭᠦᠰᠬᠦ ᠬᠢᠵᠠᠭᠠᠷ ᠱᠤᠭᠤᠮ ᠢ ᠡᠷᠡᠰ ᠰᠠᠬᠢᠵᠤ᠂ ᠠᠮᠤᠷ ᠲᠦᠪᠰᠢᠨ ᠪᠥᠭᠡᠳ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠰᠢ ᠨᠣᠣ ᠪᠦᠦ ᠵᠡᠭᠡᠯᠢ ᠭᠤᠳᠤᠮᠵᠢ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠢᠮᠠᠭᠲᠠ ᠴᠢᠩᠭᠠᠷᠠᠭᠤᠯᠤᠭᠰᠠᠭᠠᠷ ᠢᠷᠡᠵᠡᠶ᠃      ᠨᠢᠭᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠴᠢᠩᠭᠠᠳᠬᠠᠵᠤ᠂ ᠵᠢᠷᠭᠢᠶ᠎ᠡ ᠶᠢᠨ ᠨᠠᠶᠢᠵᠢ ᠶᠢᠨ ᠲᠣᠭᠤᠷᠢᠭ᠂ ᠲᠣᠣᠷ ᠤᠨ ᠪᠦᠯᠦᠭᠯᠡᠯ ᠵᠡᠷᠭᠡ ᠲᠠᠪᠴᠠᠩ ᠢᠶᠠᠷ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ︵ᠶᠢᠰᠦᠳᠦᠭᠡᠷ ᠬᠡᠪᠯᠡᠯ︶︾᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠭ᠎ᠠ ᠮᠡᠳᠡᠯᠭᠡ ᠵᠡᠷᠭᠡ ᠶᠢ 300 ᠭᠠᠷᠤᠢ ᠤᠳᠠᠭ᠎ᠠ ᠤᠬᠠᠭᠤᠯᠵᠤ᠂ ᠰᠠᠭᠤᠭᠠᠯᠢ ᠠᠷᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠬᠦ ᠤᠬᠠᠮᠰᠠᠷ᠂ ᠮᠡᠳᠡᠯᠭᠡ ᠶᠢᠨ ᠨᠥᠭᠡᠴᠡ ᠵᠢᠴᠢ ᠥᠪᠡᠷ ᠤᠨ ᠪᠡᠶ᠎ᠡ ᠪᠠᠨ ᠬᠠᠮᠠᠭᠠᠯᠠᠬᠤ ᠴᠢᠳᠠᠪᠤᠷᠢ ᠶᠢ ᠴᠢᠩᠭᠠᠳᠬᠠᠪᠠ᠃      ᠬᠤᠶᠠᠷ ᠲᠤ ᠸᠠᠺᠼᠢᠨ ᠤ ᠲᠠᠷᠢᠯᠭ᠎ᠠ ᠶᠢ ᠴᠢᠩᠭᠠᠳᠬᠠᠵᠤ᠂ ᠨᠠᠰᠤᠲᠠᠶᠢᠴᠤᠳ ᠪᠠ ᠦᠨᠳᠦᠰᠦᠨ ᠡᠪᠡᠳᠴᠢᠨ ᠲᠠᠢ ᠬᠥᠮᠥᠰ ᠨᠡᠯᠢᠶᠡᠳ ᠬᠡᠪᠡᠷᠡᠭ ᠪᠠᠶᠢᠵᠤ᠂ ᠸᠢᠷᠦ᠋ᠰ ᠠᠮᠠᠷᠬᠠᠨ ᠬᠠᠯᠳᠠᠪᠤᠷᠢᠯᠠᠳᠠᠭ ᠪᠣᠯᠬᠤᠷ ᠸᠠᠺᠼᠢᠨ ᠤ ᠲᠠᠷᠢᠯᠭ᠎ᠠ ᠬᠢᠬᠦ ᠪᠣᠯ ᠮᠥᠨ ᠬᠦ ᠰᠡᠷᠭᠡᠶᠢᠯᠡᠨ ᠡᠵᠡᠮᠳᠡᠬᠦ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠪᠣᠯᠣᠨ᠎ᠠ᠃ᠨᠠᠰᠤᠲᠠᠶᠢᠴᠤᠳ ᠤᠨ ᠬᠥᠳᠡᠯᠵᠦ ᠪᠠᠷᠢᠬᠤ ᠳᠤ ᠳᠥᠭᠦᠮ ᠦᠭᠡᠢ᠂ ᠮᠡᠳᠡᠭᠡ ᠵᠠᠩᠭᠢ ᠭᠥᠯᠢᠶᠡᠨ ᠠᠪᠬᠤ ᠨᠤᠷᠮ᠎ᠠ ᠳᠣᠣᠷ᠎ᠠ ᠵᠡᠷᠭᠡ ᠪᠠᠶᠢᠳᠠᠯ ᠨᠡᠶᠢᠳᠡᠮ ᠣᠷᠣᠰᠢᠵᠤ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠰᠢ ᠨᠣᠣ ᠪᠦᠦ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠺᠠᠳ᠋ᠷᠴᠤᠳ ᠪᠣᠯᠣᠨ ᠡᠮᠴᠢ ᠰᠤᠪᠢᠯᠠᠭᠴᠢᠳ ᠤᠨ ᠭᠡᠷ ᠲᠤ ᠬᠦᠷᠴᠦ ᠥᠷᠭᠡᠨ ᠤᠯᠠᠨ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠶᠢᠨ ᠦᠢᠯᠡᠴᠢᠯᠡᠭᠡ ᠬᠠᠩᠭᠠᠪᠠ᠃      9 ᠰᠠᠷ᠎ᠠ ᠶᠢᠨ 18 ᠤ ᠡᠳᠦᠷ᠂ 19 ᠤ ᠡᠳᠦᠷ᠂ ᠡᠯ᠎ᠡ ᠨᠡᠶᠢᠭᠡᠮ ᠲᠣᠭᠤᠷᠢᠭ ᠤᠨ ᠺᠠᠳ᠋ᠷ ᠪᠣᠯᠣᠨ ᠡᠮᠴᠢ ᠰᠤᠪᠢᠯᠠᠭᠴᠢᠳ ᠬᠠᠷᠢᠶ᠎ᠠ ᠣᠷᠣᠨ ᠤ ᠪᠠᠨ 70 ᠨᠠᠰᠤᠲᠠᠶᠢᠴᠤᠳ ᠤᠨ ᠭᠡᠷ ᠲᠤ ᠬᠦᠷᠴᠦ᠂ ᠨᠠᠰᠤᠲᠠᠶᠢᠴᠤᠳ ᠲᠤ ᠭᠡᠷ  ᠲᠤᠨᠢ ᠬᠦᠷᠴᠦ ᠲᠠᠷᠢᠯᠭ᠎ᠠ ᠬᠢᠬᠦ᠂ ᠪᠥᠬᠦ ᠶᠠᠪᠤᠴᠠ ᠳᠤ ᠠᠰᠠᠷᠠᠨ ᠰᠤᠪᠢᠯᠠᠬᠤ ᠵᠡᠷᠭᠡ ᠦᠢᠯᠡᠴᠢᠯᠡᠭᠡ ᠬᠠᠩᠭᠠᠵᠤ᠂ ᠸᠠᠺᠼᠢᠨ ᠤ ᠲᠠᠷᠢᠯᠭ᠎ᠠ ᠶᠢᠨ ᠡᠴᠦᠰ ᠤᠨ ᠨᠢᠭᠡ ᠺᠢᠯᠣᠮᠧᠲᠷ ᠢ ᠨᠠᠪᠲᠠᠷᠡᠭᠦᠯᠵᠦ᠂ ᠸᠠᠺᠼᠢᠨ ᠤ ᠲᠠᠷᠢᠯᠭ᠎ᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠬᠢᠵᠢᠭ ᠢ ᠰᠡᠷᠭᠡᠶᠢᠯᠡᠬᠦ ᠬᠠᠯᠬᠠᠪᠴᠢ ᠶᠢ ᠴᠢᠩᠭᠠᠳᠬᠠᠪᠠ᠃      ᠭᠤᠷᠪᠠ ᠳᠤ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠪᠡᠯᠡᠳᠬᠡᠯ ᠢ ᠰᠠᠶᠢᠲᠤᠷ ᠬᠢᠵᠦ᠂ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠴᠡᠭ ᠤᠳ ᠲᠤ ᠡᠳ᠋ ᠪᠣᠳᠠᠰ ᠢ ᠲᠣᠭᠠᠯᠠᠨ ᠪᠦᠷᠢᠳᠬᠡᠵᠦ᠂ ᠪᠥᠬᠦ ᠠᠵᠢᠯᠲᠠᠳ ᠰᠠᠶᠢᠲᠤᠷ ᠪᠡᠯᠡᠳᠬᠡᠯ ᠬᠢᠵᠦ᠂ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠠᠷᠭᠠᠴᠠᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠢ ᠨᠣᠣ ᠪᠦᠦ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1