ᠮᠠᠨ ᠤ ᠬᠤᠷᠢᠶ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠨᠢᠭᠡᠨ | ᠴᠢᠬᠤᠯᠠ ᠠᠵᠢᠯ ᠢᠶᠠᠨ ᠪᠣᠯᠭᠠᠵᠤ᠂ ᠡᠭᠦᠳᠦᠨ ᠪᠠᠶᠢᠭᠤᠯᠬᠤ ᠠᠵᠢᠯ ᠪᠣᠯᠣᠨ ᠲᠤᠬᠠᠶᠢᠯᠠᠭᠰᠠᠨ ᠠᠵᠢᠯ ᠢ ᠬᠠᠮᠲᠤ ᠳᠤᠨᠢ | ᠰᠤᠳᠤᠯᠵᠤ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠠᠬᠢᠭᠤᠯᠬᠤ ᠶᠢ ᠪᠠᠷᠢᠮᠲᠠᠯᠠᠭᠰᠠᠭᠠᠷ ᠢᠷᠡᠪᠡ᠃ | ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠬᠠᠭᠤᠯᠭ᠎ᠠ | ᠬᠥᠮᠦᠵᠢᠯ ᠢ ᠲᠠᠰᠤᠷᠠᠯᠳᠠ ᠦᠭᠡᠢ ᠴᠢᠩᠭᠠᠳᠬᠠᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠎ᠠ᠃ | ︽ᠰᠢᠨ᠎ᠡ ᠠᠶᠠᠨ ᠢᠶᠠᠨ ᠡᠷᠡᠯᠬᠡᠭᠯᠡᠨ ᠤᠷᠤᠭᠰᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ︾ ᠪᠠᠷ ᠭᠤᠣᠯ | ᠰᠡᠳᠦᠪ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠤᠯᠤᠰ ᠢᠶᠠᠨ | ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠢᠶᠠᠷ ᠲᠣᠭᠤᠷᠢᠨ ᠦᠵᠡᠭᠦᠯᠬᠦ ᠶᠢᠨ ᠬᠠᠮᠲᠤ ᠮᠠᠨ ᠤ ᠬᠤᠷᠢᠶᠠᠨ ᠤ | ᠪᠠᠶᠢᠭᠤᠯᠤᠯᠭ᠎ᠠ ᠶᠢᠨ ᠤᠯᠠᠨ ᠭᠠᠵᠠᠷ ᠲᠤ ᠦᠨᠳᠦᠰᠦᠲᠡᠨ ᠤ ᠪᠦᠯᠬᠦᠮᠳᠡᠯ ᠤᠨ ᠡᠯᠭᠦᠭᠡ ᠪᠢᠴᠢᠭᠡᠰᠦ ᠪᠣᠯᠣᠨ ᠵᠠᠷᠯᠠᠯ | ᠡᠯᠭᠦᠪᠡ᠃ᠡᠭᠦᠨ ᠤ ᠬᠠᠮᠲᠤ᠂ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ ᠰᠤᠷᠤᠯᠴᠠᠯᠭ᠎ᠠ᠂ ᠭᠠᠷᠠᠭ ᠪᠦᠷᠢ ᠶᠢᠨ ᠭᠤᠷᠪᠠᠨ ᠡᠳᠦᠷ ᠤᠨ ᠰᠤᠷᠤᠯᠴᠠᠯᠭ᠎ᠠ ᠵᠢᠴᠢ | ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ᠵᠡᠷᠭᠡ ᠰᠤᠷᠤᠯᠴᠠᠯᠭ᠎ᠠ ᠶᠢᠨ ᠲᠠᠪᠴᠠᠩ ᠢ ᠠᠰᠢᠭᠯᠠᠵᠤ᠂ | ᠲᠠᠰᠤᠷᠠᠯᠲᠠ ᠦᠭᠡᠢ ᠭᠦᠨᠵᠡᠭᠡᠢ ᠰᠤᠷᠤᠯᠴᠠᠵᠤ᠂ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠠᠭᠤᠯᠭ᠎ᠠ ᠶᠢ ᠤᠯᠠᠮ | ᠨᠢᠭᠡ ᠠᠯᠬᠤᠮ ᠪᠠᠶᠠᠯᠢᠭᠵᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠦᠷ᠎ᠡ ᠪᠦᠲᠦᠭᠡᠯ ᠢ ᠪᠠᠬᠢᠵᠢᠭᠦᠯᠦᠨ | ᠳᠡᠭᠡᠭᠰᠢᠯᠡᠭᠦᠯᠵᠦ᠂ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠲᠠᠷᠢᠬᠢᠨ ᠳᠠᠭᠠᠨ | ᠬᠠᠳᠠᠩᠰᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠡᠭᠦᠳᠦᠨ ᠪᠠᠶᠢᠭᠤᠯᠬᠤ ᠳᠤ | ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ | | |