︽ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ | ᠲᠥᠯᠦᠪᠵᠢᠭᠦᠯᠭᠡ ᠶᠢᠨ ︽ᠬᠡᠨ ᠭᠤᠣᠯᠯᠠᠨ ᠬᠠᠮᠢᠶᠠᠷᠪᠠᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ᠂ ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ︾ ᠵᠠᠷᠴᠢᠮ ᠢ ᠭᠦᠢᠴᠡᠳ ᠨᠠᠶᠢᠳᠠᠪᠤᠷᠢᠵᠢᠭᠤᠯᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ | ᠬᠠᠤᠯᠢ ᠴᠠᠭᠠᠵᠠ ᠶᠢᠨ ᠲᠣᠪᠴᠢᠶ᠎ᠠ ᠨᠡᠶᠢᠲᠡᠯᠢᠭ ᠬᠡᠷᠡᠭ ᠤᠨ ᠵᠢᠱᠢᠶ᠎ᠡ ᠶᠢᠨ ᠰᠡᠷᠡᠮᠵᠢᠯᠡᠭᠦᠯᠬᠦ ᠬᠥᠮᠦᠵᠢᠯ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠬᠡᠯᠪᠡᠷᠢ ᠪᠠᠷ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ | ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ ᠶᠢ ᠠᠯᠬᠤᠮ | ᠪᠦᠷᠢ ᠶᠢᠨ ᠠᠵᠢᠯ ᠳᠤ ᠪᠦᠬᠦ ᠲᠠᠯ᠎ᠠ ᠪᠠᠷ ᠲᠤᠤᠱᠯᠠᠭᠤᠯᠵᠤ᠂ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ ᠪᠠᠷ | ᠳᠠᠮᠵᠢᠭᠤᠯᠵᠤ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠬᠠᠤᠯᠢ ᠪᠠᠷ ᠵᠠᠰᠠᠬᠤ ᠬᠦᠴᠦᠨ ᠢ | ᠤᠯᠠᠮᠵᠢᠯᠠᠵᠤ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ | ᠬᠥᠮᠥᠰ ᠢᠶᠠᠨ ᠬᠥᠮᠥᠵᠢᠭᠦᠯᠪᠡ᠃ | ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠵᠤ᠂ ᠬᠠᠤᠯᠢ ᠴᠠᠭᠠᠵᠠ ᠶᠢ ᠪᠦᠬᠦ ᠲᠠᠯ᠎ᠠ ᠪᠠᠷ | ᠲᠦᠭᠡᠮᠡᠯᠵᠢᠭᠦᠯᠬᠦ ᠶᠢ ᠠᠬᠢᠭᠤᠯᠪᠠ᠃︽ᠬᠠᠤᠯᠢ ᠴᠠᠭᠠᠵᠠ ᠶᠢ ᠲᠤᠯᠤᠭ᠎ᠠ ᠪᠠᠷ ᠣᠷᠣᠭᠤᠯᠬᠤ︾ ᠪᠠᠷ ᠠᠴᠢᠶᠠᠯᠠᠪᠤᠷᠢ | ᠪᠣᠯᠭᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ᠂ | ᠬᠠᠤᠯᠢ ᠴᠠᠭᠠᠵᠠ ᠶᠢᠨ ᠦᠢᠯᠡᠴᠢᠯᠡᠭᠴᠢ ᠶᠢ ᠵᠣᠬᠢᠶᠠᠨ ᠪᠠᠶᠢᠭᠤᠯᠵᠤ ᠬᠠᠤᠯᠢ ᠪᠠᠷ ᠵᠠᠰᠠᠬᠤ ᠲᠠᠶᠢᠯᠤᠮᠵᠢ᠂ ᠬᠠᠤᠯᠢ ᠪᠠᠷ | ᠵᠠᠰᠠᠬᠤ ᠬᠢᠴᠢᠶᠡᠯ ᠤᠨ ᠲᠠᠩᠬᠢᠮ ᠡᠷᠬᠢᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ ᠬᠠᠤᠯᠢ ᠶᠢ ᠪᠦᠬᠦ ᠲᠠᠯ᠎ᠠ ᠪᠠᠷ | ᠲᠦᠭᠡᠮᠡᠯᠵᠢᠭᠦᠯᠬᠦ ᠶᠢ ᠲᠦᠯᠬᠢᠨ ᠠᠬᠢᠭᠤᠯᠤᠨ᠎ᠠ᠃ᠬᠤᠶᠠᠳᠤᠭᠠᠷ ᠳᠡᠰ ᠤᠨ ᠰᠡᠳᠬᠢᠴᠡ ᠶᠢᠨ ᠵᠥᠪᠯᠡᠯᠭᠡ ᠥᠭᠭᠦᠭᠴᠢ ᠦ᠋ | ᠢᠦᠢ ᠷᠦᠩ ᠪᠠᠭᠰᠢ ᠵᠠᠯᠠᠭᠤᠴᠤᠳ ᠪᠠᠭᠠᠴᠤᠳ ᠤᠨ ᠬᠠᠤᠯᠢ ᠶᠢ ᠵᠥᠷᠢᠴᠡᠵᠦ ᠶᠠᠯ᠎ᠠ ᠬᠢᠭᠰᠡᠨ ᠬᠡᠷᠡᠭ ᠤᠨ ᠵᠢᠱᠢᠶ᠎ᠡ ᠪᠠᠷ | ᠪᠥᠬᠦ ᠣᠷᠣᠨ ᠤ ᠣᠯᠠᠨ ᠰᠤᠷᠭᠠᠭᠤᠯᠢ ᠳᠤ ︽ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾ ᠠᠵᠢᠯᠯᠠᠭ᠎ᠠ ᠥᠷᠨᠢᠭᠦᠯᠵᠦ᠂ | ᠡᠶᠢᠮᠦᠷᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠰᠤᠷᠤᠭᠴᠢᠳ ᠢ ᠬᠡᠷᠡᠭ ᠤᠨ ᠦᠶᠯᠡ ᠪᠠᠶᠢᠳᠠᠯ ᠳᠤ ᠳᠠᠭᠠᠭᠤᠯᠤᠨ | ᠣᠷᠣᠭᠤᠯᠵᠤ᠂ ᠵᠠᠯᠠᠭᠤᠴᠤᠳ ᠪᠠᠭᠠᠴᠤᠳ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠶᠢ | ᠥᠯᠥ ᠮᠡᠳᠡᠭᠳᠡᠮ᠎ᠡ ᠬᠥᠲᠥᠯᠥᠨ ᠵᠢᠯᠣᠭᠤᠳᠪᠠ︔ᠬᠠᠤᠯᠢ ᠴᠠᠭᠠᠵᠠ ᠶᠢᠨ ᠲᠤᠰᠠᠯᠠᠮᠵᠢ ᠶᠢᠨ ᠦᠯᠢᠭᠡᠷ ᠢ ᠴᠦ ᠤᠯᠠᠨ | ᠤᠳᠠᠭ᠎ᠠ ᠶᠢᠨ ᠬᠠᠤᠯᠢ ᠴᠠᠭᠠᠵᠠ ᠶᠢ ᠪᠠᠷᠢᠯᠭ᠎ᠠ ᠶᠢᠨ ᠭᠠᠵᠠᠷ ᠲᠤ ᠬᠦᠷᠭᠡᠬᠦ ᠠᠵᠢᠯᠯᠠᠭ᠎ᠠ ᠶᠢᠨ ᠳᠤᠮᠳᠠ ᠬᠥᠯᠥᠰᠦᠨ | ᠠᠵᠢᠯᠴᠢᠨ ᠳᠤ ᠬᠤᠪᠢᠶᠠᠨ ᠡᠳ᠋ᠯᠡᠭᠦᠯᠵᠦ᠂ ᠬᠥᠯᠥᠰᠦᠨ ᠠᠵᠢᠯᠴᠢᠨ ᠳᠤ ᠡᠷᠬᠡ ᠪᠠᠨ ᠬᠠᠮᠠᠭᠠᠯᠠᠬᠤ ᠠᠷᠭ᠎ᠠ ᠵᠠᠮ ᠢ | ᠰᠢᠭᠤᠳ ᠲᠣᠳᠣᠷᠬᠠᠢ ᠣᠶᠢᠯᠠᠭᠠᠭᠤᠯᠪᠠ︔ᠬᠥᠳᠡᠭᠡ ᠲᠣᠰᠬᠤᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠳᠤᠮᠳᠠ᠂ ᠨᠠᠩ ᠴᠤ ᠬᠡᠷᠡᠭ ᠢᠶᠠᠷ ᠬᠠᠤᠯᠢ ᠶᠢ | ᠲᠠᠶᠢᠯᠪᠤᠷᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ | ᠣᠷᠤᠭ ᠬᠤᠷᠢᠮ᠂ ᠠᠷᠠᠳ ᠤᠨ ᠬᠤᠭᠤᠷᠣᠨᠳᠣᠬᠢ ᠵᠢᠭᠡᠯᠡᠯᠭᠡ᠂ ᠭᠡᠷ᠎ᠡ᠂ ᠥᠪ ᠵᠠᠯᠭᠠᠮᠵᠢᠯᠠᠯᠲᠠ ᠵᠡᠷᠭᠡ ᠲᠠᠯ᠎ᠠ ᠳᠤ | ᠨᠢᠭᠲᠠ ᠵᠣᠬᠢᠴᠠᠭᠤᠯᠤᠨ ᠠᠮᠢᠳᠤᠯᠢᠭ ᠲᠠᠶᠢᠯᠤᠮᠵᠢ ᠬᠢᠵᠦ᠂ ᠠᠷᠠᠳ ᠣᠯᠠᠨ ᠳᠤ ᠬᠠᠤᠯᠢ ᠴᠠᠭᠠᠵᠠ ᠶᠢ ︽ᠰᠤᠷᠴᠤ | ᠣᠶᠢᠯᠠᠭᠠᠬᠤ︾ ᠴᠢᠳᠠᠪᠤᠷᠢ ᠲᠠᠢ ᠪᠣᠯᠭᠠᠵᠠᠢ᠃ᠡᠨᠡ ᠵᠢᠯ ᠠᠴᠠ ᠨᠠᠰᠢ᠂ ᠤᠷᠢᠳ ᠬᠤᠵᠢᠳ ᠲᠡᠮᠦᠷ ᠵᠠᠮ ᠤᠨ | ᠲᠤᠷᠰᠢᠯᠲᠠ ᠶᠢᠨ ᠪᠠᠭ᠎ᠠ ᠰᠤᠷᠭᠠᠭᠤᠯᠢ᠂ ᠰᠢᠨ ᠯᠦᠩ ᠲᠠᠯᠠᠪᠠᠶ᠂ ᠸᠠᠩ ᠳ᠋ᠠ ᠬᠠᠨ ᠲᠣᠰᠬᠤᠨ᠂ ᠬᠥᠩᠭᠡᠨ ᠴᠠᠭᠠᠨ ᠤ | ᠦᠢᠯᠡᠰ ᠤᠨ ᠬᠦᠷᠢᠶᠡᠯᠡᠩ ᠲᠣᠭᠤᠷᠢᠭ ᠵᠡᠷᠭᠡ ᠳᠤ ︽ᠬᠡᠷᠡᠭ ᠢᠶᠠᠷ ᠬᠠᠤᠯᠢ ᠲᠠᠶᠢᠯᠪᠤᠷᠢᠯᠠᠬᠤ︾ ᠰᠢᠷᠢᠰ | ᠤᠬᠠᠭᠤᠯᠭ᠎ᠠ ᠶᠢᠨ ᠠᠵᠢᠯᠯᠠᠭ᠎ᠠ ᠶᠢ 160 ᠭᠠᠷᠤᠢ ᠤᠳᠠᠭ᠎ᠠ ᠥᠷᠨᠢᠭᠦᠯᠪᠡ᠃ ᠠᠵᠢᠯᠯᠠᠭ᠎ᠠ ᠨᠢ ᠴᠥᠮ ᠨᠡᠶᠢᠲᠡᠯᠢᠭ | ᠴᠢᠨᠠᠷᠲᠠᠢ ᠪᠥᠭᠡᠳ ᠵᠢᠯᠤᠭᠤᠳᠬᠤ ᠠᠴᠢ ᠬᠤᠯᠪᠣᠭᠳᠠᠯ ᠲᠠᠢ ᠬᠡᠷᠡᠭ ᠤᠨ ᠵᠢᠱᠢᠶ᠎ᠡ ᠶᠢ ᠰᠣᠩᠭᠤᠵᠤ᠂ ᠬᠠᠤᠯᠢ | ᠴᠠᠭᠠᠵᠠ ᠶᠢ ᠲᠦᠭᠡᠮᠡᠯᠵᠢᠭᠦᠯᠬᠦ ᠡᠯ᠎ᠡ ᠲᠦᠷᠦᠯ ᠤᠨ ᠡᠲᠡᠭᠡᠳ ᠲᠤ ᠤᠬᠠᠭᠤᠯᠤᠨ ᠲᠠᠶᠢᠯᠪᠤᠷᠢᠯᠠᠵᠤ᠂ ᠬᠡᠷᠡᠭ ᠢᠶᠠᠷ ᠬᠠᠤᠯᠢ | ᠴᠠᠭᠠᠵᠠ ᠶᠢ ᠲᠠᠶᠢᠯᠪᠤᠷᠢᠯᠠᠬᠤ ᠶᠢ ᠥᠷᠨᠢᠭᠦᠯᠵᠦ᠂ ᠬᠠᠤᠯᠢ ᠪᠠᠷ ᠬᠡᠷᠡᠭ ᠶᠠᠪᠤᠳᠠᠯ ᠢ ᠥᠭᠦᠯᠡᠬᠦ᠂ ᠬᠡᠷᠡᠭ ᠶᠠᠪᠤᠳᠠᠯ ᠢᠶᠠᠷ | ᠶᠣᠰᠣ ᠤᠴᠢᠷ ᠢ ᠮᠡᠳᠡᠭᠦᠯᠬᠦ᠂ ᠬᠠᠤᠯᠢ ᠴᠠᠭᠠᠵᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠤᠬᠠᠭᠤᠯᠤᠨ | ᠲᠠᠶᠢᠯᠪᠤᠷᠢᠯᠠᠬᠤ ᠶᠢ ᠪᠡᠶᠡᠯᠡᠭᠦᠯᠵᠦ᠂ ᠤᠯᠠᠨ ᠲᠦᠮᠡᠨ ᠳᠤ ᠪᠠᠴᠢᠮ ᠬᠡᠷᠡᠭᠴᠡᠭᠡ ᠲᠠᠢ ᠬᠠᠤᠯᠢ ᠴᠠᠭᠠᠵᠠ ᠶᠢᠨ | ᠰᠢᠢᠳᠪᠦᠷᠢᠯᠡᠬᠦ ᠲᠥᠰᠥᠯ ᠢ ᠬᠠᠩᠭᠠᠵᠤ᠂ ᠲᠤᠬᠠᠢ ᠶᠢᠨ ᠬᠥᠮᠥᠨ ᠢ ᠬᠠᠪᠰᠤᠷᠤᠨ ᠬᠠᠤᠯᠢ ᠴᠠᠭᠠᠵᠠ ᠶᠢᠨ ᠠᠶᠤᠯ | ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠵᠦ᠂ ︽ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ︾ | ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠦᠨᠡᠨ ᠬᠦ ᠴᠢᠩᠭᠠᠳᠬᠠᠪᠠ᠃ | ᠬᠡᠷᠡᠭ ᠢᠶᠠᠷ ᠬᠠᠤᠯᠢ ᠶᠢ ᠲᠠᠶᠢᠯᠪᠤᠷᠢᠯᠠᠨ ᠬᠠᠤᠯᠢ ᠪᠠᠷ ᠵᠠᠰᠠᠬᠤ ᠦᠯᠢᠭᠡᠷ ᠢ ᠤᠯᠠᠮᠵᠢᠯᠠᠪᠠ᠃ᠰᠦᠯᠵᠢᠶᠡᠨ | ᠳᠡᠭᠡᠷᠡᠬᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠠᠪᠴᠠᠩ ᠥᠷᠭᠡᠨ ᠢᠶᠠᠷ ᠬᠡᠷᠡᠭᠯᠡᠭᠳᠡᠬᠦ ᠶᠢ | ᠳᠠᠭᠠᠯᠳᠤᠨ᠂ ᠡᠨᠡ ᠰᠠᠭᠤᠷᠢᠨ ᠳᠡᠭᠡᠷ᠎ᠡ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠤᠨ ᠪᠣᠳᠠᠲᠤ ᠦᠷ᠎ᠡ | ᠪᠦᠲᠦᠮᠵᠢ ᠶᠢ ᠴᠢᠩᠭᠠᠳᠬᠠᠬᠤ ᠶᠢᠨ ᠲᠥᠯᠥᠭᠡ᠂ ︽ᠳ᠋ᠦᠩ ᠾᠧ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ︾ ᠸᠢᠴᠠᠲ ᠤᠨ ᠬᠠᠷᠠᠭᠠᠨ ᠳᠠᠪᠲᠠᠮᠵᠢ ᠶᠢᠨ ᠨᠣᠮᠧᠷ᠂ ᠳᠠᠭᠤ ᠴᠡᠴᠡᠷᠡᠭᠦᠯᠬᠦ ᠨᠣᠮᠧᠷ ᠵᠡᠷᠭᠡ ᠡᠯ᠎ᠡ | ᠲᠠᠪᠴᠠᠩ ᠳᠤ ︽ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ︾ ᠲᠤᠰᠬᠠᠢ ᠪᠤᠯᠤᠩ ᠭᠠᠷᠭᠠᠵᠤ᠂ ᠣᠯᠠᠨ | ᠲᠦᠮᠡᠨ ᠤ ᠠᠮᠢᠳᠤᠷᠠᠯ ᠳᠤ ᠪᠠᠶᠢᠩᠭᠤ ᠲᠣᠬᠢᠶᠠᠯᠳᠤᠳᠠᠭ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠯᠢᠨ | ᠰᠣᠩᠭᠤᠵᠤ᠂ ︽ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾ ᠬᠠᠤᠯᠢ ᠪᠠᠷ ᠵᠠᠰᠠᠬᠤ ᠰᠢᠷᠢᠰ ᠵᠢᠵᠢᠭ ᠦᠯᠢᠭᠡᠷ ᠢ | ᠰᠡᠭᠦᠳᠡᠷᠯᠡᠨ ᠦᠢᠯᠡᠳᠴᠦ᠂ ᠣᠳᠣᠬᠠᠨ ᠳᠤ ᠨᠢᠭᠡᠨᠲᠡ ︽ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾ ᠭᠤᠷᠪᠠᠨ | ᠲᠤᠰᠬᠠᠢ ᠰᠡᠳᠦᠪᠲᠦ ᠸᠢᠳᠢᠤ᠋ ᠶᠢ ᠰᠡᠭᠦᠳᠡᠷᠯᠡᠵᠡᠢ᠂ ᠡᠨᠡ ᠨᠢ ᠲᠣᠰ ᠲᠣᠰ ︽ᠠᠳᠠᠯ ᠠᠬᠤᠢ ᠶᠢᠨ ᠮᠡᠳᠡᠯᠭᠡ ᠶᠢᠨ | ᠲᠠᠶᠢᠯᠪᠤᠷᠢᠯᠠᠯᠲᠠ︾᠂ ︽ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ︾᠂ ︽ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ︾ ᠪᠣᠯᠣᠨ᠎ᠠ᠂ ᠡᠶᠢᠮᠦᠷᠬᠦ ᠣᠯᠠᠨ ᠲᠦᠮᠡᠨ ᠤ ︽ᠳᠤᠷ᠎ᠠ ᠰᠣᠨᠢᠷᠬᠠᠯ︾᠂ ︽ᠦᠵᠡᠵᠦ | ᠣᠶᠢᠯᠠᠭᠠᠬᠤ︾ ᠬᠡᠯᠪᠡᠷᠢ ᠪᠠᠷ ᠬᠠᠤᠯᠢ ᠶᠢ ᠲᠠᠶᠢᠯᠪᠤᠷᠢᠯᠠᠨ ᠶᠣᠰᠣ ᠤᠴᠢᠷ ᠢ ᠵᠠᠳᠠᠯᠵᠤ᠂ ᠨᠡᠶᠢᠭᠡᠮ ᠨᠡᠶᠢᠲᠡ ᠳᠤ ᠬᠠᠤᠯᠢ | ᠴᠠᠭᠠᠵᠠ ᠬᠠᠤᠯᠢ ᠲᠣᠭᠲᠠᠭᠠᠯ ᠢ ᠨᠠᠩ ᠰᠠᠶᠢᠨ ᠣᠶᠢᠯᠠᠭᠠᠨ ᠡᠵᠡᠮᠰᠢᠭᠦᠯᠵᠦ᠂ ᠥᠷᠭᠡᠨ ᠣᠯᠠᠨ ᠲᠦᠮᠡᠨ ᠤ ᠬᠠᠤᠯᠢ ᠪᠠᠷ | ᠵᠠᠰᠠᠬᠤ ᠤᠬᠠᠮᠰᠠᠷ ᠪᠠ ᠬᠠᠤᠯᠢ ᠶᠣᠰᠣᠭᠠᠷ ᠠᠵᠢᠯᠯᠠᠬᠤ ᠤᠬᠠᠮᠰᠠᠷᠲᠤ ᠴᠢᠨᠠᠷ ᠢ ᠳᠡᠭᠡᠭᠰᠢᠯᠡᠭᠦᠯᠬᠦ ᠪᠣᠯᠣᠨ᠎ᠠ᠃ | ᠰᠡᠭᠦᠯᠴᠢ ᠶᠢᠨ ᠬᠤᠭᠤᠴᠠᠭᠠᠨ ᠳᠤ ᠤᠯᠠᠨ ᠲᠦᠮᠡᠨ ᠤ ᠵᠢᠩᠬᠢᠨᠢ ᠳᠤᠷ᠎ᠠ ᠰᠣᠨᠢᠷᠬᠠᠯ ᠲᠠᠢ ᠲᠤᠰᠬᠠᠢ ᠰᠡᠳᠦᠪ ᠢ | ᠰᠣᠩᠭᠤᠵᠤ᠂ ᠤᠳᠤ ᠶᠢᠨ ᠲᠤᠷᠰᠢᠯᠭ᠎ᠠ ᠶᠢ ᠦᠨᠳᠦᠰᠦᠯᠡᠨ︽ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠸᠢᠳᠢᠤ᠋ ᠶᠢ ᠰᠠᠶᠢᠲᠤᠷ ᠲᠥᠯᠥᠪᠵᠢᠭᠦᠯᠵᠦ᠂ ᠬᠠᠤᠯᠢᠵᠢᠯ ᠤᠨ | ᠦᠯᠢᠭᠡᠷ ᠢ ᠦᠷᠭᠦᠯᠵᠢᠯᠡᠨ ᠰᠠᠶᠢᠲᠤᠷ ᠶᠠᠷᠢᠵᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠪᠦᠷᠬᠦᠴᠡ ᠶᠢᠨ | ᠬᠡᠪᠴᠢᠶ᠎ᠡ ᠪᠠ ᠨᠥᠯᠥᠭᠡᠯᠡᠬᠦ ᠬᠦᠴᠦᠨ ᠢ ᠥᠷᠭᠡᠳᠬᠡᠨ᠎ᠡ᠃ | ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠬᠠᠤᠯᠢ ᠶᠣᠰᠣᠭᠠᠷ ᠵᠠᠰᠠᠬᠤ ᠳᠤ ᠲᠤᠰᠠᠯᠠᠪᠠ᠃ᠣᠶᠢᠷ᠎ᠠ ᠶᠢᠨ ᠵᠢᠯ ᠤᠨ | ᠲᠤᠷᠰᠢᠬᠢ ᠠᠵᠢᠯ ᠤᠨ ᠦᠢᠯᠡᠳᠦᠯᠭᠡ ᠶᠢᠨ ᠳᠤᠮᠳᠠᠬᠢ 49 ᠨᠡᠶᠢᠲᠡᠯᠢᠭ ᠬᠡᠷᠡᠭ ᠤᠨ ᠵᠢᠱᠢᠶ᠎ᠡ ᠶᠢ ᠨᠠᠷᠢᠨ ᠰᠣᠩᠭᠤᠵᠤ | ᠳ᠋ᠦᠩᠨᠡᠨ ᠪᠣᠯᠪᠠᠰᠤᠷᠠᠭᠤᠯᠵᠤ ︽ᠬᠡᠷᠡᠭ ᠢᠶᠠᠷ ᠬᠠᠤᠯᠢ ᠶᠢᠨ ᠲᠥᠰᠥᠯ ᠢ ᠲᠠᠶᠢᠯᠪᠤᠷᠢᠯᠠᠬᠤ ᠵᠢᠱᠢᠶ᠎ᠡ ᠶᠢᠨ ᠭᠠᠷ ᠳᠡᠪᠲᠡᠷ | ︵2022 ᠣᠨ︶ ᠢ ᠨᠠᠶᠢᠷᠠᠭᠤᠯᠤᠨ ᠬᠡᠪᠯᠡᠭᠦᠯᠪᠡ᠂ ᠭᠠᠷ ᠳᠡᠪᠲᠡᠷ ᠢ ︽ᠠᠷᠠᠳ ᠤᠨ ᠡᠶᠡᠳᠡᠭᠦᠯᠭᠡ ᠶᠢᠨ ᠠᠩᠭᠢ︾᠂ | ︽ᠵᠠᠰᠠᠭ ᠵᠠᠬᠢᠷᠭᠠᠨ ᠢᠶᠠᠷ ᠲᠠᠬᠢᠨ ᠵᠥᠪᠯᠡᠬᠦ᠂ ᠵᠠᠷᠭᠤ ᠬᠦᠯᠢᠶᠡᠬᠦ ᠠᠩᠭᠢ︾ᠪᠠ ︽ᠨᠡᠶᠢᠭᠡᠮ ᠲᠣᠭᠤᠷᠢᠭ ᠤᠨ | ᠵᠠᠯᠠᠷᠠᠭᠤᠯᠭ᠎ᠠ ᠶᠢᠨ ᠠᠩᠭᠢ︾ ᠭᠡᠵᠦ ᠭᠤᠷᠪᠠᠨ ᠳᠡᠪᠲᠡᠷ ᠬᠤᠪᠢᠶᠠᠪᠠ᠂ ᠭᠤᠷᠪᠠᠨ ᠳᠡᠪᠲᠡᠷ ᠭᠠᠷ ᠳᠡᠪᠲᠡᠷ ᠨᠢ ᠬᠡᠷᠡᠭ ᠤᠨ | ᠵᠢᠱᠢᠶ᠎ᠡ ᠶᠢᠨ ᠰᠤᠳᠠᠰᠤ ᠶᠢ ᠡᠮᠬᠢᠯᠡᠬᠦ᠂ ᠬᠡᠷᠡᠭ ᠢ ᠦᠨᠡᠯᠡᠨ ᠵᠠᠳᠠᠯᠬᠤ ᠶᠢ ᠲᠤᠪᠤᠶᠢᠯᠭᠠᠬᠤ᠂ ᠬᠠᠤᠯᠢ ᠴᠠᠭᠠᠵᠠ ᠶᠢᠨ ᠡᠷᠬᠡ | ᠬᠠᠷᠢᠭᠤᠴᠠᠯᠭ᠎ᠠ ᠶᠢ ᠲᠣᠳᠣᠷᠬᠠᠶᠢᠯᠠᠬᠤ ᠪᠠᠷ ᠲᠠᠮᠵᠢᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠡᠢ᠃︽ | ᠲᠥᠰᠥᠯ ᠢᠶᠠᠷ ᠬᠠᠤᠯᠢ ᠶᠢᠨ ᠲᠥᠰᠥᠯ ᠢ ᠲᠠᠶᠢᠯᠪᠤᠷᠢᠯᠠᠬᠤ ᠵᠢᠱᠢᠶ᠎ᠡ ᠶᠢᠨ ᠭᠠᠷ ᠳᠡᠪᠲᠡᠷ ︵2022 ᠣᠨ︶︾ ᠨᠢ | ᠨᠡᠯᠢᠶᠡᠳ ᠴᠢᠩᠭ᠎ᠠ ᠬᠠᠨᠳᠤᠯᠭᠠᠲᠤ ᠴᠢᠨᠠᠷ ᠪᠠ ᠵᠢᠯᠤᠭᠤᠳᠬᠤ ᠴᠢᠨᠠᠷ ᠲᠠᠢ ᠪᠠᠶᠢᠵᠤ᠂ ᠬᠡᠷᠡᠭ ᠤᠨ ᠵᠢᠱᠢᠶ᠎ᠡ ᠶᠢᠨ ︽ | ᠨᠢᠭᠡ ᠬᠡᠷᠡᠭ ᠢ ᠵᠠᠯᠠᠷᠠᠭᠤᠯᠵᠤ᠂ ᠨᠢᠭᠡ ᠬᠡᠰᠡᠭ ᠢ ᠵᠢᠷᠤᠮᠵᠢᠭᠤᠯᠬᠤ︾ ᠥᠪᠡᠷᠮᠢᠴᠡ ᠦᠢᠯᠡᠳᠦᠯ ᠢ ᠪᠠᠳᠠᠷᠠᠭᠤᠯᠵᠤ᠂ | ᠬᠡᠷᠡᠭ ᠤᠨ ᠵᠢᠱᠢᠶ᠎ᠡ ᠶᠢᠨ ᠭᠠᠷ ᠳᠡᠪᠲᠡᠷ ᠢ ᠨᠠᠶᠢᠷᠠᠭᠤᠯᠤᠨ ᠳᠠᠷᠤᠮᠠᠯᠯᠠᠭᠰᠠᠨ ᠤ ᠳᠠᠷᠠᠭ᠎ᠠ᠂ ᠭᠤᠷᠪᠠᠨ ᠳᠡᠪᠲᠡᠷ ᠭᠠᠷ | ᠳᠡᠪᠲᠡᠷ ᠢ ᠴᠥᠮ ᠬᠠᠷᠠᠭᠠᠯᠵᠠᠭᠰᠠᠨ ᠠᠵᠢᠯ ᠢ ᠡᠷᠭᠢᠯᠡᠵᠦ ᠪᠠᠶᠢᠭ᠎ᠠ ᠪᠡᠶᠡᠴᠢ ᠴᠣᠭᠴᠠ ᠶᠢᠨ ᠭᠠᠷ ᠲᠤ ᠲᠠᠷᠬᠠᠭᠠᠵᠤ᠂ | ᠪᠥᠬᠦ ᠣᠷᠣᠨ ᠤ ᠠᠷᠠᠳ ᠤᠨ ᠡᠶᠡᠳᠡᠭᠦᠯᠦᠭᠴᠢ ᠬᠥᠮᠥᠨ ᠪᠦᠷᠢ ᠨᠢᠭᠡ ᠳᠡᠪᠲᠡᠷ ᠠᠷᠠᠳ ᠤᠨ ᠡᠶᠡᠳᠡᠭᠦᠯᠭᠡ ᠶᠢᠨ ᠭᠠᠷ | ᠳᠡᠪᠲᠡᠷ ᠲᠠᠷᠬᠠᠭᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠷᠭᠤ ᠬᠦᠯᠢᠶᠡᠬᠦ ᠭᠠᠷ ᠳᠡᠪᠲᠡᠷ ᠢ ᠴᠦ ᠪᠥᠬᠦ | ᠣᠷᠣᠨ ᠤ ᠰᠠᠯᠠᠭᠠᠨ ᠤ ᠲᠠᠰ ᠤᠨ ᠺᠠᠳ᠋ᠷᠴᠤᠳ ᠤᠨ ᠭᠠᠷ ᠲᠤ ᠬᠦᠷᠭᠡᠵᠦ᠂ ᠨᠡᠶᠢᠭᠡᠮ ᠲᠣᠭᠤᠷᠢᠭ ᠤᠨ | ᠵᠠᠯᠠᠷᠠᠭᠤᠯᠭ᠎ᠠ ᠶᠢᠨ ᠭᠠᠷ ᠳᠡᠪᠲᠡᠷ ᠢ ᠴᠦ ᠬᠠᠤᠯᠢ ᠴᠠᠭᠠᠵᠠ ᠶᠢᠨ ᠭᠠᠵᠠᠷ ᠢᠶᠠᠷ ᠳᠠᠮᠵᠢᠭᠤᠯᠤᠨ ᠵᠠᠯᠠᠷᠠᠭᠤᠯᠭ᠎ᠠ ᠶᠢᠨ | ᠠᠵᠢᠯ ᠳᠤ ᠪᠠᠶᠢᠭ᠎ᠠ ᠪᠣᠶ ᠪᠦᠬᠦᠢ ᠬᠥᠮᠥᠰ ᠲᠤ ᠲᠠᠷᠬᠠᠭᠠᠨ ᠥᠭᠴᠡᠢ᠃︽ᠬᠡᠷᠡᠭ ᠢᠶᠠᠷ ᠬᠠᠤᠯᠢ ᠶᠢᠨ ᠲᠥᠰᠥᠯ ᠢ | ᠲᠠᠶᠢᠯᠪᠤᠷᠢᠯᠠᠬᠤ ᠵᠢᠱᠢᠶ᠎ᠡ ᠶᠢᠨ ᠭᠠᠷ ᠳᠡᠪᠲᠡᠷ ︵2022 ᠣᠨ︶ ᠢ ᠨᠠᠶᠢᠷᠠᠭᠤᠯᠤᠨ ᠬᠡᠪᠯᠡᠭᠰᠡᠨ ᠨᠢ ᠠᠵᠢᠯ ᠤᠨ | ᠦᠷ᠎ᠡ ᠪᠦᠲᠦᠭᠡᠯ ᠤᠨ ᠦᠵᠡᠭᠦᠯᠦᠯᠭᠡ ᠪᠣᠯᠬᠤ ᠮᠥᠷᠲᠡᠭᠡᠨ ᠪᠠᠰᠠ ᠬᠥᠲᠥᠯᠥᠨ ᠵᠢᠯᠤᠭᠤᠳᠬᠤ ᠠᠷᠭ᠎ᠠ ᠪᠠᠷᠢᠯ᠂ ᠬᠠᠤᠯᠢ | ᠲᠠᠶᠢᠯᠪᠤᠷᠢᠯᠠᠬᠤ ᠠᠷᠭ᠎ᠠ ᠮᠠᠶ᠋ᠢᠭ ᠤᠨ ᠳᠡᠭᠡᠭᠰᠢᠯᠡᠯᠲᠡ ᠪᠣᠯᠣᠨ᠎ᠠ᠂ ᠠᠳᠠᠯᠢ ᠪᠤᠰᠤ ᠬᠦᠷᠢᠶᠡᠨ ᠳᠠᠬᠢ ᠨᠡᠶᠢᠲᠡᠯᠢᠭ | ᠬᠡᠷᠡᠭ ᠢᠶᠠᠷ ᠬᠡᠪ ᠵᠠᠭᠪᠤᠷ ᠪᠣᠯᠭᠠᠵᠤ᠂ ᠬᠠᠤᠯᠢ ᠲᠦᠭᠡᠮᠡᠯᠵᠢᠭᠦᠯᠬᠦ ᠵᠣᠷᠢᠯᠭ᠎ᠠ ᠪᠠᠷ ᠠᠷᠠᠳ ᠣᠯᠠᠨ ᠤ ᠠᠮᠢᠳᠤᠷᠠᠯ ᠤᠨ | ᠳᠤᠮᠳᠠ ᠡᠯ᠎ᠡ ᠲᠥᠷᠥᠯ ᠤᠨ ᠵᠢᠭᠤᠷᠠᠯᠳᠤᠭᠠᠨ ᠳᠤ ᠲᠤᠯᠭᠠᠷᠠᠬᠤ ᠳᠤ ᠵᠠᠷᠭᠤ ᠶᠢᠨ ᠪᠤᠰᠤ ᠰᠢᠢᠳᠪᠦᠷᠢᠯᠡᠬᠦ ᠠᠷᠭ᠎ᠠ | ᠵᠠᠮ ᠤᠨ ᠵᠢᠯᠣᠭᠤᠳᠤᠯᠭ᠎ᠠ ᠬᠠᠩᠭᠠᠬᠤ ᠪᠠᠷ ᠪᠠᠷᠠᠬᠤ ᠦᠭᠡᠢ᠂ ᠪᠠᠰᠠ ᠪᠥᠬᠦ ᠣᠷᠣᠨ ᠤ ᠬᠠᠤᠯᠢ ᠶᠣᠰᠣᠭᠠᠷ ᠵᠠᠰᠠᠬᠤ | ᠠᠵᠢᠯ ᠳᠤ ᠪᠣᠳᠠᠲᠠᠢ ᠯᠠᠪᠯᠠᠯᠲᠠ ᠬᠠᠩᠭᠠᠨ᠎ᠠ᠃ | ᠣᠶᠢᠷ᠎ᠠ ᠶᠢᠨ ᠵᠢᠯ ᠳᠤ᠂ ᠳ᠋ᠦᠩ ᠾᠧ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠵᠢᠯ ᠤᠨ | ᠳᠤᠮᠳᠠ ᠪᠠᠨ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ ᠠᠵᠢᠯ ᠤᠨ ᠰᠢᠨ᠎ᠡ ᠶᠢ ᠲᠠᠰᠤᠷᠠᠯᠲᠠ ᠦᠭᠡᠢ | ᠡᠭᠦᠳᠴᠦ᠂ ᠳᠡᠷᠭᠡᠳᠡ ᠨᠢ ᠡᠭᠦᠰᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠠᠮᠢᠳᠤᠯᠢᠭ ᠬᠠᠤᠯᠢ ᠪᠠᠷ ᠵᠠᠰᠠᠬᠤ | ᠵᠢᠭᠠᠬᠤ ᠮᠠᠲ᠋ᠧᠷᠢᠶᠠᠯ ᠪᠣᠯᠭᠠᠨ ᠳᠡᠯᠭᠡᠷᠡᠭᠦᠯᠵᠦ᠂ ᠠᠮᠢᠳᠤᠯᠢᠭ ᠬᠡᠷᠡᠭ ᠤᠨ ᠵᠢᠱᠢᠶ᠎ᠡ ᠪᠠᠷ ᠤᠯᠠᠨ ᠲᠦᠮᠡᠨ ᠳᠤ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠮᠤᠭ ᠤᠨ ᠰᠢᠭᠤᠳ ᠬᠥᠮᠦᠵᠢᠯ ᠬᠢᠵᠦ᠂ ᠠᠳᠠᠯᠢ ᠪᠤᠰᠤ | ᠬᠡᠷᠡᠭ ᠢ ᠦᠨᠳᠦᠰᠦᠯᠡᠨ᠂ ᠠᠳᠠᠯᠢ ᠪᠤᠰᠤ ᠬᠠᠮᠲᠤᠯᠢᠭ ᠲᠤ ᠴᠢᠭᠯᠡᠭᠦᠯᠦᠨ᠂ ᠨᠠᠢᠮᠠᠳᠤᠭᠠᠷ ᠲᠠᠪᠤᠨ ᠵᠢᠯ ᠤᠨ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠦᠪᠵᠢᠭᠦᠯᠭᠡ ᠶᠢᠨ ᠶᠣᠰᠣᠭᠠᠷ ᠬᠠᠤᠯᠢ ᠪᠠᠷ ᠵᠠᠰᠠᠬᠤ | ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠵᠦ᠂ ᠨᠡᠶᠢᠭᠡᠮ ᠨᠡᠶᠢᠲᠡ ᠳᠤ ᠬᠠᠤᠯᠢ ᠴᠠᠭᠠᠵᠠ ᠬᠠᠤᠯᠢ ᠲᠣᠭᠲᠠᠭᠠᠯ ᠢ | ᠨᠡᠩ ᠰᠠᠶᠢᠨ ᠣᠶᠢᠯᠠᠭᠠᠭᠤᠯᠤᠨ ᠡᠵᠡᠮᠰᠢᠭᠦᠯᠵᠦ᠂ ᠥᠷᠭᠡᠨ ᠤᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠪᠠ | ᠬᠠᠤᠯᠢ ᠶᠣᠰᠣᠭᠠᠷ ᠠᠵᠢᠯᠯᠠᠬᠤ ᠤᠬᠠᠮᠰᠠᠷᠲᠤ ᠴᠢᠨᠠᠷ ᠢ ᠳᠡᠭᠡᠭᠰᠢᠯᠡᠭᠦᠯᠦᠨ᠎ᠡ᠃ | | |