ᠳ᠋ᠦᠩ ᠾᠧ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾ ᠶᠢᠨ ᠠᠵᠢᠯ ᠢ ᠯᠠᠪᠳᠠᠭᠤᠨ ᠢᠶᠠᠷ ᠠᠬᠢᠭᠤᠯᠬᠤ
ᠨᠡᠶᠢᠲᠡᠯᠡᠭᠰᠡᠨ ᠴᠠᠭ᠄
2022/9/29
      ᠵᠢᠯ ᠪᠦᠷᠢ ᠶᠢᠨ 9 ᠰᠠᠷ᠎ᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠣᠨ᠎ᠠ᠂ ᠡᠨᠡ ᠵᠢᠯ ᠤᠨ ᠠᠵᠢᠯᠯᠠᠭ᠎ᠠ ᠶᠢᠨ ᠰᠠᠷ᠎ᠠ ᠶᠢᠨ ᠬᠤᠭᠤᠴᠠᠭᠠᠨ ᠳᠤ᠂ ᠳ᠋ᠦᠩ ᠾᠧ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ︽ᠰᠢᠨ᠎ᠡ ᠪᠠᠷ ᠡᠷᠡᠯᠬᠡᠭᠯᠡᠨ ᠲᠡᠮᠡᠴᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ︾ ᠭᠤᠣᠯ ᠰᠡᠳᠦᠪ ᠤᠨ ᠲᠣᠭᠤᠷᠢᠨ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠶᠢ ᠠᠬᠢᠭᠤᠯᠬᠤ︾ ᠠᠵᠢᠯ ᠤᠨ ᠬᠡᠷᠡᠭᠵᠢᠭᠦᠯᠬᠦ ᠲᠥᠰᠥᠯ ᠶᠣᠰᠣᠭᠠᠷ ᠠᠯᠢ ᠣᠯᠠᠨ ᠰᠤᠷᠤᠯᠴᠠᠬᠤ᠂ ᠤᠬᠠᠭᠤᠯᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠭᠰᠡᠨ ᠪᠠᠶᠢᠨ᠎ᠠ᠃      ︽ᠳ᠋ᠦᠩ ᠾᠧ ᠶᠢᠨ ᠲᠤᠭ᠎ᠠ ᠪᠦᠷᠢᠳᠬᠡᠯ︾ ᠤᠨ ᠸᠢᠴᠠᠲ ᠤᠨ ᠨᠡᠶᠢᠲᠡ ᠶᠢᠨ ᠳ᠋ᠤᠭᠠᠷ ᠢ ᠭᠦᠢᠴᠡᠳ ᠠᠰᠢᠭᠯᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠴᠣᠭᠴᠠᠯᠠᠨ ᠪᠠᠶᠢᠭᠤᠯᠬᠤ ᠦᠵᠡᠯ ᠤᠬᠠᠮᠰᠠᠷ ᠤᠨ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ᠃ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠤᠨ ᠲᠠᠶᠢᠯᠪᠤᠷᠢᠯᠠᠵᠤ᠂ ᠶᠡᠷᠦᠩᠬᠡᠢ ᠱᠦᠵᠢ ᠰᠢ ᠶᠢᠨ ᠫᠢᠩ  ᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠪᠠ᠃      ᠡᠳᠦᠷ ᠲᠤᠲᠤᠮ ᠤᠨ ᠥᠷᠨᠢᠭᠦᠯᠵᠦ ᠪᠠᠶᠢᠭ᠎ᠠ ᠲᠤᠭ᠎ᠠ ᠪᠦᠷᠢᠳᠬᠡᠯ ᠤᠨ ᠠᠵᠢᠯ ᠲᠠᠢ ᠤᠶᠠᠯᠳᠤᠭᠤᠯᠤᠨ᠂ ᠳ᠋ᠦᠩ ᠾᠧ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠢᠨ ᠥᠯᠢᠭᠡᠷ ᠳᠡᠪᠲᠡᠷ ᠰᠣᠯᠢᠵᠤ ᠪᠠᠶᠢᠴᠠᠭᠠᠬᠤ ᠵᠢᠵᠢᠭ ᠲᠣᠭᠤᠷᠢᠭ ᠤᠨ ᠬᠥᠮᠥᠨ ᠠᠮᠠ ᠶᠢᠨ ᠲᠤᠭ᠎ᠠ ᠬᠡᠮᠵᠢᠶ᠎ᠡ ᠶᠡᠬᠡᠲᠡᠢ ᠣᠷᠣᠨ ᠪᠦᠰᠡ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠨᠳᠡᠯᠡᠨ ᠪᠢᠴᠢᠭᠡᠰᠦ ᠶᠢ ᠡᠯᠭᠦᠬᠦ ᠬᠡᠯᠪᠡᠷᠢ ᠪᠠᠷ ᠰᠠᠭᠤᠭᠠᠯᠢ ᠠᠷᠠᠳ ᠲᠤ ᠦᠨᠳᠦᠰᠦᠲᠡᠨ ᠤ ᠪᠦᠯᠬᠦᠮᠳᠡᠯ ᠤᠨ ᠴᠢᠬᠤᠯᠠ ᠴᠢᠨᠠᠷ ᠢ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ᠪᠠᠰᠠ ︽ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠥᠨ︾ ᠭᠡᠬᠦ ᠤᠬᠠᠭᠤᠯᠭ᠎ᠠ ᠶᠢᠨ ᠲᠡᠮᠳᠡᠭ ᠢ ᠵᠣᠬᠢᠶᠠᠵᠤ ᠬᠡᠷᠡᠮ ᠳᠡᠭᠡᠷ᠎ᠡ ᠭᠠᠷᠭᠠᠪᠠ᠃      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢ ᠥᠷᠨᠢᠭᠦᠯᠬᠦ ᠨᠢ ᠺᠠᠳ᠋ᠷ ᠠᠵᠢᠯᠲᠠᠨ ᠠᠵᠢᠯᠴᠢᠨ ᠤ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠰᠠᠭᠤᠭᠠᠯᠢ ᠠᠷᠠᠳ ᠲᠦᠮᠡᠨ ᠤ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠨᠡᠮᠡᠭᠳᠡᠭᠦᠯᠬᠦ᠂ ᠨᠡᠶᠢᠭᠡᠮ ᠤᠨ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ ᠴᠢᠬᠤᠯᠠ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢᠨ ᠦᠢᠯᠡᠳᠦᠯ ᠦᠵᠡᠭᠦᠯᠵᠦ ᠪᠠᠶᠢᠳᠠᠭ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1