ᠥᠪᠥᠷ ᠮᠣᠩᠭᠤᠯ᠄ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠲᠤ ᠦᠶ᠎ᠡ ᠶᠢᠨ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠬᠦ ᠶᠢᠨ ᠬᠠᠮᠲᠤ ᠬᠤᠶᠢᠰᠢᠯᠠᠭᠤᠯᠤᠨ ᠲᠤᠰᠢᠶᠠᠬᠤ
ᠨᠡᠶᠢᠲᠡᠯᠡᠭᠰᠡᠨ ᠴᠠᠭ᠄
2022/9/29
      ᠣᠶᠢᠷ᠎ᠠ ᠳᠤ᠂ ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠮᠲᠤᠷᠠᠨ ︽ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠲᠤ ᠦᠶᠡᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠬᠦ ᠵᠡᠷᠭᠡ ᠠᠰᠠᠭᠤᠳᠠᠯ ᠤᠨ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ 5 ᠣᠨᠴᠠ ᠬᠦᠴᠢᠷᠳᠡᠯᠲᠡᠢ ᠠᠵᠢᠯ ᠲᠥᠷᠥᠯ ᠠᠴᠠ 22 ᠠᠵᠢᠯ ᠲᠥᠷᠥᠯ ᠪᠣᠯᠭᠠᠨ ᠥᠷᠭᠡᠳᠬᠡᠭᠰᠡᠨ ᠪᠥᠭᠡᠳ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ ᠤᠷᠲᠤᠳᠬᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ ᠵᠡᠷᠭᠡ 5 ᠣᠨᠴᠠ ᠬᠦᠴᠢᠷᠳᠡᠯ ᠲᠠᠢ ᠠᠵᠢᠯ ᠲᠥᠷᠥᠯ ᠳᠤ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠱᠠᠲᠤ ᠦᠶ᠎ᠡ ᠶᠢᠨ ᠴᠢᠨᠠᠷᠲᠠᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠲᠠᠷᠢᠶᠠᠯᠠᠩ ᠬᠤᠯᠢᠰᠢᠨ ᠢᠳᠡᠭᠡᠨ ᠪᠣᠯᠪᠠᠰᠤᠷᠠᠭᠤᠯᠬᠤ ᠦᠢᠯᠡᠰ᠂ ᠬᠢᠮᠢ ᠶᠢᠨ ᠰᠢᠷᠬᠡᠭ ᠦᠶᠯᠡᠳᠬᠦ ᠦᠢᠯᠡᠰ ᠵᠡᠷᠭᠡ 17 ᠠᠵᠢᠯ ᠲᠥᠷᠥᠯ ᠤᠨ ᠬᠦᠴᠢᠷᠳᠡᠯ ᠲᠠᠢ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠡᠢ᠃ᠡᠭᠦᠨ ᠳᠤ ᠨᠠᠰᠤᠵᠢᠯ ᠤᠨ ᠳᠠᠭᠠᠳᠬᠠᠯ ᠤᠨ ᠵᠠᠷᠤᠳᠠᠯ ᠢ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ 2022 ᠣᠨ ᠤ ᠵᠢᠯ ᠤᠨ ᠡᠴᠦᠰ ᠪᠣᠯᠲᠠᠯ᠎ᠠ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠢ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ 1 ᠵᠢᠯ ᠠᠴᠠ ᠬᠡᠲᠦᠷᠡᠭᠦᠯᠬᠦ ᠦᠭᠡᠢ᠃ᠬᠢᠵᠢᠭ ᠤᠨ ᠪᠠᠶᠢᠳᠠᠯ ᠳᠤ ᠬᠦᠨᠳᠦ ᠨᠣᠴᠢᠲᠠᠢ ᠨᠥᠯᠥᠭᠡᠯᠡᠭᠳᠡᠭᠰᠡᠨ ᠭᠠᠵᠠᠷ ᠣᠷᠣᠨ ᠤ ᠦᠢᠯᠡᠳᠪᠦᠷᠢᠯᠡᠯ ᠡᠵᠡᠩᠨᠡᠯᠲᠡ ᠳᠤ ᠲᠦᠷ ᠴᠠᠭ ᠬᠦᠴᠢᠷᠳᠡᠯ ᠲᠠᠢ ᠪᠣᠯᠤᠭᠰᠠᠨ ᠪᠣᠶ ᠪᠦᠬᠦᠢ ᠳᠤᠮᠳᠠ ᠵᠢᠵᠢᠭ ᠪᠢᠴᠢᠯ ᠠᠵᠤ ᠠᠬᠤᠶᠢᠯᠠᠯ ᠵᠡᠷᠭᠡ ᠳᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠨᠢᠭᠡᠴᠡ ᠶᠢᠨ ᠲᠤᠰᠢᠶᠠᠬᠤ ᠬᠡᠰᠡᠭ ᠢ ᠭᠤᠶᠤᠴᠢᠯᠠᠵᠤ ᠪᠣᠯᠣᠨ᠎ᠠ᠂ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ 2022 ᠣᠨ ᠤ ᠵᠢᠯ ᠤᠨ ᠡᠴᠦᠰ ᠪᠣᠯᠲᠠᠯ᠎ᠠ ᠤᠷᠲᠤᠳᠬᠠᠨ᠎ᠠ᠃      ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠡᠭᠡᠭᠦᠯᠦᠨ ᠪᠤᠴᠠᠭᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠡᠭᠡᠭᠦᠯᠦᠨ ᠪᠤᠴᠠᠭᠠᠬᠤ ᠬᠠᠷᠢᠴᠠᠯ ᠢ 30% ᠪᠠᠶᠢᠭᠰᠠᠨ ᠠᠴᠠ 50% ᠪᠣᠯᠲᠠᠯ᠎ᠠ ᠳᠡᠭᠡᠭᠰᠢᠯᠡᠭᠦᠯᠦᠨ᠎ᠡ᠃ᠨᠢᠭᠡ ᠤᠳᠠᠭ᠎ᠠ ᠶᠢᠨ ᠴᠢᠨᠠᠷᠲᠠᠢ ᠠᠵᠢᠯ ᠦᠯᠡᠳᠡᠭᠡᠬᠦ ᠪᠣᠯᠪᠠᠰᠤᠷᠠᠭᠤᠯᠤᠯ ᠤᠨ ᠨᠥᠬᠦᠪᠦᠷᠢ ᠶᠢᠨ ᠠᠰᠢᠭ ᠭᠥᠷᠳᠡᠬᠦ ᠬᠡᠪᠴᠢᠶ᠎ᠡ ᠶᠢ ᠥᠷᠭᠡᠳᠬᠡᠵᠦ᠂ 2022 ᠣᠨ ᠤ 1 ᠳ᠋ᠦᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠨᠡᠶᠢᠲᠡ 1 ︵ᠪᠠᠭᠲᠠᠨ᠎ᠠ︶  ᠠᠴᠠ ᠳᠡᠭᠡᠭᠰᠢᠬᠢ ᠳᠤᠮᠳᠠ ᠲᠦᠭᠰᠢᠭᠦᠷᠢ ᠶᠡᠬᠡᠲᠡᠢ ᠬᠢᠵᠢᠭ ᠤᠨ ᠪᠠᠶᠢᠳᠠᠯ ᠲᠠᠢ ᠭᠠᠵᠠᠷ ᠣᠷᠣᠨ ᠤ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠳᠤ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠨᠥᠯᠥᠭᠡ ᠠᠴᠠ ᠪᠣᠯᠵᠤ ᠲᠦᠷ ᠴᠠᠭ ᠬᠡᠪ ᠤᠨ ᠪᠠᠶᠢᠳᠠᠯ ᠢᠶᠠᠷ ᠦᠢᠯᠡᠳᠪᠦᠷᠢᠯᠡᠵᠦ ᠡᠵᠡᠩᠨᠡᠬᠦ ᠶᠢᠨ ᠠᠷᠭ᠎ᠠ ᠦᠭᠡᠢ ᠠᠵᠤ ᠠᠬᠤᠶᠢᠯᠠᠯ ᠳᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠨᠢᠭᠡᠪᠦᠷᠢ ᠳᠤ 500 ᠲᠥᠭᠦᠷᠢᠭ ᠤᠨ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠢ ᠠᠵᠢᠯ ᠦᠯᠡᠳᠡᠭᠡᠬᠦ ᠪᠣᠯᠪᠠᠰᠤᠷᠠᠭᠤᠯᠤᠯ ᠤᠨ ᠨᠥᠬᠦᠪᠦᠷᠢ ᠣᠯᠭᠤᠵᠤ ᠪᠣᠯᠣᠨ᠎ᠠ᠃ᠠᠵᠤ ᠠᠬᠤᠶᠢᠯᠠᠯ ᠲᠡᠭᠦᠰᠬᠦ ᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠬᠦ ᠳᠤ᠂ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠵᠤ᠂ ᠬᠥᠮᠥᠨ ᠪᠦᠷᠢ ᠳᠤ 1500 ᠲᠥᠭᠦᠷᠢᠭ ᠤᠨ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠣᠯᠭᠤᠵᠤ᠂ ᠬᠡᠷᠡᠭᠵᠢᠭᠦᠯᠬᠦ ᠬᠤᠭᠤᠴᠠᠭ᠎ᠠ ᠶᠢ 2022 ᠣᠨ ᠤ ᠵᠢᠯ ᠤᠨ ᠡᠴᠦᠰ ᠪᠣᠯᠲᠠᠯ᠎ᠠ ᠬᠢᠵᠠᠭᠠᠷᠯᠠᠨ᠎ᠠ᠃      ᠡᠭᠦᠨ ᠤ ᠵᠡᠷᠭᠡ ᠳᠤ᠂ ᠬᠢᠵᠢᠭ ᠤᠨ ᠪᠠᠶᠢᠳᠠᠯ ᠳᠤ ᠬᠦᠨᠳᠦ ᠨᠣᠴᠢᠲᠠᠢ ᠨᠥᠯᠥᠭᠡᠯᠡᠭᠳᠡᠭᠰᠡᠨ ᠭᠠᠵᠠᠷ ᠣᠷᠣᠨ ᠪᠠ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠲᠠᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠨᠥᠬᠦᠴᠡᠯ᠂ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠬᠦ ᠵᠢᠷᠤᠮ ᠵᠡᠷᠭᠡ ᠪᠣᠳᠠᠲᠠᠢ ᠲᠥᠷᠥ ᠶᠢᠨ ᠪᠣᠳᠣᠯᠭ᠎ᠠ ᠶᠢ ᠲᠣᠳᠣᠷᠬᠠᠢ ᠲᠣᠭᠲᠠᠭᠠᠭᠰᠠᠨ ᠪᠥᠭᠡᠳ ᠰᠦᠯᠵᠢᠶᠡᠨ ᠳᠡᠭᠡᠷ᠎ᠡ ᠡᠷᠭᠢᠯᠡᠬᠦ ᠵᠡᠷᠭᠡ ᠨᠢᠭᠤᠷ ᠵᠣᠯᠭᠠᠬᠤ ᠦᠭᠡᠢ ᠦᠢᠯᠡᠴᠢᠯᠡᠭᠡᠨ ᠤ ᠠᠷᠭ᠎ᠠ ᠮᠠᠶ᠋ᠢᠭ ᠢ ᠶᠡᠭᠡ ᠪᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠳᠤ ᠲᠥᠬᠦᠮ ᠦᠵᠡᠭᠦᠯᠦᠨ᠂ ᠠᠵᠤ ᠠᠬᠤᠶᠢᠯᠠᠯ ᠤᠨ ᠠᠵᠢᠯ ᠶᠠᠪᠤᠳᠠᠯ ᠤᠨ ᠴᠢᠨᠠᠷᠲᠠᠢ ᠳᠠᠷᠤᠭᠠᠰᠤ ᠶᠢ ᠬᠥᠩᠭᠡᠷᠡᠭᠦᠯᠪᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1