ᠪᠤᠭᠤᠲᠤ ᠬᠤᠲᠠ ᠠᠵᠢᠯ ᠤᠨ ᠪᠠᠶᠢᠷᠢ ᠶᠢᠨ ᠬᠠᠮᠢᠶᠠᠷᠤᠯᠲᠠ ᠪᠠᠨ ᠪᠦᠷᠢᠨᠰᠢᠭᠦᠯᠦᠨ ᠲᠡᠭᠦᠯᠳᠡᠷᠵᠢᠭᠦᠯᠵᠦ ᠲᠤᠰᠬᠠᠢ ᠮᠡᠷᠭᠡᠵᠢᠯ ᠤᠨ ᠠᠵᠢᠯᠲᠠᠨ ᠤ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ
ᠨᠡᠶᠢᠲᠡᠯᠡᠭᠰᠡᠨ ᠴᠠᠭ᠄
2022/9/29
      ᠠᠵᠢᠯ ᠤᠨ ᠪᠠᠶᠢᠷᠢ ᠶᠢᠨ ᠬᠠᠮᠢᠶᠠᠷᠤᠯᠲᠠ ᠪᠣᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠨᠢᠭᠡ ᠵᠦᠢᠯ ᠤᠨ ᠴᠢᠬᠤᠯᠠ ᠳᠦᠷᠢᠮ ᠪᠣᠯᠣᠨ᠎ᠠ᠂ ᠣᠶᠢᠷ᠎ᠠ ᠶᠢᠨ ᠵᠢᠯ ᠤᠳ ᠲᠤ ᠪᠤᠭᠤᠲᠤ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠤᠨ ᠪᠠᠶᠢᠷᠢ ᠶᠢᠨ ᠬᠠᠮᠢᠶᠠᠷᠤᠯᠲᠠ ᠪᠠᠷ ᠭᠠᠷᠳᠠᠴᠠ ᠪᠣᠯᠭᠠᠵᠤ᠂ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠵᠢᠯ ᠤᠨ ᠪᠠᠶᠢᠷᠢ ᠳᠤ ᠤᠷᠢᠨ ᠲᠣᠮᠢᠯᠠᠬᠤ ᠠᠷᠭ᠎ᠠ ᠶᠢ ᠲᠡᠭᠦᠯᠳᠡᠷᠵᠢᠭᠦᠯᠵᠦ᠂ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠡᠵᠡᠨ ᠮᠡᠳᠡᠬᠦ ᠡᠷᠬᠡ ᠶᠢ ᠭᠦᠢᠴᠡᠳ ᠳᠣᠷᠣᠭᠰᠢ ᠪᠠᠭᠤᠯᠭᠠᠵᠤ᠂ ᠦᠨᠳᠦᠰᠦᠨ ᠱᠠᠲᠤᠨ ᠳᠤ ᠬᠡᠯᠪᠡᠶᠢᠯᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠥᠷᠭᠡᠨ ᠣᠯᠠᠨ ᠲᠤᠰᠬᠠᠢ ᠮᠡᠷᠭᠡᠵᠢᠯ ᠤᠨ ᠠᠵᠢᠯᠲᠠᠨ ᠤ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠳᠤ ᠣᠷᠤᠯᠴᠠᠬᠤ ᠢᠳᠡᠪᠬᠢᠵᠢᠯ ᠢ ᠪᠦᠬᠦ ᠲᠠᠯ᠎ᠠ ᠪᠠᠷ ᠲᠠᠶᠢᠴᠢᠯᠠᠨ᠎ᠠ᠃      ᠨᠢᠭᠡ ᠳᠤ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃ᠮᠠᠨ ᠤ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠰᠠᠨᠠᠯ︾ ︵ᠥᠪᠥᠷ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠠᠷᠬᠠᠭᠠᠭᠰᠠᠨ ﹇2021﹈ 14 ᠳ᠋ᠦᠭᠡᠷ ᠲᠣᠭᠠᠲᠤ︶ ᠤᠨ ᠶᠣᠰᠣᠭᠠᠷ᠂ ᠮᠠᠨ ᠤ ᠬᠤᠲᠠ ᠶᠢᠨ ᠪᠣᠳᠠᠲᠠᠢ ᠬᠡᠷᠡᠭᠵᠢᠭᠦᠯᠬᠦ ᠰᠠᠨᠠᠯ ᠢ ᠰᠤᠳᠤᠯᠤᠨ ᠲᠣᠭᠲᠠᠭᠠᠵᠤ᠂ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ᠡᠭᠦᠨ ᠤ ᠬᠠᠮᠲᠤ᠂ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠨᠢᠭᠡᠴᠡ ᠶᠢᠨ ︽ᠭᠤᠷᠪᠠ ᠶᠢ ᠲᠣᠭᠲᠠᠭᠠᠬᠤ︾ ᠲᠥᠰᠥᠯ ᠪᠠ ᠣᠲᠣ ᠶᠢᠨ ᠪᠠᠶᠢᠭ᠎ᠠ ᠠᠵᠢᠯᠲᠠᠨ ᠤ ᠪᠠᠶᠢᠳᠠᠯ ᠲᠠᠢ ᠬᠠᠷᠢᠴᠠᠭᠤᠯᠤᠨ ᠰᠢᠨ᠎ᠡ ᠪᠠᠷ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠬᠢᠵᠦ᠂ ᠠᠵᠢᠯ ᠢᠶᠠᠨ ᠥᠷᠨᠢᠭᠦᠯᠬᠦ ᠪᠣᠳᠠᠲᠠᠢ ᠬᠡᠷᠡᠭᠴᠡᠭᠡ ᠶᠢ ᠠᠯᠢ ᠴᠢᠳᠠᠬᠤ ᠪᠠᠷ ᠬᠠᠩᠭᠠᠭᠰᠠᠨ ᠪᠠᠶᠢᠨ᠎ᠠ᠃      ᠬᠤᠶᠠᠷ ᠲᠤ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ︽ᠡᠵᠡᠨ ᠮᠡᠳᠡᠬᠦ ᠡᠷᠬᠡ︾ ᠶᠢ ᠳᠣᠷᠣᠭᠰᠢ ᠪᠠᠭᠤᠯᠭᠠᠨ᠎ᠠ᠃ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠱᠠᠲᠤ ᠬᠤᠪᠢᠶᠠᠨ ᠬᠠᠮᠢᠶᠠᠷᠬᠤ ᠵᠠᠷᠴᠢᠮ ᠶᠣᠰᠣᠭᠠᠷ᠂ ᠠᠵᠢᠯ ᠦᠢᠯᠡᠰ ᠤᠨ ᠨᠢᠭᠡᠴᠡ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠠᠵᠢᠯ ᠤᠨ ᠪᠠᠶᠢᠷᠢ ᠶᠢᠨ ᠲᠣᠬᠢᠷᠠᠭᠤᠯᠤᠯᠲᠠ᠂ ᠬᠠᠮᠢᠶᠠᠷᠤᠯᠲᠠ ᠶᠢᠨ ᠲᠠᠯ᠎ᠠ ᠪᠠᠷ ᠨᠠᠩ ᠣᠯᠠᠨ ᠡᠵᠡᠨ ᠮᠡᠳᠡᠬᠦ ᠡᠷᠬᠡ ᠣᠯᠭᠤᠨ᠎ᠠ᠃ᠡᠯ᠎ᠡ ᠬᠤᠰᠢᠭᠤ ᠰᠢᠶᠠᠨ ᠲᠣᠭᠤᠷᠢᠭ ᠨᠢ ᠲᠣᠰ ᠭᠠᠵᠠᠷ ᠣᠷᠣᠨ ᠤ ᠠᠵᠤ ᠠᠬᠤᠢ᠂ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠪᠣᠯᠣᠨ ᠠᠵᠢᠯ ᠲᠥᠷᠥᠯ ᠤᠨ ᠣᠨᠴᠠᠯᠢᠭ ᠵᠢᠴᠢ ᠠᠵᠢᠯ ᠦᠢᠯᠡᠰ ᠤᠨ ᠨᠢᠭᠡᠴᠡ ᠶᠢᠨ ᠴᠢᠳᠠᠮᠵᠢ᠂ ᠬᠡᠪ ᠪᠠᠷᠢᠮᠵᠢᠶ᠎ᠠ᠂ ᠬᠠᠷᠢᠶᠠᠯᠠᠭᠳᠠᠬᠤ ᠬᠠᠷᠢᠴᠠᠭ᠎ᠠ ᠪᠣᠯᠣᠨ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠶᠢ ᠦᠨᠳᠦᠰᠦᠯᠡᠨ᠂ ᠲᠣᠭᠲᠠᠭᠠᠭᠰᠠᠨ ᠶᠡᠷᠦᠩᠬᠡᠢ ᠡᠵᠡᠮᠳᠡᠬᠦ ᠬᠠᠷᠠᠯᠲᠠ ᠶᠢᠨ ᠳᠣᠲᠣᠷ᠎ᠠ᠂ ᠡᠯ᠎ᠡ ᠠᠵᠢᠯ ᠲᠥᠷᠥᠯ ᠤᠨ ᠲᠤᠰᠬᠠᠢ ᠮᠡᠷᠭᠡᠵᠢᠯ ᠤᠨ ᠳᠡᠭᠡᠳᠦ ᠵᠡᠷᠭᠡ᠂ ᠳᠤᠮᠳᠠ ᠵᠡᠷᠭᠡ᠂ ᠠᠩᠬ᠎ᠠ ᠵᠡᠷᠭᠡ ᠶᠢᠨ ᠠᠵᠢᠯ ᠤᠨ ᠪᠠᠶᠢᠷᠢ ᠶᠢᠨ ᠬᠤᠭᠤᠷᠣᠨᠳᠣᠬᠢ ᠪᠦᠲᠦᠴᠡ ᠶᠢᠨ ᠬᠠᠷᠢᠴᠠᠯ ᠤᠨ ᠪᠣᠳᠠᠲᠠᠢ ᠡᠵᠡᠮᠳᠡᠬᠦ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ᠡᠭᠦᠨ ᠤ ᠬᠠᠮᠲᠤ᠂ ᠡᠯ᠎ᠡ ᠬᠤᠰᠢᠭᠤ ᠰᠢᠶᠠᠨ ᠲᠣᠭᠤᠷᠢᠭ ᠨᠢ ᠬᠠᠮᠢᠶᠠᠷᠤᠯᠲᠠ᠂ ᠦᠢᠯᠡᠴᠢᠯᠡᠭᠡᠨ ᠤ ᠠᠵᠢᠯ ᠤᠨ ᠪᠠᠶᠢᠷᠢ ᠶᠢᠨ ᠠᠵᠢᠯᠲᠠᠨ ᠢ ᠤᠷᠢᠨ ᠬᠡᠷᠡᠭᠯᠡᠬᠦ ᠪᠠ ᠳᠤᠮᠳᠠ ᠵᠡᠷᠭᠡ ᠠᠴᠠ ᠳᠣᠷᠣᠭᠰᠢᠬᠢ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠶᠢ ᠳᠠᠩᠰᠠᠯᠠᠭᠤᠯᠬᠤ ᠪᠠ ᠴᠠᠯᠢᠩ ᠲᠣᠬᠢᠷᠠᠭᠤᠯᠬᠤ ᠭᠠᠷᠳᠠᠮ ᠢ ᠥᠪᠡᠰᠦᠪᠡᠨ ᠭᠦᠢᠴᠡᠳᠬᠡᠨ᠎ᠡ᠃      ᠭᠤᠷᠪᠠ ᠳᠤ ︽ᠲᠦᠷᠪᠡᠨ ᠠᠵᠢᠯ ᠤᠨ ᠪᠠᠶᠢᠷᠢ︾ ᠶᠢᠨ ᠪᠠᠶᠢᠷᠢᠯᠠᠭᠤᠯᠤᠯᠲᠠ ᠶᠢ ᠢᠳᠡᠪᠬᠢᠲᠡᠢ ᠥᠷᠨᠢᠭᠦᠯᠪᠡ᠃ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠠᠵᠢᠯ ᠤᠨ ᠪᠠᠶᠢᠷᠢ᠂ ᠲᠦᠷ ᠴᠠᠭ ᠲᠤᠰᠢᠶᠠᠯ ᠡᠭᠦᠷᠭᠡᠯᠡᠬᠦ᠂ ᠠᠵᠢᠯ ᠤᠨ ᠪᠠᠶᠢᠷᠢ  ᠠᠴᠠ ᠪᠠᠨ ᠰᠠᠯᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠠᠵᠢᠯᠯᠠᠭ᠎ᠠ ᠥᠷᠨᠢᠭᠦᠯᠬᠦ ᠶᠢ ᠳᠡᠮᠵᠢᠨ ᠵᠣᠷᠢᠭᠵᠢᠭᠤᠯᠬᠤ ᠶᠢᠨ ᠬᠠᠮᠲᠤ ᠰᠢᠨ᠎ᠡ ᠶᠢ ᠡᠭᠦᠳᠬᠦ ᠠᠵᠢᠯ ᠤᠨ ᠪᠠᠶᠢᠷᠢ᠂ ᠨᠡᠭᠦᠳᠡᠯ ᠠᠵᠢᠯ ᠤᠨ ᠪᠠᠶᠢᠷᠢ ᠶᠢ ᠲᠣᠬᠢᠷᠠᠭᠤᠯᠬᠤ ᠪᠠ ᠤᠷᠢᠨ ᠬᠡᠷᠡᠭᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ᠤᠷᠢᠳ ᠬᠤᠵᠢᠳ ᠨᠢᠭᠡᠨᠲᠡ 4 ᠲᠤᠰᠬᠠᠢ ᠮᠡᠷᠭᠡᠵᠢᠯ ᠤᠨ ᠠᠵᠢᠯᠲᠠᠨ ᠳᠤ ᠠᠵᠢᠯ ᠤᠨ ᠪᠠᠶᠢᠷᠢ  ᠠᠴᠠ ᠪᠠᠨ ᠰᠠᠯᠵᠤ ᠠᠳᠠᠯ ᠦᠢᠯᠡᠰ ᠴᠣᠭᠴᠠᠯᠠᠬᠤ ᠪᠠᠷ ᠭᠤᠶᠤᠴᠢᠯᠠᠵᠠᠢ᠃ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠤᠨ ᠰᠢᠰᠲ᠋ᠧᠮ ᠳᠤ ᠨᠢᠭᠡᠨᠲᠡ 10% ᠶᠢᠨ ᠬᠠᠨᠳᠤᠯᠭᠠᠲᠤ ᠠᠵᠢᠯ ᠤᠨ ᠪᠠᠶᠢᠷᠢ ᠨᠡᠮᠡᠵᠦ᠂ ᠦᠨᠳᠦᠰᠦᠨ ᠱᠠᠲᠤᠨ ᠤ ᠥᠨᠳᠥᠷ ᠵᠡᠷᠭᠡ ᠶᠢᠨ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠬᠢᠷᠢ ᠬᠡᠮ ᠲᠠᠢ 80 ᠬᠥᠮᠥᠨ ᠢ ᠵᠣᠬᠢᠬᠤ ᠠᠵᠢᠯ ᠤᠨ ᠪᠠᠶᠢᠷᠢ ᠳᠤ ᠤᠷᠢᠨ ᠬᠡᠷᠡᠭᠯᠡᠪᠡ᠃ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠰᠢᠨ᠎ᠡ ᠮᠡᠳᠡᠭᠳᠡᠯ ᠶᠣᠰᠣᠭᠠᠷ᠂ ᠳᠤᠮᠳᠠᠳᠤ ᠪᠠᠭ᠎ᠠ ᠰᠤᠷᠭᠠᠭᠤᠯᠢ᠂ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠶᠢᠨ ᠦᠢᠯᠡᠰ᠂ ᠤᠰᠤᠨ ᠠᠰᠢᠭᠯᠠᠯᠲᠠ᠂ ᠤᠯᠠᠭᠠᠨᠮᠥ᠋ᠴᠢᠷ᠂ ᠲᠡᠦᠬᠡ ᠶᠢᠨ ᠳᠤᠷᠠᠰᠬᠠᠯᠲᠤ ᠵᠦᠢᠯᠡᠰ ᠲᠦᠮᠡᠨ ᠪᠣᠳᠠᠰ ᠵᠡᠷᠭᠡ ᠠᠵᠢᠯ ᠲᠥᠷᠥᠯ ᠤᠨ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠶᠢᠨ ᠬᠠᠷᠢᠴᠠᠯ᠂ ᠬᠢᠷᠢ ᠬᠡᠮ ᠣᠯᠣᠭᠰᠠᠨ ᠪᠣᠯᠪᠠᠴᠤ ᠤᠷᠢᠭᠳᠠᠭᠰᠠᠨ ᠦᠭᠡᠢ ᠬᠥᠮᠥᠨ ᠤ ᠲᠤᠭ᠎ᠠ ᠵᠡᠷᠭᠡ ᠳᠤ ᠪᠠᠶᠢᠳᠠᠯ ᠢ ᠣᠶᠢᠯᠠᠭᠠᠨ ᠪᠦᠷᠢᠳᠬᠡᠵᠦ᠂ ᠨᠡᠶᠢᠲᠡᠯᠡᠬᠦ ᠪᠠᠷ ᠪᠠᠶᠢᠭ᠎ᠠ ︽ᠬᠠᠨᠳᠤᠯᠭ᠎ᠠ ᠲᠠᠢ ᠪᠠᠷ ᠦᠨᠡᠯᠡᠬᠦ︾ ᠪᠣᠳᠠᠲᠠᠢ ᠠᠷᠭ᠎ᠠ ᠪᠠ ᠡᠯ᠎ᠡ ᠠᠵᠢᠯ ᠲᠥᠷᠥᠯ ᠤᠨ ᠪᠣᠳᠠᠲᠠᠢ ᠲᠠᠢ ᠤᠶᠠᠯᠳᠤᠭᠤᠯᠤᠨ᠂ ᠳᠡᠭᠡᠷᠡᠬᠢ ᠰᠠᠯᠪᠤᠷᠢ ᠳᠤ ᠬᠠᠨᠳᠤᠯᠭ᠎ᠠ ᠲᠠᠢ ᠠᠵᠢᠯ ᠤᠨ ᠪᠠᠶᠢᠷᠢ ᠲᠣᠬᠢᠷᠠᠭᠤᠯᠵᠤ ᠪᠠᠶᠢᠨ᠎ᠠ᠃︽ᠪᠤᠭᠤᠲᠤ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠣᠨᠴᠣᠭᠤᠢ ᠪᠠᠶᠢᠭᠤᠯᠤᠭᠰᠠᠨ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠠᠷᠭ᠎ᠠ︾ ᠶᠢ ᠰᠤᠳᠤᠯᠤᠨ ᠨᠡᠶᠢᠲᠡᠯᠡᠵᠦ᠂ ᠣᠷᠣᠭᠤᠯᠤᠨ ᠠᠪᠴᠢᠷᠠᠭᠰᠠᠨ ᠳᠡᠭᠡᠳᠦ ᠲᠠᠰ ᠤᠨ ᠴᠢᠳᠠᠪᠤᠷᠢᠲᠠᠨ ᠪᠠ ᠰᠠᠨᠠᠭᠠᠴᠢᠯᠠᠭ᠎ᠠ  ᠠᠴᠠ ᠪᠠᠨ ᠳᠣᠣᠷᠠᠳᠤ ᠱᠠᠲᠤᠨ ᠤ ᠠᠵᠢᠯ ᠦᠢᠯᠡᠰ ᠤᠨ ᠨᠢᠭᠡᠴᠡ ︵ᠬᠤᠲᠠ ᠶᠢᠨ ᠰᠢᠭᠤᠳ ᠬᠠᠷᠢᠶ᠎ᠠ ᠨᠢᠭᠡᠴᠡ ᠠᠴᠠ ᠬᠤᠰᠢᠭᠤ ᠰᠢᠶᠠᠨ ᠲᠣᠭᠤᠷᠢᠭ  ᠠᠴᠠ ᠳᠣᠷᠣᠭᠰᠢᠬᠢ ᠬᠠᠷᠢᠶ᠎ᠠ ᠨᠢᠭᠡᠴᠡ ᠳᠤ ᠬᠦᠷᠴᠦ᠂ ᠬᠤᠰᠢᠭᠤ ᠰᠢᠶᠠᠨ ᠲᠣᠭᠤᠷᠢᠭ ᠤᠨ ᠬᠠᠷᠢᠶ᠎ᠠ ᠨᠢᠭᠡᠴᠡ ᠠᠴᠠ ᠰᠤᠮᠤ ᠰᠢᠶᠠᠩ ᠪᠠᠯᠭᠠᠰᠤ ᠶᠢᠨ ᠬᠠᠷᠢᠶ᠎ᠠ ᠨᠢᠭᠡᠴᠡ ᠳᠤ ᠬᠦᠷᠴᠦ︶ ᠳᠤ ᠰᠣᠯᠢᠯᠴᠠᠨ᠂ ᠲᠤᠬᠠᠢ ᠶᠢᠨ ᠭᠠᠵᠠᠷ ᠤᠨ ᠠᠵᠢᠯ ᠦᠢᠯᠡᠰ ᠤᠨ ᠬᠥᠭᠵᠢᠯᠲᠡ ᠶᠢ ᠳᠡᠮᠵᠢᠬᠦ ᠳᠤ᠂ ᠲᠣᠭᠲᠠᠭᠠᠯ ᠶᠣᠰᠣᠭᠠᠷ ᠣᠨᠴᠣᠭᠤᠢ ᠪᠠᠶᠢᠭᠤᠯᠤᠭᠰᠠᠨ ᠠᠵᠢᠯ ᠤᠨ ᠪᠠᠶᠢᠷᠢ ᠭᠠᠷᠭᠠᠬᠤ ᠪᠠᠷ ᠭᠤᠶᠤᠴᠢᠯᠠᠬᠤ ᠬᠡᠷᠡᠭᠲᠡᠢ᠃ᠣᠲᠣ ᠪᠣᠯᠲᠠᠯ᠎ᠠ᠂ ᠨᠢᠭᠡᠨᠲᠡ 196 ᠲᠤᠰᠬᠠᠢ ᠮᠡᠷᠭᠡᠵᠢᠯ ᠤᠨ ᠠᠵᠢᠯᠲᠠᠨ ᠳᠤ ᠣᠨᠴᠠᠭᠠᠶ ᠠᠵᠢᠯ ᠤᠨ ᠪᠠᠶᠢᠷᠢ ᠲᠣᠬᠢᠷᠠᠭᠤᠯᠵᠤ ᠥᠭᠴᠡᠢ ︵ᠡᠭᠦᠨ ᠳᠤ ᠠᠵᠢᠯ ᠤᠨ ᠦᠢᠯᠡᠴᠢᠯᠡᠭᠡᠨ ᠤ ᠮᠡᠷᠭᠡᠵᠢᠯ ᠴᠢᠳᠠᠪᠤᠷᠢ ᠲᠠᠢ ᠬᠤᠶᠠᠷ ᠠᠵᠢᠯᠲᠠᠨ ᠪᠠᠭᠲᠠᠨ᠎ᠠ︶᠃      ᠳᠥᠷᠪᠡ ᠳᠤ ᠦᠨᠳᠦᠰᠦᠨ ᠱᠠᠲᠤᠨ ᠳᠤ ᠬᠡᠯᠪᠡᠶᠢᠯᠭᠡᠬᠦ ᠬᠡᠯᠪᠡᠶᠢᠯᠭᠡᠬᠦ ᠲᠦᠷᠦ ᠶᠢᠨ ᠪᠣᠳᠣᠯᠭ᠎ᠠ᠃  ᠥᠪᠡᠷᠲᠡᠭᠡᠨ ᠵᠠᠰᠠᠬᠤ ᠣᠷᠣᠨ ᠤ ᠶᠣᠰᠣᠭᠠᠷ ︽ᠬᠤᠰᠢᠭᠤ ᠰᠢᠶᠠᠨ ᠲᠣᠭᠤᠷᠢᠭ  ᠠᠴᠠ ᠳᠣᠷᠣᠭᠰᠢᠬᠢ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠳᠤ ᠣᠷᠣᠰᠢᠵᠤ ᠪᠠᠶᠢᠭ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭᠠᠨ ᠤ ᠲᠥᠰᠥᠯ︾ ᠶᠣᠰᠣᠭᠠᠷ᠂ ᠠᠵᠢᠯ ᠤᠨ ᠲᠤᠰᠬᠠᠢ ᠠᠩᠭᠢ ᠶᠢ ᠴᠠᠭ ᠲᠤᠬᠠᠢ ᠳᠤᠨᠢ ᠵᠣᠬᠢᠶᠠᠨ ᠪᠠᠶᠢᠭᠤᠯᠵᠤ᠂ ᠡᠯ᠎ᠡ ᠰᠢᠶᠠᠨ ᠲᠣᠭᠤᠷᠢᠭ ᠲᠤ ᠲᠤᠬᠠᠢ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠯᠲᠠ ᠬᠢᠵᠦ᠂ ᠦᠨᠳᠦᠰᠦᠨ ᠱᠠᠲᠤᠨ ᠤ ᠲᠤᠰᠬᠠᠢ ᠮᠡᠷᠭᠡᠵᠢᠯ ᠤᠨ ᠠᠵᠢᠯᠲᠠᠨ ᠤ ᠠᠵᠢᠯ ᠤᠨ ᠪᠠᠶᠢᠷᠢ ᠶᠢᠨ ᠬᠠᠮᠢᠶᠠᠷᠤᠯᠲᠠ ᠳᠤ ᠬᠡᠯᠪᠡᠶᠢᠯᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠭᠤᠣᠯᠳᠠᠯᠭ᠎ᠠ ᠪᠣᠯᠭᠠᠨ᠂ ᠡᠬᠡ ᠲᠠᠩᠰᠠ ᠪᠠᠶᠢᠭᠤᠯᠵᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠨ᠎ᠡ᠃ᠡᠨᠡ ᠵᠢᠯ ᠠᠴᠠ ᠨᠠᠰᠢ᠂ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠡ ᠳᠤ ᠠᠵᠢᠯᠯᠠᠵᠤ ᠪᠠᠶᠢᠭ᠎ᠠ 55 ᠲᠤᠰᠬᠠᠢ ᠮᠡᠷᠭᠡᠵᠢᠯ ᠤᠨ ᠠᠵᠢᠯᠲᠠᠨ ᠲᠣᠰ ᠨᠢᠭᠡᠴᠡ ᠶᠢᠨ ᠢᠶᠠᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠳᠤ ᠬᠢᠵᠠᠭᠠᠷᠯᠠᠭᠳᠠᠬᠤ ᠦᠭᠡᠢ ᠪᠠᠷ ᠵᠣᠬᠢᠬᠤ ᠠᠵᠢᠯ ᠤᠨ ᠪᠠᠶᠢᠷᠢ ᠳᠤ ᠴᠠᠭ ᠲᠤᠬᠠᠢ ᠳᠤᠨᠢ ᠤᠷᠢᠨ ᠬᠡᠷᠡᠭᠯᠡᠭᠰᠡᠨ ᠪᠠᠶᠢᠨ᠎ᠠ᠃      ᠲᠠᠪᠤ ᠳᠤ᠂ ᠳᠡᠭᠡᠳᠦ ᠵᠡᠷᠭᠡ ᠶᠢᠨ ᠠᠵᠢᠯ ᠤᠨ ᠪᠠᠶᠢᠷᠢ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ᠬᠤᠪᠢ ᠬᠥᠮᠥᠨ ᠭᠤᠶᠤᠴᠢᠯᠠᠬᠤ᠂ ᠨᠢᠭᠡᠴᠡ ᠠᠴᠠ ᠲᠠᠨᠢᠯᠴᠠᠭᠤᠯᠬᠤ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ︵ᠭᠠᠵᠠᠷ ᠣᠷᠣᠨ︶ ᠤᠨ ᠬᠢᠨᠠᠨ ᠬᠠᠷᠭᠤᠭᠤᠯᠬᠤ ᠶᠠᠪᠤᠴᠠ ᠶᠢ ᠴᠢᠩᠭ᠎ᠠ ᠵᠢᠷᠤᠮᠯᠠᠨ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ ᠲᠤᠰᠬᠠᠢ ᠮᠡᠷᠭᠡᠵᠢᠯ ᠤᠨ ᠬᠤᠶᠠᠳᠤᠭᠠᠷ᠂ ᠭᠤᠷᠪᠠᠳᠤᠭᠠᠷ ᠳᠡᠰ ᠤᠨ ᠠᠵᠢᠯ ᠤᠨ ᠪᠠᠶᠢᠷᠢ  ᠶᠢ ᠭᠤᠶᠤᠴᠢᠯᠠᠨ ᠮᠡᠳᠡᠭᠦᠯᠵᠦ᠂ ᠪᠥᠬᠦ ᠬᠤᠲᠠ ᠶᠢᠨ ᠡᠯ᠎ᠡ ᠬᠠᠮᠢᠶ᠎ᠠ ᠪᠦᠬᠦᠢ ᠬᠦᠷᠢᠶᠡᠨ ᠤ ᠣᠷᠣᠶᠢᠯᠠᠵᠤ ᠪᠠᠶᠢᠭ᠎ᠠ ᠬᠥᠮᠥᠰ ᠢ ᠵᠣᠬᠢᠶᠠᠨ ᠪᠠᠶᠢᠭᠤᠯᠤᠨ ᠥᠷᠢᠰᠦᠯᠳᠦᠨ ᠤᠷᠢᠬᠤ ᠺᠣᠮᠢᠰ ᠪᠠᠶᠢᠭᠤᠯᠵᠤ ᠥᠷᠢᠰᠦᠯᠳᠦᠨ ᠤᠷᠢᠬᠤ ᠶᠢ ᠥᠷᠨᠢᠭᠦᠯᠵᠦ᠂ ᠰᠢᠯᠢᠳᠡᠭ ᠲᠤᠰᠬᠠᠢ ᠮᠡᠷᠭᠡᠵᠢᠯ ᠤᠨ ᠠᠵᠢᠯᠲᠠᠨ ᠢ ᠦᠨᠡᠨ ᠬᠦ ᠲᠤᠰᠬᠠᠢ ᠮᠡᠷᠭᠡᠵᠢᠯ ᠤᠨ ᠬᠤᠶᠠᠳᠤᠭᠠᠷ᠂ ᠭᠤᠷᠪᠠᠳᠤᠭᠠᠷ ᠳᠡᠰ ᠤᠨ ᠠᠵᠢᠯ ᠤᠨ ᠪᠠᠶᠢᠷᠢ ᠳᠤ ᠰᠣᠩᠭᠤᠨ ᠤᠷᠢᠵᠤ᠂ ᠵᠢᠩᠬᠢᠨᠢ ᠳᠡᠭᠡᠳᠦ ᠲᠠᠰ ᠤᠨ ᠠᠵᠢᠯ ᠤᠨ ᠪᠠᠶᠢᠷᠢ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ᠃ᠣᠲᠣ ᠪᠣᠯᠲᠠᠯ᠎ᠠ᠂ ᠮᠠᠨ ᠤ ᠬᠤᠲᠠ ᠲᠤᠰᠬᠠᠢ ᠮᠡᠷᠭᠡᠵᠢᠯ ᠤᠨ ᠬᠤᠶᠠᠳᠤᠭᠠᠷ ᠳᠡᠰ ᠤᠨ ᠠᠵᠢᠯ ᠤᠨ ᠪᠠᠶᠢᠷᠢ ᠳᠤ ᠨᠡᠶᠢᠲᠡ 32 ᠬᠥᠮᠥᠨ ᠤᠷᠢᠭᠳᠠᠵᠤ᠂ ᠲᠤᠰᠬᠠᠢ ᠮᠡᠷᠭᠡᠵᠢᠯ ᠤᠨ ᠭᠤᠷᠪᠠᠳᠤᠭᠠᠷ ᠳᠡᠰ ᠤᠨ ᠠᠵᠢᠯ ᠤᠨ ᠪᠠᠶᠢᠷᠢ ᠳᠤ ᠨᠡᠶᠢᠲᠡ 136 ᠬᠥᠮᠥᠨ ᠤᠷᠢᠭᠳᠠᠵᠤ᠂ ᠮᠠᠨ ᠤ ᠬᠤᠲᠠ ᠶᠢᠨ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠡᠷᠡᠭᠦᠯ ᠬᠠᠮᠠᠭᠠᠯᠠᠯ᠂ ᠲᠠᠷᠢᠶᠠᠯᠠᠩ ᠮᠠᠯ ᠠᠵᠤ ᠠᠬᠤᠢ᠂ ᠰᠣᠶᠣᠯ᠂ ᠷᠠᠳᠢᠣ᠋ ᠲᠧᠯᠸᠢᠰ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠲᠠ ᠵᠡᠷᠭᠡ ᠣᠯᠠᠨ ᠠᠵᠢᠯ ᠲᠥᠷᠥᠯ ᠢ ᠬᠠᠮᠤᠷᠴᠠᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1