︽ᠪᠤᠭᠤᠲᠤ ᠬᠤᠲᠠ ᠶᠢᠨ 2022 ᠣᠨ ᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ | ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠠᠵᠢᠯᠯᠠᠭᠴᠢ᠂ ᠴᠢᠳᠠᠪᠤᠷᠢᠲᠠᠨ ᠤ ᠨᠥᠭᠡᠴᠡᠯᠡᠯ ᠤᠨ | ᠦᠨᠳᠦᠰᠦᠨ ᠱᠠᠲᠤᠨ ᠤ ᠲᠥᠷᠥᠯ ᠵᠦᠢᠯ ᠳᠤ ᠦᠢᠯᠡᠴᠢᠯᠡᠬᠦ ᠠᠵᠢᠯᠲᠠᠨ ᠤ ᠬᠤᠭᠤᠴᠠᠭ᠎ᠠ ᠳᠦᠭᠦᠷᠦᠭᠰᠡᠨ ᠢ ᠰᠢᠯᠭᠠᠨ | ᠬᠢᠨᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠳ᠋ᠦᠩ ᠾᠧ ᠲᠣᠭᠤᠷᠢᠭ ᠤᠨ | ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠨᠢ ᠣᠷᠣᠨ ᠤ ᠬᠠᠷᠢᠶ᠎ᠠ ᠳᠤᠮᠳᠠ ᠵᠢᠵᠢᠭ ᠠᠵᠤ | ᠠᠬᠤᠶᠢᠯᠠᠯ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠰᠣᠩᠭᠤᠨ ᠨᠥᠭᠡᠴᠡᠯᠡᠬᠦ ᠳᠡᠭᠡᠳᠦ | ᠰᠤᠷᠭᠠᠭᠤᠯᠢ ᠲᠡᠭᠦᠰᠦᠭᠰᠡᠳ ᠲᠤ ᠦᠢᠯᠡᠴᠢᠯᠡᠭᠡᠨ ᠤ ᠬᠤᠭᠤᠴᠠᠭ᠎ᠠ ᠳᠦᠭᠦᠷᠦᠭᠰᠡᠨ ᠢ ᠰᠢᠯᠭᠠᠨ ᠬᠢᠨᠠᠬᠤ ᠠᠵᠢᠯ ᠢ | ᠬᠢᠨ᠎ᠡ᠃ | ᠲᠣᠰ ᠤᠳᠠᠭᠠᠨ ᠤ ᠬᠢᠨᠠᠨ ᠰᠢᠯᠭᠠᠯᠲᠠ ᠳᠤ᠂ ᠦᠢᠯᠡᠴᠢᠯᠡᠭᠡᠨ ᠤ ᠨᠢᠭᠡᠴᠡ ︵ᠨᠥᠭᠡᠴᠡᠯᠡᠬᠦ ᠨᠢᠭᠡᠴᠡ︶ ᠠᠴᠠ | ᠬᠢᠨᠠᠨ ᠰᠢᠯᠭᠠᠭᠳᠠᠬᠤ ᠡᠲᠡᠭᠡᠳ ᠤᠨ ᠡᠳᠦᠷ ᠲᠤᠲᠤᠮ ᠤᠨ ᠢᠯᠡᠷᠡᠯ ᠢ ᠦᠨᠳᠦᠰᠦᠯᠡᠨ ᠬᠤᠯᠪᠣᠭᠳᠠᠯ ᠪᠦᠬᠦᠢ | ᠬᠥᠮᠥᠰ ᠲᠤ ᠪᠤᠰᠤᠳᠴᠢ ᠪᠥᠭᠡᠳ ᠲᠥᠪ ᠭᠤᠥᠯᠴᠢ ᠪᠠᠷ ᠬᠢᠨᠠᠨ ᠰᠢᠯᠭᠠᠭᠰᠠᠨ ᠰᠠᠨᠠᠯ ᠭᠠᠷᠭᠠᠨ᠎ᠠ᠃ᠬᠢᠨᠠᠨ | ᠰᠢᠯᠭᠠᠭᠤᠯᠤᠭᠰᠠᠳ ᠴᠤ ᠨᠥᠭᠡᠴᠡᠯᠡᠬᠦ ᠬᠤᠭᠤᠴᠠᠭᠠᠨ ᠳᠤ ᠥᠪᠡᠷ ᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ | ᠬᠢᠷᠢ ᠲᠦᠪᠰᠢᠨ ᠪᠠ ᠪᠦᠯᠬᠦᠮ ᠨᠡᠶᠢᠲᠡ ᠶᠢᠨ ᠬᠠᠮᠲᠤᠷᠠᠯᠴᠠᠭᠠᠨ ᠤ ᠦᠵᠡᠯ ᠤᠬᠠᠮᠰᠠᠷ ᠨᠢ ᠢᠯᠡᠳᠲᠡ ᠳᠡᠭᠡᠭᠰᠢᠯᠡᠵᠡᠢ | ᠭᠡᠵᠦ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠵᠦ ᠪᠠᠶᠢᠯ᠎ᠠ᠃ | ᠶᠡᠷᠦᠩᠬᠡᠶᠢᠯᠡᠭᠰᠡᠨ ᠰᠢᠯᠭᠠᠨ ᠦᠨᠡᠯᠡᠯᠲᠡ ᠪᠠᠷ ᠳᠠᠮᠵᠢᠭᠠᠳ᠂ ᠮᠣᠷᠢᠲᠤ ᠪᠠᠭᠠᠲᠤᠷ ᠤᠨ ᠰᠦ᠋ ᠶᠢᠨ ᠦᠢᠯᠡᠰ᠂ | ᠪᠤᠭᠤᠲᠤ ᠶᠢᠨ ᠱᠧᠩ ᠲᠠᠢ ᠶᠢ ᠪᠠᠭᠲᠠᠭᠠᠭᠰᠠᠨ 4 ᠠᠵᠤ ᠠᠬᠤᠶᠢᠯᠠᠯ ᠤᠨ 4 ᠨᠥᠭᠡᠴᠡ ᠠᠵᠢᠯᠲᠠᠨ ᠴᠥᠮ ᠬᠢᠨᠠᠨ | ᠰᠢᠯᠭᠠᠯᠲᠠ ᠳᠤ ᠬᠢᠷᠢ ᠲᠡᠩᠴᠡᠭᠰᠡᠨ ᠪᠠᠶᠢᠨ᠎ᠠ᠃ᠬᠢᠨᠠᠨ ᠰᠢᠯᠭᠠᠵᠤ ᠳᠠᠭᠤᠰᠤᠭᠰᠠᠨ ᠤ ᠳᠠᠷᠠᠭ᠎ᠠ᠂ ᠳ᠋ᠦᠩ ᠾᠧ | ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠠᠴᠠ ᠬᠢᠨᠠᠨ ᠰᠢᠯᠭᠠᠭᠰᠠᠨ | ᠮᠠᠲ᠋ᠧᠷᠢᠶᠠᠯ ᠢᠶᠠᠨ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠠᠮᠢᠶ᠎ᠠ | ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠶᠢᠨ ᠬᠠᠮᠲᠤ ᠦᠨᠡᠮᠯᠡᠯ ᠭᠤᠶᠤᠴᠢᠯᠠᠬᠤ ᠵᠡᠷᠭᠡ | ᠠᠵᠢᠯ ᠢ ᠢᠳᠡᠪᠬᠢᠲᠡᠢ ᠵᠣᠬᠢᠴᠠᠭᠤᠯᠵᠤ᠂ ᠨᠥᠭᠡᠴᠡᠯᠡᠵᠦ ᠪᠠᠶᠢᠭ᠎ᠠ ᠬᠥᠮᠥᠰ ᠤᠨ ᠦᠨᠳᠦᠰᠦᠨ ᠱᠠᠲᠤᠨ ᠤ ᠲᠥᠷᠥᠯ | ᠵᠦᠢᠯ ᠤᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠲᠡᠳᠬᠦᠬᠦ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠤᠨ᠎ᠠ᠃ | | |