︽ᠰᠡᠳᠬᠢᠯ ᠢᠶᠠᠨ ᠨᠢᠭᠡᠳᠬᠡᠵᠦ ᠰᠡᠳᠬᠢᠯᠭᠡ ᠪᠠᠨ ᠬᠠᠮᠲᠤᠳᠬᠠᠬᠤ︾ ᠪᠠᠷ ᠦᠨᠳᠦᠰᠦᠲᠡᠨ ᠤ ᠪᠦᠯᠬᠦᠮᠳᠡᠯ ᠢ ᠠᠬᠢᠭᠤᠯᠤᠶ᠎ᠠ
ᠨᠡᠶᠢᠲᠡᠯᠡᠭᠰᠡᠨ ᠴᠠᠭ᠄
2022/9/29
       ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠪᠦᠬᠦ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳ᠋ᠦᠩ ᠾᠧ ᠲᠣᠭᠤᠷᠢᠭ ᠤᠨ ᠠᠵᠤ ᠠᠬᠤᠢ ᠶᠢᠨ ᠬᠥᠭᠵᠢᠯ ᠴᠡᠴᠡᠭᠯᠡᠯ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠢ ᠠᠬᠢᠭᠤᠯᠬᠤ ᠳᠤ᠂︽ᠳ᠋ᠦᠩ ᠾᠧ ᠲᠣᠭᠤᠷᠢᠭ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ᠋ ᠤᠨ ᠱᠠᠭᠠᠷᠳᠠᠯᠭ᠎ᠠ ᠶᠢ ᠦᠨᠳᠦᠰᠦᠯᠡᠵᠦ᠂ ᠳ᠋ᠦᠩ ᠾᠧ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠬᠦ ᠶᠢᠨ ᠬᠠᠮᠲᠤ ᠱᠠᠲᠤᠴᠢ ᠴᠢᠨᠠᠷᠲᠠᠢ ᠦᠷ᠎ᠡ ᠳ᠋ᠦᠩ ᠣᠯᠪᠠ᠃      ᠨᠢᠭᠡ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠤᠳᠤᠷᠢᠳᠬᠤ ᠳᠤᠭᠤᠶᠢᠯᠠᠩ ᠪᠠᠶᠢᠭᠤᠯᠤᠨ᠎ᠠ      ᠡᠭᠦᠳᠦᠨ ᠪᠠᠶᠢᠭᠤᠯᠬᠤ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ︽ᠳ᠋ᠦᠩ ᠾᠧ ᠲᠣᠭᠤᠷᠢᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠳ᠋ᠦᠩ ᠾᠧ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳ᠋ᠦᠩ ᠾᠧ ᠲᠣᠭᠤᠷᠢᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ᠤᠳᠤᠷᠢᠳᠬᠤ ᠳᠤᠭᠤᠶᠢᠯᠠᠩ ᠨᠢ ᠭᠤᠣᠯᠳᠠᠭᠤ ᠡᠭᠦᠳᠦᠨ ᠪᠠᠶᠢᠭᠤᠯᠬᠤ ᠠᠵᠢᠯ ᠢ ᠶᠡᠷᠦᠩᠬᠡᠢ ᠳᠤᠨᠢ ᠲᠥᠯᠥᠪᠯᠡᠬᠦ᠂ ᠬᠢᠨᠠᠯᠲᠠ ᠲᠠᠯᠪᠢᠨ ᠵᠢᠯᠤᠭᠤᠳᠬᠤ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠵᠡᠷᠭᠡ ᠠᠵᠢᠯ ᠢ ᠬᠠᠷᠢᠭᠤᠴᠠᠵᠤ᠂ ᠡᠭᠦᠳᠦᠨ ᠪᠠᠶᠢᠭᠤᠯᠬᠤ ᠠᠵᠢᠯ ᠢ ᠡᠷᠲᠡ ᠠᠴᠠ ᠲᠣᠬᠢᠷᠠᠭᠤᠯᠬᠤ᠂ ᠡᠷᠲᠡ ᠠᠴᠠ ᠪᠠᠶᠢᠷᠢᠯᠠᠭᠤᠯᠬᠤ᠂ ᠡᠷᠲᠡ ᠠᠴᠠ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃      ᠬᠤᠶᠠᠷ᠂ ᠠᠵᠢᠯ ᠤᠨ ᠬᠤᠷᠠᠯ ᠬᠤᠷᠠᠯᠳᠤᠭᠤᠯᠵᠤ᠂ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ      ᠡᠭᠦᠳᠦᠨ ᠪᠠᠶᠢᠭᠤᠯᠬᠤ ᠠᠵᠢᠯ ᠤᠨ ᠡᠮᠬᠢ ᠳᠢᠭᠯᠢᠮ ᠲᠠᠢ ᠥᠷᠨᠢᠬᠦ ᠶᠢ ᠠᠬᠢᠭᠤᠯᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠦᠨᠳᠦᠰᠦᠲᠡᠨ ᠤ ᠠᠵᠢᠯ ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ︽ᠳ᠋ᠦᠩ ᠾᠧ ᠲᠣᠭᠤᠷᠢᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾᠂ ︽ᠳ᠋ᠦᠩ ᠾᠧ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︿ᠨᠠᠢᠮᠠ ᠶᠢ ᠠᠬᠢᠭᠤᠯᠬᠤ﹀ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠶᠢ ᠲᠠᠯᠪᠢᠭᠰᠠᠨ ᠪᠠᠶᠢᠨ᠎ᠠ᠃ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠠᠵᠢᠯ ᠤᠨ ᠠᠭᠤᠯᠭ᠎ᠠ ᠪᠠ ᠠᠵᠢᠯ ᠤᠨ ᠶᠠᠪᠤᠴᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠡᠭᠡᠷ᠎ᠡ ᠨᠢᠭᠡᠳᠬᠡᠬᠦ ᠶᠢ ᠲᠦᠯᠬᠢᠨ ᠠᠬᠢᠭᠤᠯᠪᠠ᠃      ᠭᠤᠷᠪᠠ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ      ᠡᠭᠦᠳᠦᠨ ᠪᠠᠶᠢᠭᠤᠯᠬᠤ ᠶᠠᠪᠤᠴᠠ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠣᠯᠠᠨ ᠵᠦᠢᠯ ᠤᠨ ᠬᠡᠯᠪᠡᠷᠢ ᠪᠠᠷ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠦᠢᠯᠡᠴᠢᠯᠡᠭᠡᠨ ᠤ ᠴᠣᠩᠬᠤᠨ ᠤ ᠪᠠᠶᠢᠷᠢᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠡᠯᠭᠦᠭᠡ ᠪᠢᠴᠢᠭᠡᠰᠦ ᠶᠢ 3 ᠡᠯᠭᠦᠵᠦ᠂ LED ᠳᠡᠯᠭᠡᠴᠡᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠠᠭᠤᠯᠭ᠎ᠠ ᠶᠢ ᠦᠷᠭᠦᠯᠵᠢᠯᠡᠨ ᠨᠠᠪᠲᠠᠷᠡᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠦᠢᠯᠡᠴᠢᠯᠡᠭᠡᠨ ᠤ ᠲᠢᠩᠬᠢᠮ ᠳᠤ ᠨᠠᠰᠢ ᠴᠠᠰᠢ ᠶᠠᠪᠤᠵᠤ ᠠᠵᠢᠯᠯᠠᠵᠤ ᠪᠠᠶᠢᠭ᠎ᠠ ᠣᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠨ ᠥᠭᠴᠦ᠂ ᠥᠷᠭᠡᠨᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃      ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︽ᠳ᠋ᠦᠩ ᠾᠧ ᠲᠣᠭᠤᠷᠢᠭ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠠᠵᠢᠯ ᠤᠨ ᠪᠣᠳᠠᠲᠠᠢ ᠲᠠᠢ ᠪᠠᠨ ᠨᠢᠭᠲᠠ ᠤᠶᠠᠯᠳᠤᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠣᠯᠣᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1