ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠤᠷᠲᠤᠰᠤᠨ ᠲᠣᠰᠬᠤᠨ ᠪᠠ ᠪᠠᠭ᠎ᠠ ᠪᠠᠯᠭᠠᠶ ᠲᠣᠰᠬᠤᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠮᠡᠳᠡᠭᠦᠯᠦᠨ ᠳᠠᠩᠰᠠᠯᠠᠭᠤᠯᠵᠤ ᠵᠠᠷᠯᠠᠨ ᠨᠡᠶᠢᠲᠡᠯᠡᠬᠦ ᠲᠤᠬᠠᠢ
ᠨᠡᠶᠢᠲᠡᠯᠡᠭᠰᠡᠨ ᠴᠠᠭ᠄
2022/9/29
      ︽ᠲᠥᠪ ᠤᠨ ᠡᠳ᠋ ᠤᠨ ᠵᠠᠰᠠᠭ  ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠣᠰᠣᠭᠠᠷ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ  ᠠᠴᠠ ᠰᠤᠳᠤᠯᠬᠤ ᠪᠠᠷ ᠳᠡᠮᠵᠢᠨ᠂ ᠡᠳᠦᠭᠡ ᠰᠢᠷᠴᠢᠨ ᠪᠠᠯᠭᠠᠰᠤ ᠶᠢᠨ ᠤᠷᠭᠠᠨᠰᠤᠨ ᠲᠣᠰᠬᠤᠨ ᠪᠠ ᠪᠠᠭ᠎ᠠ ᠪᠠᠯᠭᠠᠶ ᠲᠣᠰᠬᠤᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠵᠠᠷᠯᠠᠨ ᠨᠡᠶᠢᠲᠡᠯᠡᠬᠦ ᠪᠠᠷ ᠲᠣᠭᠲᠠᠪᠠ᠃ᠢᠯᠡ ᠨᠡᠶᠢᠲᠡᠯᠡᠬᠦ ᠬᠤᠭᠤᠴᠠᠭ᠎ᠠ ᠨᠢ 10 ᠡᠳᠦᠷ᠂ ᠬᠡᠷᠪᠡ ᠳᠣᠣᠷᠠᠬᠢ ᠨᠢᠭᠡᠴᠡ ᠪᠣᠯᠣᠨ ᠲᠥᠷᠥᠯ ᠵᠦᠢᠯ ᠳᠤ ᠣᠨᠳᠣᠣ ᠰᠠᠨᠠᠯ ᠲᠠᠢ ᠪᠣᠯ᠂ ᠢᠯᠡ ᠨᠡᠶᠢᠲᠡᠯᠡᠬᠦ ᠬᠤᠭᠤᠴᠠᠭᠠᠨ ᠳᠤ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠪᠢᠴᠢᠭ ᠢᠶᠠᠷ ᠢᠯᠡᠴᠢᠯᠡᠨ ᠮᠡᠳᠡᠭᠦᠯᠬᠦ ᠮᠠᠲ᠋ᠧᠷᠢᠶᠠᠯ ᠪᠤᠶᠤ ᠤᠲᠠᠰᠤ ᠪᠠᠷ ᠢᠯᠡᠴᠢᠯᠡᠨ ᠮᠡᠳᠡᠭᠦᠯᠬᠦ ᠪᠠᠨ ᠳᠤᠷᠠᠳᠬᠤ ᠬᠡᠷᠡᠭᠲᠡᠢ᠃      ᠨᠢᠭᠡ᠂ ᠲᠥᠷᠥᠯ ᠵᠦᠢᠯ ᠤᠨ ᠨᠡᠷᠡᠶᠢᠳᠦᠯ᠄ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤ ᠶᠢᠨ ᠤᠷᠲᠤᠰᠤᠨ ᠲᠣᠰᠬᠤᠨ ᠪᠠ ᠪᠠᠭ᠎ᠠ ᠪᠠᠯᠭᠠᠶ ᠲᠣᠰᠬᠤᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ      ᠬᠤᠶᠠᠷ᠂ ᠪᠦᠲᠦᠭᠡᠨ ᠪᠠᠶᠢᠭᠤᠯᠬᠤ ᠠᠭᠤᠯᠭ᠎ᠠ᠄ ᠰᠢᠷᠴᠢᠨ ᠪᠠᠯᠭᠠᠰᠤ ᠶᠢᠨ ᠤᠷᠲᠤᠰᠤᠨ ᠲᠣᠰᠬᠤᠨ ᠪᠠ ᠪᠠᠭ᠎ᠠ ᠪᠠᠯᠭᠠᠢ ᠲᠣᠰᠬᠤᠨ ᠳᠤ 3 ᠲᠥᠬᠦᠭᠡᠷᠦᠮᠵᠢ ᠶᠢᠨ ᠲᠠᠰᠤᠭ ︵4m×3m︶ ᠢ ᠰᠢᠨ᠎ᠡ ᠪᠠᠷ ᠪᠠᠶᠢᠭᠤᠯᠵᠤ᠂ 1 ᠲᠥᠬᠦᠭᠡᠷᠦᠮᠵᠢ ᠶᠢᠨ ᠲᠠᠰᠤᠭ ᠢ ᠥᠭᠡᠷᠡᠴᠢᠯᠡᠨ ᠪᠠᠶᠢᠭᠤᠯᠵᠤ᠂ 4 ᠢᠵᠢ ᠤᠰᠤ ᠰᠢᠢᠳᠪᠦᠷᠢᠯᠡᠬᠦ ᠲᠥᠬᠦᠭᠡᠷᠦᠮᠵᠢ ︵ᠡᠭᠦᠨ ᠳᠤ 0.5t ᠬᠡᠪᠴᠢᠶᠡᠨ ᠤ 3 ᠢᠵᠢ᠂ 1t ᠬᠡᠪᠴᠢᠶᠡᠨ ᠤ 1 ᠢᠵᠢ︶ ᠢᠵᠢ ᠲᠥᠬᠦᠷᠵᠢᠭᠦᠯᠵᠦ᠂ 500G ᠠᠦ᠋ᠲ᠋ᠣ᠋ ᠤᠰᠤ ᠬᠤᠳᠠᠯᠳᠤᠬᠤ ᠮᠠᠰᠢᠨ ᠤ 1 ᠢᠵᠢ ᠢᠵᠢ ᠲᠥᠬᠦᠷᠵᠢᠭᠦᠯᠵᠦ᠂ ᠤᠰᠤ ᠬᠠᠩᠭᠠᠬᠤ᠂ ᠤᠰᠤ ᠲᠠᠲᠠᠷᠠᠭᠤᠯᠬᠤ ᠬᠤᠭᠤᠯᠠᠢ ︵ᠬᠤᠭᠤᠯᠠᠢ ᠮᠠᠲ᠋ᠧᠷᠢᠶᠠᠯ ᠨᠢ PE ᠬᠤᠭᠤᠯᠠᠢ︶ ᠳᠡᠪᠢᠰᠴᠦ᠂ ᠤᠰᠤ ᠬᠠᠩᠭᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠭᠤᠷᠪᠠ᠂ ᠪᠡᠯᠡ ᠮᠥᠩᠭᠦ ᠵᠢᠴᠢ ᠢᠷᠡᠯᠲᠡ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ 42 ᠲᠦᠮᠡᠨ ᠲᠥᠭᠦᠷᠢᠭ᠂ ᠥᠪᠡᠷᠲᠡᠭᠡᠨ ᠴᠤᠭᠯᠠᠭᠤᠯᠬᠤ ᠪᠡᠯᠡ ᠮᠥᠩᠭᠦ 2 ᠲᠦᠮᠡᠨ ᠲᠥᠭᠦᠷᠢᠭ      ᠳᠥᠷᠪᠡ᠂ ᠪᠦᠲᠦᠭᠡᠨ ᠪᠠᠶᠢᠭᠤᠯᠬᠤ ᠭᠠᠵᠠᠷ᠄ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤ ᠶᠢᠨ ᠤᠷᠲᠤᠰᠤᠨ ᠲᠣᠰᠬᠤᠨ ᠪᠠ ᠪᠠᠭ᠎ᠠ ᠪᠠᠯᠭᠠᠶ ᠲᠣᠰᠬᠤᠨ      ᠲᠠᠪᠤ᠂ ᠬᠡᠷᠡᠭᠵᠢᠭᠦᠯᠬᠦ ᠨᠢᠭᠡᠴᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ      ᠵᠢᠷᠭᠤᠭ᠎ᠠ᠂ ᠠᠮᠵᠢᠯᠲᠠ ᠪᠦᠲᠦᠮᠵᠢ ᠶᠢᠨ ᠬᠠᠷᠠᠯᠲᠠ᠄ ᠢᠨᠵᠧᠨᠧᠷᠢᠩ ᠤᠨ ᠠᠭᠤᠯᠭ᠎ᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠰᠢᠷᠴᠢᠨ ᠪᠠᠯᠭᠠᠰᠤ ᠶᠢᠨ ᠤᠷᠲᠤᠰᠤᠨ ᠲᠣᠰᠬᠤᠨ ᠪᠠ ᠪᠠᠭ᠎ᠠ ᠪᠠᠯᠭᠠᠶ ᠲᠣᠰᠬᠤᠨ ᠤ ᠤᠤᠭᠤᠬᠤ ᠤᠰᠤᠨ ᠤ ᠴᠢᠨᠠᠷ ᠤᠨ ᠠᠰᠠᠭᠤᠳᠠᠯ ᠢ ᠰᠢᠢᠳᠪᠦᠷᠢᠯᠡᠵᠦ᠂ ᠤᠰᠤ ᠬᠠᠩᠭᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ᠳᠣᠯᠤᠭ᠎ᠠ᠂ ᠠᠰᠢᠭ ᠭᠥᠷᠳᠡᠭᠰᠡᠨ ᠬᠥᠮᠥᠨ ᠤ ᠲᠤᠭ᠎ᠠ᠄ 8042 ᠬᠥᠮᠥᠨ᠃      ᠨᠠᠢᠮᠠ᠂ ᠭᠥᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 8᠄ 30-12᠄ 00      ᠦᠳᠡ ᠶᠢᠨ ᠬᠤᠶᠢᠨᠠᠬᠢ 2᠄ 30 ︱ 5᠄ 30      ᠶᠢᠰᠦ᠂ ᠢᠮᠧᠯ᠄ dhnmlsj@126.com      ᠠᠷᠪᠠ᠂ ᠢᠯᠡ ᠨᠡᠶᠢᠲᠡᠯᠡᠬᠦ ᠴᠠᠭ᠄ 2022 ᠣᠨ ᠤ 8 ᠰᠠᠷ᠎ᠠ ᠶᠢᠨ 2 ᠤᠨ ᠡᠳᠦᠷ ︱ 8 ᠰᠠᠷ᠎ᠠ ᠶᠢᠨ 11 ᠤ ᠡᠳᠦᠷ      ᠬᠠᠶ᠋ᠢᠭ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 901 ᠲᠠᠰᠤᠭ      ᠬᠠᠷᠢᠯᠴᠠᠬᠤ ᠬᠥᠮᠥᠨ᠄ ᠵᠠᠩ ᠮᠧᠶ      ᠬᠠᠷᠢᠯᠴᠠᠬᠤ ᠤᠲᠠᠰᠤ᠄ 13947236575      ᠬᠢᠨᠠᠯᠲᠠ ᠲᠠᠯᠪᠢᠬᠤ ᠤᠲᠠᠰᠤ᠄ 12317        ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ        2022 ᠣᠨ ᠤ 8 ᠰᠠᠷ᠎ᠠ ᠶᠢᠨ 2
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1