ᠳ᠋ᠦᠩ ᠾᠧ ᠲᠣᠭᠤᠷᠢᠭ︽ᠳ᠋ᠦᠩ ᠾᠧ ᠲᠣᠭᠤᠷᠢᠭ ᠤᠨ 2022 ᠣᠨ ᠤ ᠪᠤᠴᠠᠵᠤ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠵᠤ ᠠᠵᠢᠯ ᠤᠨ ᠲᠣᠭᠲᠠᠴᠠ ᠶᠢ ᠴᠢᠨᠠᠭᠰᠢᠳᠠ ᠪᠦᠷᠢᠨᠰᠢᠭᠦᠯᠵᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/9/29
        ᠰᠢ ᠶᠢᠨ ᠫᠢᠩ ᠶᠡᠷᠦᠩᠬᠡᠢ ᠱᠦᠵᠢ ᠶᠢᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠣᠷᠣᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ ᠬᠠᠷᠢᠭᠤᠴᠠᠯᠭ᠎ᠠ ᠶᠢ ᠦᠷᠭᠦᠯᠵᠢᠯᠡᠨ ᠴᠢᠩᠭ᠎ᠠ ᠠᠳᠬᠤᠵᠤ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠪᠠᠶᠢᠳᠠᠯ ᠭᠠᠷᠬᠤ ᠦᠭᠡᠢ ᠪᠠᠶᠢᠬᠤ  ᠶᠢ ᠪᠠᠲᠤᠯᠠᠵᠤ᠂ ᠳ᠋ᠦᠩ ᠾᠧ ᠲᠣᠭᠤᠷᠢᠭ ᠤᠨ ᠨᠠᠮ ᠤᠨ ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ  ᠬᠢᠨ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠳ᠋ᠦᠩ ᠾᠧ ᠲᠣᠭᠤᠷᠢᠭ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠬᠦ ᠠᠵᠢᠯ ᠤᠨ ᠲᠥᠰᠥᠯ ᠢ ᠦᠨᠳᠦᠰᠦᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ ᠲᠥᠰᠥᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ 2022 ᠣᠨ ᠠᠴᠠ ᠨᠠᠰᠢᠬᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠬᠤᠪᠢᠷᠠᠯᠲᠠ ᠪᠠ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ︽ᠳ᠋ᠦᠩ ᠾᠧ ᠲᠣᠭᠤᠷᠢᠭ ᠤᠨ 2022 ᠣᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠪᠠᠶᠢᠩᠭᠤᠵᠢᠭᠤᠯᠤᠨ ᠥᠷᠨᠢᠭᠦᠯᠦᠭᠰᠡᠨ ᠰᠠᠭᠤᠷᠢᠨ ᠳᠡᠭᠡᠷ᠎ᠡ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠡᠮᠬᠢᠯᠡᠨ ᠲᠣᠳᠣᠷᠬᠠᠶᠢᠯᠠᠵᠤ᠂ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ︵ᠪᠠᠰᠠ ︽ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠯᠭᠠᠬᠤ ᠡᠲᠡᠭᠡᠳ︾ ᠭᠡᠳᠡᠭ᠂ ︽ᠬᠢᠨᠠᠨ ᠰᠢᠯᠭᠠᠬᠤ ᠡᠲᠡᠭᠡᠳ︾ ᠭᠡᠵᠦ ᠲᠣᠪᠴᠢᠯᠠᠨ᠎ᠠ︶ ᠶᠢ ᠢᠯᠭᠠᠨ ᠲᠠᠨᠢᠬᠤ ᠶᠢ ᠨᠠᠷᠢᠨ ᠨᠢᠮᠪᠠᠢ ᠡᠵᠡᠮᠳᠡᠨ᠂ ᠡᠯ᠎ᠡ ᠲᠠᠯ᠎ᠠ ᠶᠢᠨ ᠠᠵᠢᠯ ᠤᠨ ᠭᠤᠣᠯᠳᠠᠯᠭ᠎ᠠ ᠪᠠ ᠲᠥᠷᠥ ᠶᠢᠨ ᠪᠣᠳᠣᠯᠭ᠎ᠠ ᠶᠢᠨ ᠭᠦᠢᠴᠡᠳᠬᠡᠯ ᠲᠤᠭ᠎ᠠ ᠶᠢ ᠬᠠᠪᠰᠤᠷᠤᠨ ᠲᠡᠳᠬᠦᠬᠦ ᠶᠢᠨ ᠬᠠᠮᠲᠤ ᠠᠮᠢᠳᠤᠯᠢᠭ ᠢᠶᠠᠷ ᠡᠵᠡᠮᠰᠢᠵᠦ ᠪᠣᠯᠬᠤ ᠲᠥᠷᠥ ᠶᠢᠨ ᠪᠣᠳᠣᠯᠭ᠎ᠠ ᠶᠢᠨ ᠭᠦᠢᠴᠡᠳᠬᠡᠯ ᠲᠤᠭ᠎ᠠ ᠶᠢ ᠲᠣᠳᠣᠷᠬᠠᠶᠢᠯᠠᠵᠤ᠂ ᠦᠨᠳᠦᠰᠦᠨ ᠱᠠᠲᠤᠨ ᠤ ᠠᠵᠢᠯ ᠤᠨ ᠱᠠᠭᠠᠷᠳᠠᠯᠭ᠎ᠠ ᠶᠢ ᠬᠡᠷᠡᠭᠵᠢᠭᠦᠯᠬᠦ ᠪᠠ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠤ ᠲᠥᠬᠦᠮ ᠦᠵᠡᠭᠦᠯᠦᠨ᠎ᠡ᠃ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠣᠷᠣᠭᠤᠯᠬᠤ ᠶᠢ ᠠᠭᠤᠴᠢᠯᠠᠵᠤ ᠭᠠᠷᠭᠠᠬᠤ ᠶᠢ ᠴᠢᠩᠳᠠᠯᠠᠬᠤ︾ ᠵᠠᠷᠴᠢᠮ ᠶᠣᠰᠣᠭᠠᠷ᠂ ᠬᠥᠳᠡᠯᠦᠩᠭᠦᠢ ᠬᠢᠨᠠᠨ ᠬᠡᠮᠵᠢᠬᠦ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠠᠵᠢᠯ ᠤᠨ ᠶᠠᠪᠤᠴᠠ ᠶᠢ ᠳᠥᠭᠦᠮᠴᠢᠯᠡᠵᠦ᠂ ᠮᠠᠭᠠᠳᠯᠠᠨ ᠲᠣᠭᠲᠠᠭᠠᠬᠤ ᠴᠠᠭ ᠬᠤᠭᠤᠴᠠᠭ᠎ᠠ ᠶᠢ ᠪᠣᠭᠤᠨᠢᠰᠬᠠᠵᠤ᠂ ᠬᠢᠨᠠᠨ ᠬᠡᠮᠵᠢᠬᠦ ᠠᠷᠭ᠎ᠠ ᠵᠠᠮ ᠢ ᠥᠷᠭᠡᠳᠬᠡᠨ ᠰᠢᠯᠤᠭᠤᠳᠬᠠᠵᠤ᠂ ᠲᠤᠭ᠎ᠠ ᠪᠠᠷᠢᠮᠲᠠ ᠶᠢ ᠬᠠᠷᠢᠴᠠᠭᠤᠯᠤᠨ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠬᠢᠨᠠᠨ ᠬᠡᠮᠵᠢᠵᠦ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠤᠬᠠᠭᠤᠯᠭ᠎ᠠ ᠪᠣᠯᠪᠠᠰᠤᠷᠠᠭᠤᠯᠤᠯ ᠪᠠ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠵᠡᠷᠭᠡ ᠠᠵᠢᠯ ᠢ ᠴᠢᠩᠭᠠᠳᠬᠠᠵᠤ᠂ ᠶᠠᠳᠠᠭᠤᠷᠠᠬᠤ ᠪᠤᠶᠤ ᠲᠠᠬᠢᠨ ᠶᠠᠳᠠᠭᠤᠷᠠᠬᠤ ᠲᠦᠭᠰᠢᠭᠦᠷᠢ ᠲᠠᠢ ᠬᠥᠮᠥᠰ ᠢ ᠴᠠᠭ ᠲᠤᠬᠠᠢ ᠳᠤᠨᠢ ᠣᠷᠣᠭᠤᠯᠵᠤ᠂ ᠴᠠᠭ ᠲᠤᠬᠠᠢ ᠳᠤᠨᠢ ᠬᠠᠪᠰᠤᠷᠤᠨ ᠲᠡᠳᠬᠦᠬᠦ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠡᠮᠬᠢ ᠵᠢᠷᠤᠮ ᠲᠠᠢ ᠵᠣᠯᠭᠠᠭᠤᠯᠬᠤ ᠳᠤ ᠳᠦᠷᠢᠮ ᠤᠨ ᠪᠠᠲᠤᠯᠠᠭ᠎ᠠ ᠪᠠ ᠠᠵᠢᠯ ᠤᠨ ᠵᠢᠯᠣᠭᠤᠳᠤᠯᠭ᠎ᠠ ᠬᠠᠩᠭᠠᠵᠠᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1