ᠪᠤᠭᠤᠲᠤ ᠬᠤᠳᠠ ᠶᠢᠨ 2022 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠲᠥᠪᠯᠡᠷᠡᠭᠦᠯᠦᠨ ᠪᠠᠶᠢᠴᠠᠭᠠᠨ ᠰᠤᠳᠤᠯᠬᠤ ᠠᠵᠢᠯ ᠤᠨ ᠳᠤᠭᠤᠶᠢᠯᠠᠩ ᠮᠠᠨ ᠤ ᠣᠷᠣᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/9/29
      ᠪᠤᠭᠤᠲᠤ ᠬᠤᠳᠠ ᠶᠢᠨ 2022 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠲᠥᠪᠯᠡᠷᠡᠭᠦᠯᠦᠨ ᠪᠠᠶᠢᠴᠠᠭᠠᠨ ᠰᠤᠳᠤᠯᠬᠤ ᠠᠵᠢᠯ ᠤᠨ ᠳᠤᠭᠤᠶᠢᠯᠠᠩ ᠮᠠᠨ ᠤ ᠣᠷᠣᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ      8 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ ︱ 8 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠪᠤᠭᠤᠲᠤ ᠬᠤᠲᠠ ᠶᠢᠨ 2022 ᠣᠨ ᠤ ᠶᠠᠳᠠᠭᠤ  ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠵᠤ ᠲᠥᠪᠯᠡᠷᠡᠭᠦᠯᠦᠨ ᠪᠠᠶᠢᠴᠠᠭᠠᠨ ᠰᠤᠳᠤᠯᠤᠯᠲᠠ ᠬᠢᠬᠦ ᠨᠢᠭᠡᠳᠦᠭᠡᠷ ᠠᠵᠢᠯᠯᠠᠬᠤ ᠳᠤᠭᠤᠶᠢᠯᠠᠩ ᠳ᠋ᠦᠩ ᠾᠧ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ᠃      ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠭᠤᠣᠯ ᠠᠭᠤᠯᠭ᠎ᠠ᠂ ᠨᠢᠭᠡ ᠳᠤ ᠰᠢᠯᠵᠢᠯᠲᠡ ᠶᠢᠨ ᠬᠤᠭᠤᠴᠠᠭᠠᠨ ᠳᠤ ᠣᠳᠣ ᠶᠢᠨ ᠪᠠᠶᠢᠭ᠎ᠠ ᠭᠤᠣᠯ ᠪᠣᠯᠬᠤ ᠲᠥᠷᠥ ᠶᠢᠨ ᠪᠣᠳᠣᠯᠭ᠎ᠠ  ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠲᠠᠯ᠎ᠠ ᠬᠤᠶᠠᠷ ᠲᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠦᠭᠰᠡᠨ ᠪᠠᠶᠢᠳᠠᠯ ᠤᠨ ᠲᠠᠯ᠎ᠠ ᠪᠠᠷ᠂ ᠭᠤᠷᠪᠠ ᠳᠤ᠂ ᠳᠠᠷᠢᠵᠤ ᠲᠡᠵᠢᠭᠡᠬᠦ ᠦᠢᠯᠡᠰ ᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠠᠯ᠎ᠠ ᠪᠠᠷ᠂ ᠳᠥᠷᠪᠡ ᠳᠤ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠠᠵᠢᠯ ᠤᠨ ᠲᠠᠯ᠎ᠠ ᠪᠠᠷ᠂ ᠲᠠᠪᠤ ᠳᠤ ᠪᠡᠯᠡ ᠮᠥᠩᠭᠦ ᠶᠢᠨ ᠲᠥᠷᠥᠯ ᠵᠦᠢᠯ ᠪᠠ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠣᠯᠭᠠᠭᠤᠯᠬᠤ ᠲᠠᠯ᠎ᠠ ᠪᠠᠷ᠂ ᠵᠢᠷᠭᠤᠭ᠎ᠠ ᠳᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠯ᠎ᠠ ᠪᠠᠷ᠂ ᠳᠣᠯᠤᠭ᠎ᠠ ᠳᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠵᠠᠰᠠᠯᠲᠠ ᠵᠡᠷᠭᠡ ᠪᠠᠶᠢᠳᠠᠯ ᠤᠨ ᠲᠠᠯ᠎ᠠ ᠪᠠᠷ᠂ ᠨᠠᠢᠮᠠ ᠳᠤ ᠨᠡᠶᠢᠭᠡᠮ ᠤᠨ ᠬᠦᠴᠦᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠰᠠᠨ ᠵᠢᠴᠢ ᠲᠣᠰ ᠭᠠᠵᠠᠷ ᠣᠷᠣᠨ ᠤ ᠴᠢᠳᠠᠪᠤᠷᠢᠲᠠᠨ᠂ ᠣᠶᠤᠲᠠᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠵᠡᠷᠭᠡ ᠪᠠᠶᠢᠳᠠᠯ᠃ᠲᠠᠰᠢᠷᠠᠮ ᠢᠶᠠᠷ ᠾᠧ ᠳ᠋ᠦᠩ ᠪᠠᠯᠭᠠᠰᠤᠨ ᠤ ᠬᠤᠤ ᠯᠠᠢ ᠭᠧᠦ ᠲᠣᠰᠬᠤᠨ᠂ ᠰᠢᠷᠴᠢᠨ ᠪᠠᠯᠭᠠᠰᠤᠨ ᠤ ᠬᠥᠩ ᠵᠢᠢ ᠪᠠᠨ ᠲᠣᠰᠬᠤᠨ ᠪᠣᠯᠣᠨ ᠠᠳᠦᠯᠠᠢ ᠲᠣᠰᠬᠤᠨ ᠢᠶᠠᠷ ᠬᠦᠷᠴᠦ᠂ ᠨᠡᠶᠢᠲᠡ 18 ᠡᠷᠦᠬᠡ ᠡᠷᠦᠬᠡ ᠳᠤ ᠬᠦᠷᠴᠦ᠂ ᠲᠣᠰᠬᠤᠨ ᠤ ᠲᠠᠰ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠠᠩᠰᠠ ᠡᠪᠬᠡᠮᠡᠯ ᠤᠨ ᠮᠠᠲ᠋ᠧᠷᠢᠶᠠᠯ ᠢ ᠨᠠᠷᠢᠨ ᠨᠢᠮᠪᠠᠢ ᠪᠠᠶᠢᠴᠠᠭᠠᠨ ᠦᠵᠡᠵᠦ᠂ ᠪᠠᠯᠭᠠᠰᠤ᠂ ᠲᠣᠰᠬᠤᠨ ᠤ ᠺᠠᠳ᠋ᠷᠴᠤᠳ ᠲᠠᠢ ᠲᠤᠬᠠᠢ ᠶᠢᠨ ᠲᠠᠯᠠᠪᠤᠷ ᠲᠤ ᠶᠠᠷᠢᠯᠴᠠᠭᠰᠠᠨ ᠪᠥᠭᠡᠳ ᠤᠲᠠᠰᠤ ᠪᠠᠷ ᠶᠠᠷᠢᠯᠴᠠᠬᠤ ᠠᠷᠭ᠎ᠠ ᠮᠠᠶ᠋ᠢᠭ ᠢᠶᠠᠷ ᠭᠤᠣᠯᠳᠠᠯᠭ᠎ᠠ ᠲᠠᠢ ᠠᠵᠢᠯ ᠲᠥᠷᠥᠯ ᠤᠨ ᠰᠠᠯᠠᠭ᠎ᠠ ᠮᠥᠴᠢᠷ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠤᠭᠤᠴᠢᠨ ᠪᠠᠶᠢᠴᠠᠭᠠᠯᠲᠠ ᠬᠢᠵᠦ᠂ ᠮᠠᠨ ᠤ ᠣᠷᠣᠨ ᠤ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠦᠨᠵᠡᠭᠡᠢ ᠣᠶᠢᠯᠠᠭᠠᠪᠠ᠃ᠮᠠᠲ᠋ᠧᠷᠢᠶᠠᠯ ᠪᠠᠶᠢᠴᠠᠭᠠᠨ ᠦᠵᠡᠬᠦ᠂ ᠤᠲᠠᠰᠤ ᠪᠠᠷ ᠰᠤᠭᠤᠴᠢᠨ ᠪᠠᠶᠢᠴᠠᠭᠠᠬᠤ᠂ ᠦᠯᠢᠭᠡᠷ ᠠᠪᠴᠤ ᠡᠷᠦᠬᠡ ᠳᠤ ᠬᠦᠷᠴᠦ ᠰᠤᠷᠪᠤᠯᠵᠢᠯᠠᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠨᠥᠬᠦᠳ ᠣᠯᠵᠤ ᠮᠡᠳᠡᠭᠰᠡᠨ ᠠᠰᠠᠭᠤᠳᠠᠯ ᠢ ᠬᠦᠯᠢᠴᠡᠩᠭᠦᠢ ᠪᠠᠷ ᠵᠢᠯᠤᠭᠤᠳᠴᠤ᠂ ᠲᠦᠷᠦ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠲᠠᠶᠢᠯᠪᠤᠷᠢᠯᠠᠨ ᠶᠠᠷᠢᠵᠤ᠂ ᠮᠠᠨ ᠤ ᠣᠷᠣᠨ ᠳᠤ ᠣᠷᠣᠰᠢᠵᠤ ᠪᠠᠶᠢᠭ᠎ᠠ ᠦᠷ᠎ᠡ ᠪᠦᠲᠦᠭᠡᠯ ᠢ ᠪᠠᠬᠢᠵᠢᠭᠦᠯᠬᠦ ᠡᠯ᠎ᠡ ᠵᠦᠢᠯ ᠤᠨ ᠠᠵᠢᠯ ᠤᠨ ᠪᠠᠭᠤᠷᠠᠢ ᠭᠤᠭᠴᠤᠭ᠎ᠠ ᠶᠢ ᠰᠠᠨᠠᠭᠤᠯᠵᠤ᠂ ᠲᠠᠬᠢᠨ ᠶᠠᠳᠠᠭᠤᠷᠠᠬᠤ ᠶᠢ ᠬᠥᠳᠡᠯᠦᠩᠭᠦᠢ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠵᠦ ᠪᠠᠶᠢᠭᠠᠳ ᠠᠰᠠᠭᠤᠳᠠᠯ ᠢ ᠡᠷᠲᠡ ᠢᠯᠡᠷᠡᠭᠦᠯᠬᠦ ᠶᠢ ᠰᠡᠷᠭᠡᠶᠢᠯᠡᠵᠦ᠂ ᠣᠨᠣᠪᠴᠢᠲᠠᠢ ᠵᠠᠳᠠᠯᠵᠤ᠂ ᠤᠷᠢᠳᠴᠢᠯᠠᠨ ᠰᠡᠷᠡᠮᠵᠢᠯᠡᠭᠦᠯᠵᠦ᠂ ᠦᠨᠳᠦᠰᠦᠨ ᠱᠠᠲᠤ ᠶᠢ ᠬᠠᠪᠰᠤᠷᠤᠨ ᠶᠠᠳᠠᠭᠤᠷᠠᠬᠤ ᠪᠠ ᠲᠠᠬᠢᠨ ᠶᠠᠳᠠᠭᠤᠷᠠᠬᠤ ᠠᠶᠤᠯ ᠲᠦᠭᠰᠢᠭᠦᠷᠢ ᠶᠢᠨ ᠭᠡᠮ ᠰᠣᠭᠤᠭ ᠢ ᠠᠷᠢᠯᠭᠠᠵᠤ᠂ ᠠᠳᠡᠭᠦᠦ ᠪᠤᠷᠤᠭᠤ ᠶᠢ ᠵᠠᠯᠠᠷᠠᠭᠤᠯᠤᠨ ᠠᠵᠢᠯ ᠢ ᠰᠠᠶᠢᠵᠢᠷᠠᠭᠤᠯᠬᠤ ᠶᠢ ᠴᠢᠬᠤᠯᠠᠴᠢᠯᠠᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1