ᠳ᠋ᠦᠩ ᠾᠧ ᠲᠣᠭᠤᠷᠢᠭ ᠤᠨ 2 ᠨᠢᠭᠡᠴᠡ ᠪᠤᠭᠤᠲᠤ ᠬᠤᠲᠠ ᠶᠢᠨ ︽ᠬᠡᠮᠵᠢᠯᠲᠡ ᠶᠢᠨ ᠦᠨᠡᠨᠴᠢ ᠢᠲᠡᠭᠡᠮᠵᠢ ᠶᠢᠨ ᠨᠢᠭᠡᠴᠡ︾ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2022/9/29
       ᠬᠡᠮᠵᠢᠯᠲᠡ ᠶᠢᠨ ᠦᠨᠡᠨᠴᠢ ᠢᠲᠡᠭᠡᠮᠵᠢ ᠨᠢ ᠠᠷᠠᠳ ᠣᠯᠠᠨ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠲᠠᠢ ᠬᠤᠯᠪᠣᠭᠳᠠᠵᠤ᠂ ᠮᠠᠨ ᠤ ᠣᠷᠣᠨ ᠤ ᠠᠷᠠᠯᠵᠢᠶ᠎ᠠ ᠬᠤᠳᠠᠯᠳᠤᠭᠠᠨ ᠤ ᠦᠢᠯᠡᠰ᠂ ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ ᠬᠡᠮᠵᠢᠯᠲᠡ ᠶᠢᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠵᠤ᠂ ᠨᠡᠶᠢᠭᠡᠮ ᠤᠨ ᠦᠨᠡᠨᠴᠢ ᠢᠲᠡᠭᠡᠮᠵᠢᠲᠡᠢ ᠪᠠᠶᠢᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠳᠤ ︽ᠬᠡᠮᠵᠢᠯᠲᠡ ᠶᠢᠨ ᠦᠨᠡᠨᠴᠢ ᠢᠲᠡᠭᠡᠮᠵᠢ ᠶᠢᠨ ᠨᠢᠭᠡᠴᠡ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠡᠨᠴᠢ ᠢᠲᠡᠭᠡᠮᠵᠢ ᠶᠢᠨ ᠬᠡᠪ ᠳᠠᠭᠤᠷᠢᠶᠠᠯ ᠢ ᠪᠣᠶᠢᠵᠢᠭᠤᠯᠤᠨ᠂ ᠬᠡᠮᠵᠢᠯᠲᠡ ᠶᠢᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠪᠠ᠃      ᠮᠠᠨ ᠤ ᠬᠠᠷᠢᠶ᠎ᠠ ᠣᠷᠣᠨ ᠤ ᠬᠡᠮᠵᠢᠯᠲᠡ ᠶᠢᠨ ᠬᠠᠮᠢᠶᠠᠷᠤᠯᠲᠠ  ᠶᠢ ᠤᠯᠠᠮ ᠨᠢᠭᠡ ᠠᠯᠬᠤᠮ ᠳᠦᠷᠢᠮᠵᠢᠭᠦᠯᠬᠦ ᠶᠢᠨ ᠡᠯ᠎ᠡ ᠠᠵᠢᠯ ᠲᠥᠷᠥᠯ ᠤᠨ ᠬᠢᠨ ᠤ ᠦᠨᠡᠨᠴᠢ ᠢᠲᠡᠭᠡᠮᠵᠢᠲᠡᠢ᠂ ᠥᠪᠡᠷ ᠢ ᠪᠠᠨ ᠱᠠᠭᠠᠷᠳᠠᠬᠤ  ᠶᠢ ᠬᠥᠲᠥᠯᠥᠨ ᠡᠷᠬᠡ ᠲᠡᠭᠰᠢ ᠲᠥᠪ ᠭᠤᠣᠯᠴᠢ ᠬᠡᠮᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠵᠤ ᠠᠬᠤᠶᠢᠯᠠᠯ ᠤᠨ ᠰᠠᠶᠢᠨ ᠳᠤᠷ᠎ᠠ ᠠᠴᠠ ᠪᠠᠨ ᠭᠤᠶᠤᠴᠢᠯᠠᠬᠤ᠂ ᠥᠪᠡᠷ ᠤᠨ ᠠᠮᠠᠯᠠᠯᠲᠠ ᠪᠠᠨ ᠢᠯᠡ ᠪᠣᠯᠭᠠᠬᠤ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠴᠢᠩᠭ᠎ᠠ ᠬᠢᠨᠠᠨ ᠬᠠᠷᠭᠤᠭᠤᠯᠬᠤ᠂ ᠲᠤᠬᠠᠢ ᠶᠢᠨ ᠲᠠᠯᠠᠪᠤᠷ ᠲᠤ ᠬᠢᠨᠠᠨ ᠪᠠᠶᠢᠴᠠᠭᠠᠬᠤ ᠪᠠᠷ ᠳᠠᠮᠵᠢᠭᠠᠳ᠂ ᠳ᠋ᠦᠩ ᠾᠧ ᠲᠣᠭᠤᠷᠢᠭ ᠤᠨ 2 ᠨᠢᠭᠡᠴᠡ 2021 ᠣᠨ ᠤ︽ᠪᠤᠭᠤᠲᠤ ᠬᠤᠳᠠ ᠶᠢᠨ ᠬᠡᠮᠵᠢᠯᠲᠡ ᠶᠢᠨ ᠦᠨᠡᠨᠴᠢ ᠢᠲᠡᠭᠡᠮᠵᠢ ᠶᠢᠨ ᠨᠢᠭᠡᠴᠡ︾ ᠪᠠᠷ ᠦᠨᠡᠯᠡᠭᠳᠡᠵᠦ᠂ ᠲᠤᠰ ᠲᠤᠰ ᠪᠤᠭᠤᠲᠤ ᠬᠤᠳᠠ ᠶᠢᠨ ᠶᠢᠨ ᠯᠦ ᠲᠤᠰᠤᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠤᠭᠤᠲᠤ ᠬᠤᠳᠠ ᠶᠢᠨ ᠴᠢᠩ ᠯᠢᠶᠠᠩ ᠨᠢᠳᠦᠨ ᠰᠢᠯ ᠤᠨ ᠬᠢᠵᠠᠭᠠᠷᠲᠤ ᠺᠣᠮᠫᠠᠨᠢ ᠪᠠᠷ ᠦᠨᠡᠯᠡᠭᠳᠡᠪᠡ᠃ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠵᠧᠦ ᠵᠢᠩ ᠲᠤᠤ ᠲᠤᠬᠠᠢ ᠶᠢᠨ ᠲᠠᠯᠠᠪᠠᠶ ᠳᠤ ᠰᠣᠩᠭᠤᠭᠳᠠᠭᠰᠠᠨ ᠨᠢᠭᠡᠴᠡ ᠳᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠡᠭᠦᠨ ᠤ ᠬᠠᠮᠲᠤ᠂ ᠰᠣᠩᠭᠤᠭᠳᠠᠭᠰᠠᠨ ᠨᠢᠭᠡᠴᠡ ᠶᠢᠨ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠠᠩ ᠣᠯᠠᠨ ᠠᠵᠤ ᠠᠬᠤᠶᠢᠯᠠᠯ ᠢ ᠳᠠᠭᠠᠭᠤᠯᠤᠨ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠥᠪᠡᠷ ᠤᠨ ᠠᠮᠠᠯᠠᠯᠲᠠ ᠶᠢᠨ ᠠᠵᠢᠯᠯᠠᠭ᠎ᠠ ᠳᠤ ᠣᠷᠤᠯᠴᠠᠬᠤ ᠶᠢᠨ ᠬᠠᠮᠲᠤ ᠦᠢᠯᠡᠳᠦᠯᠭᠡᠵᠢᠭᠦᠯᠵᠦ᠂ ᠮᠠᠨ ᠤ ᠣᠷᠣᠨ ᠤ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠮᠵᠢᠯᠲᠡ ᠶᠢᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠬᠡᠮᠵᠢᠯᠲᠡ ᠶᠢᠨ ᠦᠨᠡᠨᠴᠢ ᠢᠲᠡᠭᠡᠮᠵᠢᠲᠡᠢ᠂ ᠡᠷᠬᠡ ᠲᠡᠭᠰᠢ ᠪᠠᠷ ᠠᠷᠠᠯᠵᠢᠶᠠᠯᠠᠬᠤ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠢ ᠪᠠᠷ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ      ︽ᠬᠡᠮᠵᠢᠯᠲᠡ ᠶᠢᠨ ᠦᠨᠡᠨᠴᠢ ᠢᠲᠡᠭᠡᠮᠵᠢ ᠶᠢᠨ ᠨᠢᠭᠡᠴᠡ︾ ᠶᠢ ᠡᠭᠦᠳᠦᠨ ᠪᠠᠶᠢᠭᠤᠯᠬᠤ ᠠᠵᠢᠯᠯᠠᠭ᠎ᠠ ᠪᠣᠯ ᠮᠠᠨ ᠤ ᠲᠣᠪᠴᠢᠶ᠎ᠠ ᠶᠢᠨ ᠬᠡᠮᠵᠢᠯᠲᠡ ᠶᠢᠨ ᠠᠵᠢᠯ ᠤᠨ ᠭᠤᠣᠯᠳᠠᠯᠭ᠎ᠠ ᠲᠠᠢ ᠠᠭᠤᠯᠭ᠎ᠠ ᠪᠣᠯᠣᠨ᠎ᠠ᠂ ᠡᠯ᠎ᠡ ᠠᠵᠤ ᠠᠬᠤᠶᠢᠯᠠᠯ ᠤᠳ ᠡᠭᠦᠨ ᠢᠶᠠᠷ ᠠᠵᠠ ᠲᠣᠬᠢᠶᠠᠯ ᠪᠣᠯᠭᠠᠨ᠂ ᠬᠡᠮᠵᠢᠯᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠬᠡᠮᠵᠢᠯᠲᠡ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠮᠠᠨ ᠤ ᠣᠷᠣᠨ ᠤ ᠰᠠᠶᠢᠨ ᠰᠠᠶᠢᠬᠠᠨ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠳᠤ ᠬᠦᠴᠦᠨ ᠨᠡᠮᠡᠷᠢᠯᠡᠵᠦ᠂ ᠨᠠᠩ ᠣᠯᠠᠨ ᠠᠷᠠᠳ ᠲᠦᠮᠡᠨ ᠳᠤ ᠠᠰᠢᠭ ᠬᠦᠷᠲᠡᠭᠡᠬᠦ ᠶᠢ ᠬᠦᠰᠡᠵᠦ ᠪᠠᠶᠢᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1