ᠳ᠋ᠦᠩ ᠾᠧ ᠲᠣᠭᠤᠷᠢᠭ ᠤᠨ ᠬᠢᠨ ᠬᠢᠮᠢ ᠶᠢᠨ ᠪᠣᠷᠳᠣᠭᠤᠷ ᠤᠨ ᠶᠠᠰᠤ ᠴᠢᠨᠠᠷ ᠢ ᠰᠤᠭᠤᠴᠢᠨ ᠪᠠᠶᠢᠴᠠᠭᠠᠬᠤ ᠠᠵᠢᠯ ᠥᠷᠨᠢᠭᠦᠯᠵᠦ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠪᠦᠬᠦ ᠬᠦᠴᠦ ᠪᠠᠷ ᠢᠶᠠᠨ  ᠬᠠᠮᠠᠭᠠᠯᠠᠬᠤ
ᠨᠡᠶᠢᠲᠡᠯᠡᠭᠰᠡᠨ ᠴᠠᠭ᠄
2022/9/29
      ᠬᠠᠪᠤᠷ ᠤᠨ ᠲᠠᠷᠢᠶᠠᠯᠠᠭ᠎ᠠ ᠤᠳᠠᠯ ᠦᠭᠡᠢ ᠶᠠᠪᠤᠭᠳᠠᠬᠤ ᠭᠡᠵᠦ ᠪᠠᠶᠢᠨ᠎ᠠ᠂ ᠬᠢᠷᠢ ᠲᠡᠩᠴᠡᠭᠦ ᠦᠭᠡᠢ ᠬᠢᠮᠢ ᠶᠢᠨ ᠪᠣᠷᠳᠣᠭᠤᠷ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠶᠢ ᠰᠡᠷᠭᠡᠶᠢᠯᠡᠨ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠥᠷᠭᠡᠨ ᠣᠯᠠᠨ ᠲᠠᠷᠢᠶᠠᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠤᠭᠤᠲᠤ ᠬᠤᠲᠠ ᠶᠢᠨ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠲᠥᠪ ᠲᠠᠢ ᠬᠠᠮᠵᠢᠯᠴᠠᠨ ᠬᠢᠮᠢ ᠶᠢᠨ ᠪᠣᠷᠳᠣᠭᠤᠷ ᠢ ᠰᠤᠭᠤᠴᠢᠨ ᠪᠠᠶᠢᠴᠠᠭᠠᠬᠤ ᠲᠤᠰᠬᠠᠢ ᠠᠵᠢᠯᠯᠠᠭ᠎ᠠ ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠠᠮᠠᠭᠠᠯᠠᠪᠠ᠃      ᠲᠣᠰ ᠤᠳᠠᠭᠠᠨ ᠤ ᠬᠢᠮᠢ ᠶᠢᠨ ᠪᠣᠷᠳᠣᠭᠤᠷ ᠢ ᠰᠤᠭᠤᠴᠢᠨ ᠪᠠᠶᠢᠴᠠᠭᠠᠬᠤ ᠲᠤᠰᠬᠠᠢ ᠠᠵᠢᠯᠯᠠᠭ᠎ᠠ ᠨᠢ ᠬᠢᠮᠢ ᠶᠢᠨ ᠪᠣᠷᠳᠣᠭᠤᠷ ᠤᠨ ᠦᠢᠯᠡᠳᠪᠦᠷᠢᠯᠡᠯ᠂ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠵᠢᠴᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠢᠶᠠᠷ ᠭᠤᠣᠯᠳᠠᠯᠭ᠎ᠠ ᠪᠣᠯᠭᠠᠵᠤ᠂ ᠭᠤᠣᠯᠳᠠᠭᠤ ᠠᠳᠠᠯᠢ ᠪᠤᠰᠤ ᠨᠠᠷᠠᠲᠤ ᠲᠡᠮᠳᠡᠭ ᠤᠨ ᠨᠡᠶᠢᠯᠡᠮᠡᠯ ᠪᠣᠷᠳᠣᠭᠤᠷ᠂ ᠬᠤᠯᠢᠮᠠᠭ ᠪᠣᠷᠳᠣᠭᠤᠷ᠂ ᠹᠣᠰᠹᠣᠷ ᠪᠣᠷᠳᠣᠭᠤᠷ᠂ ᠣᠷᠭᠠᠨᠢᠭ ᠪᠣᠷᠳᠣᠭᠤᠷ᠂ ᠬᠡᠲᠦ ᠹᠣᠰᠹᠣᠷ ᠬᠦᠴᠢᠯ ᠤᠨ ᠺᠠᠯᠼ ᠵᠡᠷᠭᠡ ᠬᠢᠮᠢ ᠶᠢᠨ ᠪᠣᠷᠳᠣᠭᠤᠷ ᠤᠨ ᠦᠢᠯᠡᠳᠬᠦᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠨ᠎ᠠ᠃ᠬᠠᠤᠯᠢ ᠬᠡᠷᠡᠭᠵᠢᠭᠦᠯᠬᠦ ᠠᠵᠢᠯᠲᠠᠨ ᠰᠤᠭᠤᠴᠢᠨ ᠪᠠᠶᠢᠴᠠᠭᠠᠬᠤ ᠶᠠᠪᠤᠴᠠ ᠳᠤ ᠰᠤᠭᠤᠴᠢᠨ ᠪᠠᠶᠢᠴᠠᠭᠠᠬᠤ ᠠᠵᠢᠯ ᠤᠨ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠬᠦ ᠶᠢᠨ ᠬᠠᠮᠲᠤ ᠬᠠᠷᠢᠶᠠᠲᠤ ᠣᠷᠣᠨ ᠤ ᠬᠢᠮᠢ ᠶᠢᠨ ᠪᠣᠷᠳᠣᠭᠤᠷ ᠦᠢᠯᠡᠳᠪᠦᠷᠢᠯᠡᠬᠦ ᠠᠵᠤ ᠠᠬᠤᠶᠢᠯᠠᠯ ᠳᠤ ᠪᠦᠬᠦᠨ ᠢ ᠰᠤᠭᠤᠴᠢᠨ ᠪᠠᠶᠢᠴᠠᠭᠠᠬᠤ ᠶᠢ ᠪᠡᠶᠡᠯᠡᠭᠦᠯᠦᠨ᠎ᠡ᠃ᠰᠤᠭᠤᠴᠢᠨ ᠪᠠᠶᠢᠴᠠᠭᠠᠬᠤ ᠶᠢᠨ ᠬᠠᠮᠲᠤ᠂ ᠬᠢᠮᠢ ᠶᠢᠨ ᠪᠣᠷᠳᠣᠭᠤᠷ ᠦᠢᠯᠡᠳᠪᠦᠷᠢᠯᠡᠬᠦ ᠠᠵᠤ ᠠᠬᠤᠶᠢᠯᠠᠯ ᠤᠨ ᠭᠤᠣᠯ ᠴᠣᠭᠴᠠ ᠶᠢᠨ ᠬᠢᠷᠢ ᠬᠡᠮ ᠨᠢ ᠬᠠᠤᠯᠢ ᠳᠤ ᠨᠡᠶᠢᠴᠡᠬᠦ ᠪᠥᠭᠡᠳ ᠬᠦᠴᠦᠨ ᠲᠠᠢ ᠪᠠᠶᠢᠬᠤ ᠡᠰᠡᠬᠦ᠂ ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ ᠶᠢ ᠭᠤᠣᠯᠳᠠᠯᠭ᠎ᠠ ᠲᠠᠢ ᠬᠢᠨᠠᠨ ᠪᠠᠶᠢᠴᠠᠭᠠᠵᠤ᠂ ᠬᠢᠮᠢ ᠶᠢᠨ ᠪᠣᠷᠳᠣᠭᠤᠷ ᠤᠨ ᠲᠦᠭᠦᠬᠡᠢ ᠮᠠᠲ᠋ᠧᠷᠢᠶᠠᠯ ᠤᠨ ᠪᠠᠷᠠᠭ᠎ᠠ ᠣᠷᠣᠭᠤᠯᠤᠭᠰᠠᠨ ᠫᠢᠶᠣᠣ ᠪᠠᠷᠢᠮᠲᠠ ᠪᠠ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠪᠠᠶᠢᠴᠠᠭᠠᠨ ᠰᠢᠯᠭᠠᠵᠤ᠂ ᠬᠤᠳᠠᠯ ᠬᠠᠭᠤᠷᠮᠠᠭ ᠵᠦᠢᠯ ᠢ ᠬᠤᠯᠢᠵᠤ ᠬᠡᠷᠡᠭᠯᠡᠭᠰᠡᠨ᠂ ᠬᠠᠭᠤᠷᠮᠠᠭ ᠪᠠᠷᠢᠮᠵᠢᠶ᠎ᠠ ᠶᠢᠨ ᠠᠭᠤᠯᠤᠭᠳᠠᠴᠠ ᠲᠠᠢ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ᠭᠦᠢᠯᠭᠡᠭᠡᠨ ᠤ ᠬᠦᠷᠢᠶᠡᠨ ᠳᠠᠬᠢ ᠬᠢᠮᠢ ᠶᠢᠨ ᠪᠣᠷᠳᠣᠭᠤᠷ ᠤᠨ ᠡᠵᠡᠩᠨᠡᠯᠲᠡ ᠶᠢᠨ ᠡᠷᠦᠬᠡ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠴᠢᠩᠭ᠎ᠠ ᠪᠠᠶᠢᠴᠠᠭᠠᠬᠤ ᠶᠢᠨ ᠬᠠᠮᠲᠤ ᠡᠵᠡᠩᠨᠡᠭᠴᠢ ᠶᠢ ᠰᠢᠪᠠᠳᠠᠵᠤ ᠪᠠᠶᠢᠭᠠᠳ ᠭᠡᠷᠡᠴᠢ ᠪᠠᠷᠢᠮᠲᠠ ᠠᠪᠬᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠢ ᠪᠠᠶᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠤ ᠨᠡᠬᠡᠮᠵᠢᠯᠡᠵᠦ ᠪᠣᠯᠬᠤ ᠬᠠᠮᠢᠶᠠᠷᠤᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠬᠠᠮᠲᠤ ᠬᠤᠭᠤᠴᠠᠭ᠎ᠠ ᠨᠢ ᠥᠩᠭᠡᠷᠡᠭᠡᠳ ᠦᠢᠯᠡᠳᠦᠯ ᠢᠶᠠᠨ ᠠᠯᠳᠠᠭᠰᠠᠨ ᠬᠢᠮᠢ ᠶᠢᠨ ᠪᠣᠷᠳᠣᠭᠤᠷ ᠢ ᠪᠣᠷᠣᠯᠠᠭᠤᠯᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 3 ᠬᠢᠮᠢ ᠶᠢᠨ ᠪᠣᠷᠳᠣᠭᠤᠷ ᠦᠢᠯᠡᠳᠪᠦᠷᠢᠯᠡᠬᠦ ᠠᠵᠤ ᠠᠬᠤᠶᠢᠯᠠᠯ ᠤᠨ 3 ᠪᠦᠯᠦᠭ ᠤᠳᠠᠭ᠎ᠠ ᠪᠠ 1 ᠭᠦᠢᠯᠭᠡᠭᠡᠨ ᠤ ᠬᠦᠷᠢᠶᠡᠨ ᠳᠠᠬᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠡᠵᠡᠩᠨᠡᠨ ᠪᠣᠷᠣᠯᠠᠭᠤᠯᠬᠤ ᠡᠷᠦᠬᠡ ᠶᠢᠨ 1 ᠪᠦᠯᠦᠭ ᠤᠳᠠᠭ᠎ᠠ ᠶᠢᠨ ᠬᠢᠮᠢ ᠶᠢᠨ ᠪᠣᠷᠳᠣᠭᠤᠷ ᠲᠤ ᠰᠤᠭᠤᠴᠢᠨ ᠪᠠᠶᠢᠴᠠᠭᠠᠯᠲᠠ ᠬᠢᠵᠦ᠂ ᠬᠢᠮᠢ ᠶᠢᠨ ᠪᠣᠷᠳᠣᠭᠤᠷ ᠤᠨ ᠦᠢᠯᠡᠳᠬᠦᠨ ᠢ ᠨᠡᠶᠢᠲᠡ 4 ᠪᠦᠯᠦᠭ ᠤᠳᠠᠭ᠎ᠠ ᠰᠤᠭᠤᠴᠢᠨ ᠪᠠᠶᠢᠴᠠᠭᠠᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠬᠢᠷᠢ ᠲᠡᠩᠴᠡᠭᠦ ᠦᠭᠡᠢ ᠦᠢᠯᠡᠳᠬᠦᠨ ᠢ ᠦᠢᠯᠡᠳᠪᠦᠷᠢᠯᠡᠭᠰᠡᠨ ᠪᠠ ᠪᠣᠷᠣᠯᠠᠭᠤᠯᠤᠭᠰᠠᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠠᠰᠠᠭᠤᠳᠠᠯ ᠲᠠᠢ ᠦᠢᠯᠡᠳᠬᠦᠨ ᠤ ᠭᠦᠢᠯᠭᠡᠭᠡᠨ ᠤ ᠬᠠᠨᠳᠤᠰᠢ ᠶᠢ ᠨᠡᠬᠡᠮᠵᠢᠯᠡᠨ ᠪᠠᠶᠢᠴᠠᠭᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠲᠤ ᠴᠣᠬᠢᠯᠲᠠ ᠥᠭᠬᠦ ᠥᠨᠳᠥᠷ ᠳᠠᠷᠤᠯᠲᠠ ᠶᠢᠨ ᠪᠠᠶᠢᠳᠠᠯ ᠢ ᠪᠠᠲᠤᠯᠠᠵᠤ᠂ ᠬᠢᠮᠢ ᠶᠢᠨ ᠪᠣᠷᠳᠣᠭᠤᠷ ᠤᠨ ᠦᠢᠯᠡᠳᠬᠦᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠢ ᠭᠡᠳᠡᠷᠭᠦ ᠰᠢᠬᠠᠮᠳᠠᠭᠤᠯᠵᠤ ᠪᠠᠶᠢᠭᠠᠳ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠠᠷᠢᠶᠠᠴᠢᠨ ᠲᠦᠮᠡᠨ ᠳᠤ ᠬᠢᠮᠢ ᠶᠢᠨ ᠪᠣᠷᠳᠣᠭᠤᠷ ᠤᠨ ᠬᠡᠷᠡᠭᠯᠡᠭᠡᠨ ᠤ ᠰᠠᠨᠠᠭ᠎ᠠ ᠠᠮᠤᠷ ᠣᠷᠴᠢᠨ ᠲᠣᠭᠤᠷᠢᠨ ᠢ ᠪᠣᠶ ᠪᠣᠯᠭᠠᠵᠤ  ᠥᠭᠭᠦᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1