ᠳ᠋ᠦᠩ ᠾᠧ ᠲᠣᠭᠤᠷᠢᠭ᠄ ᠬᠤᠲᠠ ᠶᠢᠨ ᠰᠢᠨᠡᠴᠢᠯᠡᠯᠲᠡ ᠨᠢ ︽ᠵᠣᠯ ᠵᠢᠷᠭᠠᠯ ᠤᠨ ᠰᠡᠳᠬᠢᠭᠳᠡᠯ︾ ᠢ ᠲᠠᠰ ᠳᠡᠪᠰᠢᠭᠦᠯᠦᠨ᠎ᠡ
ᠨᠡᠶᠢᠲᠡᠯᠡᠭᠰᠡᠨ ᠴᠠᠭ᠄
2022/9/7
    ᠨᠠᠢᠮᠠᠳᠤᠭᠠᠷ ᠰᠠᠷ᠎ᠠ ᠶᠢᠨ ᠳ᠋ᠦᠩ ᠾᠧ ᠲᠣᠭᠤᠷᠢᠭ ᠤᠨ ᠲᠡᠭᠷᠢ ᠨᠢ ᠬᠥᠬᠡᠮᠳᠦᠭ ᠮᠣᠳᠣ ᠨᠢ ᠨᠣᠭᠤᠭᠠᠨ᠂ ᠤᠰᠤ  ᠨᠢ ᠲᠤᠩᠭᠠᠯᠠᠭ ᠭᠠᠵᠠᠷ ᠨᠢ ᠲᠤᠩᠭᠠᠯᠠᠭ ᠪᠠᠶᠢᠳᠠᠭ᠃ᠵᠡᠭᠡᠯᠢ ᠭᠤᠳᠤᠮᠵᠢ ᠪᠠᠷ ᠶᠠᠪᠤᠬᠤ ᠳᠤ᠂ ᠭᠠᠵᠠᠷ ᠪᠣᠯᠭᠠᠨ ᠳᠤ ᠬᠠᠷᠠᠭᠳᠠᠬᠤ ᠵᠡᠭᠡᠯᠢ ᠭᠤᠳᠤᠮᠵᠢ ᠶᠢᠨ ᠥᠨᠴᠥᠭ ᠤᠨ ᠵᠤᠭᠠᠴᠠᠯ ᠤᠨ ᠬᠦᠷᠢᠶᠡᠯᠡᠩ ᠳᠤ ᠨᠣᠭᠤᠭᠠᠷᠠᠨ ᠨᠣᠭᠤᠭᠠᠷᠠᠵᠤ᠂ ᠳᠠᠪᠬᠤᠷᠭ᠎ᠠ ᠨᠢ ᠲᠣᠳᠣᠷᠬᠠᠢ᠂ ᠦᠵᠡᠮᠵᠢ ᠨᠢ ᠵᠢᠷᠤᠭ ᠮᠡᠲᠦ ᠭᠤᠶᠤ ᠬᠠᠷᠠᠭᠳᠠᠨ᠎ᠠ᠃ᠬᠤᠳᠠ ᠶᠢᠨ ᠬᠤᠪᠢᠷᠠᠯᠲᠠ ᠨᠢ ᠬᠤᠳᠠ ᠶᠢᠨ ᠠᠷᠠᠳ ᠲᠤ ᠳᠦᠭᠦᠷᠡᠩ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠠᠪᠴᠢᠷᠠᠵᠤ᠂ ᠬᠠᠭᠤᠴᠢᠨ ᠬᠤᠳᠠ ᠶᠢᠨ ᠬᠥᠭᠵᠢᠯᠲᠡ ᠶᠢᠨ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢ ᠬᠠᠷᠠᠭᠤᠯᠪᠠ᠃
     ᠵᠡᠭᠦᠨ ᠦᠷᠳᠡᠭᠡ ᠶᠢᠨ ᠵᠡᠭᠡᠯᠢ ᠭᠤᠳᠤᠮᠵᠢ ᠳᠤ ᠰᠠᠭᠤᠵᠤ ᠪᠠᠶᠢᠭ᠎ᠠ ᠰᠦᠩ ᠸᠥ᠋ᠨ ᠳ᠋ᠠᠨ ᠪᠣᠯ ᠲᠤᠬᠠᠢ ᠶᠢᠨ ᠭᠠᠵᠠᠷ ᠲᠠᠭᠠᠨ ᠲᠦᠷᠦᠵᠦ ᠥᠰᠦᠭᠰᠡᠨ ᠳ᠋ᠦᠩ ᠾᠧ ᠶᠢᠨ ᠬᠥᠮᠥᠨ᠂ ᠲᠡᠷᠡ ᠣᠶᠢᠷ᠎ᠠ ᠶᠢᠨ ᠵᠢᠯ ᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠥᠮᠥᠰ ᠤᠨ ᠪᠠᠶᠠᠷᠲᠤ ᠬᠤᠪᠢᠷᠠᠯᠲᠠ ᠶᠢ ᠭᠡᠷᠡᠴᠢᠯᠡᠵᠦ᠂ ᠪᠠᠰᠠ ᠬᠤᠳᠠ ᠶᠢᠨ ᠬᠥᠭᠵᠢᠯᠲᠡ ᠶᠢᠨ ᠠᠰᠢᠭ ᠲᠤᠰᠠ ᠶᠢ ᠬᠦᠷᠲᠡᠵᠦ᠂ ᠥᠪᠡᠷ ᠤᠨ ᠡᠷᠬᠡ ᠦᠭᠡᠢ᠄︽ᠭᠡᠷ ᠤᠨ ᠡᠭᠦᠳᠡᠨ ᠳᠤ ᠤᠭᠤᠲᠠ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠮᠢᠨᠤ ᠰᠠᠭᠤᠵᠤ ᠪᠠᠶᠢᠭ᠎ᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠴᠤ ᠥᠭᠡᠷᠡᠴᠢᠯᠡᠵᠦ᠂ ᠵᠠᠮ ᠤᠨ ᠭᠠᠳᠠᠷᠭᠤ ᠶᠢ ᠬᠠᠲᠠᠭᠤᠷᠠᠭᠤᠯᠵᠤ᠂ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢ ᠪᠦᠷᠢᠳᠦᠭᠦᠯᠵᠦ᠂ ᠠᠮᠢᠳᠤᠷᠠᠯ ᠢ ᠳᠥᠭᠦᠮ ᠳᠥᠲᠡ ᠪᠥᠭᠡᠳ ᠰᠠᠶᠢᠨ ᠰᠠᠶᠢᠬᠠᠨ ᠪᠣᠯᠭᠠᠵᠠᠢ︾ᠭᠡᠵᠦ ᠰᠡᠳᠬᠢᠯ ᠳᠣᠭᠳᠣᠯᠤᠨ ᠬᠡᠯᠡᠪᠡ᠃
     ᠬᠤᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠥᠩᠭᠡ ᠵᠢᠰᠦ ᠶᠢ ᠭᠤᠶᠣᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠵᠤ᠂ ᠳ᠋ᠦᠩ ᠾᠧ ᠲᠣᠭᠤᠷᠢᠭ ᠤᠨ ᠬᠢᠨ ᠬᠤᠲᠠ ᠶᠢᠨ ᠰᠢᠨᠡᠴᠢᠯᠡᠯᠲᠡ ᠪᠠᠷ ᠭᠠᠷᠳᠠᠴᠠ ᠪᠣᠯᠭᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠪᠠ ᠬᠤᠲᠠ ᠬᠥᠳᠡᠭᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠡᠷᠭᠡ ᠠᠵᠢᠯ ᠢ ᠭᠦᠨᠵᠡᠭᠡᠢ ᠥᠷᠨᠢᠭᠦᠯᠵᠦ᠂ ᠨᠢᠭᠡ ᠵᠠᠮ ᠠᠴᠠ ᠨᠢᠭᠡ ᠳ᠋ᠧᠩ ᠬᠦᠷᠲᠡᠯ᠎ᠡ᠂ ᠭᠤᠣᠯ ᠵᠠᠮ ᠠᠴᠠ ᠠᠷᠤ ᠵᠡᠭᠡᠯᠢ ᠭᠤᠳᠤᠮᠵᠢ ᠳᠤ ᠬᠦᠷᠲᠡᠯ᠎ᠡ᠂ ᠬᠤᠳᠠ ᠶᠢᠨ ᠴᠡᠴᠡᠷᠯᠢᠭ ᠠᠴᠠ ᠪᠠᠭ᠎ᠠ ᠲᠣᠭᠤᠷᠢᠭ ᠢᠶᠠᠷ ᠵᠤᠭᠠᠴᠠᠨ᠎ᠠ᠃ ᠳ᠋ᠦᠩ ᠾᠧ ᠲᠣᠭᠤᠷᠢᠭ ᠤᠨ ᠵᠠᠩᠭᠤᠤ ᠲᠡᠮᠦᠷ ᠲᠠᠯᠪᠢᠬᠤ ᠬᠤᠲᠠ ᠶᠢᠨ ︽ᠵᠠᠮ ᠱᠤᠭᠤᠮ ᠤᠨ ᠵᠢᠷᠤᠭ︾ ᠢ ᠰᠢᠨᠡᠳᠬᠡᠵᠦ᠂ ︽ᠠᠷᠠᠳ ᠲᠦᠮᠡᠨ ᠢᠶᠠᠷ ᠭᠤᠣᠯ ᠪᠣᠯᠭᠠᠵᠤ᠂ ᠰᠣᠶᠣᠯ ᠢᠶᠠᠷ ᠰᠦᠭ ᠰᠦᠨᠡᠰᠦ ᠶᠢ ᠱᠤᠭᠤᠵᠤ᠂ ᠠᠮᠤᠷ ᠲᠦᠪᠰᠢᠨ ᠤᠶᠠᠨ ᠬᠠᠳᠠᠨ ᠴᠢᠨᠠᠷᠲᠠᠢ ᠬᠤᠲᠠ  ᠶᠢ ᠪᠦᠲᠦᠭᠡᠨ ᠪᠠᠶᠢᠭᠤᠯᠬᠤ︾ ᠲᠠᠪᠤᠨ ᠵᠢᠯ ᠤᠨ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ  ᠶᠢ ᠬᠡᠷᠡᠭᠵᠢᠭᠦᠯᠵᠦ᠂ 2022 ᠣᠨ ᠳᠤ ᠪᠠᠷᠤᠭ 6.6 ᠳ᠋ᠦᠩᠰᠢᠭᠤᠷ ᠲᠥᠭᠦᠷᠢᠭ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠥᠯᠥᠪᠯᠡᠵᠦ᠂ ᠡᠭᠦᠨ ᠳᠤ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠨᠢ ᠠᠷᠠᠳ ᠤᠨ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢᠨ︽ᠨᠡᠶᠢᠭᠡᠮ ᠲᠣᠭᠤᠷᠢᠭ ᠤᠨ ᠪᠦᠷᠢᠨ ᠲᠥᠬᠦᠷ︾᠂︽ᠪᠢᠴᠢᠯ ᠰᠢᠨᠡᠴᠢᠯᠡᠯᠲᠡ︾ᠪᠣᠯᠣᠨ︽ᠥᠭᠡᠷᠡᠴᠢᠯᠡᠯᠲᠡ ᠶᠢ ᠬᠥᠩᠭᠡᠪᠴᠢᠯᠡᠬᠦ︾ᠵᠢᠷᠤᠭ ᠲᠥᠯᠥᠪᠯᠡᠭᠡ ᠶᠢᠨ ᠲᠣᠭᠤᠷᠢᠨ ᠳᠤ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠨᠢ︽ᠵᠠᠬ᠎ᠠ ᠳᠡᠯᠭᠡᠭᠦᠷ ᠤᠨ ᠦᠷᠭᠦᠯᠵᠢᠯᠡᠬᠦ ᠬᠡᠷᠡᠭᠴᠡᠭᠡ︾᠂︽ᠲᠦᠷᠦᠯ ᠵᠦᠢᠯ ᠤᠨ ᠠᠰᠢᠭ ᠣᠷᠣᠯᠭ᠎ᠠ ᠶᠢ ᠪᠦᠬᠦᠨ ᠢ ᠪᠦᠷᠬᠦᠬᠦᠯᠬᠦ︾ ᠶᠢᠨ ᠲᠣᠭᠤᠷᠢᠨ ᠳᠤ ᠬᠡᠷᠡᠭᠵᠢᠭᠦᠯᠵᠦ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
     ᠬᠤᠳᠠ ᠶᠢᠨ ᠨᠣᠭᠤᠭᠠᠷᠠᠭᠤᠯᠤᠯᠲᠠ ᠪᠣᠯ ᠨᠡᠯᠢᠶᠡᠳ ᠣᠶᠢᠷ᠎ᠠ ᠳᠣᠲᠣᠨᠣ ᠪᠠᠶᠢᠭᠠᠯᠢ ᠶᠢᠨ ᠣᠷᠴᠢᠨ ᠲᠣᠭᠤᠷᠢᠨ ᠪᠠᠶᠢᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠳᠠᠭ᠃ᠳ᠋ᠦᠩ ᠾᠧ ᠲᠣᠭᠤᠷᠢᠭ ᠤᠨ ᠬᠢᠨ ᠰᠢᠰᠲ᠋ᠧᠮ ᠲᠠᠢ ᠲᠥᠯᠥᠪᠵᠢᠭᠦᠯᠬᠦ᠂ ᠪᠦᠬᠦᠯᠢ ᠴᠣᠭᠴᠠ ᠪᠠᠷ ᠲᠥᠯᠥᠪᠯᠡᠬᠦ᠂ ᠠᠯᠬᠤᠮ ᠬᠤᠪᠢᠶᠠᠨ ᠬᠡᠷᠡᠭᠵᠢᠭᠦᠯᠬᠦ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠬᠤᠳᠠ ᠶᠢᠨ ᠪᠣᠬᠢᠷᠳᠤᠯ ᠦᠭᠡᠢ ᠠᠮᠢ ᠠᠬᠤᠢ ᠶᠢᠨ ᠰᠠᠭᠤᠷᠢ ᠥᠩᠭᠡ ᠶᠢ ᠵᠤᠵᠠᠭᠠᠳᠬᠠᠵᠤ᠂ ᠬᠤᠳᠠ ᠶᠢᠨ ᠵᠣᠴᠢᠳ ᠤᠨ ᠲᠢᠩᠬᠢᠮ ᠢ ᠪᠦᠬᠦ ᠬᠦᠴᠦᠨ ᠢᠶᠠᠷ ᠢᠶᠠᠨ ᠴᠣᠭᠴᠠᠯᠠᠪᠠ᠃ᠵᠠᠮ ᠳᠠᠭᠠᠤ ᠶᠢ ᠴᠡᠭᠴᠡᠯᠡᠨ ᠵᠠᠰᠠᠬᠤ᠂ ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ᠂ ᠨᠣᠭᠤᠭᠠᠷᠠᠭᠤᠯᠤᠯᠲᠠ ᠶᠢᠨ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠭᠤᠣᠯ ᠪᠠ ᠳᠡᠳ᠋ ᠵᠡᠭᠡᠯᠢ ᠭᠤᠳᠤᠮᠵᠢ ᠶᠢ ᠨᠠᠷᠢᠯᠢᠭ ᠰᠡᠶᠢᠯᠵᠦ ᠨᠠᠷᠢᠯᠢᠭ ᠰᠡᠶᠢᠯᠬᠦ᠂ ᠲᠤᠰᠬᠠᠢ ᠮᠡᠷᠭᠡᠵᠢᠯ ᠤᠨ ᠪᠦᠯᠬᠦᠮ ᠢ ᠤᠷᠢᠵᠤ ᠵᠢᠷᠤᠭᠯᠠᠨ ᠲᠥᠯᠥᠪᠯᠡᠵᠦ ᠪᠠᠷᠢᠯᠭ᠎ᠠ ᠪᠠᠷᠢᠵᠤ᠂ ᠪᠦᠬᠦᠯᠢ ᠴᠣᠭᠴᠠ ᠶᠢᠨ ᠦᠵᠡᠮᠵᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ᠡᠨᠡ ᠵᠢᠯ ᠠᠴᠠ ᠨᠠᠰᠢ᠂ ᠦᠷᠲᠡᠭᠡ ᠬᠤᠶᠢᠲᠤ ᠵᠠᠮ᠂ ᠡᠯ ᠯᠢ ᠬᠠᠭᠠᠰ ᠵᠠᠮ᠂ ᠭᠠᠯ ᠳᠠᠭᠠᠭᠠᠮᠠᠭᠠᠢ ᠴᠠᠩ ᠵᠠᠮ᠂ ᠰᠢᠨ ᠵᠥᠩ ᠵᠠᠮ᠂ ᠮᠢᠨ ᠱᠧᠩ ᠶᠡᠭᠡ ᠵᠡᠭᠡᠯᠢ᠂ ᠳ᠋ᠦᠩ ᠮᠧᠨ ᠶᠡᠭᠡ ᠵᠡᠭᠡᠯᠢ᠂ ᠲᠠᠢ ᠳ᠋ᠡ ᠵᠠᠮ ᠵᠡᠷᠭᠡ ᠣᠯᠠᠨ ᠵᠠᠮ ᠳᠤ 5000 ᠲᠡᠭᠰᠢ ᠳᠥᠷᠪᠡᠯᠵᠢᠨ ᠮᠧᠲᠷ ᠨᠣᠭᠤᠭᠠᠨ ᠵᠠᠮᠪᠠ ᠳᠠᠷᠢᠵᠤ᠂ 1200 ᠰᠠᠭᠤᠷᠢ ᠲᠤᠷᠤᠭ ᠮᠣᠳᠣ ᠶᠢ ᠨᠥᠬᠦᠵᠦ ᠳᠠᠷᠢᠪᠠ᠃      ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ︽︿ᠲᠣᠯᠣᠭᠠᠢ ᠪᠠᠨ ᠡᠷᠭᠦᠨ ᠨᠣᠭᠤᠭ᠎ᠠ  ᠶᠢ ᠬᠠᠷᠠᠭᠤᠯᠬᠤ  ᠶᠢᠨ ᠲᠥᠯᠥᠭᠡ᠂ ᠭᠡᠷ ᠠᠴᠠ ᠪᠠᠨ ᠭᠠᠷᠴᠤ ᠴᠡᠴᠡᠷᠯᠢᠭ  ᠢ ᠬᠠᠷᠠᠭᠤᠯᠬᠤ﹀ ᠶᠠᠪᠤᠳᠠᠯ  ᠢ ᠰᠠᠭᠤᠭᠠᠯᠢ ᠠᠷᠠᠳ ᠤᠨ ᠠᠮᠢᠳᠤᠷᠠᠯ ᠤᠨ ᠪᠡᠯᠭᠡ ᠲᠡᠮᠳᠡᠭ ᠪᠣᠯᠭᠠᠬᠤ  ᠶᠢᠨ ᠲᠥᠯᠥᠭᠡ᠂ ᠪᠢᠳᠡ ᠪᠠᠰᠠ ᠠᠷᠠᠳ ᠤᠨ ᠴᠡᠴᠡᠷᠯᠢᠭ ᠤᠨ ᠳᠠᠩᠰᠠ ᠡᠪᠬᠡᠮᠡᠯ ᠢ ᠳᠡᠭᠡᠭᠰᠢᠯᠡᠭᠦᠯᠵᠦ ᠳᠡᠰ ᠳᠡᠪᠰᠢᠭᠦᠯᠬᠦ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠵᠦ᠂ ᠬᠠᠲᠠᠭᠤᠷᠠᠭᠤᠯᠬᠤ᠂ ᠨᠣᠭᠤᠭᠠᠷᠠᠭᠤᠯᠬᠤ᠂ ᠰᠠᠭᠤᠷᠢ ᠲᠥᠬᠦᠭᠡᠷᠦᠮᠵᠢ ᠶᠢ ᠲᠡᠰ ᠳᠡᠪᠰᠢᠭᠦᠯᠬᠦ᠂ ᠰᠥᠨᠢ ᠶᠢᠨ ᠦᠵᠡᠮᠵᠢ ᠶᠢᠨ ᠳ᠋ᠧᠩ ᠤᠨ ᠭᠡᠷᠡᠯ ᠢ ᠭᠡᠷᠡᠯᠳᠦᠬᠦᠯᠬᠦ ᠪᠠ ᠤᠰᠤᠯᠠᠯᠲᠠ ᠶᠢᠨ ᠰᠢᠰᠲ᠋ᠥᠮ ᠢ ᠥᠭᠡᠷᠡᠴᠢᠯᠡᠨ ᠲᠡᠰ ᠳᠡᠪᠰᠢᠭᠦᠯᠬᠦ ᠵᠡᠷᠭᠡ ᠠᠭᠤᠯᠭ᠎ᠠ ᠶᠢ ᠪᠠᠭᠲᠠᠭᠠᠭᠰᠠᠨ 1800 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠢ᠂ ᠡᠭᠦᠨ ᠠᠴᠠ ᠭᠠᠳᠠᠨ᠎ᠠ᠂ 22 ᠾᠧᠺᠲ᠋ᠠᠷ ᠰᠢᠬᠠᠮ ᠭᠠᠵᠠᠷ ᠤᠨ ᠨᠣᠭᠤᠭᠠᠷᠠᠭᠤᠯᠤᠯᠲᠠ ᠶᠢ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ᠂ ᠦᠵᠡᠮᠵᠢ ᠶᠢᠨ ᠬᠠᠲᠠᠭᠤᠷᠠᠯ᠂ ᠨᠣᠭᠤᠭᠠᠷᠠᠭᠤᠯᠤᠯᠲᠠ᠂ ᠦᠵᠡᠮᠵᠢ ᠶᠢᠨ ᠵᠢᠵᠢᠭ ᠪᠦᠲᠦᠭᠡᠭᠳᠡᠬᠦᠨ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢ ᠨᠢᠭᠡ ᠪᠡᠶ᠎ᠡ ᠲᠠᠢ ᠲᠡᠩᠴᠡᠭᠦᠦ ᠬᠤᠳᠠ ᠶᠢᠨ ᠬᠡᠷᠡᠮ ᠤᠨ ᠪᠦᠰᠡᠯᠢᠭ ᠬᠡᠯᠪᠡᠷᠢ ᠶᠢᠨ ᠲᠠᠮᠢᠷ ᠤᠨ ᠴᠡᠴᠡᠷᠯᠢᠭ ᠢ ᠪᠠᠶᠢᠭᠤᠯᠵᠤ᠂ ᠲᠦᠷᠦᠯ ᠵᠦᠢᠯ ᠢ ᠶᠠᠭ ᠠᠬᠢᠭᠤᠯᠵᠤ ᠪᠠᠶᠢᠨ᠎ᠠ︾ᠭᠡᠵᠦ ᠬᠡᠯᠡᠪᠡ᠃
     ᠣᠷᠴᠢᠨ ᠠᠬᠤᠢ ᠶᠢᠨ ᠡᠷᠡᠭᠦᠯ ᠬᠠᠮᠠᠭᠠᠯᠠᠯ ᠪᠣᠯ ᠬᠤᠲᠠ ᠶᠢᠨ ︽ᠨᠢᠭᠤᠷ︾ ᠮᠥᠨ᠂ ᠨᠠᠩ ᠴᠤ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠲᠠᠢ ᠰᠢᠭᠤᠳ ᠬᠤᠯᠪᠣᠭᠳᠠᠵᠤ ᠪᠠᠶᠢᠳᠠᠭ᠃ᠳ᠋ᠦᠩ ᠾᠧ ᠲᠣᠭᠤᠷᠢᠭ ᠤᠨ ᠬᠢᠨ ᠨᠠᠷᠢᠯᠢᠭ ᠠᠷᠢᠭᠤᠨ ᠴᠡᠪᠡᠷ ᠢ ᠴᠢᠩᠭᠠᠳᠬᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠦᠪᠰᠢᠨ ᠢ ᠪᠦᠬᠦ ᠲᠠᠯ᠎ᠠ  ᠪᠠᠷ ᠳᠡᠭᠡᠭᠰᠢᠯᠡᠭᠦᠯᠵᠦ᠂ ᠮᠠᠰᠢᠨᠴᠢᠯᠠᠭᠰᠠᠨ ᠤᠬᠢᠶᠠᠵᠤ ᠴᠡᠪᠡᠷᠯᠡᠬᠦ ᠶᠢ ᠠᠷᠤ ᠵᠡᠭᠡᠯᠢ ᠶᠢᠨ ᠵᠢᠵᠢᠭ ᠭᠤᠳᠤᠮᠵᠢ ᠪᠠᠷ ᠤᠷᠲᠤᠳᠬᠠᠬᠤ ᠶᠢ ᠠᠬᠢᠭᠤᠯᠵᠤ᠂ ᠬᠤᠲᠠ ᠶᠢᠨ ᠲᠣᠭᠤᠷᠢᠭ ᠤᠨ ᠭᠤᠣᠯ ᠵᠠᠮ ᠤᠨ ᠡᠳᠦᠷ ᠤᠨ ᠮᠠᠰᠢᠨ ᠤ ᠱᠦᠭᠦᠷᠳᠡᠯᠲᠡ ᠶᠢ 2 ᠤᠳᠠᠭ᠎ᠠ  ᠠᠴᠠ ᠳᠤᠲᠠᠭᠤ ᠦᠭᠡᠢ ᠪᠠᠶᠢᠯᠭᠠᠵᠤ᠂ ᠳᠡᠳ᠋ ᠭᠤᠣᠯ ᠵᠠᠮ ᠵᠢᠴᠢ ᠠᠷᠤ ᠵᠡᠭᠡᠯᠢ ᠶᠢᠨ ᠵᠢᠵᠢᠭ ᠭᠤᠳᠤᠮᠵᠢ ᠶᠢᠨ ᠡᠳᠦᠷ ᠤᠨ ᠮᠠᠰᠢᠨ ᠤ ᠱᠦᠭᠦᠷᠳᠡᠯᠲᠡ ᠶᠢ 1 ᠤᠳᠠᠭ᠎ᠠ  ᠠᠴᠠ ᠳᠤᠲᠠᠭᠤ ᠦᠭᠡᠢ ᠪᠠᠶᠢᠯᠭᠠᠵᠤ᠂ ᠡᠩ ᠤᠨ ᠠᠷᠤ ᠵᠡᠭᠡᠯᠢ ᠶᠢᠨ ᠵᠢᠵᠢᠭ ᠭᠤᠳᠤᠮᠵᠢ ᠶᠢᠨ ᠬᠥᠮᠥᠨ ᠤ ᠬᠦᠴᠦ ᠪᠠᠷ ᠱᠦᠭᠦᠷᠳᠡᠯᠲᠡ ᠶᠢ 1 ᠤᠳᠠᠭ᠎ᠠ  ᠠᠴᠠ ᠳᠤᠲᠠᠭᠤ ᠦᠭᠡᠢ ᠪᠠᠶᠢᠯᠭᠠᠵᠤ᠂ ᠮᠠᠰᠢᠨᠴᠢᠯᠠᠭᠰᠠᠨ 17 ᠮᠠᠰᠢᠨ ᠲᠡᠷᠭᠡ ᠶᠢ ᠬᠥᠳᠡᠯᠭᠡᠵᠦ᠂ 2022 ᠣᠨ ᠳᠤ ᠨᠡᠶᠢᠲᠡ 4953 ᠮᠠᠰᠢᠨ ᠲᠡᠷᠭᠡ ᠶᠢ ᠠᠵᠢᠯᠯᠠᠭᠤᠯᠵᠤ᠂ ᠬᠤᠭ ᠨᠣᠪᠰᠢ ᠶᠢᠨ ᠴᠡᠭ ᠢ 72 ᠴᠡᠪᠡᠷᠯᠡᠵᠦ᠂ 1071 ᠲᠣᠨ ᠬᠤᠭ ᠨᠣᠪᠰᠢ ᠶᠢ ᠴᠡᠪᠡᠷᠯᠡᠪᠡ᠃ᠡᠭᠦᠨ ᠤ ᠬᠠᠮᠲᠤ᠂ ᠵᠠᠰᠠᠮᠠᠯ ᠵᠠᠮ ᠲᠡᠮᠦᠷ ᠵᠠᠮ ᠳᠠᠭᠠᠤ ᠶᠢᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ᠂ G6 ᠲᠦᠷᠭᠡᠨ ᠳᠠᠪᠬᠢᠬᠤ ᠵᠠᠰᠠᠮᠠᠯ ᠵᠠᠮ ᠤᠨ ᠣᠷᠣᠵᠤ ᠭᠠᠷᠬᠤ ᠭᠠᠵᠠᠷ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠣᠷᠣᠵᠤ ᠭᠠᠷᠬᠤ ᠭᠠᠵᠠᠷ ᠤᠨ ᠡᠷᠬᠢᠨ ᠲᠣᠭᠤᠷᠢᠨ ᠤ ᠵᠠᠮ ᠢ ᠴᠡᠪᠡᠷᠯᠡᠵᠦ᠂ ᠪᠠᠶᠢᠴᠠᠭᠠᠨ ᠬᠡᠮᠵᠢᠬᠦ ᠴᠡᠭ ᠤᠨ ᠨᠡᠶᠢᠲᠡ ᠶᠢᠨ ᠵᠣᠷᠯᠣᠩ ᠢ ᠬᠠᠮᠠᠭᠠᠯᠠᠬᠤ᠂ ᠲᠠᠲᠠᠵᠤ ᠭᠠᠷᠭᠠᠬᠤ ᠡᠳᠦᠷ ᠲᠤᠲᠤᠮ ᠤᠨ ᠠᠵᠢᠯ ᠢ ᠰᠠᠶᠢᠲᠤᠷ ᠬᠢᠵᠦ᠂ ᠨᠡᠶᠢᠲᠡ 318 ᠴᠡᠭ ᠢ ᠴᠡᠪᠡᠷᠯᠡᠵᠦ᠂ 140 ᠪᠣᠰᠤᠭ᠎ᠠ ᠳᠥᠷᠪᠡᠯᠵᠢᠨ ᠮᠧᠲᠷ ᠤᠨ ᠬᠤᠭ ᠨᠣᠪᠰᠢ ᠶᠢ ᠴᠡᠪᠡᠷᠯᠡᠪᠡ᠃      ᠠᠷᠠᠳ ᠤᠨ ᠬᠤᠲᠠ ᠶᠢᠨ ᠬᠥᠮᠥᠰ ᠠᠷᠠᠳ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠠᠷᠠᠳ ᠤᠨ ᠬᠤᠲᠠ ᠪᠣᠯ ᠠᠷᠠᠳ ᠲᠦᠮᠡᠨ ᠤ ᠲᠥᠯᠥᠭᠡ ᠶᠤᠮ᠃ᠳ᠋ᠦᠩ ᠾᠧ ᠲᠣᠭᠤᠷᠢᠭ ᠤᠨ ᠬᠢᠨ ᠤᠯᠠᠨ ᠲᠦᠮᠡᠨ ᠤ ᠬᠡᠷᠡᠭᠴᠡᠭᠡ ᠶᠢ ᠬᠠᠩᠭᠠᠬᠤ ᠪᠠᠷ ᠵᠣᠷᠢᠯᠲᠠ ᠪᠠ ᠲᠤᠰᠤᠯᠲᠠ ᠪᠠᠨ ᠪᠣᠯᠭᠠᠵᠤ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠬᠤᠳᠠ ᠶᠢᠨ ᠶᠠᠪᠤᠳᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠲᠣᠭᠤᠷᠢᠭ ᠢ ᠶᠡᠬᠡᠪᠡᠷ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠬᠦ ᠶᠢ ᠠᠬᠢᠭᠤᠯᠵᠤ᠂ ᠨᠡᠩ ᠡᠷᠡᠭᠦᠯ ᠴᠢᠭᠢᠷᠠᠭ᠂ ᠨᠡᠩ ᠲᠦᠭᠦᠮ᠂ ᠨᠡᠩ ᠲᠠᠭᠠᠯᠠᠮᠵᠢᠲᠠᠢ᠂ ᠨᠡᠩ ᠠᠮᠤᠷ ᠲᠦᠪᠰᠢᠨ᠂ ᠨᠡᠩ ᠲᠠᠭᠠᠯᠠᠮᠵᠢᠲᠠᠢ ᠬᠤᠳᠠ ᠶᠢ ᠪᠠᠶᠢᠭᠤᠯᠵᠤ᠂ ᠠᠷᠠᠳ ᠤᠯᠠᠨ ᠤ ᠠᠮᠢᠳᠤᠷᠠᠯ ᠢ ᠨᠡᠩ ᠲᠦᠭᠦᠮ᠂ ᠨᠡᠩ ᠲᠠᠭᠠᠯᠠᠮᠵᠢᠲᠠᠢ᠂ ᠨᠡᠩ ᠪᠠᠶᠠᠷ ᠪᠠᠶᠠᠰᠤᠯ ᠲᠠᠢ ᠪᠣᠯᠭᠠᠪᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1