ᠵᠠᠩ ᠯᠢ ᠵᠢᠶᠦ᠋ᠨ ᠨᠡᠶᠢᠲᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/9/7
     8 ᠰᠠᠷ᠎ᠠ ᠶᠢᠨ 24 ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠠᠩ ᠯᠢ ᠵᠢᠶᠦ᠋ᠨ ᠣᠯᠠᠨ ᠨᠡᠶᠢᠲᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃      ᠵᠠᠩ ᠯᠢ ᠵᠢᠶᠦ᠋ᠨ ᠤᠷᠢᠳ ᠬᠤᠵᠢᠳ ᠬᠥᠩ ᠡᠯ ᠵᠡᠭᠡᠯᠢ᠂ ᠰᠢ ᠾᠧ ᠵᠡᠭᠦᠨ ᠵᠠᠮ᠂ ᠮᠧᠩ ᠢ ᠰᠢᠨ ᠵᠠᠬ᠎ᠠ ᠳᠡᠯᠭᠡᠭᠦᠷ᠂ ᠪᠧᠢ ᠯᠢᠶᠠᠩ ᠪᠧᠢ ᠨᠠᠢᠮᠠᠳᠤᠭᠠᠷ ᠲᠣᠭᠤᠷᠢᠭ᠂ ᠳ᠋ᠦᠩ ᠾᠧ ᠤᠮᠪᠠᠯᠲᠠ ᠶᠢᠨ ᠣᠷᠳᠣᠨ ᠤ ᠪᠠᠷᠠᠭᠤᠨ ᠲᠠᠯ᠎ᠠ ᠳᠤ ᠬᠦᠷᠴᠦ᠂ ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠨᠡᠶᠢᠲᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠃
ᠵᠠᠩ ᠯᠢ ᠵᠢᠶᠦ᠋ᠨ ᠮᠧᠩ ᠢ ᠰᠢᠨ ᠤ ᠵᠠᠬ᠎ᠠ ᠳᠡᠯᠭᠡᠭᠦᠷ ᠲᠤ ᠰᠢᠨ᠎ᠡ ᠪᠠᠷ ᠪᠠᠶᠢᠭᠤᠯᠤᠭᠰᠠᠨ ᠨᠡᠶᠢᠲᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠵᠠᠩ ᠯᠢ ᠵᠢᠶᠦ᠋ᠨ ᠨᠡᠶᠢᠲᠡ ᠶᠢᠨ ᠬᠤᠶᠠᠳᠤᠭᠠᠷ ᠵᠡᠭᠡᠯᠢ ᠳᠤ ᠲᠣᠭᠲᠠᠮᠠᠯ ᠤᠰᠤᠨ ᠵᠣᠷᠯᠣᠩ ᠢ ᠳᠡᠰ ᠳᠡᠪᠰᠢᠭᠦᠯᠦᠨ ᠥᠭᠡᠷᠡᠴᠢᠯᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠵᠠᠩ ᠯᠢ ᠵᠢᠶᠦ᠋ᠨ ᠰᠢ ᠾᠧ ᠵᠡᠭᠦᠨ ᠵᠠᠮ ᠳᠤ ᠰᠢᠨ᠎ᠡ ᠪᠠᠷ ᠪᠠᠶᠢᠭᠤᠯᠤᠭᠰᠠᠨ ᠨᠡᠶᠢᠲᠡ ᠶᠢᠨ ᠵᠣᠷᠯᠣᠩ ᠤᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠵᠠᠩ ᠯᠢ ᠵᠢᠶᠦ᠋ᠨ ᠤᠮᠪᠠᠯᠲᠠ ᠶᠢᠨ ᠣᠷᠳᠣᠨ ᠤ ᠪᠠᠷᠠᠭᠤᠨ ᠲᠠᠯ᠎ᠠ ᠳᠤ ᠰᠢᠨ᠎ᠡ ᠪᠠᠷ ᠪᠠᠶᠢᠭᠤᠯᠤᠭᠰᠠᠨ ᠨᠡᠶᠢᠲᠡ ᠶᠢᠨ ᠵᠣᠷᠯᠣᠩ ᠤᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ      ᠵᠠᠩ ᠯᠢ ᠵᠢᠶᠦ᠋ᠨ ᠴᠢᠬᠤᠯᠠᠴᠢᠯᠠᠭᠰᠠᠨ ᠨᠢ᠂ ᠨᠡᠶᠢᠲᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠪᠣᠯ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢᠨ ᠴᠢᠬᠤᠯᠠ ᠠᠭᠤᠯᠭ᠎ᠠ ᠪᠣᠯᠬᠤ ᠪᠠᠷ ᠪᠠᠷᠠᠬᠤ ᠦᠭᠡᠢ ᠪᠠᠰᠠ ᠴᠤ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠠᠶᠢᠵᠤ᠂ ᠥᠷᠭᠡᠨ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠃ᠨᠠᠷᠢᠨ ᠨᠢᠮᠪᠠᠢ ᠵᠢᠷᠤᠵᠤ ᠲᠥᠯᠥᠪᠯᠡᠨ᠂ ᠨᠠᠷᠢᠨ ᠵᠦᠢᠯᠡᠰ ᠢ ᠴᠢᠬᠤᠯᠠᠴᠢᠯᠠᠵᠤ᠂ ᠡᠯ᠎ᠡ ᠲᠦᠷᠦᠯ ᠤᠨ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠳᠦᠷᠰᠦ ᠪᠦᠲᠦᠭᠡᠯᠲᠡ ᠨᠢ ᠭᠤᠶᠤ ᠰᠠᠶᠢᠬᠠᠨ᠂ ᠴᠢᠳᠠᠮᠵᠢ ᠨᠢ ᠲᠡᠭᠦᠯᠳᠡᠷ᠂ ᠪᠡᠶᠡᠴᠢᠯᠡᠨ ᠣᠶᠢᠯᠠᠭᠠᠬᠤ ᠲᠥᠷᠥᠭᠳᠡᠯ ᠢᠶᠠᠷ ᠴᠢᠩᠭ᠎ᠠ᠂ ᠤᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ᠴᠢᠨᠠᠷ ᠴᠢᠨᠰᠠᠭ᠎ᠠ ᠲᠠᠢ ᠨᠡᠶᠢᠲᠡ ᠶᠢᠨ ᠵᠣᠷᠯᠣᠩ ᠢ ᠬᠦᠴᠦᠯᠡᠨ ᠪᠠᠶᠢᠭᠤᠯᠬᠤ ᠬᠡᠷᠡᠭᠲᠡᠢ᠃ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠮᠠᠲ᠋ᠧᠷᠢᠶᠠᠯ᠂ ᠶᠠᠰᠤ ᠴᠢᠨᠠᠷ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠲᠣᠭᠲᠠᠭᠰᠠᠨ ᠬᠤᠭᠤᠴᠠᠭᠠᠨ ᠳᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢ ᠪᠠᠲᠤᠯᠠᠵᠤ᠂ ᠤᠯᠠᠨ ᠲᠦᠮᠡᠨ ᠤ ᠵᠣᠷᠯᠣᠩ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ᠣᠷᠣᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠴᠢᠤᠸᠠᠨ ᠸᠧᠢ᠂ ᠣᠷᠣᠨ ᠤ ᠵᠠᠰᠠᠭ ᠤᠨ ᠣᠷᠳᠣᠨ ᠤ ᠠᠯᠪᠠᠨ ᠭᠡᠷ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1