8 ᠰᠠᠷ᠎ᠠ ᠶᠢᠨ 29 ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠱᠦᠵᠢ ᠶᠠᠩ ᠡᠯ ᠰᠢ ᠪᠦᠯᠬᠦᠮ | ᠳᠠᠭᠠᠭᠤᠯᠤᠨ ᠪᠥᠬᠦ ᠣᠷᠣᠨ ᠤ ᠬᠡᠰᠡᠭ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ | ᠶᠠᠩ ᠡᠯ ᠰᠢ ᠨᠠᠷ ᠤᠷᠢᠳ ᠬᠤᠵᠢᠳ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠧᠢ ᠯᠢᠶᠠᠩ ᠤᠨ ᠳᠥᠭᠦᠮ | ᠪᠦᠲᠦᠴᠡᠲᠦ ᠣᠷᠣᠨ ᠰᠠᠭᠤᠴᠠ ᠶᠢᠨ ᠡᠷᠬᠡ ᠶᠢᠨ ᠦᠨᠡᠮᠯᠡᠯ ᠤᠨ ᠦᠨᠡᠮᠯᠡᠯ ᠭᠦᠢᠴᠡᠳᠬᠡᠬᠦ ᠲᠢᠩᠬᠢᠮ ᠳᠤ ᠬᠦᠷᠴᠦ᠂ | ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠢ ᠰᠣᠨᠣᠰᠴᠤ᠂ ᠠᠵᠢᠯ ᠥᠷᠨᠢᠭᠦᠯᠦᠭᠰᠡᠨ | ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ | ᠳᠤᠷᠠᠳᠤᠭᠰᠠᠨ ᠪᠠᠶᠢᠨ᠎ᠠ᠃ | | | | | | ᠶᠠᠩ ᠡᠯ ᠰᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠪᠠᠶᠢᠴᠠᠭᠠᠨ ᠰᠤᠳᠤᠯᠤᠯᠲᠠ | ᠬᠢᠬᠦ ᠶᠢᠨ ᠬᠠᠮᠲᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠮᠢᠶ᠎ᠠ ᠪᠦᠬᠦᠢ ᠠᠵᠢᠯ ᠤᠨ ᠬᠠᠷᠢᠭᠤ | ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ᠃ | ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ᠂ ᠶᠠᠩ ᠡᠯ ᠰᠢ᠂ ᠨᠡᠶᠢᠭᠡᠮ ᠤᠨ ᠠᠪᠤᠷᠠᠨ | ᠲᠤᠰᠠᠯᠠᠯᠲᠠ ᠪᠣᠯ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠨᠡᠶᠢᠭᠡᠮ ᠤᠨ ᠡᠷᠬᠡ ᠲᠡᠭᠰᠢ ᠶᠢ ᠠᠬᠢᠭᠤᠯᠬᠤ᠂ | ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠦᠨᠳᠦᠰᠦᠨ ᠵᠦᠢᠯ ᠢ ᠪᠠᠲᠤᠯᠠᠬᠤ ᠴᠢᠨᠠᠷᠲᠠᠢ᠂ ᠰᠠᠭᠤᠷᠢ ᠴᠢᠨᠠᠷᠲᠠᠢ | ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ᠣᠷᠣᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢ ᠮᠠᠨ ᠤ | ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠠᠮᠢᠳᠤᠷᠠᠯ ᠬᠦᠴᠢᠷᠳᠡᠯᠲᠡᠢ ᠬᠥᠮᠥᠰ ᠪᠠ ᠭᠠᠮᠰᠢᠭᠳᠠᠭᠰᠠᠨ | ᠬᠥᠮᠥᠰ ᠢ ᠬᠥᠳᠡᠯᠦᠩᠭᠦᠢ ᠪᠠᠷ ᠢᠯᠭᠠᠨ ᠲᠠᠨᠢᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠬᠠᠪᠰᠤᠷᠤᠨ | ᠲᠡᠳᠬᠦᠵᠦ ᠠᠪᠤᠷᠠᠨ ᠲᠤᠰᠠᠯᠠᠬᠤ᠂ ᠪᠡᠯᠡ ᠮᠥᠩᠭᠦ ᠶᠢᠨ ᠪᠠᠲᠤᠯᠠᠭ᠎ᠠ ᠵᠡᠷᠭᠡ ᠠᠵᠢᠯ ᠤᠨ ᠲᠣᠭᠲᠠᠴᠠ ᠶᠢ ᠤᠯᠠᠮ ᠨᠢᠭᠡ | ᠠᠯᠬᠤᠮ ᠪᠦᠷᠢᠨᠰᠢᠭᠦᠯᠵᠦ᠂ ᠨᠡᠶᠢᠭᠡᠮ ᠤᠨ ᠠᠪᠤᠷᠠᠨ ᠲᠤᠰᠠᠯᠠᠯᠲᠠ ᠨᠢ ᠬᠦᠴᠢᠷᠳᠡᠯᠲᠡᠢ ᠬᠥᠮᠥᠰ ᠲᠤ ᠴᠠᠭ ᠲᠤᠬᠠᠢ | ᠳᠤᠨᠢ ᠣᠨᠣᠪᠴᠢᠲᠠᠶ ᠰᠢᠭᠤᠳ ᠬᠦᠷᠬᠦ ᠶᠢ ᠦᠨᠡᠨᠬᠦ ᠪᠠᠲᠤᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ | ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ᠃ | | | | | ᠶᠠᠩ ᠡᠯ ᠰᠢ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ | ᠲᠣᠪᠴᠢᠶ᠎ᠠ ᠳᠤ ᠢᠷᠡᠵᠤ᠂ ᠬᠠᠮᠢᠶ᠎ᠠ ᠪᠦᠬᠦᠢ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ | ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠶᠠᠩ | ᠡᠯ ᠰᠢ ᠬᠡᠯᠡᠬᠦ ᠳᠡᠭᠡᠨ᠂ ᠬᠥᠯᠥᠰᠦᠨ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ | ᠪᠠᠲᠤᠯᠠᠬᠤ ᠨᠢ ᠥᠷᠭᠡᠨ ᠣᠯᠠᠨ ᠬᠥᠯᠥᠰᠦᠨ ᠠᠵᠢᠯᠴᠢᠨ ᠤ ᠲᠣᠰ ᠪᠡᠶ᠎ᠡ ᠶᠢᠨ ᠠᠰᠢᠭ ᠲᠤᠰᠠ ᠪᠠ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠪᠠᠶᠢᠳᠠᠯ ᠳᠤ ᠬᠤᠯᠪᠣᠭᠳᠠᠵᠤ ᠪᠠᠶᠢᠳᠠᠭ᠃ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ | ᠰᠢᠢᠳᠪᠦᠷᠢᠯᠡᠵᠦ᠂ ᠬᠥᠯᠥᠰᠦᠨ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠭᠦᠢᠴᠡᠳ ᠥᠭᠬᠦ ᠶᠢ ᠪᠠᠲᠤᠯᠠᠵᠤ᠂ | ᠬᠥᠯᠥᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ᠃ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠮᠠᠨ ᠤ ᠣᠷᠣᠨ ᠤ | ᠠᠵᠢᠯ ᠮᠡᠷᠭᠡᠵᠢᠯ ᠤᠨ ᠣᠨ ᠤ ᠮᠥᠩᠭᠦ ᠶᠢᠨ ᠦᠯᠡᠳᠡᠭᠳᠡᠯ ᠠᠰᠠᠭᠤᠳᠠᠯ ᠢ ᠬᠢᠨᠠᠮᠠᠭᠠᠢ ᠰᠠᠶᠢᠲᠤᠷ ᠰᠢᠢᠳᠪᠦᠷᠢᠯᠡᠵᠦ᠂ | ᠳᠠᠭᠠᠳᠬᠠᠯ ᠳᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ᠃ | | | | | | ᠶᠠᠩ ᠡᠯ ᠰᠢ ᠪᠧᠢ ᠯᠢᠶᠠᠩ ᠤᠨ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠵᠠᠰᠠᠵᠤ | ᠲᠥᠪᠬᠢᠨᠡᠭᠦᠯᠬᠦ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠤᠨ ᠦᠨᠡᠮᠯᠡᠯ ᠭᠦᠢᠴᠡᠳᠬᠡᠬᠦ ᠶᠡᠭᠡ | ᠲᠢᠩᠬᠢᠮ ᠳᠤ ᠢᠷᠡᠵᠤ᠂ ᠲᠤᠬᠠᠢ ᠶᠢᠨ ᠲᠠᠯᠠᠪᠠᠢ ᠳᠤ ᠠᠵᠢᠯᠯᠠᠵᠤ ᠪᠠᠶᠢᠭᠠᠳ ᠠᠵᠢᠯ ᠢ ᠠᠬᠢᠭᠤᠯᠬᠤ ᠶᠠᠪᠤᠴᠠ ᠳᠤ | ᠣᠷᠣᠰᠢᠵᠤ ᠪᠠᠶᠢᠭ᠎ᠠ ᠪᠣᠳᠠᠲᠠᠢ ᠠᠰᠠᠭᠤᠳᠠᠯ ᠢ ᠰᠢᠢᠳᠪᠦᠷᠢᠯᠡᠪᠡ᠃ | ᠪᠧᠢ ᠯᠢᠶᠠᠩ ᠤᠨ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠵᠠᠰᠠᠵᠤ ᠲᠥᠪᠬᠢᠨᠡᠭᠦᠯᠬᠦ ᠭᠡᠷ | ᠬᠥᠷᠥᠩᠭᠡ ᠶᠢᠨ ᠡᠷᠬᠡ ᠶᠢᠨ ᠦᠨᠡᠮᠯᠡᠯ ᠭᠦᠢᠴᠡᠳᠬᠡᠬᠦ ᠶᠡᠭᠡ ᠲᠢᠩᠬᠢᠮ ᠳᠤ᠂ ᠶᠠᠩ ᠡᠯ ᠰᠢ᠄ ᠥᠯᠥ ᠬᠥᠳᠡᠯᠬᠦ | ᠬᠥᠷᠥᠩᠭᠡ ᠶᠢᠨ ᠡᠷᠬᠡ ᠶᠢᠨ ᠦᠨᠡᠮᠯᠡᠯ ᠢ ᠭᠦᠢᠴᠡᠳᠬᠡᠬᠦ ᠨᠢ ᠥᠷᠭᠡᠨ ᠣᠯᠠᠨ ᠪᠧᠢ ᠯᠢᠶᠠᠩ ᠤᠨ ᠳᠥᠭᠦᠮ ᠪᠦᠲᠦᠴᠡᠲᠦ | ᠣᠷᠣᠨ ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠬᠤ ᠰᠠᠭᠤᠭᠠᠯᠢ ᠠᠷᠠᠳ ᠤᠨ ᠲᠤᠰ ᠪᠡᠶ᠎ᠡ ᠶᠢᠨ ᠠᠰᠢᠭ ᠲᠤᠰᠠ ᠳᠤ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠭᠦᠢᠴᠡᠳᠬᠡᠬᠦ ᠶᠠᠪᠤᠴᠠ ᠶᠢ ᠤᠯᠠᠮ ᠨᠢᠭᠡ ᠠᠯᠬᠤᠮ ᠴᠣᠮᠬᠠᠳᠬᠠᠵᠤ᠂ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠪᠧᠢ ᠯᠢᠶᠠᠩ ᠤᠨ ᠲᠦᠬᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠲᠥᠪᠬᠢᠨᠡᠭᠦᠯᠦᠭᠰᠡᠨ | ᠨᠡᠩ ᠤᠯᠠᠨ ᠰᠠᠭᠤᠭᠠᠯᠢ ᠠᠷᠠᠳ ᠲᠤ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠢ ᠲᠦᠷᠭᠡᠬᠡᠨ | ᠣᠯᠭᠤᠵᠤ᠂ ᠤᠯᠠᠨ ᠲᠦᠮᠡᠨ ᠤ ᠰᠡᠳᠬᠢᠯ ᠳᠤ ᠰᠠᠶᠢᠨ ᠶᠠᠪᠤᠳᠠᠯ ᠢ ᠦᠨᠡᠨᠬᠦ ᠬᠢᠵᠦ᠂ ᠪᠣᠳᠠᠲᠤ ᠠᠵᠢᠯᠯᠠᠭ᠎ᠠ ᠪᠣᠯᠣᠨ | ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠣᠷᠣᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠴᠢᠤᠸᠠᠨ ᠸᠧᠢ᠂ ᠵᠠᠩ ᠬᠤᠩ ᠶᠠᠨ᠂ ᠣᠷᠣᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠭᠤᠣᠯ | ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | | | | |