ᠥᠷᠯᠥᠭᠡ ᠶᠢᠨ ᠦᠶ᠎ᠡ ᠪᠠᠷ᠂ ᠴᠡᠴᠡᠷᠯᠢᠭ ᠤᠨ ᠵᠠᠮ ᠤᠨ ᠪᠠᠭ᠎ᠠ ᠰᠤᠷᠭᠠᠭᠤᠯᠢ ᠶᠢᠨ ᠹᠦ᠋ ᠯᠢ ᠰᠤᠷᠭᠠᠭᠤᠯᠢ ᠶᠢᠨ | ᠲᠣᠭᠤᠷᠢᠭ ᠤᠨ ᠰᠤᠷᠤᠭᠴᠢᠳ ᠲᠡᠷᠢ ᠲᠡᠭᠰᠢ ᠮᠥᠷᠯᠡᠨ ᠵᠢᠭᠰᠠᠵᠤ᠂ ᠳᠤᠯᠠᠭᠠᠨ ᠤ ᠬᠡᠮᠵᠢᠶ᠎ᠡ ᠪᠠᠷ ᠰᠤᠷᠭᠠᠭᠤᠯᠢ ᠳᠠᠭᠠᠨ | ᠣᠷᠣᠪᠠ᠃ᠴᠡᠪᠡᠷ ᠴᠡᠮᠴᠡᠭᠡᠷ ᠬᠢᠴᠢᠶᠡᠯ ᠤᠨ ᠭᠡᠷ ᠲᠤ ᠰᠤᠷᠤᠭᠴᠢᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ᠂ ᠨᠣᠮ | ᠪᠢᠴᠢᠭ ᠤᠨ ᠲᠠᠭᠤᠨ ᠬᠠᠩᠭᠢᠨᠠᠲᠠᠯ᠎ᠠ ᠳᠠᠭᠤᠷᠢᠰᠤᠨ᠎ᠠ︔ᠨᠣᠮᠢᠨ ᠨᠣᠭᠤᠭᠠᠨ ᠪᠡᠶ᠎ᠡ ᠶᠢᠨ ᠲᠠᠮᠢᠷ ᠤᠨ ᠲᠠᠯᠠᠪᠠᠢ ᠳᠤ᠂ | ᠬᠡᠦᠬᠡᠳ ᠤᠳ ᠪᠠᠶᠠᠷ ᠪᠠᠶᠠᠰᠬᠤᠯᠠᠩ ᠲᠠᠢ ᠪᠠᠷ ᠨᠠᠭᠠᠳᠤᠨ ᠴᠡᠩᠭᠡᠯᠳᠦᠵᠦ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ | | | | | ᠰᠤᠷᠭᠠᠭᠤᠯᠢ ᠶᠢᠨ ᠬᠦᠷᠢᠶᠡᠨ ᠤ ᠡᠶ᠎ᠡ ᠵᠣᠬᠢᠴᠠᠯ ᠲᠠᠢ ᠣᠷᠴᠢᠨ ᠲᠣᠭᠤᠷᠢᠨ ᠨᠢ ᠰᠤᠷᠭᠠᠨ ᠬᠥᠮᠦᠵᠢᠯ ᠤᠨ | ᠦᠢᠯᠡᠰ ᠤᠨ ᠥᠷᠨᠢᠩᠭᠦᠢ ᠬᠥᠭᠵᠢᠯᠲᠡ ᠠᠴᠠ ᠪᠣᠯᠤᠭᠰᠠᠨ ᠶᠤᠮ᠃ᠣᠶᠢᠷ᠎ᠠ ᠶᠢᠨ ᠵᠢᠯ ᠠᠴᠠ᠂ ᠳ᠋ᠦᠩ ᠡᡁᠸ | ᠲᠣᠭᠤᠷᠢᠭ ᠤᠨ︽ᠶᠠᠰᠤ ᠴᠢᠨᠠᠷ ᠢ ᠳᠡᠭᠡᠭᠰᠢᠯᠡᠭᠦᠯᠬᠦ᠂ ᠳᠤᠲᠠᠭᠤᠳᠠᠯ ᠢ ᠨᠥᠬᠦᠪᠦᠷᠢᠯᠡᠬᠦ᠂ ᠬᠤᠷᠢᠭ᠎ᠠ ᠱᠤᠭᠤᠮ ᠢ ᠪᠠᠲᠤᠯᠠᠬᠤ︾ | ᠶᠢ ᠪᠠᠷᠢᠮᠲᠠᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ | ᠠᠬᠢᠭᠤᠯᠵᠤ᠂ ᠤᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ | ᠴᠢᠨᠠᠷ᠂ ᠰᠤᠷᠭᠠᠨ ᠬᠥᠮᠦᠵᠢᠯ ᠤᠨ ᠲᠦᠷᠦᠯ ᠵᠦᠢᠯ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠪᠠᠭᠰᠢ ᠶᠢ | ᠬᠥᠮᠥᠵᠢᠭᠦᠯᠬᠦ ᠵᠡᠷᠭᠡ ᠠᠰᠠᠭᠤᠳᠠᠯ ᠤᠨ ᠲᠣᠭᠤᠷᠢᠨ ᠳᠤ᠂ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠢ | ᠴᠢᠩᠭᠠᠷᠠᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠠᠷ | ᠴᠢᠷᠮᠠᠶᠢᠪᠠ᠃ | | | | | ᠯᠢ ᠬᠤᠸᠠ ᠶᠢᠨ ᠬᠦᠦ ᠨᠢ ᠡᠨᠡ ᠵᠢᠯ ᠳ᠋ᠦᠩ ᠾᠧ ᠲᠣᠭᠤᠷᠢᠭ ᠤᠨ ᠬᠤᠸᠠᠨ ᠴᠧᠩ ᠵᠠᠮ ᠤᠨ ᠪᠠᠭ᠎ᠠ | ᠰᠤᠷᠭᠠᠭᠤᠯᠢ ᠶᠢᠨ ᠪᠠ ᠳ᠋ᠦᠩ ᠰᠤᠷᠭᠠᠭᠤᠯᠢ ᠶᠢᠨ ᠲᠣᠭᠤᠷᠢᠭ ᠤᠨ ᠨᠢᠭᠡᠳᠦᠭᠡᠷ ᠣᠨ ᠳᠤ ᠰᠤᠷᠤᠯᠴᠠᠵᠤ᠂ ᠰᠢᠨ᠎ᠡ | ᠰᠣᠷᠣᠭᠴᠢ ᠶᠢᠨ ᠨᠡᠷ᠎ᠡ ᠮᠡᠳᠡᠭᠦᠯᠦᠭᠰᠡᠨ ᠠᠩᠬᠠᠨ ᠤ ᠡᠳᠦᠷ᠂ ᠰᠤᠷᠭᠠᠭᠤᠯᠢ ᠶᠢᠨ ᠲᠣᠨᠤᠭ ᠲᠥᠬᠦᠭᠡᠷᠦᠮᠵᠢ ᠨᠢ ᠯᠢ | ᠬᠤᠸᠠ ᠶᠢ ᠰᠢᠨ᠎ᠡ ᠰᠡᠪᠡᠭᠦᠨ ᠪᠣᠯᠭᠠᠵᠠᠢ᠄ ︽ᠣᠲᠣ ᠶᠢᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ | ᠦᠨᠡᠬᠡᠷ ᠰᠠᠶᠢᠨ᠂ ᠬᠢᠴᠢᠶᠡᠯ ᠤᠨ ᠭᠡᠷ ᠪᠣᠯᠭᠠᠨ ᠳᠤ ᠴᠥᠮ ᠡᠯᠧᠺᠲᠷᠣᠨ ᠰᠠᠮᠪᠠᠷ᠎ᠠ ᠲᠠᠭᠠᠷᠠᠭᠤᠯᠵᠤ᠂ ᠬᠤᠩᠭᠢᠯ ᠳᠤ ︿ | ᠨᠣᠮ ᠤᠨ ᠪᠤᠯᠤᠩ﹀ ᠲᠠᠢ᠂ ᠪᠠᠰᠠ ᠤᠩᠰᠢᠯᠭ᠎ᠠ ᠶᠢᠨ ᠲᠠᠰᠤᠭ᠂ ᠲᠤᠷᠰᠢᠯᠲᠠ ᠶᠢᠨ ᠲᠠᠰᠤᠭ᠂ ᠪᠥᠵᠢᠭ ᠤᠨ ᠲᠠᠰᠤᠭ ᠁ | ᠡᠲᠡᠭᠡᠷ ᠪᠦᠷᠢᠨ ᠲᠡᠭᠦᠯᠳᠡᠷ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠪᠠ ᠴᠢᠳᠠᠮᠵᠢᠲᠤ ᠭᠡᠷ ᠪᠠᠶᠢᠰᠢᠩ ᠨᠢ | ᠬᠡᠦᠬᠡᠳ ᠤᠨ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠵᠦ ᠪᠠᠶᠢᠨ᠎ᠠ᠃ ᠪᠢ ᠪᠠᠰᠠ ᠰᠤᠷᠭᠠᠭᠤᠯᠢ ᠳᠤ ᠪᠦᠬᠦ | ᠤᠯᠤᠰ ᠤᠨ ᠰᠢᠯᠢᠳᠡᠭ ᠪᠠᠭᠰᠢ ᠶᠢᠨ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠪᠠᠭᠰᠢ ᠶᠢ ᠣᠷᠣᠭᠤᠯᠤᠨ | ᠠᠪᠴᠢᠷᠠᠭᠰᠠᠨ ᠢ ᠰᠣᠨᠣᠰᠴᠠᠢ᠂ ᠮᠢᠨᠤ ᠬᠡᠦᠬᠡᠳ ᠠᠳᠡ ᠬᠠᠮᠤᠭ ᠤᠨ ᠰᠠᠶᠢᠨ ᠰᠤᠷᠭᠠᠨ ᠬᠥᠮᠦᠵᠢᠯ ᠬᠦᠷᠳᠡᠬᠦ ᠶᠢ | ᠢᠲᠡᠭᠡᠵᠦ ᠪᠠᠶᠢᠨ᠎ᠠ︾ ᠭᠡᠵᠦ ᠬᠡᠯᠡᠪᠡ᠃ | | | | | | | ᠰᠢᠯᠢᠳᠡᠭ ᠰᠠᠶᠢᠨ ᠰᠤᠷᠭᠠᠭᠤᠯᠢ ᠶᠢᠨ ᠵᠠᠬᠢᠷᠤᠯ ᠤᠨ ᠡᠩᠨᠡᠭᠡ ᠪᠠ ᠬᠦᠴᠦᠷᠬᠡᠭ ᠶᠡᠭᠡ ᠪᠠᠭᠰᠢ ᠶᠢᠨ ᠬᠦᠴᠦᠨ | ᠪᠣᠯ ᠰᠢᠯᠢᠳᠡᠭ ᠰᠠᠶᠢᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠦᠨᠳᠦᠰᠦ ᠪᠠ ᠵᠠᠩᠭᠢᠯᠠᠭ᠎ᠠ ᠮᠥᠨ᠃ᠳ᠋ᠦᠩ | ᠾᠧ ᠲᠣᠭᠤᠷᠢᠭ ᠤᠨ ᠬᠢᠨ ᠰᠤᠷᠭᠠᠭᠤᠯᠢ ︵ᠬᠦᠷᠢᠶᠡᠯᠡᠩ︶ ᠶᠢᠨ ᠳᠠᠷᠤᠭ᠎ᠠ ᠶᠢᠨ ᠪᠡᠯᠡᠳᠬᠡᠯ ᠺᠠᠳ᠋ᠷ ᠤᠨ | ᠪᠣᠯᠪᠠᠰᠤᠷᠠᠯ ᠤᠨ ᠠᠩᠭᠢ ᠶᠢ ᠢᠳᠡᠪᠬᠢᠲᠡᠢ ᠥᠷᠨᠢᠭᠦᠯᠵᠦ᠂ ᠰᠤᠷᠭᠠᠭᠤᠯᠢ ︵ᠬᠦᠷᠢᠶᠡᠯᠡᠩ︶ ᠶᠢᠨ ᠳᠠᠷᠤᠭ᠎ᠠ ᠶᠢ | ᠢᠯᠡ ᠪᠠᠷ ᠰᠣᠩᠭᠤᠨ ᠤᠷᠢᠵᠤ ᠥᠷᠢᠰᠦᠯᠳᠦᠭᠦᠯᠦᠨ ᠠᠵᠢᠯ ᠤᠨ ᠪᠠᠶᠢᠷᠢ ᠳᠤ ᠭᠠᠷᠭᠠᠬᠤ ᠲᠣᠭᠲᠠᠴᠠ ᠶᠢ | ᠬᠡᠷᠡᠭᠵᠢᠭᠦᠯᠦᠨ᠎ᠡ᠃2022 ᠣᠨ ᠳᠤ᠂ ᠰᠤᠷᠭᠠᠨ ᠬᠥᠮᠦᠵᠢᠯ ᠤᠨ ᠰᠢᠰᠲ᠋ᠧᠮ ᠤᠨ ᠺᠠᠳ᠋ᠷ ᠤᠨ ᠡᠩᠨᠡᠭᠡ ᠶᠢᠨ ᠪᠣᠳᠠᠲᠤ | ᠪᠠᠶᠢᠳᠠᠯ ᠢ ᠦᠨᠳᠦᠰᠦᠯᠡᠨ᠂ 106 ᠨᠡᠷᠡᠰ ᠰᠤᠷᠭᠠᠭᠤᠯᠢ ᠶᠢᠨ ᠲᠠᠰ ᠤᠨ ᠺᠠᠳ᠋ᠷ ᠲᠤ ᠲᠣᠬᠢᠷᠠᠭᠤᠯᠤᠯᠲᠠ ᠬᠢᠵᠦ᠂ | ᠡᠭᠦᠨ ᠳᠤ 20 ᠬᠥᠮᠥᠨ ᠢ ᠳᠡᠪᠰᠢᠭᠦᠯᠦᠨ ᠲᠤᠰᠢᠶᠠᠯ ᠡᠭᠦᠷᠭᠡᠯᠡᠭᠦᠯᠵᠦ᠂ ᠨᠢᠭᠡ ᠪᠦᠯᠦᠭ ᠠᠵᠢᠯ ᠤᠨ ᠪᠠᠶᠢᠷᠢ ᠪᠠᠨ | ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠳᠡᠭ᠂ ᠣᠪᠣᠷ ᠰᠤᠷᠲᠠᠯ ᠰᠢᠯᠢᠳᠡᠭ ᠰᠠᠶᠢᠨ᠂ ᠲᠤᠬᠠᠶᠢᠯᠠᠭᠰᠠᠨ | ᠠᠵᠢᠯ ᠳᠠᠭᠠᠨ ᠴᠠᠭᠠᠷᠠᠭᠰᠠᠨ᠂ ᠬᠠᠮᠢᠶᠠᠷᠤᠯᠲᠠ ᠶᠢᠨ ᠴᠢᠳᠠᠪᠤᠷᠢ ᠪᠠᠷ ᠴᠢᠩᠭ᠎ᠠ ᠵᠠᠯᠠᠭᠤ ᠺᠠᠳ᠋ᠷ ᠰᠢᠨ᠎ᠡ ᠠᠵᠢᠯ ᠤᠨ | ᠪᠠᠶᠢᠷᠢ ᠳᠤ ᠭᠠᠷᠴᠤ᠂ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ᠡᠭᠦᠨ ᠤ ᠬᠠᠮᠲᠤ᠂ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ 2022 ᠣᠨ ᠳᠤ ᠰᠢᠯᠢᠳᠡᠭ ᠰᠤᠷᠭᠠᠨ ᠬᠥᠮᠦᠵᠢᠯ ᠤᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠢᠯᠡ ᠪᠠᠷ ᠤᠷᠢᠬᠤ ᠠᠷᠭ᠎ᠠ ᠮᠠᠶ᠋ᠢᠭ ᠢᠶᠠᠷ ᠳᠠᠮᠵᠢᠭᠤᠯᠤᠨ 112 | ᠪᠠᠭᠰᠢ ᠶᠢ ᠰᠢᠯᠢᠨ ᠰᠣᠩᠭᠤᠵᠤ᠂ ᠳ᠋ᠦᠩ ᠾᠧ ᠲᠣᠭᠤᠷᠢᠭ ᠤᠨ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ᠂ | ᠵᠢᠭᠠᠨ ᠰᠤᠷᠭᠠᠯᠲᠠ ᠶᠢᠨ ᠴᠢᠳᠠᠪᠤᠷᠢᠲᠠᠨ ᠢ ᠰᠢᠯᠭᠠᠷᠠᠭᠤᠯᠤᠨ ᠰᠢᠯᠭᠠᠷᠠᠭᠤᠯᠬᠤ ᠤᠷᠤᠯᠳᠤᠭᠠᠨ ᠢ ᠵᠣᠬᠢᠶᠠᠨ ᠪᠠᠶᠢᠭᠤᠯᠤᠨ | ᠥᠷᠨᠢᠭᠦᠯᠵᠦ᠂ 326 ᠭᠤᠣᠯᠯᠠᠭᠴᠢ ᠵᠠᠯᠠᠭᠤ ᠪᠠᠭᠰᠢ ᠶᠢ ᠣᠷᠣᠨ ᠤ ᠲᠠᠰ ᠤᠨ ᠰᠢᠨᠵᠢᠯᠡᠭᠡᠨ ᠤ ᠰᠠᠯᠠᠭ᠎ᠠ ᠶᠢᠨ | ᠳᠠᠭᠠᠭᠤᠯᠤᠭᠴᠢ᠂ ᠵᠢᠭᠠᠨ ᠰᠤᠷᠭᠠᠯᠲᠠ ᠶᠢᠨ ᠴᠢᠳᠠᠪᠤᠷᠢᠲᠠᠨ ᠢᠶᠠᠷ ᠦᠨᠡᠯᠡᠵᠡᠢ᠃2022 ᠣᠨ ᠳᠤ ᠳ᠋ᠦᠩ ᠾᠧ | ᠲᠣᠭᠤᠷᠢᠭ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ 600 ᠬᠤᠪᠢ ᠠᠴᠠ ᠳᠡᠭᠡᠭᠰᠢᠬᠢ | ᠬᠥᠮᠥᠨ ᠤ ᠲᠤᠭ᠎ᠠ 34 ᠪᠣᠯᠵᠤ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ | ᠰᠢᠯᠭᠠᠯᠲᠠ ᠶᠢᠨ ᠡᠯ᠎ᠡ ᠵᠦᠢᠯ ᠤᠨ ᠭᠦᠢᠴᠡᠳᠬᠡᠯ ᠲᠤᠭ᠎ᠠ ᠨᠢ ᠴᠥᠮ ᠪᠥᠬᠦ ᠬᠤᠲᠠ ᠶᠢᠨ ᠡᠮᠦᠨ᠎ᠡ ᠡᠩᠨᠡᠭᠡᠨ ᠳᠤ | ᠵᠢᠭᠰᠠᠭᠠᠭᠳᠠᠵᠠᠢ᠃ | | | | | | | | | | ᠰᠤᠷᠤᠭᠴᠢᠳ ᠤᠨ ᠬᠢᠴᠢᠶᠡᠯ ᠰᠤᠷᠤᠯᠭ᠎ᠠ ᠪᠠ ᠪᠣᠯᠪᠠᠰᠤᠷᠠᠯ ᠤᠨ ᠳᠠᠷᠤᠭᠠᠰᠤ ᠶᠢ ᠪᠦᠲᠦᠮᠵᠢᠲᠡᠢ | ᠬᠥᠩᠭᠡᠷᠡᠭᠦᠯᠬᠦ ᠶᠢᠨ ᠲᠥᠯᠥᠭᠡ᠂ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ︽ᠳᠣᠲᠣᠨ᠎ᠠ | ᠭᠠᠳᠠᠨᠠᠬᠢ ᠶᠢ ᠵᠡᠷᠭᠡᠪᠡᠷ ᠰᠤᠷᠤᠯᠴᠠᠬᠤ︾ ᠶᠢ ᠪᠠᠷᠢᠮᠲᠠᠯᠠᠵᠤ᠂ ︽ᠬᠤᠶᠠᠷ ᠢ ᠬᠥᠩᠭᠡᠷᠡᠭᠦᠯᠬᠦ︾ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠭᠦᠨᠵᠡᠭᠡᠢ ᠠᠬᠢᠭᠤᠯᠪᠠ᠃︽ᠭᠠᠳᠠᠨ᠎ᠠ︾ ᠳᠤ᠂ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠴᠡᠭᠴᠡᠯᠡᠨ ᠵᠠᠰᠠᠬᠤ ᠠᠵᠢᠯ ᠢ ᠶᠡᠬᠡᠪᠡᠷ ᠥᠷᠨᠢᠭᠦᠯᠵᠦ᠂ ᠡᠯ᠎ᠡ ᠲᠥᠷᠥᠯ ᠤᠨ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 64 ᠤᠳᠠᠭ᠎ᠠ ᠥᠷᠨᠢᠭᠦᠯᠵᠦ᠂ ᠪᠠᠶᠢᠴᠠᠭᠠᠬᠤ ᠠᠵᠢᠯᠲᠠᠨ ᠢ 130 | ᠬᠥᠮᠥᠨ ᠤᠳᠠᠭ᠎ᠠ ᠬᠥᠳᠡᠯᠭᠡᠵᠦ᠂ ︽ᠰᠤᠷᠭᠠᠭᠤᠯᠢ ᠡᠷᠭᠢᠯᠡᠬᠦ ᠶᠢ ᠵᠣᠭᠰᠤᠭᠠᠬᠤ ᠮᠡᠳᠡᠭᠳᠡᠯ ᠤᠨ ᠪᠢᠴᠢᠭ︾ ᠢ 78 | ᠬᠤᠪᠢ ᠪᠠᠭᠤᠯᠭᠠᠵᠤ᠂ ᠲᠣᠭᠲᠠᠭᠠᠯ ᠠᠴᠠ ᠵᠥᠷᠢᠴᠡᠭᠰᠡᠨ ᠪᠠᠶᠢᠭᠤᠯᠤᠮᠵᠢ ᠶᠢ ᠵᠠᠷᠯᠢᠭᠳᠠᠵᠤ ᠪᠠᠶᠢᠭᠠᠳ | ᠭᠦᠢᠴᠡᠳᠬᠡᠬᠦ ᠶᠢ ᠨᠢ ᠳᠠᠷᠤᠶᠢᠬᠠᠨ ᠵᠣᠭᠰᠣᠭᠠᠪᠠ᠃︽ᠳᠣᠲᠣᠭᠠᠳᠤ︾ ᠳᠤ᠂ ᠬᠢᠴᠢᠶᠡᠯ ᠤᠨ ᠳᠠᠷᠠᠭᠠᠬᠢ | ᠦᠢᠯᠡᠴᠢᠯᠡᠭᠡᠨ ᠤ ︽5 + 2︾ ᠤᠨ ᠬᠡᠯᠪᠡᠷᠢ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ︽ᠳᠠᠰᠬᠠᠯ ᠤᠨ | ᠬᠠᠪᠰᠤᠷᠤᠨ ᠵᠢᠯᠣᠭᠤᠳᠤᠯᠭ᠎ᠠ + ᠨᠡᠶᠢᠭᠡᠮ ᠤᠨ ᠪᠦᠯᠬᠦᠮ ᠤᠨ ᠠᠵᠢᠯᠯᠠᠭ᠎ᠠ︾ ᠶᠢᠨ ᠦᠢᠯᠡᠴᠢᠯᠡᠭᠡᠨ ᠤ ᠵᠠᠭᠪᠤᠷ ᠢ | ᠪᠡᠶᠡᠯᠡᠭᠦᠯᠦᠨ᠂ ᠬᠥᠯ ᠪᠥᠮᠪᠦᠭᠡ᠂ ᠰᠠᠭᠰᠤᠨ ᠪᠥᠮᠪᠦᠭᠡ᠂ ᠬᠦᠷᠳᠦᠲᠦ ᠲᠡᠰᠢᠯᠲᠡ᠂ ᠤᠷᠠᠯᠢᠭ ᠵᠡᠷᠭᠡ ᠣᠨᠴᠠᠯᠢᠭ ᠲᠠᠢ | ᠬᠢᠴᠢᠶᠡᠯ ᠬᠢᠭᠡᠳ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠵᠤ᠂ ᠰᠤᠷᠤᠭᠴᠢᠳ ᠤᠨ | ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠤᠨ᠎ᠠ᠃ᠪᠥᠬᠦ ᠣᠷᠣᠨ ᠤ ᠤᠤᠯ ᠤᠨ ᠪᠠᠶᠢᠭᠰᠠᠨ 42 ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ | ᠪᠠᠶᠢᠭᠤᠯᠤᠮᠵᠢ ᠶᠢ ᠪᠦᠬᠦᠨ ᠢ ᠪᠠᠭᠠᠰᠬᠠᠨ ᠬᠠᠰᠤᠬᠤ ᠶᠢ ᠪᠡᠶᠡᠯᠡᠭᠦᠯᠵᠦ᠂ ᠪᠠᠭᠠᠰᠬᠠᠨ ᠬᠠᠰᠤᠬᠤ ᠨᠣᠷᠮ᠎ᠠ ᠶᠢ | 100% ᠳᠤ ᠬᠦᠷᠦᠭᠦᠯᠵᠦ᠂ ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ ᠪᠣᠯᠪᠠᠰᠤᠷᠠᠭᠤᠯᠤᠯ ᠤᠨ ᠪᠦᠬᠦᠨ ᠢ | ᠴᠡᠪᠡᠷᠯᠡᠬᠦ ᠶᠢ ᠪᠡᠶᠡᠯᠡᠭᠦᠯᠦᠨ᠎ᠡ᠃ | | | | | | | ᠳᠠᠷᠤᠭᠠᠰᠤ ᠶᠢ ᠬᠥᠩᠭᠡᠯᠡᠬᠦ ᠳᠤ ᠶᠠᠰᠤ ᠴᠢᠨᠠᠷ ᠢ ᠪᠠᠭᠤᠷᠠᠭᠤᠯᠬᠤ ᠦᠭᠡᠢ᠂ ᠲᠥᠪ ᠭᠤᠣᠯᠴᠢ ᠪᠠᠷ ᠦᠰᠦᠨ | ᠪᠤᠶᠢᠵᠢᠯᠲᠠ ᠶᠢ ᠳᠡᠮᠵᠢᠨ᠎ᠡ᠃︽ᠢᠯᠡ ᠪᠠᠷ ᠰᠣᠷᠣᠭᠴᠢ ᠡᠯᠰᠡᠬᠦ︾ ᠪᠠ ︽ᠢᠯᠡ ᠪᠠᠷ ᠠᠩᠭᠢ ᠬᠤᠪᠢᠶᠠᠬᠤ︾ | ᠲᠥᠷᠥ ᠶᠢᠨ ᠪᠣᠳᠣᠯᠭ᠎ᠠ ᠶᠢ ᠭᠤᠣᠯᠳᠠᠯᠭ᠎ᠠ ᠲᠠᠢ ᠨᠠᠶᠢᠳᠠᠪᠤᠷᠢᠵᠢᠭᠤᠯᠵᠤ᠂ ᠬᠡᠦᠬᠡᠳ ᠨᠢᠭᠡᠪᠦᠷᠢ ᠳᠤ ᠰᠤᠷᠭᠠᠭᠤᠯᠢ ᠳᠤ | ᠣᠷᠣᠮᠠᠭᠴᠠ ︽ᠵᠠᠪᠰᠢᠶᠠᠨ ᠲᠣᠬᠢᠶᠠᠯ ᠠᠳᠠᠯᠢ ᠲᠡᠭᠰᠢ︾ ᠪᠠᠶᠢᠬᠤ ᠶᠢ ᠮᠡᠳᠡᠷᠡᠭᠦᠯᠬᠦ ᠶᠢ ᠪᠠᠷᠢᠮᠲᠠᠯᠠᠨ᠎ᠠ᠃ | ᠣᠶᠢᠯᠠᠭᠠᠭᠰᠠᠨ ᠢᠶᠠᠷ᠂ ᠣᠳᠣᠬᠠᠨ ᠳᠤ ᠳ᠋ᠦᠩ ᠾᠧ ᠲᠣᠭᠤᠷᠢᠭ ᠲᠤ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠮᠢᠯᠠᠬᠤ᠂ | ᠨᠡᠷᠡᠨ ᠤ ᠬᠡᠷᠡᠯ ᠢᠶᠠᠷ ᠠᠩᠭᠢ ᠬᠤᠪᠢᠶᠠᠬᠤ ᠠᠷᠭ᠎ᠠ ᠶᠢ ᠬᠡᠷᠡᠭᠵᠢᠭᠦᠯᠵᠦ᠂ ᠰᠤᠷᠤᠭᠴᠢᠳ ᠤᠨ ᠰᠤᠷᠭᠠᠭᠤᠯᠢ ᠳᠤ | ᠣᠷᠣᠬᠤ ᠡᠷᠬᠡ ᠲᠡᠭᠰᠢ ᠲᠥᠪ ᠭᠤᠥᠯᠴᠢ ᠪᠠᠶᠢᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠭᠰᠠᠨ ᠪᠠᠶᠢᠨ᠎ᠠ᠃ | ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠣᠷᠣᠭᠴᠢ ᠡᠯᠰᠡᠬᠦ ᠶᠢ ᠬᠠᠷᠢᠭᠤᠴᠠᠵᠤ ᠪᠠᠶᠢᠭ᠎ᠠ ᠬᠤᠯᠪᠣᠭᠳᠠᠯ ᠪᠦᠬᠦᠢ | ᠠᠵᠢᠯᠲᠠᠨ ᠢᠯᠡᠷᠬᠡᠶᠢᠯᠡᠬᠦ ᠳᠡᠭᠡᠨ᠄ ︽ᠪᠣᠶ ᠪᠦᠬᠦᠢ ᠪᠡᠯᠡᠳᠬᠡᠯ ᠰᠢᠨ᠎ᠡ ᠰᠣᠷᠣᠭᠴᠢ ᠠᠩᠬᠠᠨ ᠤ ᠬᠢᠨᠠᠯᠲᠠ ᠶᠢᠨ ᠳᠠᠷᠠᠭ᠎ᠠ | ᠰᠦᠯᠵᠢᠶᠡᠨ ᠳᠡᠭᠡᠷ᠎ᠡ ᠤᠷᠢᠳᠴᠢᠯᠠᠨ ᠮᠡᠳᠡᠭᠡᠯᠡᠬᠦ᠂ ᠬᠢᠷᠢ ᠬᠡᠮ ᠢ ᠬᠢᠨᠠᠨ ᠬᠠᠷᠭᠤᠭᠤᠯᠬᠤ᠂ ᠺᠣᠮᠫᠢᠦ᠋ᠲ᠋ᠧᠷ ᠢᠶᠠᠷ ᠣᠷᠣᠨ | ᠪᠠᠶᠢᠷᠢ ᠲᠣᠮᠢᠯᠠᠬᠤ᠂ ᠦᠷ᠎ᠡ ᠳ᠋ᠦᠩ ᠢ ᠪᠠᠶᠢᠴᠠᠭᠠᠨ ᠯᠠᠪᠯᠠᠬᠤ ᠵᠡᠷᠭᠡ ᠠᠯᠢ ᠣᠯᠠᠨ ᠶᠠᠪᠤᠴᠠ ᠪᠠᠷ ᠳᠠᠮᠵᠢᠭᠤᠯᠤᠨ | ᠰᠤᠷᠭᠠᠭᠤᠯᠢ ᠳᠤ ᠣᠷᠣᠬᠤ ᠣᠷᠣᠨ ᠲᠤᠭ᠎ᠠ ᠶᠢᠨ ᠬᠤᠪᠢᠶᠠᠷᠢᠯᠠᠯᠲᠠ ᠶᠢ ᠪᠡᠶᠡᠯᠡᠭᠦᠯᠵᠦ᠂ ᠠᠯᠬᠤᠮ ᠪᠦᠷᠢ ᠳᠤ ᠴᠥᠮ | ᠡᠯᠧᠺᠲᠷᠣᠨ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠵᠤ᠂ ᠰᠤᠷᠭᠠᠭᠤᠯᠢ ᠳᠤ ᠣᠷᠣᠬᠤ | ᠠᠩᠭᠢ ᠬᠤᠪᠢᠶᠠᠨ ᠢᠯᠡ ᠪᠠᠷ ᠠᠵᠢᠯᠯᠠᠭᠤᠯᠬᠤ ᠬᠡᠷᠡᠭᠲᠡᠢ︾ ᠭᠡᠵᠡᠢ᠃ | ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢᠨ ᠡᠭᠦᠷᠭᠡ ᠬᠦᠨᠳᠦ ᠵᠠᠮ ᠬᠤᠯᠠ᠂ ᠨᠢᠭᠡ ᠬᠡᠦᠬᠡᠳ ᠢ ᠴᠦ | ᠶᠠᠳᠠᠭᠤ ᠬᠦᠴᠢᠷᠳᠡᠯ ᠠᠴᠠ ᠪᠣᠯᠵᠤ ᠰᠤᠷᠤᠯᠭ᠎ᠠ ᠠᠯᠳᠠᠭᠤᠯᠬᠤ ᠦᠭᠡᠢ ᠪᠠᠶᠢᠬᠤ ᠶᠢ ᠪᠠᠲᠤᠯᠠᠵᠤ᠂ ᠬᠤᠳᠠ ᠬᠥᠳᠡᠭᠡ ᠶᠢᠨ | ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠨᠢ ᠨᠡᠩ ᠴᠤ | ᠬᠠᠷᠢᠭᠤᠴᠠᠯᠭ᠎ᠠ ᠬᠦᠨᠳᠦ ᠶᠤᠮ᠃ᠳ᠋ᠦᠩ ᠾᠧ ᠲᠣᠭᠤᠷᠢᠭ ᠤᠨ ᠬᠢᠨ ᠡᠯ᠎ᠡ ᠰᠤᠷᠤᠯᠭ᠎ᠠ ᠶᠢᠨ ᠬᠤᠭᠤᠴᠠᠭᠠᠨ ᠤ ᠭᠡᠷ | ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠰᠤᠷᠤᠭᠴᠢᠳ ᠲᠤ ᠴᠢᠭᠯᠡᠭᠦᠯᠦᠨ ᠨᠠᠷᠢᠯᠢᠭ ᠣᠨᠣᠴᠠᠲᠠᠢ ᠪᠠᠷ ᠪᠠᠶᠢᠴᠠᠭᠠᠨ | ᠰᠢᠯᠭᠠᠵᠤ ᠮᠠᠭᠠᠳᠯᠠᠨ ᠲᠣᠭᠲᠠᠭᠠᠵᠤ᠂ ᠰᠤᠷᠭᠠᠭᠤᠯᠢ ᠳᠤ ᠣᠷᠣᠬᠤ ᠠᠴᠠ ᠡᠮᠦᠨ᠎ᠡ ᠳᠡᠭᠡᠳᠦ ᠰᠤᠷᠭᠠᠭᠤᠯᠢ ᠶᠢᠨ ᠪᠥᠬᠦ | ᠰᠤᠷᠤᠯᠭ᠎ᠠ ᠶᠢᠨ ᠬᠤᠭᠤᠴᠠᠭᠠᠨ ᠳᠤ ᠳᠡᠪᠰᠢᠨ ᠣᠷᠣᠬᠤ ᠶᠢ ᠬᠠᠮᠤᠷᠤᠭᠰᠠᠨ ᠰᠤᠷᠤᠭᠴᠢᠳ ᠢ ᠲᠡᠳᠬᠦᠨ ᠲᠤᠰᠠᠯᠠᠬᠤ | ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠪᠠ᠃2022 ᠣᠨ ᠤ ᠬᠠᠪᠤᠷ ᠤᠨ ᠤᠯᠠᠷᠢᠯ ᠤᠨ | ᠰᠤᠷᠤᠯᠭ᠎ᠠ ᠶᠢᠨ ᠬᠤᠭᠤᠴᠠᠭ᠎ᠠ ᠠᠴᠠ ᠨᠠᠰᠢ᠂ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠢ ᠰᠣᠷᠣᠭᠴᠢ ᠶᠢ | ᠨᠡᠶᠢᠲᠡ 1996 ᠬᠥᠮᠥᠨ ᠤᠳᠠᠭ᠎ᠠ ᠲᠤᠰᠠᠯᠠᠵᠤ᠂ ᠨᠡᠶᠢᠲᠡ ᠲᠤᠰᠠᠯᠠᠭᠰᠠᠨ ᠵᠣᠭᠤᠰ ᠤᠨ ᠲᠤᠭ᠎ᠠ ᠨᠢ 161.6 | ᠲᠦᠮᠡᠨ ᠲᠥᠭᠦᠷᠢᠭ ᠲᠤ ᠬᠦᠷᠴᠦ᠂ ᠭᠠᠳᠠᠨ᠎ᠠ ᠠᠴᠠ ᠢᠷᠡᠵᠦ ᠬᠥᠯᠥᠰᠦᠨ ᠠᠵᠢᠯ ᠬᠢᠵᠦ ᠪᠠᠶᠢᠭ᠎ᠠ ᠦᠷ᠎ᠡ ᠬᠡᠦᠬᠡᠳ ᠢ | 100% ᠪᠠᠷ ᠰᠤᠷᠭᠠᠭᠤᠯᠢ ᠳᠤ ᠣᠷᠣᠭᠤᠯᠵᠤ ᠲᠥᠪᠬᠢᠨᠡᠭᠦᠯᠬᠦ ᠶᠢ ᠪᠡᠶᠡᠯᠡᠭᠦᠯᠪᠡ᠃ | | | | | ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ | ᠠᠬᠢᠭᠤᠯᠬᠤ ᠶᠢᠨ ᠲᠥᠯᠥᠭᠡ᠂ ᠣᠳᠣᠬᠠᠨ ᠳᠤ ᠳ᠋ᠦᠩ ᠾᠧ ᠲᠣᠭᠤᠷᠢᠭ ᠤᠨ ᠬᠢᠨ ᠬᠥᠳᠡᠭᠡ ᠲᠣᠰᠬᠤᠨ ᠤ | ᠬᠡᠦᠬᠡᠳ ᠤᠨ ᠴᠡᠴᠡᠷᠯᠢᠭ ᠢ ᠬᠤᠶᠠᠷ ᠪᠠᠶᠢᠭᠤᠯᠵᠤ᠂ ᠬᠥᠳᠡᠭᠡ ᠲᠣᠰᠬᠤᠨ ᠤ ᠪᠠᠭ᠎ᠠ ᠰᠤᠷᠭᠠᠭᠤᠯᠢ ᠶᠢ ᠨᠢᠭᠡ ᠪᠠᠶᠢᠭᠤᠯᠵᠤ᠂ | ᠶᠢᠰᠦᠨ ᠵᠢᠯ ᠤᠨ ᠳᠦᠷᠢᠮᠲᠦ ᠬᠥᠳᠡᠭᠡ ᠲᠣᠰᠬᠤᠨ ᠤ ᠰᠤᠷᠭᠠᠭᠤᠯᠢ ᠶᠢ 4 ᠪᠠᠶᠢᠭᠤᠯᠵᠤ ᠠᠰᠢᠭᠯᠠᠯᠲᠠ ᠳᠤ | ᠣᠷᠣᠭᠤᠯᠪᠠ᠃ᠡᠭᠦᠨ ᠤ ᠵᠡᠷᠭᠡ ᠳᠤ ᠬᠤᠲᠠ ᠶᠢᠨ ᠲᠣᠭᠤᠷᠢᠭ ᠤᠨ ᠭᠤᠣᠯᠯᠠᠭᠴᠢ ᠪᠠᠭᠰᠢ ᠶᠢ ᠢᠯᠡ ᠪᠠᠷ ᠤᠷᠢᠬᠤ ᠪᠠ | ᠲᠣᠬᠢᠷᠠᠭᠤᠯᠤᠨ ᠰᠣᠯᠢᠯᠴᠠᠭᠤᠯᠤᠨ ᠪᠠᠭᠰᠢᠯᠠᠭᠤᠯᠬᠤ ᠠᠷᠭ᠎ᠠ ᠮᠠᠶ᠋ᠢᠭ ᠢᠶᠠᠷ ᠪᠠᠭᠰᠢ ᠶᠢᠨ ᠬᠦᠴᠦᠨ ᠢ ᠴᠢᠩᠭᠠᠷᠠᠭᠤᠯᠵᠤ᠂ | ᠭᠤᠷᠪᠠᠨ ᠵᠠᠭᠤ ᠭᠠᠷᠤᠢ ᠲᠦᠮᠡᠨ ᠲᠥᠭᠦᠷᠢᠭ ᠤᠨ ᠵᠠᠷᠤᠳᠠᠯ ᠣᠷᠣᠭᠤᠯᠤᠨ ᠬᠥᠳᠡᠭᠡ ᠲᠣᠰᠬᠤᠨ ᠤ ᠪᠠᠭᠰᠢ ᠶᠢᠨ | ᠴᠠᠯᠢᠩ ᠣᠯᠭᠤᠮᠵᠢ ᠶᠢ ᠪᠠᠲᠤᠯᠠᠵᠤ᠂ ᠲᠠᠪᠤᠨ ᠵᠠᠭᠤᠨ ᠲᠦᠮᠡ ᠰᠢᠬᠠᠮ ᠲᠥᠭᠦᠷᠢᠭ ᠴᠤᠭᠯᠠᠭᠤᠯᠤᠨ ᠬᠥᠳᠡᠭᠡ | ᠲᠣᠰᠬᠤᠨ ᠤ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠪᠠ ᠲᠠᠰ ᠳᠡᠪᠰᠢᠭᠦᠯᠦᠨ ᠥᠭᠡᠷᠡᠴᠢᠯᠡᠬᠦ ᠶᠢ | ᠲᠡᠭᠦᠯᠳᠡᠷᠵᠢᠭᠦᠯᠵᠦ᠂ ᠪᠠᠭᠰᠢ ᠶᠢᠨ ᠡᠩᠨᠡᠭᠡ ᠬᠦᠴᠦᠷᠬᠡᠭ ᠶᠡᠭᠡ᠂ ᠰᠤᠷᠭᠠᠭᠤᠯᠢ ᠶᠢᠨ ᠪᠠᠶᠢᠷᠢ ᠠᠭᠤᠵᠢᠮ ᠰᠠᠷᠠᠭᠤᠯ | ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠴᠢᠷᠮᠠᠶᠢᠨ ᠪᠣᠶ | ᠪᠣᠯᠭᠠᠨ᠎ᠠ᠃ | ᠰᠤᠷᠭᠠᠨ ᠬᠥᠮᠦᠵᠢᠯ ᠪᠣᠯ ᠦᠨᠳᠦᠰᠦᠲᠡᠨ ᠤ ᠬᠥᠭᠵᠢᠯ ᠮᠠᠨᠳᠤᠯ᠂ ᠨᠡᠶᠢᠭᠡᠮ ᠤᠨ ᠲᠠᠪᠰᠢᠯᠳᠠ ᠶᠢᠨ ᠴᠢᠬᠤᠯᠠ | ᠰᠠᠭᠤᠷᠢ ᠮᠥᠨ᠃ᠳ᠋ᠦᠩ ᠾᠧ ᠲᠣᠭᠤᠷᠢᠭ ᠤᠨ ᠬᠢᠨ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ | ᠬᠥᠮᠦᠵᠢᠯ ᠢ ᠨᠢᠭᠡ ᠴᠣᠭᠴᠠᠵᠢᠭᠤᠯᠤᠭᠰᠠᠨ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠬᠤᠳᠠ ᠬᠥᠳᠡᠭᠡ ᠶᠢᠨ | ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠵᠥᠷᠢᠶ᠎ᠡ ᠶᠢ ᠪᠠᠭᠠᠰᠬᠠᠵᠤ᠂ ᠰᠤᠷᠭᠠᠨ ᠬᠥᠮᠦᠵᠢᠯ ᠤᠨ ᠡᠷᠬᠡ ᠲᠡᠭᠰᠢ | ᠪᠠᠶᠢᠬᠤ ᠶᠢ ᠠᠬᠢᠭᠤᠯᠵᠤ᠂ ᠰᠤᠷᠤᠭᠴᠢᠳ ᠤᠨ ᠬᠦᠰᠡᠯ ᠡᠷᠡᠮᠡᠯᠵᠡᠯ᠂ ᠭᠡᠷ ᠤᠨ ᠠᠬᠠᠮᠠᠳ ᠬᠠᠨᠤᠮᠵᠢᠲᠠᠢ ᠪᠠᠶᠢᠬᠤ᠂ ᠨᠡᠶᠢᠭᠡᠮ | ᠨᠡᠶᠢᠲᠡ ᠪᠠᠷ ᠢᠶᠠᠨ ᠮᠡᠳᠡᠷᠡᠬᠦ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠣᠷᠴᠢᠨ ᠲᠣᠭᠤᠷᠢᠨ ᠢ ᠴᠢᠷᠮᠠᠶᠢᠨ ᠪᠤᠢ | ᠪᠣᠯᠭᠠᠪᠠ᠃ | | |