ᠳ᠋ᠦᠩ ᠾᠧ ᠲᠣᠭᠤᠷᠢᠭ᠄ ︽ᠲᠠᠪᠤ ᠶᠢ ᠠᠳᠬᠤᠵᠤ ᠲᠠᠪᠤ ᠶᠢ ᠠᠬᠢᠭᠤᠯᠬᠤ︾ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2022/9/8
     ᠡᠨᠡ ᠵᠢᠯ ᠠᠴᠠ ᠨᠠᠰᠢ᠂ ᠳ᠋ᠦᠩ ᠾᠧ ᠲᠣᠭᠤᠷᠢᠭ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡ ᠬᠦ ᠭᠤᠣᠯ ᠰᠢᠵᠢᠮ ᠢ ᠴᠢᠩᠭ᠎ᠠ ᠠᠳᠬᠤᠵᠤ᠂ ︽ᠲᠠᠪᠤ ᠶᠢ ᠠᠳᠬᠤᠵᠤ ᠲᠠᠪᠤ ᠶᠢ ᠠᠬᠢᠭᠤᠯᠬᠤ︾ ᠪᠠᠷ ᠳᠠᠮᠵᠢᠭᠤᠯᠤᠨ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ︽ᠬᠡᠯᠪᠡᠷᠢᠲᠡᠢ᠂ ᠲᠥᠷᠥᠭᠳᠡᠯ ᠲᠠᠢ᠂ ᠪᠦᠲᠦᠮᠵᠢᠲᠡᠶ︾ ᠪᠠᠶᠢᠬᠤ ᠱᠠᠭᠠᠷᠳᠠᠯᠭ᠎ᠠ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃      ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠠᠳᠬᠤᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ
     ᠳ᠋ᠦᠩ ᠾᠧ ᠲᠣᠭᠤᠷᠢᠭ ᠤᠨ ᠬᠢᠨ ᠨᠠᠮ ᠤᠨ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ︽ᠳ᠋ᠦᠩ ᠾᠧ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠵᠢᠯ ᠤᠨ ᠭᠤᠣᠯᠳᠠᠯᠭ᠎ᠠ︾ ᠶᠢ ᠲᠣᠭᠲᠠᠭᠠᠨ ᠲᠠᠷᠬᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤᠳᠬᠠᠬᠤ ᠶᠠᠪᠤᠳᠠᠯ ᠢ ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠴᠢᠬᠤᠯᠠ ᠠᠭᠤᠯᠭ᠎ᠠ ᠳᠤ ᠣᠷᠣᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠠᠪᠤᠳᠠᠯ ᠢ ᠣᠷᠣᠨ ᠤ ᠨᠠᠮ ᠤᠨ ᠬᠤᠷᠢᠶ᠎ᠠ ᠣᠷᠣᠨ ᠤ ᠵᠠᠰᠠᠭ ᠤᠨ ᠣᠷᠳᠣᠨ ᠤ ᠣᠨ ᠤ ᠴᠢᠬᠤᠯᠠ ᠠᠵᠢᠯ ᠳᠤ ᠣᠷᠣᠭᠤᠯᠵᠤ᠂ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠢ ᠰᠡᠳᠦᠪ ᠢᠶᠠᠷ ᠰᠤᠳᠤᠯᠵᠠᠢ᠃ᠤᠯᠠᠷᠢᠯ ᠪᠦᠷᠢ ᠳᠤ ᠪᠦᠬᠦ ᠣᠷᠣᠨ ᠤ ᠨᠠᠮ ᠤᠨ ᠪᠠᠶᠢᠭᠤᠯᠤᠯᠲᠠ ᠶᠢᠨ ᠵᠤᠷᠰᠢᠯᠲᠤ ᠬᠤᠷᠠᠯ ᠢ ᠬᠤᠷᠠᠯᠳᠤᠭᠤᠯᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠢ ᠲᠠᠬᠢᠨ ᠰᠤᠳᠤᠯᠵᠤ ᠲᠠᠬᠢᠨ ᠪᠠᠶᠢᠷᠢᠯᠠᠭᠤᠯᠪᠠ᠃ᠡᠭᠦᠨ ᠤ ᠬᠠᠮᠲᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ᠂ ᠡᠳᠦᠷ ᠲᠤᠲᠤᠮ ᠤᠨ ᠨᠠᠮ ᠤᠨ ᠪᠠᠶᠢᠭᠤᠯᠤᠯᠲᠠ ᠶᠢ ᠬᠢᠨᠠᠨ ᠵᠢᠯᠤᠭᠤᠳᠬᠤ᠂ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠶᠢ ᠬᠢᠨᠠᠨ ᠰᠢᠯᠭᠠᠬᠤ ᠰᠢᠰᠲ᠋ᠧᠮ ᠳᠤ ᠣᠷᠣᠭᠤᠯᠵᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠳᠠᠷᠤᠯᠲᠠ ᠶᠢ ᠳᠠᠮᠵᠢᠭᠤᠯᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠰᠠᠭᠤᠷᠢ ᠶᠢ ᠪᠠᠲᠤᠳᠬᠠᠬᠤ ᠬᠡᠷᠡᠭᠲᠡᠢ᠃      ᠤᠬᠠᠭᠤᠯᠭ᠎ᠠ ᠬᠥᠮᠦᠵᠢᠯ  ᠢ ᠠᠳᠬᠤᠵᠤ᠂ ᠣᠶᠢᠯᠠᠭᠠᠭᠳᠠᠬᠤᠨ ᠤ ᠮᠡᠳᠡᠷᠡᠮᠵᠢ  ᠶᠢ ᠠᠬᠢᠭᠤᠯᠬᠤ ᠬᠡᠷᠡᠭᠲᠡᠢ
     ᠨᠠᠮ ‍ᠤᠨ‌ᠦᠨᠳᠦᠰᠦᠲᠡᠨ  ᠤ ᠤᠨᠤᠯ᠂ ᠦᠨᠳᠦᠰᠦᠲᠡᠨ  ᠤ ᠲᠥᠷᠥ ᠶᠢᠨ ᠪᠣᠳᠣᠯᠭ᠎ᠠ ᠪᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠢ ᠰᠠᠶᠢᠲᠤᠷ ᠠᠳᠬᠤᠵᠤ᠂ ᠲᠥᠪᠯᠡᠷᠡᠭᠦᠯᠦᠨ ᠪᠣᠯᠪᠠᠰᠤᠷᠠᠭᠤᠯᠬᠤ᠂ ᠤᠨᠤᠯ ᠰᠤᠷᠤᠯᠴᠠᠬᠤ ᠭᠤᠣᠯ ᠳᠤᠭᠤᠶᠢᠯᠠᠩ᠂ ᠰᠦᠯᠵᠢᠶᠡᠨ ᠳᠡᠭᠡᠷ᠎ᠡ ᠰᠤᠷᠤᠯᠴᠠᠬᠤ ᠵᠡᠷᠭᠡ ᠠᠷᠭ᠎ᠠ ᠮ‍‌ᠢᠭ ᠢᠶᠠᠷ ᠳᠠᠮᠵᠢᠭᠤᠯᠤᠨ᠂ ᠥᠷᠭᠡᠨ ᠤᠯᠠᠨ ᠨᠠᠮ  ᠤᠨ ᠭᠡᠰᠢᠭᠦᠨ ᠺᠷ‍‌ᠢ ᠵᠣᠬᠢᠶᠠᠨ ᠪᠠᠶᠢᠭᠤᠯᠤᠨ ᠰᠢ ᠶᠢᠨ ᠫᠢᠩ  ᠤ ᠶᠡᠷᠦᠩᠬᠡᠢ ᠱᠦᠵᠢ ᠶᠢᠨ ᠦᠨᠳᠦᠰᠦᠲᠡᠨ  ᠤ ᠠᠵᠢᠯ᠟ ᠢ  ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠬᠡᠷᠡᠭᠲᠡᠢ᠃ᠳᠡᠭᠡᠷ᠎ᠡ ᠬᠠᠭᠠᠰ ᠵᠢᠯ ᠳᠤ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠪᠠᠷ ᠭᠤᠣᠯ ᠰᠡᠳᠦᠪ ᠪᠣᠯᠭᠠᠨ ᠬᠥᠮᠦᠵᠢᠯ ᠪᠣᠯᠪᠠᠰᠤᠷᠠᠯ ᠢ ᠨᠡᠶᠢᠳᠡ 50 ᠭᠠᠷᠤᠢ ᠤᠳᠠᠭ᠎ᠠ ᠥᠷᠨᠢᠭᠦᠯᠵᠦ᠂ 2400 ᠭᠠᠷᠤᠢ ᠬᠥᠮᠥᠨ ᠤᠳᠠᠭ᠎ᠠ ᠶᠢ ᠬᠠᠮᠤᠷᠴᠠᠢ᠃ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ᠂︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠳᠤ ᠲᠦᠰᠢᠭᠯᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠬᠦ᠂ ᠰᠡᠳᠬᠢᠯ ᠳᠤ ᠬᠠᠳᠠᠩᠰᠢᠭᠤᠯᠬᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠳᠤ ᠪᠣᠯᠲᠠᠯ᠎ᠠ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ︾  ᠢ 150 ᠤᠳᠠᠭ᠎ᠠ ᠲᠤᠰᠬᠠᠢ ᠰᠡᠳᠦᠪᠲᠦ ᠰᠤᠷᠤᠯᠴᠠᠯᠭ᠎ᠠ ᠪᠠ ᠰᠤᠳᠤᠯᠤᠨ ᠶᠠᠷᠢᠯᠴᠠᠬᠤ ᠶᠢ ᠥᠷᠨᠢᠭᠦᠯᠵᠡᠢ᠃︽ᠪᠤᠭᠤᠲᠤ ᠶᠢᠨ ᠨᠠᠮ ᠤᠨ ᠪᠠᠶᠢᠭᠤᠯᠤᠯᠲᠠ︾᠂︽ᠥᠨᠥᠳᠥᠷ ᠤᠨ ᠳ᠋ᠦᠩ ᠾᠧ ᠭᠤᠣᠯ︾᠂︽ᠶᠦᠨ ᠱᠠᠩ ᠳ᠋ᠦᠩ ᠾᠧ ᠭᠤᠣᠯ︾ᠵᠡᠷᠭᠡ ᠠᠯᠪᠠᠨ ᠤ ᠲᠠᠯ᠎ᠠ ᠶᠢᠨ ᠤᠬᠠᠭᠤᠯᠭ᠎ᠠ ᠶᠢᠨ ᠲᠠᠪᠴᠠᠩ ᠢᠶᠠᠷ ᠳᠠᠮᠵᠢᠭᠤᠯᠤᠨ ᠨᠠᠮ ᠤᠨ ᠪᠠᠶᠢᠭᠤᠯᠤᠯᠲᠠ ᠶᠢ ᠠᠳᠬᠤᠵᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠣᠨᠴᠠᠯᠢᠭᠲᠤ ᠬᠡᠷᠡᠭ ᠤᠨ ᠵᠢᠱᠢᠶ᠎ᠡ ᠶᠢ ᠤᠬᠠᠭᠤᠯᠤᠨ ᠮᠡᠳᠡᠭᠡᠯᠡᠪᠡ᠃ᠳ᠋ᠦᠩ ᠾᠧ ᠲᠣᠭᠤᠷᠢᠭ ᠤᠨ ᠬᠠᠭᠤᠴᠢᠨ ᠬᠤᠲᠠ ᠶᠢᠨ ᠲᠣᠭᠤᠷᠢᠭ ᠤᠨ ᠬᠤᠪᠢᠰᠬᠠᠯ ᠤᠨ ᠡᠬᠢ ᠪᠠᠶᠠᠯᠢᠭ ᠡᠯᠪᠡᠭ ᠳᠡᠯᠪᠡᠭ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠤᠭᠤᠲᠤ ᠵᠤᠤᠬ᠎ᠠ ᠶᠢᠨ ᠬᠤᠪᠢᠰᠬᠠᠯ ᠤᠨ ᠦᠵᠡᠰᠬᠦᠯᠡᠩ ᠤᠨ ᠣᠷᠳᠣᠨ᠂ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠬᠠᠭᠤᠴᠢᠨ ᠪᠠᠭᠤᠷᠢ᠂ ᠸᠠᠩ ᠷᠦᠸ᠋ᠸ ᠹᠧᠢ ᠶᠢᠨ ᠳᠤᠷᠠᠰᠬᠠᠯ ᠤᠨ ᠣᠷᠳᠣᠨ᠂ ᠲᠣᠭᠤᠷᠢᠭ ᠤᠨ ᠰᠣᠶᠣᠯ ᠤᠨ ᠣᠷᠳᠣᠨ ᠵᠡᠷᠭᠡ ᠬᠤᠪᠢᠰᠬᠠᠯ ᠤᠨ ᠬᠥᠮᠦᠵᠢᠯ ᠤᠨ ᠰᠠᠭᠤᠷᠢᠨ ᠪᠣᠯᠣᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠰᠠᠭᠤᠷᠢᠨ ᠭᠠᠵᠠᠷ ᠲᠤ ᠲᠦᠰᠢᠭᠯᠡᠨ᠂ ᠬᠤᠪᠢᠰᠬᠠᠯ ᠤᠨ ᠵᠤᠭᠠᠴᠠᠯ ᠤᠨ ᠱᠤᠭᠤᠮ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠬᠠᠨᠳᠤᠭᠤᠯᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠥᠷᠭᠡᠨ ᠳᠡᠯᠭᠡᠷᠡᠩᠭᠦᠢ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠲᠠᠰᠤᠷᠠᠯᠳᠠ ᠦᠭᠡᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠬᠥᠲᠥᠯᠥᠨ ᠵᠢᠯᠤᠭᠤᠳᠬᠤ ᠪᠠ ᠠᠬᠢᠭᠤᠯᠤᠨ᠎ᠠ᠃ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ︽ᠨᠠᠢᠮᠠ ᠶᠢ ᠠᠬᠢᠭᠤᠯᠬᠤ︾ ᠪᠠᠷ ᠭᠠᠷᠳᠠᠴᠠ ᠪᠣᠯᠭᠠᠵᠤ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠢ ᠪᠠᠳᠠᠷᠠᠭᠤᠯᠵᠤ᠂ ᠦᠨᠳᠦᠰᠦᠲᠡᠨ ᠤ ᠬᠠᠤᠯᠢᠵᠢᠯ ᠢ 68 ᠲᠠᠯᠠᠪᠠᠢ ᠤᠬᠠᠭᠤᠯᠤᠨ ᠲᠠᠶᠢᠯᠪᠤᠷᠢᠯᠠᠵᠤ᠂ ᠤᠯᠠᠭᠠᠨᠮᠥ᠋ᠴᠢᠷ ᠦᠨᠳᠦᠰᠦᠨ ᠱᠠᠲᠤᠨ ᠳᠤ ᠪᠠᠭᠤᠵᠤ ᠡᠯ᠎ᠡ ᠲᠦᠷᠦᠯ ᠤᠨ ᠤᠬᠠᠭᠤᠯᠭ᠎ᠠ ᠶᠢᠨ ᠠᠵᠢᠯᠯᠠᠭ᠎ᠠ ᠶᠢ 14 ᠲᠠᠯᠠᠪᠠᠢ ᠥᠷᠨᠢᠭᠦᠯᠵᠦ᠂︽ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ︾ᠦᠵᠡᠯ ᠰᠠᠨᠠᠭ᠎ᠠ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠳᠤ ᠭᠦᠨ ᠬᠠᠳᠠᠩᠰᠢᠭᠤᠯᠵᠠᠢ᠃      ᠦᠢᠯᠡᠴᠢᠯᠡᠭᠡ ᠪᠠᠷ ᠬᠥᠲᠥᠯᠥᠨ ᠳᠠᠭᠠᠭᠤᠯᠬᠤ ᠶᠢ ᠠᠳᠬᠤᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ
     ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ ᠤᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠶᠠᠨ ᠤ ᠱᠠᠲᠤᠨ ᠤ 28 ᠤᠳᠤᠷᠢᠳᠤᠯᠭ᠎ᠠ ᠨᠠᠮ ᠤᠨ ᠡᠭᠦᠷ ᠲᠠᠢ ᠬᠠᠷᠢᠯᠴᠠᠬᠤ ᠦᠨᠳᠦᠰᠦᠲᠡᠨ ᠤ ᠠᠵᠢᠯ ᠤᠨ ᠵᠢᠯᠣᠭᠤᠳᠤᠯᠭ᠎ᠠ ᠶᠢ ᠲᠦᠷᠦᠭᠦᠯᠡᠨ ᠰᠠᠶᠢᠲᠤᠷ ᠠᠳᠬᠤᠵᠤ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ᠂ ᠤᠬᠠᠭᠤᠯᠤᠨ ᠲᠠᠶᠢᠯᠪᠤᠷᠢᠯᠠᠯᠲᠠ᠂ ᠲᠠᠶᠢᠯᠤᠮᠵᠢ ᠪᠠ ᠡᠯ᠎ᠡ ᠲᠦᠷᠦᠯ ᠤᠨ ᠪᠠᠶᠢᠴᠠᠭᠠᠨ ᠰᠤᠳᠤᠯᠤᠯᠲᠠ ᠶᠢ 100 ᠭᠠᠷᠤᠢ ᠤᠳᠠᠭ᠎ᠠ ᠥᠷᠨᠢᠭᠦᠯᠵᠦ᠂ 50 ᠭᠠᠷᠤᠢ ᠠᠰᠠᠭᠤᠳᠠᠯ ᠢ ᠰᠢᠢᠳᠪᠦᠷᠢᠯᠡᠪᠡ᠃︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠶ ᠥᠷᠨᠢᠭᠦᠯᠵᠦ ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠨ︾ ︽ᠬᠤᠶᠠᠷ ᠲᠤ ᠦᠢᠯᠡᠴᠢᠯᠡᠵᠦ ᠬᠤᠶᠠᠷ ᠢ ᠲᠠᠨᠢᠵᠤ ᠠᠪᠬᠤ︾ ︽ᠨᠠᠮ ᠤᠨ ᠵᠣᠬᠢᠶᠠᠨ ᠪᠠᠶᠢᠭᠤᠯᠤᠯᠲᠠ ᠬᠤᠣᠰᠯᠠᠨ ᠪᠠᠶᠢᠭᠤᠯᠵᠤ ᠬᠠᠮᠲᠤ ᠪᠠᠷ ᠪᠠᠶᠢᠭᠤᠯᠬᠤ︾ ᠵᠡᠷᠭᠡ ᠲᠣᠭᠲᠠᠴᠠ ᠶᠢᠨ ᠲᠠᠪᠴᠠᠩ ᠳᠤ ᠲᠦᠰᠢᠭᠯᠡᠨ᠂ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ 70 ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠲᠠᠢ ᠬᠠᠮᠲᠤ ᠪᠠᠷ ᠪᠠᠶᠢᠭᠤᠯᠬᠤ ᠬᠤᠣᠰᠯᠠᠯ ᠪᠠᠶᠢᠭᠤᠯᠵᠤ᠂ 392 ᠰᠠᠯᠠᠭᠠᠨ ᠲᠠᠰ ᠤᠨ ᠺᠠᠳ᠋ᠷ ᠬᠦᠴᠢᠷᠳᠡᠯᠲᠡᠢ ᠣᠯᠠᠨ ᠲᠦᠮᠡᠨ ᠲᠠᠢ ᠬᠠᠪᠰᠤᠷᠤᠨ ᠲᠡᠳᠬᠦᠬᠦ ᠬᠤᠣᠰᠯᠠᠯ ᠪᠠᠶᠢᠭᠤᠯᠤᠨ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ 66 ᠤᠳᠠᠭ᠎ᠠ ᠤᠬᠠᠭᠤᠯᠤᠨ ᠲᠠᠶᠢᠯᠪᠤᠷᠢᠯᠠᠵᠤ᠂ ᠠᠰᠠᠭᠤᠳᠠᠯ ᠪᠠ ᠵᠥᠷᠢᠴᠡᠯ ᠢ 70 ᠰᠢᠢᠳᠪᠦᠷᠢᠯᠡᠵᠦ᠂ ᠰᠡᠳᠬᠢᠯ ᠵᠣᠪᠠᠭ᠋ᠤ ᠶᠠᠪᠤᠳᠠᠯ᠂ ᠰᠡᠳᠬᠢᠯ ᠵᠣᠪᠠᠭ᠋ᠤ ᠶᠠᠪᠤᠳᠠᠯ᠂ ᠪᠤᠬᠢᠨᠢᠳᠤᠬᠤ ᠶᠠᠪᠤᠳᠠᠯ 186 ᠬᠤᠪᠢ ᠰᠢᠢᠳᠪᠦᠷᠢᠯᠡᠵᠡᠢ᠃ᠪᠥᠬᠦ ᠣᠷᠣᠨ ᠤ ᠡᠯ᠎ᠡ ᠪᠠᠯᠭᠠᠰᠤ ᠵᠡᠭᠡᠯᠢ ᠭᠤᠳᠤᠮᠵᠢ ᠶᠢᠨ ᠬᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠴᠢᠳᠠᠮᠵᠢ ᠶᠢ ᠢᠳᠡᠪᠬᠢᠲᠡᠢ ᠪᠠᠷ ᠥᠷᠭᠡᠳᠬᠡᠨ᠂ ᠤᠯᠠᠭᠠᠨ ᠠᠨᠠᠷ ᠤᠨ ᠭᠡᠷ ᠣᠷᠣᠨ ᠤ ᠦᠢᠯᠡᠴᠢᠯᠡᠭᠡᠨ ᠤ ᠲᠥᠪ ᠢ ᠪᠠᠶᠢᠭᠤᠯᠵᠤ᠂ ᠨᠣᠮ ᠪᠢᠴᠢᠭ ᠤᠩᠰᠢᠬᠤ ᠲᠤᠰᠬᠠᠢ ᠲᠣᠭᠤᠷᠢᠭ᠂ ᠰᠣᠶᠣᠯ ᠲᠠᠮᠢᠷ ᠤᠨ ᠬᠥᠳᠡᠯᠭᠡᠭᠡᠨ ᠤ ᠲᠠᠰᠤᠭ ᠭᠠᠷᠭᠠᠬᠤ ᠶᠢᠨ ᠬᠠᠮᠲᠤ 14 ︽ᠤᠯᠠᠭᠠᠨ ᠠᠨᠠᠷ ᠤᠨ ᠭᠡᠷ ᠣᠷᠣᠨ︾ ᠤ ᠰᠣᠳᠣᠨ ᠵᠢᠱᠢᠶ᠎ᠡ ᠦᠵᠡᠭᠦᠯᠬᠦ ᠴᠢᠭ᠋ ᠢ ᠨᠠᠷᠢᠯᠢᠭ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠶᠢᠨ ᠤᠬᠠᠭᠤᠯᠤᠨ ᠲᠠᠶᠢᠯᠪᠤᠷᠢᠯᠠᠬᠤ᠂ ᠠᠮᠢᠳᠤᠷᠠᠯ ᠤᠨ ᠦᠢᠯᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ 12 ᠵᠦᠢᠯ ᠤᠨ ᠦᠢᠯᠡᠴᠢᠯᠡᠭᠡ ᠬᠠᠩᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠳᠤ ᠦᠨᠡᠨ ᠬᠦ ᠪᠣᠳᠠᠲᠠᠢ ᠶᠢ ᠭᠦᠢᠴᠡᠳᠬᠡᠨ᠎ᠡ᠃      ᠦᠨᠳᠦᠰᠦᠨ ᠱᠠᠲᠤᠨ ᠤ ᠵᠠᠰᠠᠯᠲᠠ ᠶᠢ ᠠᠳᠬᠤᠵᠤ᠂ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠠᠬᠢᠭᠤᠯᠤᠶ᠎ᠠ
     ᠦᠨᠳᠦᠰᠦᠲᠡᠨ ᠤ ᠪᠦᠯᠬᠦᠮᠳᠡᠯ ᠪᠣᠯᠣᠨ ᠦᠨᠳᠦᠰᠦᠨ ᠱᠠᠲᠤᠨ ᠤ ᠵᠠᠰᠠᠯᠲᠠ ᠶᠢᠨ ᠪᠦᠲᠦᠮᠵᠢᠲᠡᠶ ᠠᠭᠤᠰᠤᠯᠴᠠᠯ ᠢ ᠠᠬᠢᠭᠤᠯᠵᠤ᠂ 157N ᠨᠠᠮ ᠤᠨ ᠪᠠᠶᠢᠭᠤᠯᠤᠯᠲᠠ ᠶᠢᠨ ᠲᠣᠣᠷᠵᠢᠭᠤᠯᠤᠯᠲᠠ ᠶᠢ ᠳᠠᠶᠢᠴᠢᠯᠠᠬᠤ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ 607 ᠲᠣᠣᠷᠵᠢᠯ ᠢ ᠵᠢᠷᠤᠮᠵᠢᠭᠤᠯᠤᠨ ᠬᠤᠪᠢᠶᠠᠷᠢᠯᠠᠵᠤ᠂ 607 ᠨᠡᠷᠡᠰ ᠲᠤᠰᠬᠠᠢ ᠲᠤᠰᠢᠶᠠᠯᠲᠤ ᠲᠣᠣᠷᠵᠢᠯ ᠤᠨ ᠠᠵᠢᠯᠲᠠᠨ᠂ ᠢᠵᠢ ᠪᠦᠷᠢᠳᠦᠭᠦᠯᠬᠦ ᠡᠭᠦᠷᠭᠡ ᠴᠢᠳᠠᠪᠬᠢᠲᠤ ᠲᠣᠣᠷᠵᠢᠯ ᠤᠨ ᠠᠵᠢᠯᠲᠠᠨ ᠢ 494 ᠨᠡᠷᠡᠰ ᠲᠣᠬᠢᠷᠠᠭᠤᠯᠵᠤ᠂ ᠲᠣᠣᠷᠵᠢᠯ ᠤᠨ ᠨᠠᠮ ᠤᠨ ᠡᠭᠦᠷ ᠢ 296᠂ ᠠᠰᠠᠷ ᠤᠨ ᠳᠠᠪᠬᠤᠷ ᠤᠨ ᠨᠠᠮ ᠤᠨ ᠳᠤᠭᠤᠶᠢᠯᠠᠩ ᠢ 362 ᠪᠠᠶᠢᠭᠤᠯᠵᠤ᠂ ᠪᠠᠯᠭᠠᠰᠤ︵ᠵᠡᠭᠡᠯᠢ ᠭᠤᠳᠤᠮᠵᠢ︶︱ ᠲᠣᠰᠬᠤᠨ︵ᠨᠡᠶᠢᠭᠡᠮ ᠲᠣᠭᠤᠷᠢᠭ︶︱ ᠲᠣᠣᠷᠵᠢᠯ ᠤᠨ ᠳᠠᠷᠤᠭ᠎ᠠ ︱ ᠲᠣᠣᠷᠵᠢᠯ ᠤᠨ ᠳᠠᠷᠤᠭ᠎ᠠ ︱ ᠠᠰᠠᠷ ᠤᠨ ᠳᠠᠪᠬᠤᠷᠭ᠎ᠠ ᠶᠢᠨ ᠳᠠᠷᠤᠭ᠎ᠠ ᠶᠢᠨ ᠲᠠᠪᠤ ᠶᠢ ᠨᠢᠭᠡ ᠴᠣᠭᠴᠠᠵᠢᠭᠤᠯᠤᠭᠰᠠᠨ ᠭᠤᠯᠳᠤ ᠴᠢᠭᠯᠡᠯ ᠤᠨ ᠲᠣᠣᠷᠵᠢᠯ ᠤᠨ ᠦᠢᠯᠡᠴᠢᠯᠡᠭᠡᠨ ᠤ ᠬᠡᠯᠬᠢᠶ᠎ᠡ ᠶᠢ ᠪᠠᠶᠢᠭᠤᠯᠵᠤ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ ᠪᠠ ᠵᠥᠷᠢᠴᠡᠯ ᠢ ᠰᠢᠢᠳᠪᠦᠷᠢᠯᠡᠬᠦ ᠠᠵᠢᠯ ᠢ ᠪᠠᠶᠢᠩᠭᠤᠵᠢᠭᠤᠯᠤᠨ ᠥᠷᠨᠢᠭᠦᠯᠪᠡ᠃ᠲᠣᠰᠬᠤᠨ ︵ᠨᠡᠶᠢᠭᠡᠮ ᠲᠣᠭᠤᠷᠢᠭ︶ ᠳᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠭᠡᠷ ᠪᠦᠯᠢ︾ ᠶᠢ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠨᠡᠶᠢᠲᠡᠯᠢᠭ ᠦᠶᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠣᠶᠤᠨ ᠰᠠᠨᠠᠭ᠎ᠠ ᠶᠢ ᠬᠠᠷᠢᠯᠴᠠᠨ ᠲᠦᠰᠢᠭᠯᠡᠬᠦ ᠶᠢ ᠠᠬᠢᠭᠤᠯᠤᠨ᠎ᠠ᠃ᠵᠢᠵᠢᠭ ᠲᠣᠭᠤᠷᠢᠭ᠂ ᠠᠰᠠᠷ ᠲᠠᠭᠲᠤ ᠶᠢᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ︽ᠪᠢᠴᠢᠯ ᠠᠵᠢᠯᠯᠠᠭ᠎ᠠ︾ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠲᠠᠪᠴᠠᠩ ᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠦᠴᠦᠨ ᠢ ᠤᠯᠠᠮ ᠴᠢᠨᠠᠭᠰᠢᠳᠠ ᠨᠢᠭᠲᠠᠷᠠᠭᠤᠯᠤᠨ᠎ᠠ᠃ᠦᠨᠳᠦᠰᠦᠲᠡᠨ ᠨᠦᠭᠦᠳ ᠤᠨ ᠤᠯᠠᠨ ᠲᠦᠮᠡᠨ ᠤ ︽ᠥᠴᠥᠬᠡᠨ ᠬᠦᠰᠡᠯ︾ ᠢ ᠴᠤᠭᠯᠠᠭᠤᠯᠵᠤ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ ᠲᠡᠳᠡᠨ ᠤ ︽ᠬᠦᠰᠡᠯ ᠢ ᠲᠡᠷᠭᠡᠯᠰᠢᠭᠦᠯᠦᠨ᠎ᠡ︾᠃ᠦᠨᠳᠦᠰᠦᠲᠡᠨ ᠤ ᠠᠵᠢᠯ ᠤᠨ ︽ᠲᠦᠷᠪᠡᠨ ᠭᠡᠰᠢᠭᠦᠨ︾ ᠤ ᠬᠠᠤᠯᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠬᠦᠴᠢᠷ ᠵᠣᠪᠠᠭᠤᠷᠢ ᠶᠢ ᠢᠳᠡᠪᠬᠢᠲᠡᠢ ᠪᠠᠷ ᠰᠢᠢᠳᠪᠦᠷᠢᠯᠡᠨ ᠥᠭᠴᠦ᠂ ᠪᠣᠳᠠᠲᠤ ᠶᠠᠪᠤᠳᠠᠯ ᠰᠠᠶᠢᠨ ᠶᠠᠪᠤᠳᠠᠯ ᠢ ᠴᠢᠷᠮᠠᠶᠢᠨ ᠪᠦᠲᠦᠭᠡᠨ᠎ᠡ᠃ᠠᠷᠠᠳ ᠤᠨ ᠪᠠᠶᠢᠳᠠᠯ ᠢ ᠵᠥᠪᠯᠡᠬᠦ ᠲᠢᠩᠬᠢᠮ ᠵᠡᠷᠭᠡ ᠣᠨᠴᠠᠯᠢᠭᠲᠤ ᠨᠠᠮ ᠤᠨ ᠪᠠᠶᠢᠭᠤᠯᠤᠯᠲᠠ ᠶᠢᠨ ᠨᠡᠷᠡᠳᠤ ᠲᠡᠮᠳᠡᠭ ᠢ ᠨᠠᠷᠢᠨ ᠨᠢᠮᠪᠠᠢ ᠪᠤᠢ ᠪᠣᠯᠭᠠᠵᠤ᠂ ᠠᠷᠠᠳᠴᠢᠯᠠᠯ ᠢᠶᠠᠷ ᠵᠥᠪᠯᠡᠬᠦ ᠶᠢ 354 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠮᠲᠤ ᠪᠠᠷ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠤᠢ ᠪᠣᠯᠭᠠᠬᠤ ᠶᠢ ᠲᠦᠯᠬᠢᠨ ᠠᠬᠢᠭᠤᠯᠪᠠ᠃      ᠵᠣᠬᠢᠶᠠᠨ ᠪᠠᠶᠢᠭᠤᠯᠵᠤ ᠬᠥᠲᠥᠯᠥᠨ ᠳᠠᠭᠠᠭᠤᠯᠬᠤ ᠶᠢ ᠠᠳᠬᠤᠵᠤ ᠪᠠᠬᠢᠯᠡᠯᠲᠡ ᠶᠢ ᠪᠠᠬᠢᠵᠢᠭᠦᠯᠬᠦ ᠶᠢ ᠠᠬᠢᠭᠤᠯᠬᠤ ᠬᠡᠷᠡᠭᠲᠡᠢ
     ᠦᠨᠳᠦᠰᠦᠨ ᠱᠠᠲᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠬᠦᠴᠦᠯᠡᠨ ᠴᠢᠩᠭᠠᠳᠬᠠᠵᠤ᠂ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠲᠠᠶᠢᠴᠢᠨ ᠪᠠᠬᠢᠯᠡᠯᠲᠡ ᠪᠣᠯᠬᠤ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠤᠨ᠎ᠠ᠃︽ᠬᠠᠮᠤᠭ ᠤᠨ ᠬᠦᠴᠦᠷᠬᠡᠭ ᠨᠠᠮ ᠤᠨ ᠡᠭᠦᠷ︾ ᠢ ᠡᠭᠦᠳᠦᠨ ᠪᠠᠶᠢᠭᠤᠯᠬᠤ ᠪᠠ ᠨᠠᠮ ᠤᠨ ᠡᠭᠦᠷ ᠢ ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠦᠨᠳᠦᠰᠦᠲᠡᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠲᠤ ᠪᠠᠬᠢ ᠪᠤᠢ ᠪᠣᠯᠭᠠᠬᠤ ᠪᠠᠷ ᠴᠢᠬᠤᠯᠠ ᠪᠠᠷᠢᠮᠵᠢᠶ᠎ᠠ ᠪᠣᠯᠭᠠᠵᠤ᠂ 39 ᠬᠤᠳᠠ ᠶᠢᠨ ᠲᠡᠰ ᠤᠨ ︽ᠬᠠᠮᠤᠭ ᠤᠨ ᠬᠦᠴᠦᠷᠬᠡᠭ ᠨᠠᠮ ᠤᠨ ᠡᠭᠦᠷ︾᠂ 2 ᠬᠤᠳᠠ ᠶᠢᠨ ᠲᠡᠰ ᠤᠨ ᠵᠢᠱᠢᠶ᠎ᠡ ᠦᠵᠡᠭᠦᠯᠬᠦ ᠴᠡᠭ ᠢ ᠪᠣᠶᠢᠵᠢᠭᠤᠯᠵᠤ᠂ ᠴᠡᠭ ᠢᠶᠠᠷ ᠨᠡᠶᠢᠳᠡᠮ ᠢ ᠲᠠᠶᠢᠴᠢᠯᠠᠨ ᠨᠠᠮ ᠤᠨ ᠡᠭᠦᠷ ᠤᠨ ᠪᠠᠶᠢᠭᠤᠯᠤᠯᠲᠠ ᠬᠢᠭᠡᠳ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠤᠣᠰ ᠠᠬᠢᠭᠤᠯᠤᠯᠲᠠ᠂ ᠬᠤᠣᠰ ᠳᠡᠭᠡᠭᠰᠢᠯᠡᠯᠲᠡ ᠶᠢ ᠲᠦᠯᠬᠢᠨ ᠠᠬᠢᠭᠤᠯᠤᠨ᠎ᠠ᠃ᠲᠤᠷᠤᠢ ᠪᠠᠭᠤᠷᠠᠢ ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠲᠤᠰᠬᠠᠢ ᠴᠡᠭᠴᠡᠯᠡᠯᠲᠡ ᠶᠢᠨ ᠠᠵᠢᠯ ᠤᠨ ᠲᠥᠰᠥᠯ ᠢ ᠪᠠᠶᠢᠭᠤᠯᠤᠨ᠂ ︽ᠲᠦᠷᠪᠡᠨ ᠨᠢᠭᠡ︾ ᠶᠢᠨ ᠲᠣᠭᠲᠠᠴᠠ ᠶᠢ ᠲᠣᠳᠣᠷᠬᠠᠶᠢᠯᠠᠵᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠬᠠᠮᠲᠤ ᠪᠠᠷ ᠴᠡᠴᠡᠭᠯᠡᠨ ᠬᠥᠭᠵᠢᠬᠦ ᠶᠢ ᠬᠠᠮᠠᠭᠠᠯᠠᠬᠤ ᠪᠠᠲᠤ ᠴᠢᠩᠭ᠎ᠠ ᠲᠠᠶᠢᠴᠢᠨ ᠪᠠᠬᠢᠯᠡᠯᠲᠡ ᠶᠢᠨ ᠦᠢᠯᠡᠳᠦᠯ ᠢ ᠤᠯᠠᠮ ᠨᠢᠭᠡ ᠠᠯᠬᠤᠮ ᠢᠯᠡᠷᠡᠭᠦᠯᠬᠦ ᠶᠢ ᠦᠨᠡᠨ ᠬᠦ ᠪᠠᠲᠤᠯᠠᠨ᠎ᠠ᠃ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠵᠦ ᠰᠢᠯᠢᠨ ᠰᠣᠩᠭᠤᠬᠤ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠵᠤ᠂ ᠤᠯᠤᠰ ᠲᠦᠷᠦ ᠶᠢᠨ ᠵᠣᠭᠰᠣᠯᠲᠠ ᠪᠠᠲᠤ᠂ ᠠᠵᠢᠯ ᠤᠨ ᠴᠢᠳᠠᠪᠤᠷᠢ ᠴᠢᠩᠭ᠎ᠠ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠰᠢᠯᠢᠨ ᠰᠣᠩᠭᠤᠵᠤ ︽ᠬᠤᠶᠠᠷ ᠵᠥᠪᠯᠡᠯ︾  ᠤᠨ ᠪᠠᠭ ᠲᠤ ᠣᠷᠣᠭᠤᠯᠬᠤ ᠶᠢ ᠴᠢᠬᠤᠯᠠᠴᠢᠯᠠᠵᠤ᠂ 2021 ᠣᠨ ᠤ ︽ᠬᠤᠶᠠᠷ ᠵᠥᠪᠯᠡᠯ︾  ᠤᠨ ᠬᠤᠭᠤᠴᠠᠭ᠎ᠠ ᠰᠣᠯᠢᠬᠤ ᠰᠣᠩᠭᠤᠭᠤᠯᠢ ᠳᠤ᠂ 66 ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠣᠰᠬᠤᠨ︵ᠨᠡᠶᠢᠭᠡᠮ ᠲᠣᠭᠤᠷᠢᠭ︶ ᠳᠤ ᠣᠷᠣᠵᠤ ᠬᠤᠶᠠᠷ ᠵᠥᠪᠯᠡᠯ ᠤᠨ ᠭᠡᠰᠢᠭᠦᠨ ᠤ ᠲᠤᠰᠢᠶᠠᠯ ᠢ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠠᠢ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1