ᠰᠢ ᠶᠢᠨ ᠫᠢᠩ ᠶᠡᠷᠦᠩᠬᠡᠢ ᠱᠦᠵᠢ ᠵᠢᠭᠠᠵᠤ ᠭᠠᠷᠭᠠᠭᠰᠠᠨ ᠨᠢ᠂ ᠠᠷᠠᠳ ᠲᠦᠮᠡᠨ ᠤ ᠡᠷᠡᠭᠦᠯ ᠮᠡᠨᠳᠦ ᠪᠣᠯ | ᠦᠨᠳᠦᠰᠦᠲᠡᠨ ᠤ ᠬᠥᠭᠵᠢᠯ ᠪᠠᠳᠠᠷᠠᠯ ᠪᠠ ᠤᠯᠤᠰ ᠣᠷᠣᠨ ᠤ ᠪᠠᠶᠠᠵᠢᠯ ᠬᠦᠴᠦᠷᠬᠡᠭᠵᠢᠯ ᠤᠨ ᠴᠢᠬᠤᠯᠠ ᠪᠡᠯᠭᠡ ᠲᠡᠮᠳᠡᠭ | ᠮᠥᠨ᠂ ᠪᠠᠰᠠ ᠴᠤ ᠥᠷᠭᠡᠨ ᠣᠯᠠᠨ ᠠᠷᠠᠳ ᠲᠦᠮᠡᠨ ᠤ ᠬᠠᠮᠲᠤ ᠶᠢᠨ ᠬᠥᠭᠡᠭᠡᠴᠡᠯᠳᠦᠯ ᠮᠥᠨ᠃ᠣᠶᠢᠷ᠎ᠠ ᠶᠢᠨ | ᠵᠢᠯ ᠠᠴᠠ᠂ ᠳ᠋ᠦᠩ ᠡᡁᠸ ᠲᠣᠭᠤᠷᠢᠭ ᠤᠨ ᠬᠢᠨ ᠡᠷᠡᠭᠦᠯ ᠡᠩᠬᠡ ᠳ᠋ᠦᠩ ᠡᡁᠸ ᠭᠤᠣᠯ ᠤᠨ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ︾ᠣᠶᠢᠯᠠᠭᠠᠭᠳᠠᠬᠤᠨ ᠢ ᠢᠮᠠᠭᠲᠠ ᠡᠮ ᠡᠮᠨᠡᠯᠭᠡ ᠶᠢᠨ ᠪᠠᠲᠤᠯᠠᠪᠤᠷᠢ ᠶᠢᠨ ᠠᠵᠢᠯ ᠳᠤ ᠲᠤᠤᠱᠯᠠᠭᠤᠯᠵᠤ᠂ ᠪᠦᠬᠦ | ᠠᠷᠠᠳ ᠢ ᠬᠠᠮᠤᠷᠤᠭᠰᠠᠨ᠂ ᠬᠠᠤᠯᠢ ᠶᠣᠰᠣᠭᠠᠷ ᠣᠷᠣᠯᠴᠠᠭᠰᠠᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠳᠦᠷᠢᠮ ᠪᠣᠯᠣᠨ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡ ᠳᠤ︽ᠬᠠᠶᠢᠷ᠎ᠠ ᠬᠠᠯᠠᠮᠵᠢ︾ ᠶᠢ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠳᠤ ᠣᠷᠣᠭᠤᠯᠵᠤ᠂ | ᠠᠷᠠᠳ ᠤᠯᠠᠨ ᠢ ᠡᠷᠡᠭᠦᠯ ᠡᠩᠬᠡ ᠶᠢᠨ ᠵᠠᠮ ᠳᠤ ᠯᠠᠪᠳᠠᠭᠤᠨ ᠲᠣᠭᠲᠠᠭᠤᠨ︽ᠡᠮᠴᠢᠯᠡᠭᠡᠨ ᠤ ᠲᠦᠰᠢᠭ︾ ᠲᠠᠢ ᠪᠣᠯᠭᠠᠪᠠ᠃ | ᠣᠲᠣ ᠪᠣᠯᠲᠠᠯ᠎ᠠ᠂ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ 165537 ᠬᠥᠮᠥᠨ ᠣᠷᠣᠯᠴᠠᠵᠤ᠂ ᠣᠳᠣᠬᠠᠨ ᠳᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠬᠠᠮᠤᠷᠬᠤ ᠬᠡᠪᠴᠢᠶ᠎ᠡ 95% ᠳᠤ ᠬᠦᠷᠴᠦ᠂ ᠣᠨᠴᠠᠭᠠᠶ ᠬᠠᠮᠲᠤᠯᠢᠭ ᠤᠨ ᠳᠠᠭᠠᠳᠬᠠᠯ ᠳᠤ | ᠣᠷᠣᠯᠴᠠᠭᠰᠠᠨ ᠨᠣᠷᠮ᠎ᠠ 100% ᠳᠤ ᠬᠦᠷᠴᠡᠢ᠃ | ᠡᠮ ᠡᠮᠨᠡᠯᠭᠡ ᠶᠢᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ | ︽ᠣᠳᠣᠬᠠᠨ ᠳᠤ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠳᠤ ᠦᠨᠡᠬᠡᠷ ᠳᠥᠭᠦᠮ ᠪᠣᠯᠵᠠᠢ᠃ | ᠭᠡᠷ ᠤᠨ ᠡᠭᠦᠳᠡᠨ ᠳᠤ ︿ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ﹀ | ᠪᠠᠶᠢᠬᠤ ᠪᠣᠯᠬᠤᠷ ᠡᠮ ᠡᠮᠨᠡᠯᠭᠡ ᠶᠢᠨ ᠵᠠᠷᠤᠳᠠᠯ ᠤᠨ ᠳᠠᠩᠰᠠ ᠲᠠᠶᠢᠯᠬᠤ ᠬᠤᠯᠪᠣᠭᠳᠠᠯ ᠪᠦᠬᠦᠢ ᠮᠠᠲ᠋ᠧᠷᠢᠶᠠᠯ ᠢ | ᠪᠦᠷᠢᠨ ᠠᠪᠴᠤ ᠶᠠᠪᠤᠪᠠᠯ ᠪᠣᠯᠴᠢᠬᠠᠨ᠎ᠠ᠂ ᠪᠠᠯᠭᠠᠰᠤᠨ ᠠᠴᠠ ᠭᠠᠷᠬᠤ ᠦᠭᠡᠢ ᠪᠠᠷ ᠳᠠᠩᠰᠠ ᠲᠠᠶᠢᠯᠬᠤ ᠶᠢ | ᠪᠡᠶᠡᠯᠡᠭᠦᠯᠵᠦ ᠪᠣᠯᠣᠨ᠎ᠠ᠂ ᠡᠨᠡ ᠲᠠᠯ᠎ᠠ ᠪᠠᠷ ᠣᠯᠠᠨ ᠵᠠᠮ ᠳᠤᠲᠠᠭᠤ ᠶᠠᠪᠤᠭᠰᠠᠨ ᠪᠠᠶᠢᠨ᠎ᠠ︾᠃ ᠾᠧ ᠳ᠋ᠦᠩ | ᠪᠠᠯᠭᠠᠰᠤᠨ ᠤ ᠮᠠᠤ ᠹᠧᠩ ᠵᠠᠩ ᠲᠣᠰᠬᠤᠨ ᠳᠤ ᠰᠠᠭᠤᠵᠤ ᠪᠠᠶᠢᠭ᠎ᠠ ᠵᠠᠩ ᠠᠪᠤ ᠪᠠᠶᠠᠷᠲᠠᠢ ᠪᠠᠷ ᠬᠡᠯᠡᠪᠡ᠃ | | | | | ᠾᠧ ᠳ᠋ᠦᠩ ᠪᠠᠯᠭᠠᠰᠤᠨ ᠤ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠬᠦᠷᠬᠦ ᠳᠤ᠂ | ᠰᠤᠷᠪᠤᠯᠵᠢᠯᠠᠭᠴᠢ ᠦᠢᠯᠡᠴᠢᠯᠡᠭᠡᠨ ᠤ ᠶᠡᠭᠡ ᠲᠢᠩᠬᠢᠮ ᠳᠤ ᠬᠦᠯᠢᠶᠡᠬᠦ ᠲᠣᠭᠤᠷᠢᠭ᠂ ᠥᠪᠡᠷᠲᠡᠭᠡᠨ ᠦᠢᠯᠡᠴᠢᠯᠡᠬᠦ | ᠲᠣᠭᠤᠷᠢᠭ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠪᠤᠯᠤᠩ ᠵᠡᠷᠭᠡ ᠠᠳᠠᠯᠢ ᠪᠤᠰᠤ ᠦᠢᠯᠡᠴᠢᠯᠡᠭᠡᠨ ᠤ | ᠲᠣᠭᠤᠷᠢᠭ ᠢ ᠲᠣᠬᠢᠷᠠᠭᠤᠯᠵᠤ᠂ ᠪᠠᠰᠠ ᠬᠦᠷᠳᠦᠲᠦ ᠰᠠᠨᠳᠠᠯᠢ᠂ ᠬᠠᠭᠤᠴᠢᠨ ᠰᠢᠯ᠂ ᠴᠢᠰᠤᠨ ᠳᠠᠷᠤᠯᠲᠠ ᠶᠢᠨ ᠬᠡᠮᠵᠢᠭᠦᠷ᠂ | ᠲᠦᠷᠭᠡᠨ ᠠᠪᠤᠷᠠᠯᠳᠠ ᠶᠢᠨ ᠬᠠᠶᠢᠷᠴᠠᠭ᠂ ᠴᠠᠬᠢᠯᠭᠠᠨ ᠴᠡᠨᠡᠭᠯᠡᠭᠦᠷ᠂ ᠬᠠᠶᠢᠷ᠎ᠠ ᠬᠠᠯᠠᠮᠵᠢ ᠶᠢᠨ ᠰᠢᠬᠦᠷ ᠵᠡᠷᠭᠡ ᠪᠠᠴᠢᠮ | ᠪᠠᠶᠢᠳᠠᠯ ᠢ ᠠᠷᠭᠠᠴᠠᠬᠤ ᠬᠡᠷᠡᠭᠰᠡᠯ ᠢ ᠪᠡᠯᠡᠳᠬᠡᠵᠦ᠂ ᠤᠯᠠᠨ ᠲᠦᠮᠡᠨ ᠤ ᠭᠡᠨᠡᠳᠲᠡ ᠶᠢᠨ ᠬᠡᠷᠡᠭᠴᠡᠭᠡ ᠶᠢ ᠬᠠᠩᠭᠠᠵᠤ᠂ | ᠠᠵᠢᠯᠲᠠᠳ ᠶᠠᠭ ᠬᠠᠯᠠᠭᠤᠮᠰᠤᠭ ᠢᠶᠠᠷ ᠤᠯᠠᠨ ᠲᠦᠮᠡᠨ ᠢ ᠬᠠᠪᠰᠤᠷᠤᠨ ᠠᠰᠠᠭᠤᠳᠠᠯ ᠢ ᠰᠢᠢᠳᠪᠦᠷᠢᠯᠡᠵᠦ ᠪᠠᠶᠢᠬᠤ ᠶᠢ | ᠣᠯᠵᠤ ᠬᠠᠷᠠᠵᠠᠢ᠃ | ᠦᠨᠳᠦᠰᠦᠨ ᠱᠠᠲᠤᠨ ᠤ ᠦᠢᠯᠡᠴᠢᠯᠡᠭᠡᠨ ᠤ ᠴᠢᠳᠠᠪᠤᠷᠢ ᠶᠢ ᠨᠡᠩ ᠰᠠᠶᠢᠨ ᠳᠡᠭᠡᠭᠰᠢᠯᠡᠭᠦᠯᠬᠦ ᠶᠢᠨ ᠲᠥᠯᠥᠭᠡ᠂ | ᠳ᠋ᠦᠩ ᠾᠧ ᠲᠣᠭᠤᠷᠢᠭ ᠤᠨ ︽ᠪᠦᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠵᠢᠱᠢᠶ᠎ᠡ | ᠦᠵᠡᠭᠦᠯᠬᠦ ᠴᠡᠭ︾ ᠢ ᠡᠭᠦᠳᠦᠨ ᠪᠠᠶᠢᠭᠤᠯᠬᠤ ᠪᠠᠷᠢᠮᠵᠢᠶ᠎ᠠ ᠶᠢ ᠪᠠᠷᠢᠮᠵᠢᠶ᠎ᠠ ᠲᠠᠢ ᠬᠠᠷᠭᠤᠭᠤᠯᠵᠤ᠂ ᠾᠧ ᠳ᠋ᠦᠩ | ᠪᠠᠯᠭᠠᠰᠤ ᠪᠠᠷ ᠵᠢᠱᠢᠶ᠎ᠡ ᠦᠵᠡᠭᠦᠯᠬᠦ ᠴᠡᠭ ᠪᠣᠯᠭᠠᠵᠤ᠂ ᠪᠥᠬᠦ ᠣᠷᠣᠨ ᠤ ᠡᠯ᠎ᠡ ᠪᠠᠯᠭᠠᠰᠤ᠂ ᠵᠡᠭᠡᠯᠢ ᠭᠤᠳᠤᠮᠵᠢ ᠳᠤ ︽ | ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠴᠢᠭ᠋︾ ᠢ ᠪᠣᠶ ᠪᠣᠯᠭᠠᠵᠤ᠂ ︽ᠲᠠᠪᠤ ᠲᠡᠭ︾ ᠤᠨ | ᠠᠵᠢᠯ ᠤᠨ ᠠᠷᠭ᠎ᠠ ᠶᠢ ᠰᠢᠨ᠎ᠡ ᠪᠠᠷ ᠬᠡᠷᠡᠭᠵᠢᠭᠦᠯᠦᠨ᠂ ᠡᠮᠴᠢᠯᠡᠭᠡᠨ ᠤ ᠳᠠᠭᠠᠳᠬᠠᠯ ᠤᠨ ᠴᠣᠩᠬᠤ ᠶᠢ ᠨᠡᠭᠡᠭᠡᠵᠦ᠂ | ᠥᠪᠡᠰᠦᠪᠡᠨ ᠦᠢᠯᠡᠴᠢᠯᠡᠬᠦ ᠨᠢᠭᠡ ᠴᠣᠭᠴᠠᠲᠤ ᠮᠠᠰᠢᠨ ᠢ ᠬᠤᠳᠠᠯᠳᠤᠨ ᠠᠪᠴᠤ᠂ ᠠᠵᠢᠯ ᠶᠠᠪᠤᠳᠠᠯ ᠭᠦᠢᠴᠡᠳᠬᠡᠬᠦ | ᠣᠯᠠᠨ ᠲᠦᠮᠡᠨ ᠳᠤ ︽ᠰᠦᠯᠵᠢᠶᠡᠨ ᠳᠡᠭᠡᠷ᠎ᠡ ᠭᠦᠢᠴᠡᠳᠬᠡᠬᠦ︾ ᠥᠪᠡᠰᠦᠪᠡᠨ ᠦᠢᠯᠡᠴᠢᠯᠡᠬᠦ ᠦᠢᠯᠡᠴᠢᠯᠡᠭᠡ ᠬᠠᠩᠭᠠᠵᠤ | ᠂ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠳᠠᠩᠰᠠᠯᠠᠯᠲᠠ᠂ ᠡᠮᠨᠡᠭᠦᠯᠦᠭᠰᠡᠨ ᠲᠡᠮᠳᠡᠭᠯᠡᠯ ᠵᠡᠷᠭᠡ | ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤ ᠲᠥᠬᠦᠮ ᠦᠵᠡᠭᠦᠯᠵᠦ᠂ ᠡᠮᠴᠢᠯᠡᠭᠡᠨ ᠤ ᠳᠠᠭᠠᠳᠬᠠᠯ ᠤᠨ | ᠲᠤᠬᠠᠶᠢᠯᠠᠭᠰᠠᠨ ᠠᠵᠢᠯ ᠢ ︽ᠣᠶᠢᠷ᠎ᠠ ᠬᠠᠪᠢ ᠳᠤᠨᠢ ᠭᠦᠢᠴᠡᠳᠬᠡᠬᠦ︾ ︽ᠡᠭᠦᠳᠡᠨ ᠳᠡᠭᠡᠷ᠎ᠡ ᠭᠦᠢᠴᠡᠳᠬᠡᠬᠦ︾ ᠶᠢ | ᠦᠨᠡᠨᠬᠦ ᠪᠡᠶᠡᠯᠡᠭᠦᠯᠵᠦ᠂ ᠦᠢᠯᠡᠴᠢᠯᠡᠭᠡ ᠶᠢ ᠣᠯᠠᠨ ᠲᠦᠮᠡᠨ ᠤ ᠡᠭᠦᠳᠡᠨ ᠳᠤ ᠬᠦᠷᠭᠡᠨ᠎ᠡ᠃ | | | | | ᠣᠲᠣ ᠪᠣᠯᠲᠠᠯ᠎ᠠ᠂ ᠮᠠᠨ ᠤ ᠣᠷᠣᠨ ᠤ 2 ᠪᠠᠯᠭᠠᠰᠤ᠂ 12 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠮ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠣᠩᠬᠤ ᠶᠢ ᠨᠢᠭᠡᠨᠲᠡ ᠪᠥᠬᠦ ᠲᠠᠯ᠎ᠠ ᠪᠠᠷ ᠡᠬᠢᠯᠡᠭᠦᠯᠵᠦ᠂ ᠳᠣᠷᠣᠭᠰᠢ | ᠪᠠᠭᠤᠯᠭᠠᠭᠰᠠᠨ ᠪᠣᠶ ᠪᠦᠬᠦᠢ ᠡᠮ ᠡᠮᠨᠡᠯᠭᠡ ᠶᠢᠨ ᠳᠠᠭᠠᠳᠬᠠᠯ ᠤᠨ ᠥᠨᠳᠥᠷ ᠳᠠᠪᠲᠠᠮᠵᠢᠲᠤ ᠦᠢᠯᠡᠴᠢᠯᠡᠭᠡᠨ ᠤ | ᠵᠦᠢᠯᠡᠰ ᠢ ᠴᠥᠮ ᠭᠦᠢᠴᠡᠳᠬᠡᠬᠦ ᠶᠢᠨ ᠬᠠᠮᠲᠤ ᠭᠦᠢᠴᠡᠳᠬᠡᠨ ᠳᠠᠭᠤᠰᠬᠠᠵᠤ᠂ ᠳᠠᠭᠠᠳᠬᠠᠯ ᠳᠤ ᠣᠷᠣᠯᠴᠠᠭᠰᠠᠳ ᠤᠨ | ︽ᠭᠦᠶᠦᠬᠦ︾ ᠳᠠᠷᠤᠭᠠᠰᠤ ᠶᠢ ᠦᠨᠡᠨ ᠬᠦ ᠬᠥᠩᠭᠡᠷᠡᠭᠦᠯᠪᠡ᠃ | ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠶᠢ ᠪᠦᠬᠦ ᠲᠠᠯ᠎ᠠ ᠪᠠᠷ ᠠᠬᠢᠭᠤᠯᠬᠤ | ︽ᠦᠨᠡᠬᠡᠷ ᠳᠥᠭᠦᠮ ᠮᠥᠷᠲᠡᠭᠡᠨ ᠰᠠᠨᠠᠭ᠎ᠠ ᠠᠮᠤᠷ ᠪᠠᠶᠢᠨ᠎ᠠ ᠳ᠋ᠠ᠂ ᠨᠢᠭᠡ ᠣᠪᠣᠭ᠎ᠠ ᠫᠢᠶᠣᠣ ᠪᠠᠷᠢᠮᠲᠠ ᠶᠢ | ᠠᠪᠤᠭᠠᠳ ᠭᠠᠵᠠᠷ ᠪᠣᠯᠭᠠᠨ ᠳᠤ ᠭᠦᠶᠦᠬᠦ ᠬᠡᠷᠡᠭ ᠦᠭᠡᠢ᠂ ᠪᠠᠰᠠ ᠴᠢᠯᠦᠭᠡ ᠭᠤᠶᠤᠵᠤ ᠨᠤᠲᠤᠭ ᠲᠠᠭᠠᠨ ᠬᠠᠷᠢᠵᠤ | ᠭᠦᠢᠴᠡᠳᠬᠡᠬᠦ ᠬᠡᠷᠡᠭ ᠦᠭᠡᠢ︾᠃ ᠣᠨᠳᠣᠣ ᠭᠠᠵᠠᠷ ᠲᠤ ᠡᠮ ᠡᠮᠨᠡᠯᠭᠡ ᠶᠢᠨ ᠳᠠᠭᠠᠳᠬᠠᠯ ᠢ ᠭᠦᠢᠴᠡᠳᠬᠡᠬᠦ ᠠᠴᠠ | ᠪᠣᠯᠤᠭᠰᠠᠨ ᠳᠥᠭᠦᠮ ᠨᠥᠬᠦᠴᠡᠯ ᠢ ᠳᠤᠷᠠᠳᠬᠤ ᠳᠤ᠂ ᠭᠠᠳᠠᠭᠰᠢ ᠭᠠᠷᠴᠤ ᠬᠥᠯᠥᠰᠦᠨ ᠠᠵᠢᠯ ᠬᠢᠵᠦ ᠪᠠᠶᠢᠭ᠎ᠠ | ᠬᠤᠲᠠ ᠶᠢᠨ ᠠᠷᠠᠳ ᠯᠢᠦ ᠭᠤᠸᠠᠢ ᠠᠮᠠ ᠬᠠᠮᠬᠢᠯ ᠦᠭᠡᠢ ᠮᠠᠭᠲᠠᠪᠠ᠃ | | | | | ᠥᠩᠭᠡᠷᠡᠭᠰᠡᠨ ᠳᠤ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠤᠨ ᠲᠠᠩᠰᠠ ᠲᠠᠶᠢᠯᠬᠤ ᠳᠤ ᠬᠦᠴᠢᠷᠲᠡᠢ | ᠂ ᠣᠷᠣᠯᠠᠨ ᠳᠥᠯᠥᠬᠦ ᠳᠠᠷᠤᠯᠲᠠ ᠶᠡᠭᠡ ᠪᠠᠶᠢᠵᠤ᠂ ᠣᠷᠳᠣ ᠬᠤᠭᠤᠴᠠᠭ᠎ᠠ ᠪᠠᠷ ᠣᠨᠳᠣᠣ ᠭᠠᠵᠠᠷ ᠲᠤ ᠠᠮᠢᠳᠤᠷᠠᠵᠤ᠂ | ᠠᠵᠢᠯᠯᠠᠵᠤ ᠪᠠᠶᠢᠭᠰᠠᠨ ᠣᠯᠠᠨ ᠲᠦᠮᠡᠨ ᠤ ᠡᠪᠡᠳᠴᠢᠨ ᠦᠵᠡᠭᠦᠯᠬᠦ ᠦᠶ᠎ᠡ ᠶᠢᠨ ᠡᠪᠡᠷᠰᠢᠶᠡᠯ ᠪᠣᠯᠣᠭᠰᠠᠭᠠᠷ ᠢᠷᠡᠵᠡᠶ᠃ | ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠨᠢ ᠣᠯᠠᠨ ᠲᠦᠮᠡᠨ ᠤ ᠬᠦᠴᠢᠷ ᠠᠰᠠᠭᠤᠳᠠᠯ᠂ | ᠡᠪᠡᠷᠰᠢᠶᠡᠯ ᠢ ᠰᠢᠢᠳᠪᠦᠷᠢᠯᠡᠬᠦ ᠶᠢᠨ ᠲᠤᠰᠠᠳᠠ᠂ ᠠᠮᠠᠯᠠᠯᠲᠠ ᠶᠢᠨ ᠳᠦᠷᠢᠮ ᠢᠶᠠᠷ ᠭᠦᠢᠴᠡᠳᠬᠡᠬᠦ ᠶᠢ ᠪᠥᠬᠦ ᠲᠠᠯ᠎ᠠ ᠪᠠᠷ | ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠣᠨᠳᠣᠣ ᠭᠠᠵᠠᠷ ᠲᠤ ᠣᠷᠣᠰᠢᠨ | ᠰᠠᠭᠤᠭᠰᠠᠨ ᠭᠡᠷᠡᠴᠢ᠂ ᠣᠨᠣᠰᠢᠯᠠᠯᠲᠠ ᠶᠢᠨ ᠭᠡᠷᠡᠴᠢ ᠪᠢᠴᠢᠭ ᠭᠡᠬᠦ ᠬᠤᠶᠠᠷ ᠵᠦᠢᠯ ᠤᠨ ᠬᠢᠨᠠᠨ ᠵᠥᠪᠰᠢᠶᠡᠷᠡᠬᠦ | ᠮᠠᠲ᠋ᠧᠷᠢᠶᠠᠯ ᠤᠨ ᠱᠠᠭᠠᠷᠳᠠᠯᠭ᠎ᠠ ᠶᠢ ᠬᠦᠴᠦᠨ ᠦᠭᠡᠢ ᠪᠣᠯᠭᠠᠵᠤ᠂ ᠡᠯ᠎ᠡ ᠵᠦᠢᠯ ᠤᠨ ᠠᠷᠭ᠎ᠠ ᠵᠠᠮ ᠢ ᠠᠰᠢᠭᠯᠠᠨ᠂ | ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠬᠤᠣᠰ ᠵᠠᠮ ᠢᠶᠠᠷ ᠣᠨᠳᠣᠣ ᠭᠠᠵᠠᠷ ᠲᠤ ᠡᠪᠡᠳᠴᠢᠨ | ᠦᠵᠡᠭᠦᠯᠬᠦ ᠶᠢ ᠳᠡᠩᠰᠡᠯᠡᠨ ᠲᠡᠮᠳᠡᠭᠯᠡᠬᠦ ᠶᠢ ᠭᠦᠢᠴᠡᠳᠬᠡᠬᠦ ᠶᠢ ᠶᠡᠬᠡᠪᠡᠷ ᠤᠬᠠᠭᠤᠯᠤᠨ ᠬᠡᠷᠡᠭᠵᠢᠭᠦᠯᠵᠦ᠂ | ᠳᠠᠩᠰᠠᠯᠠᠭᠤᠯᠤᠭᠠᠳ ᠠᠮᠵᠢᠯᠲᠠ ᠣᠯᠣᠭᠰᠠᠨ ᠤ ᠳᠠᠷᠠᠭ᠎ᠠ ᠣᠨᠳᠣᠣ ᠭᠠᠵᠠᠷ ᠲᠤ ᠡᠪᠡᠳᠴᠢᠨ ᠦᠵᠡᠭᠦᠯᠦᠭᠰᠡᠨ | ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠪᠡᠶᠡᠯᠡᠭᠦᠯᠦᠨ᠎ᠡ᠃ᠡᠭᠦᠨ ᠤ ᠬᠠᠮᠲᠤ ᠪᠠᠰᠠ ︽ᠳ᠋ᠦᠩ ᠾᠧ | ᠲᠣᠭᠤᠷᠢᠭ ᠤᠨ ᠣᠨᠳᠣᠣ ᠭᠠᠵᠠᠷ ᠲᠤ ᠲᠦᠷᠭᠡᠨ ᠡᠮᠨᠡᠯᠭᠡ ᠳᠤ ᠡᠮᠨᠡᠭᠦᠯᠬᠦ ᠶᠢ ᠮᠠᠭᠠᠳᠯᠠᠨ ᠲᠣᠭᠲᠠᠭᠠᠬᠤ ᠬᠡᠷᠡᠭᠵᠢᠭᠦᠯᠬᠦ | ᠲᠥᠰᠥᠯ︾ ᠢ ᠲᠣᠭᠲᠠᠭᠠᠵᠤ᠂ ᠪᠥᠬᠦ ᠬᠤᠲᠠ ᠳᠤ ᠣᠨᠳᠣᠣ ᠭᠠᠵᠠᠷ ᠲᠤ ᠲᠦᠷᠭᠡᠨ ᠡᠮᠨᠡᠯᠭᠡ ᠳᠤ ᠡᠮᠨᠡᠭᠦᠯᠬᠦ ᠶᠢ | ᠮᠠᠭᠠᠳᠯᠠᠨ ᠲᠣᠭᠲᠠᠭᠠᠬᠤ ᠬᠠᠮᠲᠤᠷᠠᠨ ᠵᠥᠪᠯᠡᠬᠦ ᠳᠦᠷᠢᠮ ᠢ ᠤᠷᠢᠳᠠᠪᠠᠷ ᠬᠡᠷᠡᠭᠵᠢᠭᠦᠯᠵᠦ᠂ ᠳᠠᠭᠠᠳᠬᠠᠯ ᠳᠤ | ᠣᠷᠣᠯᠴᠠᠭᠰᠠᠨ ᠡᠪᠡᠳᠴᠢᠲᠡᠨ ᠤ ᠡᠮ ᠡᠮᠨᠡᠯᠭᠡ ᠶᠢᠨ ᠵᠠᠷᠤᠳᠠᠯ ᠢ ᠣᠷᠣᠯᠠᠨ ᠥᠭᠬᠦ ᠦᠶᠡᠯᠡᠯ ᠤᠨ ᠬᠤᠭᠤᠴᠠᠭ᠎ᠠ ᠶᠢ | ᠶᠡᠭᠡ ᠪᠠᠷ ᠪᠣᠭᠤᠨᠢᠰᠬᠠᠪᠠ᠃ᠡᠲᠡᠭᠡᠷ ᠨᠢ ᠮᠠᠨ ᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠶᠢᠨ ᠰᠡᠳᠬᠢᠯ ᠤᠨ | ᠬᠠᠯᠠᠭᠤᠨ ᠠᠵᠢᠯᠯᠠᠭ᠎ᠠ ᠪᠣᠯᠬᠤ ᠨᠢ ᠳᠠᠮᠵᠢᠭ ᠦᠭᠡᠢ ᠶᠤᠮ᠃ᠡᠨᠡ ᠵᠢᠯ ᠠᠴᠠ ᠨᠠᠰᠢ᠂ ᠡᠮ ᠡᠮᠨᠡᠯᠭᠡ ᠶᠢᠨ | ᠳᠠᠭᠠᠳᠬᠠᠯ ᠤᠨ ᠴᠣᠩᠬᠤᠨ ᠳᠤ ᠣᠨᠳᠣᠣ ᠭᠠᠵᠠᠷ ᠲᠤ ᠡᠮᠴᠢᠯᠡᠭᠦᠯᠬᠦ ᠶᠢ 313 ᠬᠥᠮᠥᠨ ᠤᠳᠠᠭ᠎ᠠ ᠳᠠᠩᠰᠠᠯᠠᠭᠤᠯᠵᠠᠢ᠃ | | ᠣᠯᠠᠨ ᠲᠦᠮᠡᠨ ᠤ ᠡᠮ ᠡᠮᠨᠡᠯᠭᠡ ᠶᠢᠨ ᠲᠠᠷᠠᠭᠠᠰᠦ ᠢ ᠦᠨᠡᠨᠬᠦ ᠬᠥᠩᠭᠡᠷᠡᠭᠦᠯᠬᠦ | ᠵᠠᠰᠠᠭ ᠤᠨ ᠣᠷᠳᠣᠨ ᠤ ᠣᠷᠣᠭᠤᠯᠤᠯᠲᠠ ᠪᠠᠷ ︽ᠨᠡᠮᠡᠬᠦ ᠠᠷᠭ᠎ᠠ︾ ᠶᠢ ᠬᠡᠷᠡᠭᠵᠢᠭᠦᠯᠵᠦ᠂ ᠡᠪᠡᠳᠴᠢᠲᠡᠨ ᠤ | ᠵᠠᠷᠤᠯᠭ᠎ᠠ ᠪᠠᠷ ︽ᠬᠠᠰᠤᠬᠤ ᠠᠷᠭ᠎ᠠ︾ ᠶᠢ ᠬᠡᠷᠡᠭᠵᠢᠭᠦᠯᠦᠨ᠎ᠡ᠃ | ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠤᠯᠤᠰ ᠤᠨ ᠬᠤᠳᠠᠯᠳᠤᠨ ᠠᠪᠬᠤ ᠳᠦᠷᠢᠮ ᠤᠨ | ᠥᠭᠡᠷᠡᠴᠢᠯᠡᠯᠲᠡ ᠶᠢᠨ ᠠᠯᠬᠤᠴᠠ ᠶᠢ ᠰᠠᠯᠤᠯ ᠦᠭᠡᠢ ᠳᠠᠭᠠᠵᠤ᠂ ᠡᠮ ᠤᠨ ᠵᠦᠢᠯ᠂ ᠬᠤᠷᠣᠭᠳᠠᠯ ᠮᠠᠲ᠋ᠧᠷᠢᠶᠠᠯ ᠢ | ᠲᠥᠪᠯᠡᠷᠡᠭᠦᠯᠦᠨ ᠬᠤᠳᠠᠯᠳᠤᠨ ᠠᠪᠬᠤ ᠪᠠ ᠤᠯᠤᠰ ᠤᠨ ᠡᠮ ᠤᠨ ᠵᠦᠢᠯ ᠢ ᠲᠥᠪᠯᠡᠷᠡᠭᠦᠯᠦᠨ ᠬᠡᠮᠵᠢᠶ᠎ᠡ ᠲᠠᠢ | ᠬᠤᠳᠠᠯᠳᠤᠨ ᠠᠪᠬᠤ ᠠᠵᠢᠯ ᠢ ᠰᠠᠶᠢᠲᠤᠷ ᠬᠢᠪᠡ᠃ᠣᠲᠣ ᠪᠣᠯᠲᠠᠯ᠎ᠠ᠂ ᠨᠢᠭᠡᠨᠲᠡ ᠲᠤᠯᠤᠭᠠᠨ ᠪᠦᠯᠦᠭ ᠤᠯᠤᠰ ᠠᠴᠠ | ᠵᠣᠬᠢᠶᠠᠨ ᠪᠠᠶᠢᠭᠤᠯᠤᠭᠰᠠᠨ ᠡᠮ ᠤᠨ ᠵᠦᠢᠯ ᠢ ᠲᠥᠪᠯᠡᠷᠡᠭᠦᠯᠦᠨ ᠲᠤᠭ᠎ᠠ ᠬᠡᠮᠵᠢᠶ᠎ᠡ ᠲᠠᠢ ᠪᠠᠷ ᠬᠤᠳᠠᠯᠳᠤᠨ ᠠᠪᠬᠤ | ᠠᠵᠢᠯ ᠢ ᠥᠷᠨᠢᠭᠦᠯᠵᠦ᠂ ᠳᠤᠮᠳᠠ ᠠᠴᠠ ᠨᠢ ᠰᠣᠩᠭᠤᠭᠰᠠᠨ 60 ᠦᠢᠯᠡᠳᠬᠦᠨ ᠤ ᠳᠤᠮᠳᠠᠴᠢ ᠦᠨ᠎ᠡ ᠶᠢᠨ | ᠪᠠᠭᠤᠷᠠᠯᠲᠠ ᠶᠢᠨ ᠬᠡᠮᠵᠢᠶ᠎ᠡ ᠨᠢ 48% ᠪᠠᠶᠢᠵᠤ᠂ ᠬᠠᠮᠤᠭ ᠤᠨ ᠶᠡᠭᠡ ᠳᠡᠭᠡᠨ ᠪᠠᠭᠤᠷᠠᠯᠲᠠ ᠶᠢᠨ ᠬᠡᠮᠵᠢᠶ᠎ᠡ ᠨᠢ 90% | ᠬᠦᠷᠴᠦ᠂ ᠤᠯᠠᠮ ᠠᠴᠠ ᠤᠯᠠᠮ ᠣᠯᠠᠨ ᠡᠮᠴᠢᠯᠡᠭᠡᠨ ᠤ ᠪᠠᠶᠢᠩᠭᠤ ᠬᠡᠷᠡᠭᠯᠡᠬᠦ ᠡᠮ ᠤᠨ ᠦᠨ᠎ᠡ ᠨᠢ ︽ᠶᠡᠭᠡ ᠪᠠᠷ | ᠪᠠᠭᠤᠷᠠᠭᠰᠠᠨ︾ ᠪᠠᠶᠢᠨ᠎ᠠ᠃ | | | | | ︽ᠤᠯᠤᠰ ᠠᠴᠠ ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠵᠣᠬᠢᠶᠠᠨ | ᠪᠠᠶᠢᠭᠤᠯᠤᠭᠰᠠᠨ ᠤ ᠳᠠᠷᠠᠭ᠎ᠠ ᠡᠳᠡᠭᠡᠷ ᠡᠮ ᠤᠨ ᠦᠨ᠎ᠡ ᠴᠥᠮ ᠶᠡᠭᠡ ᠪᠠᠷ ᠪᠠᠭᠤᠷᠠᠵᠤ᠂ ᠣᠯᠠᠨ ᠲᠦᠮᠡᠨ ᠤ ᠡᠪᠡᠳᠴᠢᠨ | ᠦᠵᠡᠭᠦᠯᠵᠦ ᠡᠮᠨᠡᠭᠦᠯᠬᠦ ᠳᠤ ᠦᠨᠡᠨ ᠪᠣᠳᠠᠲᠠᠢ ᠠᠰᠢᠭ ᠲᠤᠰᠠ ᠣᠯᠭᠤᠵᠤ᠂ ᠣᠯᠠᠨ ᠲᠦᠮᠡᠨ ᠤ ᠡᠮ ᠬᠡᠷᠡᠭᠯᠡᠬᠦ | ᠳᠠᠷᠤᠭᠠᠰᠤ ᠶᠡᠭᠡ ᠪᠠᠷ ᠬᠥᠩᠭᠡᠷᠡᠵᠡᠢ᠂ ᠡᠨᠡ ᠪᠣᠯ ᠡᠪᠡᠳᠴᠢᠲᠡᠨ ᠤ ᠪᠣᠳᠠᠲᠠᠢ ᠠᠰᠢᠭ ᠲᠤᠰᠠ ᠭᠥᠷᠳᠡᠬᠦ ᠶᠢᠨ ᠰᠠᠶᠢᠨ | ᠶᠠᠪᠤᠳᠠᠯ ᠮᠥᠨ︾᠃ ᠭᠡᠵᠦ ᠲᠣᠭᠤᠷᠢᠭ ᠤᠨ ᠡᠮ ᠡᠮᠨᠡᠯᠭᠡ ᠶᠢᠨ ᠪᠠᠲᠤᠯᠠᠪᠤᠷᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ | ᠭᠡᠵᠦ ᠠᠵᠢᠯᠲᠠᠨ ᠬᠡᠯᠡᠪᠡ᠃ | ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠬᠡᠷᠡᠭᠵᠢᠭᠦᠯᠵᠦ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠶᠢ | ᠪᠠᠬᠢᠵᠢᠭᠦᠯᠦᠨ᠎ᠡ | ᠪᠦᠬᠦ ᠠᠷᠠᠳ ᠤᠨ ᠡᠷᠡᠭᠦᠯ ᠮᠡᠨᠳᠦ ᠪᠠᠶᠢᠬᠤ ᠦᠭᠡᠢ ᠪᠣᠯ ᠪᠦᠬᠦ ᠲᠠᠯ᠎ᠠ ᠶᠢᠨ ᠴᠢᠨᠡᠭᠡᠯᠢᠭᠵᠢᠯ ᠪᠠᠶᠢᠵᠤ ᠴᠢᠳᠠᠬᠤ | ᠦᠭᠡᠢ᠃ᠠᠷᠠᠳ ᠤᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠪᠠᠲᠤᠯᠠᠬᠤ ᠪᠣᠯ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ ᠴᠢᠬᠤᠯᠠ ᠠᠭᠤᠯᠤᠭᠳᠠᠬᠤᠨ ᠮᠥᠨ᠂ ᠪᠠᠰᠠ ᠴᠤ ᠶᠠᠳᠠᠭᠤ ᠶᠢ ᠲᠡᠳᠬᠦᠬᠦ | ᠵᠠᠩᠭᠢᠯᠠᠭ᠎ᠠ ᠶᠢᠨ ᠭᠤᠭᠴᠤᠭ᠎ᠠ ᠶᠢᠨ ᠨᠢᠭᠡ ᠮᠥᠨ᠃ | ᠣᠶᠢᠷ᠎ᠠ ᠶᠢᠨ ᠵᠢᠯ ᠳᠤ᠂ ᠳ᠋ᠦᠩ ᠾᠧ ᠲᠣᠭᠤᠷᠢᠭ ᠤᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠵᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠢᠳᠡᠪᠬᠢᠲᠡᠢ ᠠᠬᠢᠭᠤᠯᠵᠤ᠂ ᠡᠪᠡᠳᠴᠢᠨ ᠠᠴᠠ | ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠠᠵᠢᠯ ᠤᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠪᠦᠬᠦ ᠬᠤᠲᠠ ᠳᠤ ᠡᠩ ᠲᠡᠷᠢᠭᠦᠨ ᠳᠤ ᠣᠨᠴᠠᠭᠠᠶ ᠬᠦᠴᠢᠷᠳᠡᠯ ᠲᠠᠢ ᠬᠠᠮᠲᠤᠯᠢᠭ ᠤᠨ ︽ᠨᠢᠭᠡ | ᠯᠡ ᠥᠷᠲᠡᠭᠡᠨ ᠤ ᠮᠠᠶ᠋ᠢᠭ᠂ ᠨᠢᠭᠡ ᠬᠡᠯᠬᠢᠶ᠎ᠡ ᠮᠠᠶ᠋ᠢᠭ︾ ᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠦᠢᠯᠡᠴᠢᠯᠡᠭᠡ | ᠶᠢ ᠬᠡᠷᠡᠭᠵᠢᠭᠦᠯᠵᠦ᠂ ᠣᠨᠴᠠᠭᠠᠶ ᠬᠦᠴᠢᠷᠳᠡᠯ ᠲᠠᠢ ᠬᠥᠮᠥᠰ ᠵᠥᠪᠬᠡᠨ ᠨᠡᠶᠢᠭᠡᠮ ᠲᠣᠭᠤᠷᠢᠭ ᠪᠤᠶᠤ ᠲᠣᠰᠬᠤᠨ ᠤ | ᠠᠵᠢᠯᠲᠠᠳ ᠲᠤ ᠭᠤᠶᠤᠴᠢᠯᠠᠯ ᠭᠠᠷᠭᠠᠪᠠᠯ ᠪᠣᠯᠴᠢᠬᠠᠨ᠎ᠠ᠂ ︽ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠰᠠᠭᠠᠳ | ᠦᠭᠡᠢ ᠨᠡᠪᠲᠡᠷᠡᠬᠦ ᠵᠠᠮ︾ ᠳᠤ ᠣᠷᠣᠵᠤ᠂ ᠲᠣᠰᠬᠤᠨ᠂ ᠨᠡᠶᠢᠭᠡᠮ ᠲᠣᠭᠤᠷᠢᠭ ᠤᠨ ᠠᠵᠢᠯᠲᠠᠨ ᠡᠮ ᠡᠮᠨᠡᠯᠭᠡ ᠶᠢᠨ | ᠠᠪᠤᠷᠠᠨ ᠲᠤᠰᠠᠯᠠᠯᠲᠠ ᠶᠢᠨ ᠡᠯ᠎ᠡ ᠵᠦᠢᠯ ᠤᠨ ᠦᠢᠯᠡᠴᠢᠯᠡᠭᠡᠨ ᠤ ᠵᠦᠢᠯᠡᠰ ᠢ ᠪᠥᠬᠦ ᠶᠠᠪᠤᠴᠠ ᠪᠠᠷ ᠣᠷᠣᠯᠠᠨ | ᠭᠦᠢᠴᠡᠳᠬᠡᠵᠦ ᠬᠠᠪᠰᠤᠷᠤᠨ ᠭᠦᠢᠴᠡᠳᠬᠡᠵᠦ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠡᠲᠡᠭᠡᠳ᠂ ᠣᠨᠴᠠ ᠬᠦᠴᠢᠷᠳᠡᠯᠲᠡᠢ ᠬᠥᠮᠥᠰ᠂ ᠥᠨᠥᠴᠢᠨ ᠬᠡᠦᠬᠡᠳ ᠵᠡᠷᠭᠡ ᠣᠨᠴᠠ ᠬᠦᠴᠢᠷᠳᠡᠯᠲᠡᠢ ᠬᠥᠮᠥᠰ ᠤᠨ | ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠠᠵᠢᠯ ᠢ ᠦᠨᠡᠨ ᠬᠦ ᠪᠠᠲᠤᠯᠠᠵᠤ᠂ ᠶᠠᠳᠠᠭᠤ ᠬᠦᠴᠢᠷᠳᠡᠯᠲᠡᠢ ᠬᠥᠮᠥᠨ | ᠠᠮᠠ ᠶᠢᠨ ᠨᠠᠷᠢᠯᠢᠭ ᠣᠨᠣᠴᠠᠲᠠᠢ ᠪᠠᠷ ᠶᠠᠳᠠᠭᠤ ᠶᠢ ᠲᠡᠳᠬᠦᠬᠦ ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠦᠭᠰᠡᠨ ᠪᠠᠶᠢᠨ᠎ᠠ᠃ | | | | | ᠣᠲᠣ ᠪᠣᠯᠲᠠᠯ᠎ᠠ᠂ ︽ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠠᠳ ᠦᠭᠡᠢ ᠨᠡᠪᠲᠡᠷᠡᠬᠦ ᠵᠠᠮ︾ ᠨᠢ | ᠳᠠᠭᠠᠳᠬᠠᠯ ᠳᠤ ᠣᠷᠤᠯᠴᠠᠬᠤ ᠨᠥᠬᠦᠴᠡᠯ ᠳᠤ ᠨᠡᠶᠢᠴᠡᠬᠦ 55305 ᠣᠨᠴᠠᠭᠠᠶ ᠬᠠᠮᠲᠤᠯᠢᠭ ᠤᠨ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠪᠡᠶᠡᠯᠡᠭᠦᠯᠵᠦ᠂ 136.65 ᠲᠦᠮᠡᠨ ᠲᠥᠭᠦᠷᠢᠭ ᠵᠠᠷᠤᠴᠠᠭᠤᠯᠪᠠ︔ | ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠢ | ᠬᠥᠮᠥᠰ᠂ ᠥᠨᠥᠴᠢᠨ ᠬᠡᠦᠬᠡᠳ ᠵᠡᠷᠭᠡ 194 ᠣᠨᠴᠠ ᠬᠦᠴᠢᠷᠳᠡᠯᠲᠡᠢ ᠬᠥᠮᠥᠰ ᠲᠤ ᠬᠤᠳᠠᠯᠳᠤᠭᠠᠨ ᠤ ᠨᠥᠬᠦᠪᠦᠷᠢ | ᠡᠮ ᠡᠮᠨᠡᠯᠭᠡ ᠶᠢᠨ ᠳᠠᠭᠠᠳᠬᠠᠯ ᠬᠤᠳᠠᠯᠳᠤᠨ ᠠᠪᠬᠤ ᠳᠤ 3.24 ᠲᠦᠮᠡᠨ ᠲᠥᠭᠦᠷᠢᠭ ᠵᠠᠷᠤᠴᠠᠭᠤᠯᠪᠠ︔228 | ᠣᠨᠴᠠ ᠬᠦᠴᠢᠷᠳᠡᠯᠲᠡᠢ ᠠᠰᠠᠷᠠᠨ ᠲᠡᠵᠢᠭᠡᠭᠴᠢ ᠳᠤ 22.8 ᠲᠦᠮᠡᠨ ᠲᠥᠭᠦᠷᠢᠭ ᠤᠨ ᠡᠭᠦᠳᠡᠨ ᠡᠮᠨᠡᠯᠭᠡ ᠶᠢᠨ ᠠᠪᠤᠷᠠᠨ | ᠲᠤᠰᠠᠯᠠᠬᠤ ᠮᠥᠩᠭᠦ ᠣᠯᠭᠤᠪᠠ᠃ᠲᠤᠭ᠎ᠠ ᠪᠠᠷᠢᠮᠲᠠ ᠶᠢᠨ ᠠᠷᠤ ᠳᠤ᠂ ᠮᠠᠨ ᠤ ᠣᠷᠣᠨ ᠤ ᠡᠮ ᠡᠮᠨᠡᠯᠭᠡ ᠶᠢᠨ ᠠᠪᠤᠷᠠᠨ | ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠪᠠ ᠡᠮ ᠡᠮᠨᠡᠯᠭᠡ ᠶᠢᠨ ᠦᠢᠯᠡᠴᠢᠯᠡᠭᠡᠨ ᠤ | ᠴᠢᠳᠠᠪᠤᠷᠢ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠨᠴᠠᠭᠠᠶ ᠬᠠᠮᠲᠤᠯᠢᠭ ᠤᠨ ᠪᠠᠲᠤᠯᠠᠬᠤ | ᠶᠣᠰᠣᠲᠠᠢ ᠶᠢ ᠨᠢ ᠴᠥᠮ ᠪᠠᠲᠤᠯᠠᠵᠤ᠂ ᠣᠨᠴᠠᠭᠠᠶ ᠬᠠᠮᠲᠤᠯᠢᠭ ᠤᠨ ᠡᠪᠡᠳᠴᠢᠨ ᠦᠵᠡᠭᠦᠯᠬᠦ ᠳᠠᠷᠤᠭᠠᠰᠤ ᠶᠢ | ᠬᠠᠮᠤᠭ ᠤᠨ ᠶᠡᠭᠡ ᠬᠡᠮᠵᠢᠶ᠎ᠡ ᠪᠠᠷ ᠬᠥᠩᠭᠡᠷᠡᠭᠦᠯᠬᠦ ᠶᠢᠨ ᠬᠠᠮᠤᠭ ᠤᠨ ᠰᠠᠶᠢᠨ ᠵᠢᠷᠤᠭᠯᠠᠯ ᠪᠣᠯᠣᠨ᠎ᠠ᠃ | ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠨᠢ ᠠᠷᠠᠳ ᠤᠨ ᠰᠡᠳᠬᠢᠯ ᠢ ᠣᠯᠵᠤ᠂ | ᠠᠷᠠᠳ ᠢᠷᠭᠡᠳ ᠤᠨ ᠡᠪᠡᠳᠴᠢᠨ ᠦᠵᠡᠭᠦᠯᠬᠦ ᠳᠤ ᠪᠠᠲᠤᠯᠠᠭ᠎ᠠ ᠲᠠᠢ᠃ ᠡᠳᠦᠭᠡ᠂ ᠮᠠᠨ ᠤ ᠣᠷᠣᠨ ᠡᠮᠴᠢᠯᠡᠭᠡᠨ ᠤ | ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠯᠠᠮ ᠠᠴᠠ ᠤᠯᠠᠮ | ᠣᠯᠠᠨ ᠠᠷᠠᠳ ᠢᠷᠭᠡᠳ ᠲᠤ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠠᠴᠠ ᠪᠣᠯᠤᠭᠰᠠᠨ | ᠠᠰᠠᠷᠠᠮᠵᠢ ᠶᠢ ᠡᠳ᠋ᠯᠡᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠪᠡᠳᠴᠢᠨ ᠦᠵᠡᠭᠦᠯᠵᠦ ᠡᠮ | ᠬᠤᠳᠠᠯᠳᠤᠨ ᠠᠪᠬᠤ ᠳᠤ ᠨᠠᠩ ᠲᠥᠬᠦᠮ ᠪᠣᠯᠭᠠᠵᠤ᠂ ᠨᠠᠩ ᠢᠯᠡᠭᠦᠦ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠲᠠᠢ ᠪᠣᠯᠭᠠᠵᠤ ᠪᠠᠶᠢᠨ᠎ᠠ᠃ |