ᠦᠨᠳᠦᠰᠦᠲᠡᠨ ᠤ ᠪᠦᠯᠬᠦᠮᠳᠡᠯ ᠳᠠᠪᠰᠢᠯᠲᠠ ᠪᠠᠷ ᠳ᠋ᠦᠩ ᠾᠧ ᠲᠣᠭᠤᠷᠢᠭ ᠢ ᠡᠭᠦᠳᠦᠨ ᠪᠠᠶᠢᠭᠤᠯᠪᠠ᠄ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠰᠦᠪᠡᠭᠴᠢᠯᠡᠵᠦ ᠴᠡᠴᠡᠭ ᠤᠨ ᠦᠷ᠎ᠡ ᠴᠡᠴᠡᠭ ᠰᠢᠭ  ᠪᠦᠯᠬᠦᠮᠳᠡᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2023/1/13
ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠬᠦᠴᠡᠴᠡᠭ ᠳᠡᠯᠭᠡᠷᠡᠵᠦ ᠦᠷ᠎ᠡ ᠴᠡᠴᠡᠭ ᠰᠢᠭ ᠪᠦᠯᠬᠦᠮᠳᠡᠯ ᠢ ᠠᠬᠢᠭᠤᠯᠤᠨ᠎ᠠ︱ ᠳ᠋ᠦᠩ ᠾᠧ ᠲᠣᠭᠤᠷᠢᠭ ᠤᠨ ᠦᠨᠳᠦᠰᠦᠲᠡᠨ ᠨᠦᠭᠦᠳ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠦᠨ᠎ᠡ      ᠡᠨᠡ ᠵᠢᠯ ᠠᠴᠠ ᠨᠠᠰᠢ᠂ ᠳ᠋ᠦᠩ ᠾᠧ ᠲᠣᠭᠤᠷᠢᠭ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠯ᠎ᠡ ᠵᠦᠢᠯ ᠤᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠬᠦᠴᠦᠯᠡᠨ ᠠᠬᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠮᠥᠵᠢᠭᠦᠯᠦᠨ ᠳᠠᠭᠠᠭᠤᠯᠵᠤ ᠨᠠᠮ ᠤᠨ ᠠᠴᠢ ᠶᠢ ᠮᠡᠳᠡᠷᠡᠭᠦᠯᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ ᠶᠢ ᠬᠥᠲᠥᠯᠥᠨ ᠳᠠᠭᠠᠭᠤᠯᠵᠤ᠂ ᠰᠢᠨ᠎ᠡ ᠴᠠᠭ ᠦᠶ᠎ᠡ ᠳᠤ ᠦᠷᠭᠦᠯᠵᠢᠯᠡᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠪᠠᠲᠤᠯᠠᠬᠤ ᠳᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ᠃ᠴᠢᠩᠭᠠᠳᠬᠠᠨ ᠲᠡᠭᠦᠯᠳᠡᠷᠵᠢᠭᠦᠯᠬᠦ ᠶᠢ ᠪᠠᠷᠢᠮᠲᠠᠯᠠᠬᠤ ᠬᠡᠷᠡᠭᠲᠡᠢᠰᠢᠨ᠎ᠡ ᠴᠠᠭ ᠦᠶ᠎ᠡ ᠳᠠᠬᠢ ᠨᠠᠮ  ᠦᠨᠳᠦᠰᠦᠲᠡᠨ ᠤ ᠠᠵᠢᠯ ᠳᠤ  ᠪᠥᠬᠦ ᠲᠠᠯ᠎ᠠ ᠶᠢᠨ ᠤᠳᠤᠷᠢᠳᠤᠯᠭ᠎ᠠ ᠬᠢᠨ᠎ᠡ
     ᠦᠨᠳᠦᠰᠦᠲᠡᠨ ᠤ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠦᠨᠳᠦᠰᠦᠲᠡᠨ ᠤ ᠠᠵᠢᠯ ᠢ ᠣᠷᠣᠨ ᠤ ᠨᠠᠮ ᠤᠨ ᠬᠤᠷᠢᠶ᠎ᠠ ᠶᠢᠨ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ ᠪᠠᠬᠢᠵᠢᠭᠦᠯᠬᠦ ᠶᠢ ᠬᠤᠶᠠᠷ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠭᠤᠷᠪᠠᠨ ᠬᠤᠷᠠᠯ ᠨᠢᠭᠡ ᠬᠢᠴᠢᠶᠡᠯ︾ ᠤᠨ ᠵᠠᠪᠠᠯ ᠰᠤᠷᠬᠤ ᠠᠭᠤᠯᠭ᠎ᠠ ᠳᠤ ᠣᠷᠣᠭᠤᠯᠵᠤ᠂ ᠰᠠᠯᠠᠭᠠᠨ ᠤ ᠲᠠᠰ ᠤᠨ ᠤᠳᠤᠷᠢᠳᠬᠤ ᠪᠠᠭ᠂ ᠤᠳᠤᠷᠢᠳᠬᠤ ᠺᠠᠳ᠋ᠷ ᠤᠨ ᠣᠨ ᠤ ᠪᠣᠳᠠᠲᠤ ᠠᠮᠵᠢᠯᠲᠠ ᠶᠢ ᠬᠢᠨᠠᠨ ᠰᠢᠯᠭᠠᠬᠤ ᠪᠠ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠴᠢᠬᠤᠯᠠ ᠠᠭᠤᠯᠭ᠎ᠠ ᠳᠤ ᠣᠷᠣᠭᠤᠯᠤᠨ᠎ᠠ᠃ᠣᠷᠣᠨ ᠤ ᠱᠠᠲᠤᠨ ᠳᠤ 6 ᠬᠤᠭᠤᠴᠠᠭ᠎ᠠ ᠲᠥᠪᠯᠡᠷᠡᠭᠦᠯᠦᠨ ᠪᠣᠯᠪᠠᠰᠤᠷᠠᠭᠤᠯᠵᠤ᠂ 490 ᠺᠠᠳ᠋ᠷ ᠢ ᠡᠭᠡᠯᠵᠢᠯᠡᠨ ᠪᠣᠯᠪᠠᠰᠤᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ 45 ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ᠂ 1900 ᠭᠠᠷᠤᠢ ᠨᠠᠮ ᠤᠨ ᠭᠡᠰᠢᠭᠦᠨ ᠢ ᠪᠣᠯᠪᠠᠰᠤᠷᠠᠭᠤᠯᠪᠠ᠃ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠨᠠᠮ ᠤᠨ ᠰᠤᠷᠭᠠᠭᠤᠯᠢ ᠶᠢᠨ ᠭᠤᠣᠯ ᠴᠣᠭᠴᠠ ᠶᠢᠨ ᠠᠩᠭᠢ ᠳᠤ ᠣᠷᠣᠭᠤᠯᠵᠤ᠂ ᠬᠢᠴᠢᠶᠡᠯ ᠤᠨ ᠴᠠᠭ ᠤᠨ ᠡᠵᠡᠯᠡᠬᠦ ᠬᠠᠷᠢᠴᠠᠯ 20%᠋ ᠢ ᠡᠵᠡᠯᠡᠵᠦ᠂ ᠤᠳᠤᠷᠢᠳᠬᠤ ᠺᠠᠳ᠋ᠷ ᠲᠦᠷᠦᠭᠦᠯᠡᠨ ᠰᠤᠷᠤᠯᠴᠠᠬᠤ᠂ ᠪᠦᠬᠦ ᠣᠷᠣᠨ ᠤ ᠺᠠᠳ᠋ᠷ ᠬᠠᠮᠲᠤᠪᠠᠷ ᠰᠤᠷᠤᠯᠴᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠴᠢᠳᠠᠪᠤᠷᠢ ᠶᠢ ᠦᠨᠡᠨᠬᠦ ᠴᠢᠩᠭᠠᠳᠬᠠᠬᠤ ᠬᠡᠷᠡᠭᠲᠡᠢ᠃ᠬᠥᠭᠵᠢᠭᠦᠯᠦᠯᠲᠡ ᠶᠢ ᠭᠤᠶᠢᠪᠢᠰᠢ ᠦᠭᠡᠢ ᠪᠠᠷᠢᠮᠲᠠᠯᠠᠨ᠎ᠠᠦᠨᠳᠦᠰᠦᠲᠡᠨ ᠨᠦᠭᠦᠳ ᠤᠨ ᠬᠠᠮᠲᠤ ᠪᠠᠷ ᠣᠳᠣᠬᠢᠴᠢᠯᠠᠯᠲᠠ ᠵᠦᠭ ᠠᠠᠯᠠᠦᠨ᠎ᠠ
     ᠬᠥᠭᠵᠢᠯᠲᠡ ᠪᠠᠷ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠲᠦᠯᠬᠢᠭᠦᠷ ᠪᠣᠯᠭᠠᠬᠤ ᠶᠢ ᠪᠠᠷᠢᠮᠲᠠᠯᠠᠵᠤ᠂ ︽ᠬᠤᠶᠠᠷ ᠰᠢᠨ᠎ᠡ︾ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠪᠠᠷ ᠠᠵᠤ ᠦᠢᠯᠡᠰ ᠢ ᠠᠳᠬᠤᠵᠤ᠂ ᠭᠤᠣᠯᠳᠠᠯᠭ᠎ᠠ ᠲᠠᠢ ᠪᠠᠷ ᠠᠵᠤ ᠦᠢᠯᠡᠳᠪᠦᠷᠢ ᠶᠢ ᠠᠳᠬᠤᠵᠤ᠂ ︽ᠨᠡᠮᠡᠭᠳᠡᠯ ᠤᠨ ᠬᠡᠮᠵᠢᠶ᠎ᠡ︾ ᠶᠢ ᠲᠣᠪᠤᠶᠢᠯᠭᠠᠨ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠠᠰᠢᠭ ᠲᠤᠰᠠ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠡᠩ ᠢᠯᠡᠭᠦᠦ ᠬᠦᠷᠲᠡᠭᠡᠨ᠎ᠡ᠃2022 ᠣᠨ ᠤ ᠲᠦᠷᠦᠭᠦᠸ ᠭᠤᠷᠪᠠᠨ ᠤᠯᠠᠷᠢᠯ ᠳᠤ᠂ ᠪᠥᠬᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 315.9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 4.5% ᠪᠠᠷ ᠨᠡᠮᠡᠭᠳᠡᠪᠡ᠃1 ︱ 10 ᠳ᠋ᠤᠭᠠᠷ ᠰᠠᠷ᠎ᠠ ᠳᠤ᠂ ᠪᠥᠬᠦ ᠣᠷᠣᠨ ᠤ ᠲᠣᠭᠲᠠᠭᠠᠭᠰᠠᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ 439.9 ᠳ᠋ᠦᠩᠰᠢᠭᠤᠷ ᠲᠥᠭᠦᠷᠢᠭ ᠲᠤ ᠬᠦᠷᠴᠦ᠂ 24.1% ᠪᠠᠷ ᠨᠡᠮᠡᠭᠳᠡᠨ᠂ ᠲᠣᠭᠲᠠᠭᠠᠭᠰᠠᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 8.1% ᠪᠠᠷ ᠨᠡᠮᠡᠭᠳᠡᠪᠡ︔ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 54 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4% ᠨᠡᠮᠡᠭᠳᠡᠪᠡ᠃ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠦᠨᠡᠨ ᠰᠡᠳᠬᠢᠯ ᠠᠴᠠ ᠪᠠᠨ ᠬᠦᠴᠦ ᠣᠷᠣᠭᠤᠯᠤᠨ ᠪᠠᠲᠤᠯᠠᠨ ᠰᠠᠶᠢᠵᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠣᠯᠭᠤᠬᠤ᠂ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠᠷ ᠪᠥᠬᠦ ᠬᠦᠴᠦᠨ ᠢᠶᠠᠷ ᠢᠶᠠᠨ ᠴᠢᠷᠮᠠᠶᠢᠵᠤ᠂ 1-9 ᠳ᠋ᠦᠭᠡᠷ ᠰᠠᠷ᠎ᠠ ᠳᠤ᠂ ᠪᠥᠬᠦ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 36871 ᠲᠥᠭᠦᠷᠢᠭ ᠪᠠ 18090 ᠲᠥᠭᠦᠷᠢᠭ ᠲᠤ ᠬᠦᠷᠴᠦ᠂ ᠲᠣᠰ ᠲᠣᠰ 4.6% ᠪᠠ 5.6% ᠨᠡᠮᠡᠭᠳᠡᠪᠡ᠃1 ︱ 11 ᠳ᠋ᠦᠭᠡᠷ ᠰᠠᠷ᠎ᠠ ᠳᠤ᠂ ᠪᠥᠬᠦ ᠣᠷᠣᠨ ᠤ ᠬᠤᠲᠠ ᠪᠠᠯᠭᠠᠰᠤᠨ ᠤ 10550 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.84% ᠪᠣᠯᠪᠠ᠃ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠨᠡᠶᠢᠲᠡ 14.98 ᠳ᠋ᠦᠩᠰᠢᠭᠤᠷ ᠲᠥᠭᠦᠷᠢᠭ ᠲᠠᠷᠬᠠᠭᠠᠵᠤ᠂ ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠴᠠᠭ ᠲᠤᠬᠠᠢ  ᠳᠤᠨᠢ 5357 ᠲᠦᠮᠡᠨ ᠲᠥᠭᠦᠷᠢᠭ ᠰᠠᠯᠭᠠᠨ ᠥᠭᠴᠦ᠂ 8617 ᠬᠥᠮᠥᠨ ᠳᠤ ᠠᠰᠢᠭ ᠬᠦᠷᠲᠡᠭᠡᠪᠡ᠃ᠲᠡᠮᠦᠷ ᠵᠠᠮ ᠤᠨ ᠳᠤᠮᠳᠠᠳᠤ ᠰᠤᠷᠭᠠᠭᠤᠯᠢ᠂ ᠵᠢᠩ ᠫᠢᠩ ᠳᠤᠮᠳᠠᠳᠤ ᠰᠤᠷᠭᠠᠭᠤᠯᠢ᠂ ᠭᠦᠩ ᠶᠤᠸᠠᠨ ᠯᠦ ᠪᠠᠭ᠎ᠠ ᠰᠤᠷᠭᠠᠭᠤᠯᠢ ᠶᠢᠨ ᠵᠢᠩ ᠫᠢᠩ ᠰᠤᠷᠭᠠᠭᠤᠯᠢ ᠶᠢᠨ ᠲᠣᠭᠤᠷᠢᠭ᠂ ᠬᠤᠲᠣᠩᠴᠤᠳ ᠤᠨ ᠪᠠᠭ᠎ᠠ ᠰᠤᠷᠭᠠᠭᠤᠯᠢ ᠪᠠ ᠨᠢᠭᠡ ᠪᠦᠯᠦᠭ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠲᠦᠷᠭᠡᠪᠴᠢᠯᠡᠨ ᠬᠡᠷᠡᠭᠵᠢᠭᠦᠯᠵᠦ᠂ 3 ᠡᠮᠴᠢᠯᠡᠭᠡᠨ ᠤ ᠪᠦᠯᠦᠭᠯᠡᠯ ᠢᠶᠠᠷ ᠤᠳᠤᠷᠢᠳᠤᠮᠵᠢ ᠪᠣᠯᠭᠠᠭᠰᠠᠨ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ᠂ ᠡᠮᠨᠡᠬᠦ ᠪᠠ ᠠᠰᠠᠷᠠᠬᠤ ᠶᠢ ᠤᠶᠠᠯᠳᠤᠭᠤᠯᠬᠤ ᠶᠢ ᠨᠢᠭᠡ ᠴᠣᠭᠴᠠᠵᠢᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠪᠡ᠃ᠤᠯᠠᠨ ᠲᠦᠮᠡᠨ ᠳᠤ ᠦᠨᠡᠨ ᠰᠡᠳᠬᠢᠯ ᠠᠴᠠ ᠪᠠᠨ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ 280 ︽ᠦᠨᠡᠮᠯᠡᠯ ᠠᠪᠬᠤ ᠳᠤ ᠬᠦᠴᠢᠷᠲᠡᠢ ᠪᠠᠶᠢᠬᠤ︾ ᠵᠦᠢᠯᠡᠰ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ 274 ᠶᠢ ᠨᠢ ᠭᠦᠢᠴᠡᠳᠬᠡᠭᠦᠯᠵᠦ᠂ ᠭᠦᠢᠴᠡᠳᠬᠡᠭᠰᠡᠨ ᠨᠤᠷᠮ᠎ᠠ ᠨᠢ 97.9% ᠳᠤ ᠬᠦᠷᠴᠦ᠂ ᠪᠧᠢ ᠯᠢᠶᠠᠩ ᠤᠨ ᠲᠦᠬᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠵᠠᠰᠠᠵᠤ ᠲᠥᠪᠬᠢᠨᠡᠭᠦᠯᠬᠦ ᠣᠷᠣᠨ ᠰᠠᠭᠤᠴᠠ ᠶᠢᠨ ᠡᠷᠤᠭᠡ ᠬᠤᠪᠢᠶᠠᠭᠰᠠᠨ ᠥᠮᠴᠢᠯᠡᠯ ᠤᠨ ᠡᠷᠬᠡ ᠶᠢ ᠨᠡᠶᠢᠳᠡ 3940 ᠡᠷᠤᠭᠡ ︵ᠬᠤᠪᠢ︶ ᠳᠤ ᠭᠦᠢᠴᠡᠳᠬᠡᠵᠦ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠨᠢ 9.7% ᠳᠤ ᠬᠦᠷᠴᠡᠢ᠃
ᠡᠭᠦᠳᠦᠨ ᠪᠠᠶᠢᠭᠤᠯᠬᠤ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠨ᠎ᠠᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠬᠦᠷᠢᠶᠡᠯᠡᠩ ᠪᠠᠶᠢᠭᠤᠯᠬᠤ
     ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠢᠳᠡᠪᠬᠢᠲᠡᠢ ᠪᠦᠲᠦᠭᠡᠬᠦ  ᠃ ᠰᠠᠷᠴᠢᠨ ᠪᠠᠯᠭᠠᠰᠤᠨ ᠤ ᠠᠳᠦᠯᠠᠢ ᠲᠣᠰᠬᠤᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠲᠣᠰᠬᠤᠨ ᠤ ᠪᠦᠲᠦᠭᠡᠨ ᠪᠠᠶᠢᠭᠤᠯᠤᠯᠲᠠ ᠪᠣᠯᠣᠨ ᠬᠤᠲᠣᠩᠴᠤᠳ ᠤᠨ ᠵᠡᠭᠡᠯᠢ ᠭᠤᠳᠤᠮᠵᠢ ᠶᠢᠨ ᠹᠦ᠋ ᠱᠧᠩ ᠮᠢᠩ ᠨᠡᠶᠢᠭᠡᠮ ᠲᠣᠭᠤᠷᠢᠭ᠂ ᠴᠢᠶᠣᠤ ᠵᠢᠶᠠ ᠶᠢᠨ ᠵᠡᠭᠡᠯᠢ ᠭᠤᠳᠤᠮᠵᠢ ᠶᠢᠨ ᠦᠨᠳᠦᠰᠦᠲᠡᠨ ᠤ ᠭᠠᠷ ᠤᠷᠠᠯᠠᠯ ᠤᠨ ᠵᠡᠭᠡᠯᠢ ᠲᠣᠭᠤᠷᠢᠭ ᠵᠡᠷᠭᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠦᠭᠰᠡᠨ ᠨᠢᠭᠡ ᠪᠦᠯᠦᠭ ᠲᠦᠷᠦᠯ ᠵᠦᠢᠯ ᠢ ᠭᠦᠨᠵᠡᠭᠡᠢ ᠠᠬᠢᠭᠤᠯᠵᠤ᠂ ᠤᠯᠠᠮᠵᠢᠯᠠᠯᠲᠤ ᠦᠨᠳᠦᠰᠦᠲᠡᠨ ᠤ ᠤᠷ᠎ᠠ ᠮᠡᠷᠭᠡᠵᠢᠯ ᠪᠣᠯᠣᠨ ᠠᠷᠠᠳ ᠤᠨ ᠵᠠᠩ ᠦᠢᠯᠡ ᠶᠢᠨ ᠰᠣᠶᠣᠯ ᠤᠨ ᠦᠨ᠎ᠡ ᠦᠷᠲᠡᠭ ᠢ ᠲᠠᠰᠤᠷᠠᠯᠲᠠ ᠦᠭᠡᠢ ᠠᠭᠤᠳᠠᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠭᠤᠯᠢᠷ ᠤᠨ ᠱᠤᠭᠤᠮᠠᠯ᠂ ᠴᠠᠭᠠᠰᠤᠨ ᠬᠠᠶᠢᠴᠢᠯᠠᠮᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ 168 ᠤᠳᠠᠭ᠎ᠠ ᠥᠷᠨᠢᠭᠦᠯᠵᠦ᠂ ᠰᠤᠷᠤᠭᠴᠢᠳ ᠤᠨ ᠣᠷᠣᠯᠴᠠᠭᠰᠠᠨ ᠬᠥᠮᠥᠨ ᠤ ᠲᠤᠭ᠎ᠠ 11500 ᠭᠠᠷᠤᠢ ᠬᠥᠮᠥᠨ ᠤᠳᠠᠭ᠎ᠠ ᠳᠤ ᠬᠦᠷᠴᠡᠢ︔︽ᠡᠮᠡᠭᠡᠯ ᠤᠨ ᠭᠠᠷ ᠤᠷᠠᠯᠠᠯ ᠤᠨ ᠰᠢᠬᠢᠷ︾ ︽ᠰᠠᠬᠢᠯᠭ᠎ᠠ ᠶᠢᠨ ᠮᠥᠩᠭᠦᠨ ᠵᠠᠰᠠᠯ︾ ︽ᠮᠣᠷᠢᠨ ᠬᠤᠭᠤᠷ ᠤᠨ ᠤᠷᠠᠯᠠᠯ︾ ᠵᠡᠷᠭᠡ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠠᠬᠢᠭᠤᠯᠵᠤ᠂ ᠵᠠᠩ ᠦᠶᠯᠡ ᠶᠢᠨ ᠰᠣᠶᠣᠯ ᠤᠨ ᠲᠠᠲᠠᠬᠤ ᠬᠦᠴᠦᠨ ᠤ ︽ᠨᠡᠷ᠎ᠡ ᠶᠢᠨ ᠬᠠᠭᠤᠳᠠᠰᠤ︾ ᠶᠢ ᠬᠡᠷᠡᠯᠳᠦᠭᠦᠯᠵᠦ᠂ ᠴᠢᠶᠣᠤ ᠵᠢᠶᠠ ᠶᠢᠨ ᠵᠡᠭᠡᠯᠢ ᠶᠢᠨ ᠣᠨᠴᠠᠯᠢᠭᠲᠤ ᠬᠤᠳᠠᠯᠳᠤᠭᠠᠨ ᠤ ᠵᠡᠭᠡᠯᠢ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢᠶᠠᠷ ᠦᠨᠡᠯᠡᠭᠳᠡᠪᠡ᠃ᠦᠨᠳᠦᠰᠦᠲᠡᠨ ᠤ ᠠᠵᠢᠯ ᠢ ᠰᠠᠶᠢᠲᠤᠷ ᠬᠢᠬᠦ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠠᠳᠦᠯᠠᠢ᠂ ᠸᠠᠩ ᠳ᠋ᠠ ᠬᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠦᠬᠦ ᠣᠷᠣᠨ ᠤ ᠬᠤᠪᠢᠰᠬᠠᠯ ᠤᠨ ᠰᠣᠶᠣᠯ ᠤᠨ ᠵᠤᠭᠠᠴᠠᠯ᠂ ᠪᠣᠬᠢᠷᠳᠤᠯ ᠦᠭᠡᠢ ᠬᠥᠳᠡᠭᠡ ᠲᠣᠰᠬᠤᠨ ᠤ ᠵᠤᠭᠠᠴᠠᠯ ᠤᠨ ᠬᠤᠶᠠᠷ ᠰᠣᠳᠣᠨ ᠵᠤᠭᠠᠴᠠᠯ ᠤᠨ ᠱᠤᠭᠤᠮ ᠢ ᠪᠠᠶᠢᠭᠤᠯᠵᠤ᠂ 1 ︱ 10 ᠰᠠᠷ᠎ᠠ ᠳᠤ᠂ ᠪᠦᠬᠦ ᠣᠷᠣᠨ ᠳᠤ ᠨᠡᠶᠢᠳᠡ 75.3 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠵᠤᠭᠠᠴᠠᠯ ᠤᠨ ᠶᠡᠷᠦᠩᠬᠡᠢ ᠣᠷᠣᠯᠭ᠎ᠠ 3301 ᠲᠦᠮᠡᠨ ᠲᠥᠭᠦᠷᠢᠭ ᠲᠤ ᠬᠦᠷᠴᠡᠢ᠃ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ︽ᠭᠤᠷᠪᠠ ᠶᠢ ᠬᠥᠳᠡᠭᠡ ᠪᠠᠭᠤᠯᠭᠠᠬᠤ︾᠂ ︽ᠪᠠᠷᠠᠭᠤᠨ ᠭᠠᠷᠠᠮ ᠤᠨ ᠬᠠᠶᠢᠷ᠎ᠠ ᠰᠡᠳᠬᠢᠯᠭᠡ ᠶᠢ ᠡᠳ᠋ᠯᠡᠬᠦ · ·ᠰᠣᠶᠣᠯ ᠤᠨ ᠳᠣᠲᠣᠨᠣ ᠶᠠᠪᠤᠯᠴᠠᠭ᠎ᠠ︾᠂ ︽ᠪᠢᠳᠡᠨ ᠤ ᠳᠤᠮᠳᠠᠳᠤ ᠶᠢᠨ ᠵᠡᠭᠦᠳᠦ ︱ ᠰᠣᠶᠣᠯ ᠢ ᠲᠦᠮᠡᠨ ᠡᠷᠦᠬᠡ ᠳᠤ ᠬᠦᠷᠭᠡᠬᠦ︾᠂ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ ᠠᠷᠠᠳ ᠲᠦᠮᠡᠨ ᠤ ᠳᠤᠮᠳᠠ ᠣᠴᠢᠭᠤᠯᠬᠤ︾ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠠᠵᠢᠯᠯᠠᠭ᠎ᠠ ᠶᠢ 100 ᠭᠠᠷᠤᠢ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ 10 ᠲᠦᠮᠡ ᠭᠠᠷᠤᠢ ᠬᠥᠮᠥᠨ ᠤᠳᠠᠭ᠎ᠠ ᠣᠷᠣᠯᠴᠠᠵᠠᠢ᠃
     ᠪᠥᠬᠦ ᠵᠢᠯ ᠳᠤ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ ᠢ 3 ᠤᠳᠠᠭ᠎ᠠ ᠬᠤᠷᠠᠯᠳᠤᠭᠤᠯᠵᠤ᠂ ᠲᠤᠷᠰᠢᠯᠭ᠎ᠠ ᠪᠠᠨ ᠳ᠋ᠦᠩᠨᠡᠨ᠂ ᠠᠰᠠᠭᠤᠳᠠᠯ ᠢ ᠵᠠᠳᠠᠯᠤᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠪᠠ᠃ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ 53 ᠤᠳᠠᠭ᠎ᠠ ᠤᠬᠠᠭᠤᠯᠤᠨ ᠲᠠᠶᠢᠯᠪᠤᠷᠢᠯᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠵᠢᠷᠭᠢᠶ᠎ᠡ ᠶᠢᠨ ᠤᠯᠠᠨ ᠨᠡᠶᠢᠲᠡ ᠶᠢᠨ ᠳ᠋ᠤᠭᠠᠷ ᠵᠡᠷᠭᠡ ᠰᠦᠯᠵᠢᠶᠡᠨ ᠤ ᠵᠠᠭᠤᠴᠢᠯᠠᠭᠤᠷ ᠤᠨ ᠬᠢᠨ ᠲᠦᠷᠦ ᠶᠢᠨ ᠪᠣᠳᠣᠯᠭ᠎ᠠ ᠶᠢᠨ ᠲᠦᠷᠦᠯ᠂ ᠮᠡᠳᠡᠯᠭᠡ ᠶᠢᠨ ᠲᠦᠷᠦᠯ ᠤᠨ ᠮᠡᠳᠡᠭᠡ ᠵᠠᠩᠭᠢ ᠶᠢᠨ ᠮᠡᠳᠡᠭᠡᠯᠡᠯ ᠢ 1000 ᠭᠠᠷᠤᠢ ᠬᠤᠪᠢ ᠨᠡᠶᠢᠲᠡᠯᠡᠵᠦ᠂ ᠲᠦᠮᠡ ᠭᠠᠷᠤᠢ ᠬᠥᠮᠥᠨ ᠤᠳᠠᠭ᠎ᠠ ᠶᠢ ᠲᠣᠪᠴᠢᠳᠠᠵᠠᠢ᠃ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠵᠡᠮᠵᠢ ᠶᠢᠨ ᠱᠤᠭ ᠵᠦᠴᠦᠭᠡ ᠶᠢ ᠪᠣᠰᠤᠭ᠎ᠠ ᠴᠣᠭᠴᠠ ᠪᠠᠷ ᠪᠦᠲᠦᠭᠡᠵᠦ᠂ LED ᠳᠡᠯᠭᠡᠴᠡ ᠶᠢ ᠠᠰᠢᠭᠯᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠶᠢᠨ 70 ᠭᠠᠷᠤᠢ ᠤᠷᠢᠶ᠎ᠠ ᠯᠣᠽᠦ᠋ᠩ ᠢ ᠦᠷᠭᠦᠯᠵᠢᠯᠡᠨ ᠨᠠᠪᠲᠠᠷᠡᠭᠦᠯᠵᠦ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ︾ ᠋ ᠢ ᠡᠭᠦᠳᠦᠨ ᠪᠠᠶᠢᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ︽ᠨᠠᠢᠮᠠ ᠪᠠᠷ ᠳᠠᠪᠰᠢᠬᠤ +N︾ ᠪᠠᠷ ᠭᠠᠷᠳᠠᠴᠠ ᠪᠣᠯᠭᠠᠵᠤ᠂ ᠦᠨᠳᠦᠰᠦᠨ ᠱᠠᠲᠤᠨ ᠳᠤ︽ᠨᠢᠭᠤᠷᠳᠠᠵᠤ︾᠂ ᠤᠯᠠᠨ ᠲᠦᠮᠡᠨ ᠤ ᠳᠤᠮᠳᠠ ᠭᠦᠨᠵᠡᠭᠡᠶᠢᠷᠡᠪᠡ᠃ᠬᠠᠤᠯᠢᠴᠢ᠂ ᠨᠠᠮ ᠤᠨ ᠰᠤᠷᠭᠠᠭᠤᠯᠢ ᠶᠢᠨ ᠯᠧᠺᠲ᠋ᠣᠷ ᠢ ᠤᠷᠢᠵᠤ ᠯᠦ ᠸᠠᠩ ᠢᠮᠠᠭᠠᠨ ᠨᠣᠯᠤᠤᠷ ᠤᠨ ᠪᠦᠯᠦᠭᠯᠡᠯ᠂ ᠨᠠᠨ ᠯᠦᠩ ᠸᠠᠩ ᠤᠨ ᠰᠦᠮ᠎ᠡ᠂ ᠹᠦ᠋ ᠱᠧᠩ ᠮᠢᠩ ᠨᠡᠶᠢᠭᠡᠮ ᠲᠣᠭᠤᠷᠢᠭ ᠵᠡᠷᠭᠡ ᠭᠠᠵᠠᠷ ᠢᠶᠠᠷ ᠣᠴᠢᠭᠤᠯᠵᠤ᠂ ᠦᠨᠳᠦᠰᠦᠲᠡᠨ ᠤ ᠲᠦᠷᠦ ᠶᠢᠨ ᠪᠣᠳᠣᠯᠭ᠎ᠠ᠂ ᠦᠨᠳᠦᠰᠦᠲᠡᠨ ᠤ ᠤᠨᠤᠯ ᠢ ᠤᠬᠠᠭᠤᠯᠤᠨ ᠲᠠᠶᠢᠯᠪᠤᠷᠢᠯᠠᠬᠤ 42 ᠲᠠᠯᠠᠪᠤᠷ ᠠᠵᠢᠯᠯᠠᠭ᠎ᠠ ᠥᠷᠨᠢᠭᠦᠯᠪᠡ︔ᠣᠷᠣᠨ ᠤ ᠬᠠᠷᠢᠶ᠎ᠠ ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠤᠨ ︽ᠦᠨᠳᠦᠰᠦᠲᠡᠨ ᠤ ᠪᠦᠯᠬᠦᠮᠳᠡᠯ ᠲᠠ ᠪᠢᠳᠡ ᠬᠤᠶᠠᠭᠤᠯᠠ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠶ᠎ᠠ︾ ᠭᠡᠬᠦ ᠭᠤᠣᠯ ᠰᠡᠳᠦᠪᠲᠦ ᠰᠢᠷᠢᠰ ᠠᠵᠢᠯᠯᠠᠭ᠎ᠠ ᠶᠢ 60 ᠭᠠᠷᠤᠢ ᠤᠳᠠᠭ᠎ᠠ ᠡᠷᠭᠢᠯᠡᠵᠦ᠂ ᠤᠬᠠᠭᠤᠯᠭ᠎ᠠ ᠬᠥᠮᠦᠵᠢᠯ ᠢ ᠵᠠᠯᠠᠭᠤᠴᠤᠳ ᠪᠠᠭᠠᠴᠤᠳ ᠤᠨ ᠰᠤᠷᠭᠠᠨ ᠬᠥᠮᠦᠵᠢᠯ᠂ ᠨᠡᠶᠢᠭᠡᠮ ᠤᠨ ᠰᠤᠷᠭᠠᠨ ᠬᠥᠮᠦᠵᠢᠯ ᠤᠨ ᠪᠥᠬᠦ ᠶᠠᠪᠤᠴᠠ᠂ ᠡᠯ᠎ᠡ ᠭᠤᠭᠴᠤᠭ᠎ᠠ ᠳᠤ ᠠᠭᠤᠰᠬᠠᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ︽ᠪᠢᠴᠢᠯ ᠠᠵᠢᠯᠯᠠᠭ᠎ᠠ︾ ᠶᠢ ᠨᠡᠶᠢᠲᠡ 1000 ᠭᠠᠷᠤᠢ ᠤᠳᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠠᠪᠰᠤᠷᠤᠨ ︽ᠪᠢᠴᠢᠯ ᠬᠦᠰᠡᠯ︾ ᠢ ᠨᠢ 500 ᠭᠠᠷᠤᠢ ᠪᠡᠶᠡᠯᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠤᠨ ᠲᠣᠰᠬᠤᠨ ᠪᠠᠯᠭᠠᠰᠤ ᠳᠤ ᠣᠴᠢᠭᠤᠯᠵᠤ᠂ ᠦᠨᠳᠦᠰᠦᠲᠡᠨ ᠤ ᠪᠦᠯᠬᠦᠮᠳᠡᠯ ᠢ ᠰᠠᠭᠤᠭᠠᠯᠢ ᠠᠷᠠᠳ ᠤᠨ ᠡᠳᠦᠷ ᠲᠤᠲᠤᠮ ᠤᠨ ᠦᠢᠯᠡᠳᠪᠦᠷᠢᠯᠡᠯ ᠠᠮᠢᠳᠤᠷᠠᠯ ᠳᠤ ᠠᠭᠤᠰᠤᠯᠴᠠᠭᠤᠯᠪᠠ᠃︽ᠴᠢᠶᠣᠤ ᠵᠢᠶᠠ ᠶᠢᠨ ᠵᠡᠭᠡᠯᠢ ᠶᠢᠨ ᠦᠨᠳᠦᠰᠦᠲᠡᠨ ᠤ ᠭᠠᠷ ᠦᠢᠯᠡᠳᠪᠦᠷᠢ ᠶᠢᠨ ᠵᠡᠭᠡᠯᠢ ᠲᠣᠭᠤᠷᠢᠭ︾᠂︽ᠪᠧᠢ ᠯᠢᠶᠠᠩ ᠤᠨ ᠳᠤᠷᠠᠰᠤᠮᠵᠢ ᠶᠢᠨ ᠦᠵᠡᠰᠬᠦᠯᠡᠩ ᠤᠨ ᠣᠷᠳᠣᠨ︾ᠵᠡᠷᠭᠡ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠳᠡᠯᠭᠡᠨ ᠦᠵᠡᠭᠦᠯᠦᠭᠰᠡᠨ ᠨᠢᠭᠡ ᠪᠦᠯᠦᠭ ᠵᠡᠭᠡᠯᠢ ᠲᠣᠭᠤᠷᠢᠭ ᠵᠢᠴᠢ ᠲᠠᠯᠠᠪᠤᠷ ᠭᠠᠵᠠᠷ ᠤᠯᠠᠮ ᠴᠢᠨᠠᠭᠰᠢᠳᠠ ᠬᠥᠭᠵᠢᠪᠡ᠃ ︽ᠭᠤᠷᠪᠠ ᠠᠴᠠ ᠰᠠᠯᠵᠤ ᠴᠢᠳᠠᠬᠤ ᠦᠭᠡᠢ︾᠂︽ᠲᠠᠪᠤ ᠶᠢ ᠮᠡᠳᠡᠷᠡᠨ ᠵᠥᠪᠰᠢᠶᠡᠷᠡᠬᠦ︾ᠦᠵᠡᠯ ᠰᠠᠨᠠᠭ᠎ᠠ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠳᠤ ᠭᠦᠨ ᠬᠠᠳᠠᠩᠰᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠤ ᠰᠢᠨ᠎ᠡ ᠪᠠᠶᠢᠳᠠᠯ ᠢ ᠡᠭᠦᠳᠴᠡᠢ᠃ᠬᠠᠤᠯᠢ ᠶᠣᠰᠣᠭᠠᠷ ᠳᠡᠭᠡᠭᠰᠢᠯᠡᠭᠦᠯᠬᠦ ᠶᠢ ᠪᠠᠷᠢᠮᠲᠠᠯᠠᠬᠤ ᠬᠡᠷᠡᠭᠲᠡᠢᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠴᠢᠳᠠᠪᠤᠷᠢ
     ︽ᠤᠯᠠᠭᠠᠨ ᠠᠨᠠᠷ︾  ᠤᠨ ᠠᠯᠪᠠᠨ ᠲᠤᠰᠢᠶᠠᠯ ᠲᠠᠢ ᠬᠠᠤᠯᠢᠴᠢ ᠶᠢᠨ ᠪᠦᠯᠬᠦᠮ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠵᠤ᠂ ᠦᠨᠳᠦᠰᠦᠲᠡᠨ ᠨᠦᠭᠦᠳ ᠤᠨ ᠪᠦᠯᠬᠦᠮᠳᠡᠵᠦ ᠡᠷᠡᠯᠬᠡᠭᠯᠡᠨ ᠤᠷᠤᠭᠰᠢᠯᠠᠬᠤ ᠶᠢᠨ ᠬᠠᠤᠯᠢᠵᠢᠯ ᠤᠨ ᠰᠠᠭᠤᠷᠢ ᠶᠢ ᠲᠠᠰᠤᠷᠠᠯᠳᠡ ᠦᠭᠡᠢ ᠪᠠᠲᠤᠳᠬᠠᠪᠠ᠃︽ᠦᠨᠳᠦᠰᠦᠲᠡᠨ ᠤ ᠪᠠᠭᠠᠲᠤᠷᠴᠤᠳ ᠤᠨ ᠦᠯᠢᠭᠡᠷ ᠤᠨ ᠬᠤᠷᠠᠯ︾ ᠢ ᠰᠢᠭᠤᠳ ᠨᠡᠪᠲᠡᠷᠡᠭᠦᠯᠬᠦ ᠠᠵᠢᠯᠯᠠᠭ᠎ᠠ ᠶᠢ ᠥᠷᠨᠢᠭᠦᠯᠵᠦ᠂ ᠦᠯᠢᠭᠡᠷ ᠢ ᠬᠤᠪᠢᠶᠠᠯᠴᠠᠬᠤ ᠪᠠᠷ ᠳᠠᠮᠵᠢᠭᠤᠯᠵᠤ᠂ ᠵᠠᠯᠠᠭᠤᠴᠤᠳ ᠪᠠᠭᠠᠴᠤᠳ ᠲᠤ ᠰᠤᠷᠤᠯᠴᠠᠬᠤ ᠦᠯᠢᠭᠡᠷ ᠳᠠᠭᠤᠷᠢᠶᠠᠯ ᠢ ᠪᠤᠢ ᠪᠣᠯᠭᠠᠵᠤ᠂ ᠥᠷᠭᠡᠨ ᠤᠯᠠᠨ ᠲᠦᠮᠡᠨ ᠤ ᠪᠠᠭᠠᠲᠤᠷ ᠵᠢᠱᠢᠶᠡᠴᠢ ᠬᠥᠮᠥᠰ ᠤᠨ ᠲᠡᠷᠢᠭᠦᠨ ᠤ ᠦᠢᠯᠡ ᠠᠵᠢᠯᠯᠠᠭ᠎ᠠ ᠪᠣᠯᠣᠨ ᠡᠷᠬᠢᠮ ᠳᠡᠭᠡᠳᠦ ᠵᠠᠩ ᠴᠢᠨᠠᠷ ᠢ ᠰᠤᠷᠤᠯᠴᠠᠬᠤ ᠶᠢ ᠬᠥᠲᠥᠯᠥᠨ ᠵᠢᠯᠣᠭᠤᠳᠤᠨ᠎ᠠ᠃︽ᠦᠨᠳᠦᠰᠦᠲᠡᠨ ᠤ ᠮᠡᠳᠡᠯᠭᠡ ᠶᠢᠨ ᠪᠠᠭ᠎ᠠ ᠬᠢᠴᠢᠶᠡᠯ ᠤᠨ ᠲᠠᠩᠬᠢᠮ︾ ᠤᠨ ᠰᠢᠭᠤᠳ ᠨᠡᠪᠲᠡᠷᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠣᠶ ᠪᠣᠯᠭᠠᠬᠤ︾ ᠭᠦᠨ ᠭᠦᠨᠵᠡᠭᠡᠢ ᠠᠭᠤᠯᠤᠭᠳᠠᠬᠤᠨ ᠢ ᠲᠠᠶᠢᠯᠪᠤᠷᠢᠯᠠᠨ ᠥᠭᠴᠦ᠂ ᠥᠷᠭᠡᠨ ᠣᠯᠠᠨ ᠲᠦᠮᠡᠨ ᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠬᠠᠢ ᠣᠶᠢᠯᠠᠭᠠᠯᠲᠠ ᠪᠠ ᠮᠡᠳᠡᠷᠡᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠳᠠᠶᠠᠭᠠᠷ ᠲᠤ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1