ᠪᠤᠭᠤᠲᠤ ᠪᠠᠨ ᠬᠠᠶᠢᠷᠠᠯᠠᠵᠤ᠂ ᠳ᠋ᠦᠩ ᠾᠧ ᠲᠣᠭᠤᠷᠢᠭ ᠲᠤ ᠬᠤᠪᠢ ᠨᠡᠮᠡᠷᠢ ᠦᠵᠡᠭᠦᠯᠦᠨ᠎ᠡ᠄ ︽ᠲᠣᠭᠲᠠᠭᠤᠨ︾ᠬᠦᠴᠦᠨ ᠢᠶᠠᠨ ᠲᠥᠪᠯᠡᠷᠡᠭᠦᠯᠵᠦ ᠪᠠᠶᠢᠭᠠᠳ ᠠᠵᠢᠯ ᠣᠯᠭᠤᠯᠲᠠ ᠶᠢᠨ︽ᠰᠠᠭᠤᠷᠢ ᠴᠢᠯᠠᠭᠤ︾  ᠶᠢ ᠪᠠᠲᠤᠳᠬᠠᠨ᠎ᠠ
ᠨᠡᠶᠢᠲᠡᠯᠡᠭᠰᠡᠨ ᠴᠠᠭ᠄
2023/1/13
       ᠨᠢᠭᠡ ᠪᠦᠯᠦᠭ ᠲᠤᠭ᠎ᠠ ᠪᠠᠷᠢᠮᠲᠠ ᠳᠤ᠂ ᠳ᠋ᠦᠩ ᠾᠧ ᠲᠣᠭᠤᠷᠢᠭ ᠤᠨ ᠠᠵᠢᠯ ᠣᠯᠭᠤᠯᠲᠠ ᠶᠢᠨ︽ᠲᠣᠭᠲᠠᠭᠤᠨ︾ᠰᠠᠶᠢᠨ ᠰᠠᠶᠢᠬᠠᠨ ᠪᠠᠶᠢᠳᠠᠯ ᠢ ᠢᠯᠡᠷᠡᠭᠦᠯᠵᠡᠢ᠄ 2022 ᠣᠨ ᠳᠤ᠂ ᠪᠦᠬᠦ ᠣᠷᠣᠨ ᠤ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠣᠭᠰᠠᠨ ᠬᠥᠮᠥᠨ ᠤ ᠲᠤᠭ᠎ᠠ 10740 ᠪᠣᠯᠵᠤ᠂ ᠠᠵᠢᠯ ᠣᠯᠬᠤ ᠳᠤ ᠬᠦᠴᠢᠷᠲᠡᠢ 5533 ᠬᠥᠮᠥᠨ ᠳᠤ ᠲᠠᠬᠢᠨ ᠠᠵᠢᠯ ᠣᠯᠭᠤᠵᠤ᠂ ᠬᠥᠳᠡᠭᠡ ᠲᠣᠰᠬᠤᠨ ᠤ 13970 ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠵᠠᠢ᠃      ᠡᠨᠡ ᠵᠢᠯ ᠠᠴᠠ ᠨᠠᠰᠢ᠂ ᠳ᠋ᠦᠩ ᠡᡁᠸ ᠲᠣᠭᠤᠷᠢᠭ ᠤᠨ ᠬᠢᠨ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ᠂ ᠬᠠᠷᠠᠯᠲᠠ ᠲᠠᠢ ᠪᠠᠷ ᠬᠦᠴᠦᠯᠡᠬᠦ ᠪᠠᠷ ᠳᠠᠮᠵᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠷᠢᠯᠢᠭ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠵᠢᠯ ᠣᠯᠭᠤᠯᠲᠠ ᠶᠢ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢᠨ ᠳᠤᠯᠠᠭᠠᠴᠠ ᠶᠢᠨ ᠬᠡᠮᠵᠢᠭᠦᠷ᠂ ᠨᠡᠶᠢᠭᠡᠮ ᠤᠨ ᠲᠣᠭᠲᠠᠭᠤᠨ ᠤ ᠰᠠᠭᠤᠷᠢ ᠪᠣᠯᠭᠠᠵᠤ᠂ ᠠᠵᠢᠯ ᠣᠯᠭᠤᠯᠲᠠ ᠶᠢᠨ ᠲᠣᠭᠲᠠᠭᠤᠨ ᠢᠶᠠᠷ ᠠᠵᠤ ᠠᠬᠤᠢ ᠶᠢᠨ ᠲᠣᠭᠲᠠᠭᠤᠨ᠂ ᠨᠡᠶᠢᠭᠡᠮ ᠤᠨ ᠲᠣᠭᠲᠠᠭᠤᠨ᠂ ᠬᠥᠮᠥᠰ ᠤᠨ ᠰᠡᠳᠬᠢᠯ ᠤᠨ ᠲᠣᠭᠲᠠᠭᠤᠨ ᠢ ᠠᠬᠢᠭᠤᠯᠪᠠ᠃ᠲᠠᠪᠴᠠᠩ ᠪᠠᠶᠢᠭᠤᠯᠬᠤᠠᠵᠢᠯ ᠣᠯᠭᠤᠯᠲᠠ ᠳᠤ ︽ᠳᠠᠷᠤᠯᠲᠠ ᠦᠭᠡᠢ︾      ᠲᠦᠷᠦᠭᠦᠬᠡᠨ᠂ 45 ᠨᠠᠰᠤᠲᠠᠢ ᠵᠣᠣ ᠬᠤᠶ ᠰᠢᠶᠠᠨ ᠳ᠋ᠦᠩ ᠾᠧ ᠲᠣᠭᠤᠷᠢᠭ ᠤᠨ ᠠᠵᠢᠯᠲᠠᠨ ᠡᠯᠰᠡᠬᠦ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ ᠠᠵᠢᠯᠯᠠᠭ᠎ᠠ ᠪᠠᠷ ᠳᠡᠮᠵᠢᠨ ᠨᠢᠭᠡᠨ ᠶᠤᠸᠠᠢ ᠽᠢ ᠲᠥᠪ ᠲᠤ ᠠᠵᠢᠯ ᠣᠯᠣᠭᠰᠠᠨ ᠪᠠᠶᠢᠨ᠎ᠠ᠃ ︽ᠪᠢ ᠡᠳᠦᠷ ᠪᠦᠷᠢ ᠥᠷᠯᠥᠭᠡ  ᠶᠢᠨ 8 ᠴᠠᠭ  ᠠᠴᠠ ᠣᠷᠣᠢ  ᠶᠢᠨ 7 ᠴᠠᠭ ᠪᠣᠯᠲᠠᠯ᠎ᠠ ᠠᠵᠢᠯᠯᠠᠳᠠᠭ᠂ ᠡᠳᠦᠷ ᠤᠨ ᠴᠠᠯᠢᠩ 150 ᠲᠥᠭᠦᠷᠢᠭ ᠣᠷᠴᠢᠮ᠂ ᠠᠵᠢᠯᠯᠠᠬᠤ ᠴᠠᠭ ᠪᠣᠯᠣᠨ ᠬᠠᠷᠠᠭᠠᠯᠵᠠᠯ ᠳᠤ ᠪᠢ ᠮᠠᠰᠢ ᠬᠠᠨᠤᠮᠵᠢᠲᠠᠶ ᠪᠠᠶᠢᠨ᠎ᠠ︾᠃ ᠣᠶᠢᠯᠠᠭᠠᠭᠰᠠᠨ ᠢᠶᠠᠷ᠂ ᠡᠨᠡ ᠬᠦ ᠠᠵᠢᠯᠯᠠᠭ᠎ᠠ ᠶᠢ ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠬᠡᠯᠪᠡᠷᠢ ᠪᠠᠷ ᠣᠯᠠᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠮᠢᠩᠭ᠎ᠠ ᠭᠠᠷᠤᠢ ᠠᠵᠢᠯ ᠤᠨ ᠪᠠᠶᠢᠷᠢ ᠲᠠᠨᠢᠯᠴᠠᠭᠤᠯᠵᠤ᠂ ᠠᠵᠢᠯ ᠣᠯᠬᠤ ᠳᠤ ᠬᠦᠴᠢᠷᠲᠡᠢ ᠵᠡᠷᠭᠡ ᠬᠠᠮᠲᠤᠯᠢᠭ ᠢ ᠬᠠᠪᠰᠤᠷᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ ᠪᠡᠶᠡᠯᠡᠭᠦᠯᠵᠡᠢ᠃
     ᠬᠥᠳᠡᠯᠮᠦᠷᠢᠴᠢᠳ ᠤᠨ ᠠᠵᠢᠯ ᠣᠯᠬᠤ ᠳᠤ ᠬᠦᠴᠢᠷ ᠪᠠᠶᠢᠬᠤ ᠪᠠ ᠬᠥᠮᠥᠨ ᠬᠡᠷᠡᠭᠯᠡᠬᠦ ᠨᠢᠭᠡᠴᠡ ᠶᠢᠨ ᠠᠵᠢᠯᠴᠢᠨ ᠡᠯᠰᠡᠬᠦ ᠳᠤ ᠬᠦᠴᠢᠷ ᠪᠠᠶᠢᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠬᠤᠳᠠ ᠬᠥᠳᠡᠭᠡ ᠶᠢᠨ ᠬᠥᠳᠡᠯᠮᠦᠷᠢᠴᠢᠳ ᠤᠨ ᠤᠨᠢᠨ ᠳᠡᠭᠡᠷ᠎ᠡ ᠨᠢ ᠠᠵᠢᠯ ᠣᠯᠬᠤ ᠶᠢ ᠠᠬᠢᠭᠤᠯᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ 2022 ᠣᠨ ᠤ ᠠᠵᠢᠯ ᠣᠯᠬᠤ ᠦᠢᠯᠡᠰ ᠪᠣᠰᠬᠠᠬᠤ︽ᠬᠤᠶᠠᠷ ᠢ ᠡᠷᠢᠵᠦ ᠬᠤᠶᠠᠷ ᠢ ᠵᠠᠬᠢᠶᠠᠯᠠᠬᠤ︾ᠦᠢᠯᠡᠴᠢᠯᠡᠭᠡᠨ ᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠦᠢᠯᠡᠰ ᠪᠣᠰᠬᠠᠬᠤ ᠬᠦᠰᠡᠯ ᠲᠠᠢ ᠰᠠᠭᠤᠭᠠᠯᠢ ᠠᠷᠠᠳ ᠲᠤ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠤᠬᠠᠭᠤᠯᠤᠨ ᠲᠠᠶᠢᠯᠪᠤᠷᠢᠯᠠᠵᠤ᠂ ᠠᠵᠢᠯ ᠣᠯᠬᠤ ᠦᠢᠯᠡᠰ ᠪᠣᠰᠬᠠᠬᠤ ᠨᠥᠬᠦᠪᠦᠷᠢ ᠵᠡᠷᠭᠡ ᠲᠦᠷᠦ ᠶᠢᠨ ᠪᠣᠳᠣᠯᠭ᠎ᠠ ᠶᠢᠨ ᠪᠡᠯᠡᠭ ᠬᠦᠷᠭᠡᠵᠦ᠂ ᠴᠠᠭ ᠨᠢ ᠠᠮᠢᠳᠤᠯᠢᠭ᠂ ᠬᠡᠯᠪᠡᠷᠢ ᠨᠢ ᠤᠯᠠᠨ ᠶᠠᠩᠵᠤ ᠶᠢᠨ ᠪᠣᠯᠪᠠᠰᠤᠷᠠᠯ ᠤᠨ ᠦᠢᠯᠡᠴᠢᠯᠡᠭᠡ ᠬᠠᠩᠭᠠᠪᠠ᠃︽ᠦᠢᠯᠡᠰ ᠪᠣᠰᠬᠠᠬᠤ ᠪᠣᠯᠪᠠᠰᠤᠷᠠᠯ ᠮᠠᠰᠢ ᠶᠡᠭᠡ ᠬᠠᠨᠳᠤᠯᠭᠠᠲᠤ ᠴᠢᠨᠠᠷ ᠲᠠᠢ᠂ ᠪᠢ ᠮᠠᠰᠢ ᠤᠯᠠᠨ ᠶᠠᠭᠤᠮ᠎ᠠ ᠣᠯᠵᠤ ᠰᠤᠷᠴᠠᠢ᠂ ᠣᠳᠣᠬᠠᠨ ᠳᠤ ᠪᠢ ᠨᠢᠭᠡᠨᠲᠡ ᠥᠪᠡᠷ ᠤᠨ ᠠᠵᠢᠯᠯᠠᠬᠤ ᠦᠷᠦᠭᠡ ᠪᠠᠨ ᠡᠭᠦᠳᠦᠨ ᠪᠠᠶᠢᠭᠤᠯᠪᠠ᠂ ᠮᠢᠨᠤ ᠦᠢᠯᠡᠰ ᠪᠣᠰᠬᠠᠬᠤ ᠬᠦᠰᠡᠯ ᠴᠦ ᠡᠭᠦᠨ ᠠᠴᠠ ᠡᠬᠢᠯᠡᠵᠡᠢ︾᠃ ᠵᠠᠰᠠᠭ ᠤᠨ ᠣᠷᠳᠣᠨ ᠤ ᠬᠠᠩᠭᠠᠭᠰᠠᠨ ᠪᠣᠯᠪᠠᠰᠤᠷᠠᠭᠤᠯᠤᠯ ᠤᠨ ᠲᠤᠬᠠᠢ ᠶᠠᠷᠢᠬᠤ ᠳᠤ᠂ ᠭᠡᠵᠦ ᠰᠠᠭᠤᠭᠠᠯᠢ ᠠᠷᠠᠳ ᠸᠠᠩ ᠬᠤᠢ ᠮᠢᠨ ᠢᠯᠡᠳᠬᠡᠪᠡ᠃      ︽ᠣᠶᠢᠷ᠎ᠠ ᠶᠢᠨ ᠵᠢᠯ ᠤᠳ ᠲᠤ᠂ ᠪᠢᠳᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠭᠰᠠᠨ ᠪᠣᠰᠤᠭ᠎ᠠ ᠴᠣᠭᠴᠠᠲᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠰᠦᠯᠵᠢᠶᠡᠨ ᠳᠡᠭᠡᠷ᠎ᠡ ᠲᠣᠮᠣ ᠳ᠋ᠠᠶᠢᠲ᠋ᠠ ᠳᠤ ᠲᠦᠰᠢᠭᠯᠡᠨ᠂︿ᠠᠵᠢᠯ ᠣᠯᠭᠤᠯᠲᠠ ᠶᠢᠨ ᠬᠡᠳᠦ ᠳᠡᠯᠭᠡᠭᠦᠷ﹀︿ᠡᠳᠦᠷ ᠤᠨ ᠬᠦᠴᠦᠨ ᠤ ᠵᠠᠬ᠎ᠠ ᠳᠡᠯᠭᠡᠭᠦᠷ﹀ᠵᠡᠷᠭᠡ ᠠᠵᠢᠯ ᠡᠷᠢᠵᠦ ᠤᠷᠢᠬᠤ ᠠᠷᠭ᠎ᠠ ᠬᠡᠯᠪᠡᠷᠢ ᠶᠢ ᠬᠡᠷᠡᠭᠵᠢᠭᠦᠯᠵᠦ᠂ ᠰᠦᠯᠵᠢᠶᠡᠨ ᠭᠠᠳᠠᠨ᠎ᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ︿ᠠᠵᠢᠯ ᠣᠯᠭᠤᠯᠲᠠ ᠶᠢ ᠲᠤᠰᠠᠯᠠᠬᠤ ᠰᠠᠷ᠎ᠠ﹀︿ᠬᠠᠪᠤᠷ ᠤᠨ ᠰᠠᠯᠬᠢᠨ ᠤ ᠠᠵᠢᠯᠯᠠᠭ᠎ᠠ﹀︿ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ﹀ᠵᠡᠷᠭᠡ ᠰᠢᠷᠢᠰ ᠲᠤᠰᠬᠠᠢ ᠲᠠᠯᠠᠪᠤᠷ ᠤᠨ ᠤᠷᠢᠬᠤ ᠠᠵᠢᠯᠯᠠᠭ᠎ᠠ ᠶᠢ ᠡᠷᠬᠢᠯᠡᠵᠦ᠂ ᠥᠷᠨᠢᠭᠦᠨ ᠬᠥᠭᠵᠢᠭᠰᠡᠨ︿ᠡᠭᠦᠯᠡᠨ﹀ ᠤ ᠤᠷᠢᠬᠤ ᠵᠠᠭᠪᠤᠷ ᠪᠣᠯᠣᠨ ᠲᠤᠬᠠᠢ ᠶᠢᠨ ᠲᠠᠯᠠᠪᠤᠷ ᠤᠨ ᠤᠷᠢᠬᠤ ᠴᠤᠭᠯᠠᠭᠠᠨ ᠨᠢ ᠨᠢᠭᠡᠨᠲᠡ ᠠᠵᠢᠯ ᠣᠯᠭᠤᠯᠲᠠ ᠶᠢ ᠠᠬᠢᠭᠤᠯᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ 2022 ᠣᠨ ᠳᠤ ᠨᠡᠶᠢᠳᠡ 45 ᠲᠠᠯᠠᠪᠤᠷ ᠤᠷᠢᠬᠤ ᠠᠵᠢᠯᠯᠠᠭ᠎ᠠ ᠶᠢ ᠥᠷᠨᠢᠭᠦᠯᠵᠦ᠂ 28867 ᠠᠵᠢᠯ ᠤᠨ ᠪᠠᠶᠢᠷᠢ ᠬᠠᠩᠭᠠᠵᠠᠢ︾ᠭᠡᠵᠦ ᠬᠡᠯᠡᠪᠡ᠃ ᠭᠡᠵᠦ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠬᠥᠮᠥᠨ ᠤ ᠬᠦᠴᠦᠨ ᠤ  ᠬᠠᠷᠢᠭᠤᠴᠠᠯᠭᠠᠲᠠᠨ ᠢᠯᠡᠳᠬᠡᠪᠡ᠃ᠤᠨᠢᠨ ᠳᠡᠭᠡᠷ᠎ᠡ ᠨᠢ ᠠᠶᠠᠯᠠᠯ ᠢ ᠬᠠᠮᠠᠭᠠᠯᠠᠬᠤᠠᠳᠠᠯ ᠦᠢᠯᠡᠰ ᠴᠣᠭᠴᠠᠯᠠᠬᠤ ᠳᠤ ︽ᠪᠠᠲᠤᠯᠠᠭ᠎ᠠ ᠲᠠᠢ︾      ︽ᠡᠨᠡᠬᠦ ᠵᠢᠭᠡᠯᠡᠯᠭᠡ  ᠶᠢ ᠦᠨᠡᠬᠡᠷ ᠴᠠᠭ ᠲᠠᠭᠠᠨ ᠣᠯᠵᠤ ᠠᠪᠴᠠᠢ᠂ ᠺᠣᠮᠫᠠᠨᠢ  ᠶᠢᠨ ᠡᠵᠡᠩᠨᠡᠯᠲᠡ  ᠶᠢᠨ ᠬᠡᠪᠴᠢᠶ᠎ᠡ  ᠶᠢ ᠥᠷᠭᠡᠳᠬᠡᠭᠰᠡᠨ  ᠢᠶᠠᠷ ᠪᠠᠷᠠᠬᠤ ᠦᠭᠡᠢ᠂ ᠦᠢᠯᠡᠳᠪᠦᠷᠢᠯᠡᠯ ᠤᠨ ᠲᠥᠬᠦᠭᠡᠷᠦᠮᠵᠢ  ᠶᠢ ᠴᠦ ᠰᠢᠨᠡᠳᠬᠡᠨ ᠰᠣᠯᠢᠵᠤ ᠪᠠᠶᠢᠨ᠎ᠠ᠂ ᠣᠳᠣ ᠡᠨᠡ ᠵᠢᠭᠡᠯᠡᠯᠭᠡ  ᠶᠢ ︿ᠡᠮᠬᠢ ᠵᠢᠷᠤᠮ  ᠲᠠᠢ﹀ ᠪᠣᠯᠭᠠᠵᠤ ᠪᠠᠶᠢᠨ᠎ᠠ  ︾ ᠯᠢ ᠰᠢᠸ ᠷᠦᠩ ᠲᠡᠮᠦᠷᠯᠢᠭ ᠲᠤᠨᠤᠭ ᠪᠣᠯᠪᠠᠰᠤᠷᠠᠭᠤᠯᠬᠤ ᠺᠣᠮᠫᠠᠨᠢ ᠶᠢ ᠡᠵᠡᠩᠨᠡᠵᠦ ᠪᠤᠢ᠂ 2021 ᠣᠨ ᠳᠤ ᠠᠵᠢᠯ ᠣᠯᠭᠤᠬᠤ ᠰᠠᠯᠠᠭ᠎ᠠ ᠮᠥᠴᠢᠷ ᠠᠴᠠ 110 ᠲᠦᠮᠡᠨ ᠲᠥᠭᠦᠷᠢᠭ ᠤᠨ ᠬᠦᠦ ᠮᠥᠩᠭᠦ ᠳᠠᠭᠠᠭᠤᠯᠵᠤ ᠥᠭᠬᠦ ᠵᠢᠭᠡᠯᠡᠯᠭᠡ ᠭᠤᠶᠤᠴᠢᠯᠠᠭᠰᠠᠨ ᠤ ᠲᠠᠷᠠᠭ᠎ᠠ᠂ ᠡᠨᠡ ᠵᠢᠯ ᠪᠠᠰᠠ ᠨᠢᠭᠡ ᠤᠳᠠᠭ᠎ᠠ 300 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠣᠯᠬᠤ ᠪᠠᠷ ᠭᠤᠶᠤᠴᠢᠯᠠᠵᠠᠢ᠃ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ ᠤ ᠤᠳᠠᠭ᠎ᠠ ᠪᠦᠷᠢ ᠶᠢᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠨᠢ ᠲᠡᠭᠦᠨ ᠤ ᠰᠡᠳᠬᠢᠯ ᠢ ᠶᠡᠬᠡᠳᠡ ᠳᠣᠭᠳᠣᠯᠤᠭᠤᠯᠵᠤ᠄︽ᠦᠢᠯᠡᠰ ᠪᠣᠰᠬᠠᠬᠤ ᠶᠠᠪᠤᠴᠠ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠰᠠᠯᠠᠭ᠎ᠠ ᠮᠥᠴᠢᠷ ᠠᠴᠠ ᠨᠠᠳᠠ ᠳᠤ ᠮᠠᠰᠢ ᠤᠯᠠᠨ ᠬᠠᠪᠰᠤᠷᠤᠯᠭ᠎ᠠ ᠳᠡᠮᠵᠢᠯᠭᠡ ᠦᠵᠡᠭᠦᠯᠵᠦ᠂ ᠮᠢᠨᠤ ᠺᠣᠮᠫᠠᠨᠢ ᠶᠢᠨ ᠬᠥᠭᠵᠢᠯᠲᠡ ᠶᠢᠨ ᠲᠤᠬᠠᠢ ᠢᠲᠡᠭᠡᠯ ᠢ ᠨᠡᠮᠡᠭᠳᠡᠭᠦᠯᠵᠡᠢ︾ᠭᠡᠵᠦ ᠬᠡᠯᠡᠪᠡ᠃
     ᠠᠳᠠᠯ ᠦᠢᠯᠡᠰ ᠴᠣᠭᠴᠠᠯᠠᠭᠴᠢ ᠮᠠ ᠶᠦᠩ ᠪᠣᠯ ᠳ᠋ᠦᠩ ᠾᠧ ᠲᠣᠭᠤᠷᠢᠭ ᠤᠨ ᠠᠳᠠᠯ ᠦᠢᠯᠡᠰ ᠴᠣᠭᠴᠠᠯᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠴᠢ ᠶᠢᠨ ᠨᠢᠭᠡ ᠪᠣᠯᠣᠨ᠎ᠠ᠃2022 ᠣᠨ ᠤ 1 ᠰᠠᠷ᠎ᠠ ᠳᠤ᠂ ᠮᠠ ᠶᠦᠩ ᠳ᠋ᠦᠩ ᠾᠧ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠤᠨ ᠣᠶᠤᠲᠠᠳ ᠤᠨ ᠦᠢᠯᠡᠰ ᠪᠣᠰᠬᠠᠬᠤ ᠨᠡᠪᠴᠢᠭᠦᠯᠬᠦ ᠰᠠᠭᠤᠷᠢᠨ ᠳᠤ ᠣᠷᠣᠵᠤ᠂ ᠤᠳᠠᠯ ᠦᠭᠡᠢ ᠠᠳᠡ ᠠᠴᠠ ᠠᠮᠢᠳᠤᠷᠠᠯ ᠤᠨ ᠠᠩᠬᠠᠨ ᠤ ᠮᠥᠩᠭᠦ ᠣᠯᠪᠠ᠃ᠰᠠᠭᠤᠷᠢᠨ ᠭᠠᠵᠠᠷ ᠤᠨ ᠦᠢᠯᠡᠴᠢᠯᠡᠭᠡ ᠶᠢ ᠳᠤᠷᠠᠳᠬᠤ ᠳᠤ᠂ ᠮᠠ ᠶᠦᠩ᠄︽ᠠᠳᠡ ᠰᠦᠢᠳᠬᠡᠯ ᠬᠤᠷᠢᠶᠠᠬᠤ ᠦᠭᠡᠢ ᠠᠯᠪᠠᠯᠠᠬᠤ ᠭᠠᠵᠠᠷ ᠪᠠ ᠤᠰᠤᠨ ᠴᠠᠬᠢᠯᠭᠠᠨ ᠲᠠᠢ᠂ ᠪᠠᠰᠠ ᠲᠣᠭᠲᠠᠭᠰᠠᠨ ᠬᠤᠭᠤᠴᠠᠭ᠎ᠠ ᠲᠠᠢ ᠪᠠᠷ ᠦᠢᠯᠡᠰ ᠪᠣᠰᠬᠠᠬᠤ ᠦᠢᠯᠡᠴᠢᠯᠡᠭᠡᠨ ᠤ ᠵᠢᠯᠣᠭᠤᠳᠤᠯᠭ᠎ᠠ ᠬᠠᠩᠭᠠᠵᠤ᠂ ᠨᠠᠳᠠ ᠳᠤ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠭᠤᠶᠤᠴᠢᠯᠠᠵᠤ᠂ ᠨᠠᠳᠠ ᠳᠤ︿ᠲᠠᠨ ᠤ ᠰᠠᠨᠠᠭᠠᠨ ᠳᠤ ᠬᠦᠷᠬᠦ ᠶᠢ ᠪᠠᠲᠤᠯᠠᠬᠤ﹀ᠡᠵᠡᠩᠨᠡᠯᠲᠡ ᠶᠢᠨ ᠣᠷᠴᠢᠨ ᠲᠣᠭᠤᠷᠢᠨ ᠤ ᠲᠦᠷᠦᠯ ᠲᠡᠮᠳᠡᠭ ᠢ ᠦᠨᠡᠨᠬᠦ ᠮᠡᠳᠡᠷᠡᠭᠦᠯᠵᠡᠢ︾ᠭᠡᠵᠦ ᠮᠠᠭᠲᠠᠨ ᠰᠠᠶᠢᠰᠢᠶᠠᠪᠠ᠃      ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠥᠷᠨᠢᠭᠦᠯᠬᠦ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ︽ᠵᠢᠩᠬᠢᠨᠢ ᠠᠯᠲᠠ ᠮᠥᠩᠭᠦ︾ ᠭᠠᠷᠭᠠᠵᠤ ᠨᠠᠩ ᠣᠯᠠᠨ ᠠᠳᠠᠯ ᠦᠢᠯᠡᠰ ᠴᠣᠭᠴᠠᠯᠠᠭᠴᠢ ᠶᠢ ᠲᠡᠳᠬᠦᠨ ᠳᠡᠮᠵᠢᠵᠦ᠂ 2022 ᠣᠨ ᠳᠤ 142 ᠠᠳᠠᠯ ᠦᠢᠯᠡᠰ ᠴᠣᠭᠴᠠᠯᠠᠭᠴᠢ ᠳᠤ 6444 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠵᠤ᠂ 576 ᠠᠵᠤ ᠠᠬᠤᠶᠢᠯᠠᠯ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ ᠰᠠᠭᠤᠷᠢᠨ ᠭᠠᠵᠠᠷ ᠲᠤ ᠣᠷᠣᠵᠤ᠂ ᠠᠳᠠᠯ ᠦᠢᠯᠡᠰ ᠴᠣᠭᠴᠠᠯᠠᠭᠰᠠᠨ ᠪᠠ ᠠᠵᠢᠯ ᠣᠯᠭᠤᠯᠲᠠ ᠶᠢ ᠳᠠᠶᠢᠴᠢᠯᠠᠭᠰᠠᠨ 3082 ᠬᠥᠮᠥᠨ ᠢ ᠰᠢᠩᠭᠡᠬᠡᠨ ᠠᠪᠴᠠᠢ᠃ᠠᠵᠤ ᠠᠬᠤᠶᠢᠯᠠᠯ ᠳᠤ ᠠᠰᠢᠭ ᠬᠦᠷᠲᠡᠭᠡᠵᠦ ᠠᠵᠢᠯ ᠤᠨ ᠠᠵᠤ ᠠᠬᠤᠶᠢᠯᠠᠯᠠᠷᠭ᠎ᠠ ᠬᠡᠮᠵᠢᠶ᠎ᠡ ᠶᠢᠨ ᠲᠠᠯ᠎ᠠ ᠪᠠᠷ ᠬᠠᠲᠠᠭᠤ ᠴᠢᠩᠭ᠎ᠠ ᠠᠷᠭ᠎ᠠ ᠬᠡᠮᠵᠢᠶ᠎ᠡ ᠠᠪᠴᠤ ᠪᠠᠶᠢᠨ᠎ᠠ      ︽2020 ᠣᠨ  ᠠᠴᠠ ᠣᠳᠣ ᠪᠣᠯᠲᠠᠯ᠎ᠠ᠂ ᠺᠣᠮᠫᠠᠨᠢ ᠭᠤᠷᠪᠠᠨ ᠵᠢᠯ ᠳᠤ ᠨᠡᠶᠢᠲᠡ 140 ᠭᠠᠷᠤᠢ ᠲᠦᠮᠡᠨ ᠲᠥᠭᠦᠷᠢᠭ ᠤᠨ ᠠᠵᠢᠯ ᠤᠨ ᠪᠠᠶᠢᠷᠢ  ᠶᠢ ᠲᠣᠭᠲᠠᠪᠤᠷᠢᠵᠢᠭᠤᠯᠤᠨ ᠪᠤᠴᠠᠭᠠᠬᠤ ᠨᠥᠬᠦᠪᠦᠷᠢ ᠣᠯᠵᠤ᠂ ᠺᠣᠮᠫᠠᠨᠢ  ᠶᠢᠨ ᠠᠵᠢᠯᠲᠠᠨ  ᠢ ᠬᠠᠰᠤᠬᠤ ᠦᠭᠡᠢ᠂ ᠴᠠᠯᠢᠩ  ᠢ ᠪᠠᠭᠤᠷᠠᠭᠤᠯᠬᠤ ᠦᠭᠡᠢ᠂ ᠪᠦᠯᠬᠦᠮ ᠨᠡᠶᠢᠲᠡ  ᠶᠢ ᠲᠣᠭᠲᠠᠪᠤᠷᠢᠵᠢᠭᠤᠯᠬᠤ᠂ ᠡᠵᠡᠩᠨᠡᠯᠲᠡ  ᠶᠢ ᠪᠠᠲᠤᠯᠠᠬᠤ ᠳᠤ ᠲᠤᠶᠢᠯ ᠤᠨ ᠴᠢᠬᠤᠯᠠ ᠪᠠᠲᠤᠯᠠᠭ᠎ᠠ  ᠶᠢᠨ ᠦᠢᠯᠡᠳᠦᠯ ᠦᠵᠡᠭᠦᠯᠵᠦ ᠪᠠᠶᠢᠨ᠎ᠠ︾᠃ ᠠᠵᠢᠯ ᠠᠯᠳᠠᠯᠲᠠ ᠶᠢᠨ ᠳᠠᠭᠠᠳᠬᠠᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠭᠳᠡᠬᠦ ᠶᠢ ᠳᠠᠭᠠᠯᠳᠤᠨ᠂ ᠨᠢᠭᠡ ᠪᠦᠯᠦᠭ ᠪᠡᠯᠡ ᠮᠥᠩᠭᠦ ᠰᠢᠭᠤᠳ ᠠᠵᠤ ᠠᠬᠤᠶᠢᠯᠠᠯ ᠳᠤ ᠬᠦᠷᠴᠦ᠂ ᠥᠪᠥᠷ ᠮᠣᠩᠭᠤᠯ ᠤᠨ ᠬᠤᠸᠠ ᠶᠦᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠳ᠋ᠦᠩ ᠾᠧ ᠲᠣᠭᠤᠷᠢᠭ ᠤᠨ ᠠᠵᠤ ᠠᠬᠤᠶᠢᠯᠠᠯ ᠤᠨ ᠬᠦᠴᠢᠷᠳᠡᠯ ᠢ ᠲᠠᠶᠢᠯᠬᠤ ᠳᠤ ᠮᠠᠰᠢ ᠶᠡᠭᠡ ᠮᠠᠭᠲᠠᠭᠠᠯ ᠰᠠᠶᠢᠰᠢᠶᠠᠯ ᠢ ᠣᠯᠪᠠ᠃
     ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠣᠰᠬᠠᠬᠤ ᠳᠤᠨᠢ ᠨᠡᠩ ᠰᠠᠶᠢᠨ ᠬᠠᠪᠰᠤᠷᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ᠪᠠᠰᠠ︽ᠵᠢᠩᠬᠢᠨᠢ ᠠᠯᠳᠠ ᠮᠥᠩᠭᠦ︾ ᠪᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠵᠦ᠂ ᠠᠵᠤ ᠠᠬᠤᠶᠢᠯᠠᠯ ᠤᠨ ᠬᠢᠨ ᠲᠡᠭᠦᠰᠬᠦ ᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠵᠦ᠂ ᠬᠥᠳᠡᠯᠮᠦᠷᠢ ᠶᠢᠨ ᠭᠡᠷ᠎ᠡ ᠲᠣᠭᠲᠠᠭᠰᠠᠨ ᠪᠥᠭᠡᠳ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠭᠰᠠᠳ ᠲᠤ ᠬᠥᠮᠥᠨ ᠪᠦᠷᠢ ᠳᠤ 1500 ᠲᠥᠭᠦᠷᠢᠭ ᠤᠨ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠣᠯᠭᠤᠪᠠ᠃ᠡᠭᠦᠨ ᠤ ᠬᠠᠮᠲᠤ᠂ ︽ᠭᠤᠶᠤᠴᠢᠯᠠᠬᠤ ᠦᠭᠡᠢ ᠪᠠᠷ ᠡᠳ᠋ᠯᠡᠬᠦ︾ ᠵᠠᠭᠪᠤᠷ ᠢ ᠠᠪᠴᠤ᠂ ᠨᠡᠶᠢᠲᠡ ᠶᠢᠨ ᠳ᠋ᠤᠭᠠᠷ᠂ ᠣᠬᠤᠷ ᠬᠠᠷᠠᠭᠠᠨ ᠳᠠᠪᠲᠠᠮᠵᠢ᠂ ᠰᠣᠨᠢᠨ ᠤ ᠲᠤᠰᠬᠠᠢ ᠬᠡᠪᠯᠡᠯ᠂ ᠰᠢᠭᠤᠳ ᠨᠡᠪᠲᠡᠷᠡᠭᠦᠯᠭᠡ ᠶᠢᠨ ᠤᠬᠠᠭᠤᠯᠭ᠎ᠠ᠂ ᠠᠵᠤ ᠠᠬᠤᠶᠢᠯᠠᠯ ᠳᠤ ᠣᠷᠣᠵᠤ ᠨᠢᠭᠤᠷᠲᠠᠨ ᠤᠬᠠᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ 2022 ᠣᠨ ᠳᠤ 712 ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ 707.22 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠵᠤ᠂ 896 ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠠᠵᠢᠯ ᠦᠯᠡᠳᠡᠭᠡᠬᠦ ᠨᠥᠬᠦᠪᠦᠷᠢ 803.75 ᠲᠦᠮᠡᠨ ᠲᠥᠭᠦᠷᠢᠭ ᠢ ᠰᠠᠯᠭᠠᠨ ᠥᠭᠴᠡᠢ᠃      ︽ᠨᠢᠳᠤᠨᠤᠨ ᠤ ᠬᠢ ᠲᠠᠢ ᠬᠠᠷᠢᠴᠠᠭᠤᠯᠪᠠᠯ᠂ ᠡᠨᠡ ᠵᠢᠯ ᠤᠨ ᠠᠵᠢᠯ ᠠᠯᠳᠠᠯᠲᠠ  ᠶᠢᠨ ᠳᠠᠭᠠᠳᠬᠠᠯ ᠤᠨ ᠠᠵᠢᠯ ᠤᠨ ᠪᠠᠶᠢᠷᠢ  ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ  ᠶᠢᠨ ᠪᠣᠳᠣᠯᠭ᠎ᠠ  ᠶᠢᠨ ᠭᠦᠢᠴᠡᠳᠬᠡᠬᠦ ᠶᠠᠪᠤᠴᠠ  ᠶᠢ ᠤᠯᠠᠮ ᠨᠢᠭᠡ ᠠᠯᠬᠤᠮ ᠳᠥᠭᠦᠮᠴᠢᠯᠡᠵᠦ᠂ ︿ᠭᠤᠶᠤᠴᠢᠯᠠᠬᠤ  ᠠᠴᠠ ᠬᠡᠯᠲᠦᠷᠢᠭᠦᠯᠵᠦ ᠰᠢᠭᠤᠳ ᠪᠤᠴᠠᠭᠠᠬᠤ﹀ ᠵᠠᠭᠪᠤᠷ  ᠢ ᠬᠡᠷᠡᠭᠵᠢᠭᠦᠯᠵᠦ᠂ ᠠᠵᠤ ᠠᠬᠤᠶᠢᠯᠠᠯ ᠤᠨ ᠪᠦᠬᠦ ᠶᠠᠪᠤᠴᠠ ᠳᠤ ᠮᠡᠳᠡᠭᠦᠯᠬᠦ ᠦᠭᠡᠢ᠂ ᠬᠦᠰᠦᠨᠦᠭ ᠲᠠᠭᠯᠠᠬᠤ ᠦᠭᠡᠢ᠂ ᠭᠦᠶᠦᠬᠦ ᠠᠴᠠ ᠬᠡᠯᠲᠦᠷᠢᠭᠦᠯᠵᠡᠢ᠂ ᠪᠢᠳᠡ ᠰᠢᠰᠲ᠋ᠧᠮ ᠤᠨ ᠳᠣᠲᠣᠷᠠᠬᠢ ᠲᠤᠭ᠎ᠠ ᠪᠠᠷᠢᠮᠲᠠ  ᠶᠢᠨ ᠬᠠᠷᠢᠴᠠᠭᠤᠯᠤᠯ ᠢᠶᠠᠷ ᠳᠠᠮᠵᠢᠭᠤᠯᠤᠨ᠂ ᠲᠥᠷᠥ  ᠶᠢᠨ ᠪᠣᠳᠣᠯᠭ᠎ᠠ  ᠶᠢᠨ ᠨᠥᠬᠦᠴᠡᠯ ᠳᠤ ᠨᠡᠶᠢᠴᠡᠬᠦ ᠵᠠᠬ᠎ᠠ ᠳᠡᠯᠭᠡᠭᠦᠷ ᠤᠨ ᠪᠡᠶᠡᠴᠢ ᠴᠣᠭᠴᠠ  ᠶᠢᠨ ᠠᠵᠤ ᠠᠬᠤᠶᠢᠯᠠᠯ  ᠢ ᠪᠠᠶᠢᠴᠠᠭᠠᠨ ᠭᠠᠷᠭᠠᠵᠤ᠂ ᠠᠵᠢᠯ ᠤᠨ ᠪᠠᠶᠢᠷᠢ  ᠶᠢ ᠲᠣᠭᠲᠠᠪᠤᠷᠢᠵᠢᠭᠤᠯᠤᠨ ᠪᠤᠴᠠᠭᠠᠬᠤ ᠨᠥᠬᠦᠪᠦᠷᠢ  ᠶᠢᠨ ᠪᠡᠯᠡ ᠮᠥᠩᠭᠦ  ᠶᠢ ᠤᠨᠢᠨ ᠳᠡᠭᠡᠷ᠎ᠡ ᠨᠢ ᠲᠠᠷᠬᠠᠭᠠᠵᠠᠢ︾᠃ ᠭᠡᠵᠦ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠬᠠᠷᠢᠭᠤᠴᠠᠯᠭᠠᠲᠠᠨ ᠢᠯᠡᠳᠬᠡᠪᠡ᠃ᠪᠣᠯᠪᠠᠰᠤᠷᠠᠯ ᠢ ᠴᠢᠩᠭᠠᠳᠬᠠᠬᠤ︽ᠪᠠᠶᠠᠵᠢᠯ ᠤᠨ ᠰᠤᠳᠤᠷ︾ ᠢ ᠰᠠᠶᠢᠲᠤᠷ ᠤᠩᠰᠢᠬᠤ      2013 ᠣᠨ ᠳᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠸᠠᠩ ᠪᠢᠨ ᠡᠬᠡ ᠨᠢᠯᠬᠠᠰ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠡᠷᠭᠢᠯᠡᠨ ᠬᠢᠵᠦ᠂ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠡᠷᠭᠢᠯᠡᠭᠰᠡᠨ ᠰᠤᠪᠢᠯᠠᠯᠲᠠ ᠶᠢᠨ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠳᠤ ᠣᠷᠣᠯᠴᠠᠭᠰᠠᠨ ᠤ ᠳᠠᠷᠠᠭ᠎ᠠ᠂ ᠰᠣᠷᠣᠭᠰᠠᠨ ᠮᠡᠳᠡᠯᠭᠡ ᠪᠠᠨ ᠠᠰᠢᠭᠯᠠᠨ ᠡᠬᠡ ᠨᠢᠯᠬᠠᠰ ᠤᠨ ᠪᠦᠲᠦᠭᠡᠭᠳᠡᠬᠦᠨ ᠤ ᠰᠤᠪᠢᠯᠠᠯᠲᠠ ᠶᠢᠨ ᠳᠡᠯᠭᠡᠭᠦᠷ ᠨᠡᠭᠡᠭᠡᠵᠦ᠂ ᠲᠡᠭᠦᠨ ᠤ ᠴᠥᠬᠦᠷᠡᠰᠢ ᠦᠭᠡᠢ ᠴᠢᠷᠮᠠᠶᠢᠯᠭ᠎ᠠ ᠪᠠᠷ ᠵᠢᠯ ᠤᠨ ᠣᠷᠣᠯᠭ᠎ᠠ ᠨᠢ ᠨᠢᠭᠡᠨᠲᠡ 10 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃
     ᠳ᠋ᠦᠩ ᠾᠧ ᠲᠣᠭᠤᠷᠢᠭ ᠤᠨ ᠬᠢᠨ ᠤᠷ᠎ᠠ ᠮᠡᠷᠭᠡᠵᠢᠯ ᠤᠨ ᠪᠣᠯᠪᠠᠰᠤᠷᠠᠯ ᠢ ᠬᠥᠳᠡᠯᠮᠦᠷᠢᠴᠢᠳ ᠤᠨ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠭᠠᠵᠤ᠂ ︽ᠨᠢᠭᠡ ᠬᠥᠮᠥᠨ ᠢ ᠪᠣᠯᠪᠠᠰᠤᠷᠠᠭᠤᠯᠪᠠᠯ᠂ ᠨᠢᠭᠡ ᠬᠥᠮᠥᠨ ᠳᠤ ᠠᠵᠢᠯ ᠣᠯᠭᠤᠬᠤ︾ ᠠᠵᠢᠯ ᠤᠨ ᠰᠡᠳᠬᠢᠮᠵᠢ ᠶᠢ ᠪᠠᠷᠢᠮᠲᠠᠯᠠᠨ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠲᠣᠬᠢᠷᠠᠬᠤ ᠴᠢᠳᠠᠪᠤᠷᠢᠲᠠᠨ ᠢ ᠬᠥᠮᠥᠵᠢᠭᠦᠯᠵᠦ᠂ ︽ᠮᠡᠷᠭᠡᠵᠢᠯ ᠴᠢᠳᠠᠪᠤᠷᠢ ᠲᠠᠢ ᠥᠪᠥᠷ ᠮᠣᠩᠭᠤᠯ︾ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠥᠨᠥᠳᠥᠷ ᠤᠨ ᠳ᠋ᠦᠩ ᠾᠧ ︾᠂ ᠵᠡᠭᠡᠯᠢ ᠪᠠᠯᠭᠠᠰᠤ ᠶᠢᠨ ᠨᠡᠶᠢᠲᠡ ᠶᠢᠨ ᠳ᠋ᠤᠭᠠᠷ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠪᠣᠯᠪᠠᠰᠤᠷᠠᠭᠤᠯᠤᠯ ᠤᠨ ᠲᠥᠷᠥᠯ ᠵᠦᠢᠯ ᠳᠤ ᠤᠬᠠᠭᠤᠯᠭ᠎ᠠ ᠬᠢᠵᠦ᠂ ︽ᠵᠠᠬᠢᠶᠠᠯᠠᠭ᠎ᠠ ᠶᠢᠨ ᠮᠠᠶ᠋ᠢᠭ︾ ᠤᠨ ᠪᠣᠯᠪᠠᠰᠤᠷᠠᠭᠤᠯᠤᠯ ᠪᠠ ︽ᠬᠠᠨᠳᠤᠯᠭᠠᠲᠤ ᠮᠠᠶ᠋ᠢᠭ︾ ᠤᠨ ᠭᠠᠳᠠᠭᠰᠢ ᠭᠠᠷᠭᠠᠬᠤ ᠪᠣᠯᠪᠠᠰᠤᠷᠠᠭᠤᠯᠤᠯ ᠤᠨ ᠵᠠᠭᠪᠤᠷ ᠢ ᠬᠡᠷᠡᠭᠯᠡᠨ ᠠᠵᠢᠯ ᠣᠯᠬᠤ ᠪᠠᠷ ᠪᠠᠶᠢᠭ᠎ᠠ ᠬᠠᠮᠲᠤᠯᠢᠭ ᠢ ᠬᠠᠪᠰᠤᠷᠤᠨ᠎ᠠ᠃      ᠣᠲᠣ ᠪᠣᠯᠲᠠᠯ᠎ᠠ᠂ ᠨᠢᠭᠡᠨᠲᠡ 130 ᠨᠡᠷᠡᠰ ᠠᠰᠠᠷᠠᠭᠴᠢ᠂ ᠭᠤᠯᠢᠷ ᠤᠨ ᠮᠡᠷᠭᠡᠵᠢᠯᠲᠡᠨ ᠵᠡᠷᠭᠡ ᠠᠵᠢᠯ ᠲᠥᠷᠥᠯ ᠤᠨ ᠬᠢᠨ ᠲᠣᠭᠲᠠᠭᠰᠠᠨ ᠴᠢᠭᠯᠡᠯ ᠤᠨ ᠪᠣᠯᠪᠠᠰᠤᠷᠠᠭᠤᠯᠤᠯ ᠢᠶᠠᠷ ᠳᠡᠮᠵᠢᠨ ᠠᠵᠢᠯ ᠤᠨ ᠪᠠᠶᠢᠷᠢ ᠳᠤ ᠬᠦᠷᠭᠡᠨ ᠠᠵᠢᠯ ᠣᠯᠭᠤᠵᠤ᠂ ᠨᠥᠬᠦᠪᠦᠷᠢ ᠥᠭᠬᠦ ᠳᠦᠷᠢᠮᠲᠦ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 6907 ᠬᠥᠮᠥᠨ ᠥᠷᠨᠢᠭᠦᠯᠦᠭᠰᠡᠨ ᠪᠠᠶᠢᠨ᠎ᠠ᠂ ᠡᠭᠦᠨ ᠳᠤ ᠬᠤᠲᠠ ᠪᠠᠯᠭᠠᠰᠤᠨ ᠤ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ 3457 ᠬᠥᠮᠥᠨ᠂ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠤᠨ ᠪᠣᠯᠪᠠᠰᠤᠷᠠᠭᠤᠯᠤᠯ 1250 ᠬᠥᠮᠥᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ 1128 ᠬᠥᠮᠥᠨ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ 1072 ᠬᠥᠮᠥᠨ ᠪᠣᠶ᠃      ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠣᠯ ᠳᠠᠷᠤᠢ ᠠᠷᠠᠳ ᠤᠨ ᠠᠮᠢᠳᠤᠷᠠᠯ ᠢ ᠲᠣᠭᠲᠠᠭᠤᠨ ᠪᠠᠶᠢᠯᠭᠠᠨ᠎ᠠ᠃ ᠳ᠋ᠦ᠋ᠩ ᠾᠧ ᠲᠣᠭᠤᠷᠢᠭ ᠤᠨ ᠬᠢᠨ ᠨᠠᠷᠢᠨ ᠨᠢᠮᠪᠠᠢ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠰᠡᠳᠬᠢᠯ ᠢ ᠳᠤᠯᠠᠭᠠᠴᠠᠭᠤᠯᠬᠤ ᠠᠵᠢᠯ ᠣᠯᠭᠤᠯᠲᠠ ᠶᠢᠨ ᠰᠢᠯᠭᠠᠯᠲᠠ ᠶᠢᠨ ᠬᠠᠭᠤᠳᠠᠰᠤ ᠪᠠᠷ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠶᠢ ᠦᠢᠯᠡᠳᠦᠯᠭᠡᠵᠢᠭᠦᠯᠵᠦ᠂ ᠠᠷᠠᠳ ᠤᠯᠠᠨ ᠤ ᠵᠣᠯ ᠵᠢᠷᠭᠠᠯ ᠤᠨ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1