ᠲᠢᠶᠠᠨ ᠵᠢᠶᠣᠣ ᠵᠡᠭᠡᠯᠢ ᠭᠤᠳᠤᠮᠵᠢ ᠶᠢᠨ ᠱᠦᠨ ᠳ᠋ᠡ ᠵᠠᠮ ᠤᠨ ᠨᠡᠶᠢᠭᠡᠮ ᠲᠣᠭᠤᠷᠢᠭ ᠳ᠋ᠦᠩ ᠾᠧ ᠲᠣᠭᠤᠷᠢᠭ ᠤᠨ ᠡᠮ ᠡᠮᠨᠡᠯᠭᠡ ᠶᠢᠨ ᠪᠠᠲᠤᠯᠠᠪᠤᠷᠢ ᠶᠢᠨ ᠲᠣᠪᠴᠢᠶ᠎ᠠ ᠲᠠᠢ ᠬᠠᠮᠲᠤᠷᠠᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/1/17
ᠲᠢᠶᠠᠨ ᠵᠢᠶᠣᠣ ᠵᠡᠭᠡᠯᠢ ᠭᠤᠳᠤᠮᠵᠢ ᠶᠢᠨ ᠱᠦᠨ ᠳ᠋ᠡ ᠵᠠᠮ ᠤᠨ ᠨᠡᠶᠢᠭᠡᠮ ᠲᠣᠭᠤᠷᠢᠭ ᠳ᠋ᠦᠩ ᠾᠧ ᠲᠣᠭᠤᠷᠢᠭ ᠤᠨ ᠡᠮ ᠡᠮᠨᠡᠯᠭᠡ ᠶᠢᠨ ᠪᠠᠲᠤᠯᠠᠪᠤᠷᠢ ᠶᠢᠨ ᠲᠣᠪᠴᠢᠶ᠎ᠠ ᠲᠠᠢ ᠬᠠᠮᠲᠤᠷᠠᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ      ᠰᠢᠨ᠎ᠡ ᠵᠢᠯ ᠤᠨ ᠡᠬᠢᠨ ᠳᠤ᠂ ᠬᠥᠭᠵᠢᠯ ᠪᠠᠳᠠᠷᠠᠯ ᠢᠶᠠᠷ ᠪᠢᠯᠬᠠᠨ᠎ᠠ᠃ᠪᠦᠬᠦ ᠵᠢᠯ ᠤᠨ ᠠᠵᠢᠯ ᠢᠶᠠᠨ ᠰᠠᠶᠢᠲᠤᠷ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠲᠢᠶᠠᠨ ᠵᠢᠶᠣᠣ ᠵᠡᠭᠡᠯᠢ ᠭᠤᠳᠤᠮᠵᠢ ᠶᠢᠨ ᠱᠦᠨ ᠳ᠋ᠡ ᠵᠠᠮ ᠤᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠳ᠋ᠦᠩ ᠾᠧ ᠲᠣᠭᠤᠷᠢᠭ ᠤᠨ ᠡᠮ ᠡᠮᠨᠡᠯᠭᠡ ᠶᠢᠨ ᠪᠠᠲᠤᠯᠠᠪᠤᠷᠢ ᠶᠢᠨ ᠲᠣᠪᠴᠢᠶ᠎ᠠ ᠲᠠᠢ ᠬᠠᠮᠲᠤᠷᠠᠨ︽ᠰᠢᠨ᠎ᠡ ᠵᠢᠯ ᠤᠨ ᠡᠬᠢᠨ ᠤ ᠬᠤᠭᠤᠴᠠᠭᠠᠨ ᠳᠤ ᠰᠢᠨ᠎ᠡ ᠬᠠᠭᠤᠳᠠᠰᠤ ᠶᠢ ᠰᠦᠪᠡᠭᠴᠢᠯᠡᠵᠦ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠡᠷᠡᠯᠬᠡᠭᠯᠡᠨ ᠤᠷᠤᠭᠰᠢᠯᠠᠬᠤ︾ ᠪᠠᠷ ᠭᠤᠣᠯ ᠰᠡᠳᠦᠪ ᠪᠣᠯᠭᠠᠵᠤ᠂ ᠰᠢᠨ᠎ᠡ ᠨᠢᠭᠡ ᠵᠢᠯ ᠤᠨ ᠠᠩᠬᠠᠳᠠᠭᠴᠢ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠨᠡᠶᠢᠳᠡ 20 ᠭᠠᠷᠤᠢ ᠬᠥᠮᠥᠨ ᠣᠷᠣᠯᠴᠠᠪᠠ᠃     ᠲᠣᠰ ᠤᠳᠠᠭᠠᠨ ᠤ ᠠᠵᠢᠯᠯᠠᠭ᠎ᠠ ᠶᠢ ᠨᠡᠶᠢᠲᠡ ᠳᠥᠷᠪᠡᠨ ᠬᠡᠰᠡᠭ ᠢᠶᠠᠷ ᠶᠠᠪᠤᠭᠳᠠᠭᠤᠯᠵᠤ᠂ ᠨᠢᠭᠡᠳᠦᠭᠡᠷ ᠬᠡᠰᠡᠭ ᠲᠤ ᠱᠦᠨ ᠳ᠋ᠡ ᠯᠦ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠮᠠ ᠯᠢ ᠶᠤᠸᠠᠨ ᠣᠯᠠᠨ ᠢ ᠳᠠᠭᠠᠭᠤᠯᠤᠨ ᠰᠢ ᠶᠢᠨ ᠫᠢᠩ ᠲᠡᠷᠢᠭᠦᠯᠡᠭᠴᠢ ᠶᠢᠨ 2023 ᠣᠨ ᠤ ᠰᠢᠨ᠎ᠡ ᠵᠢᠯ ᠤᠨ ᠪᠠᠶᠠᠷ ᠤᠨ ᠦᠭᠡ ᠶᠢ ᠰᠤᠷᠤᠯᠴᠠᠪᠠ᠃ᠬᠤᠶᠠᠳᠤᠭᠠᠷ ᠬᠡᠰᠡᠭ ᠲᠤ ᠳ᠋ᠦᠩ ᠾᠧ ᠲᠣᠭᠤᠷᠢᠭ ᠤᠨ ᠡᠮ ᠡᠮᠨᠡᠯᠭᠡ ᠶᠢᠨ ᠪᠠᠲᠤᠯᠠᠪᠤᠷᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠤᠬᠠᠶᠢᠯᠠᠭᠰᠠᠨ ᠠᠵᠢᠯ ᠤᠨ ᠲᠠᠰᠤᠭ ᠤᠨ ᠬᠠᠷᠢᠭᠤᠴᠠᠯᠭᠠᠲᠠᠨ ᠴᠢᠶᠧ ᠰᠢᠶᠣᠣ ᠮᠢᠩ ᠡᠷᠬᠢᠯᠡᠭᠴᠢ ᠤᠯᠠᠨ ᠳᠤ 2023 ᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠵᠤ ᠥᠭᠭᠦᠭᠰᠡᠨ ᠪᠥᠭᠡᠳ ᠰᠠᠭᠤᠭᠠᠯᠢ ᠠᠷᠠᠳ ᠤᠨ ᠳᠤᠷᠠᠳᠤᠭᠰᠠᠨ ᠵᠠᠷᠢᠮ ᠠᠰᠠᠭᠤᠳᠠᠯ ᠳᠤ ᠨᠠᠷᠢᠨ ᠲᠣᠳᠣᠷᠬᠠᠢ ᠬᠠᠷᠢᠭᠤᠯᠲᠠ ᠥᠭᠴᠡᠢ᠃  ᠭᠤᠷᠪᠠᠳᠤᠭᠠᠷ ᠬᠡᠰᠡᠭ ᠲᠤ ᠡᠮ ᠡᠮᠨᠡᠯᠭᠡ  ᠶᠢᠨ ᠪᠠᠲᠤᠯᠠᠭ᠎ᠠ  ᠶᠢᠨ ᠲᠣᠪᠴᠢᠶᠠᠨ ᠤ ᠳᠡᠳ᠋ ᠳᠠᠷᠤᠭ᠎ᠠ ᠴᠠᠢ ᠶᠠ ᠲᠢᠩ ᠬᠠᠷᠢᠶ᠎ᠠ ᠣᠷᠣᠨ ᠤ ᠰᠠᠭᠤᠭᠠᠯᠢ ᠠᠷᠠᠳ᠂ ᠨᠠᠮ ᠤᠨ ᠭᠡᠰᠢᠭᠦᠳ ᠲᠤ ᠴᠠᠭ ᠤᠯᠠᠷᠢᠯ ᠤᠨ ᠪᠢᠴᠢᠭ ᠲᠦᠭᠡᠭᠡᠵᠦ᠂ ᠪᠡᠶ᠎ᠡ ᠮᠠᠬᠠᠪᠤᠳ ᠤᠨ ᠡᠷᠡᠭᠦᠯ ᠴᠢᠭᠢᠷᠠᠭ  ᠢ ᠠᠩᠬᠠᠷᠴᠤ᠂ ᠬᠢᠵᠢᠭ ᠤᠨ ᠪᠠᠶᠢᠳᠠᠯ  ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠬᠦ ᠬᠡᠷᠡᠭᠲᠡᠢ ᠭᠡᠵᠦ ᠣᠯᠠᠨ ᠳᠤ ᠰᠠᠨᠠᠭᠤᠯᠬᠤ  ᠶᠢᠨ ᠵᠡᠷᠭᠡ ᠳᠤ ᠪᠠᠰᠠ ᠰᠢᠨ᠎ᠡ ᠵᠢᠯ ᠤᠨ ᠢᠷᠦᠭᠡᠯ ᠪᠣᠯᠣᠨ ᠮᠡᠨᠳᠦᠴᠢᠯᠡᠯ ᠬᠦᠷᠭᠡᠪᠡ᠃ᠳᠥᠷᠪᠡᠳᠦᠭᠡᠷ ᠬᠡᠰᠡᠭ ᠲᠤ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠨᠠᠮ ᠤᠨ ᠬᠤᠷᠢᠶᠠᠨ ᠤ ᠱᠦᠵᠢ ᠮᠠ ᠯᠢ ᠶᠤᠸᠠᠨ ᠳᠡᠭᠡᠷ᠎ᠡ ᠨᠢᠭᠡ ᠵᠢᠯ ᠤᠨ ᠣᠷᠣᠨ ᠪᠦᠰᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠳᠤ ᠳ᠋ᠦᠩᠨᠡᠯᠲᠡ ᠬᠢᠵᠦ᠂ ᠰᠢᠨ᠎ᠡ ᠨᠢᠭᠡ ᠵᠢᠯ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠬᠥᠳᠡᠯᠦᠯᠴᠡᠬᠦ᠂ ᠣᠷᠣᠨ ᠪᠦᠰᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠢ ᠲᠥᠯᠥᠪᠯᠡᠭᠡ ᠬᠢᠭᠰᠡᠨ ᠪᠥᠭᠡᠳ ᠤᠯᠠᠨ ᠤ ᠰᠠᠨᠠᠯ ᠰᠠᠨᠠᠭᠤᠯᠭ᠎ᠠ ᠶᠢ ᠬᠤᠷᠢᠶᠠᠪᠠ᠃      ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠲᠦᠮᠡᠨ ᠳᠤ ᠡᠮ ᠡᠮᠨᠡᠯᠭᠡ ᠶᠢᠨ ᠳᠠᠭᠠᠳᠬᠠᠯ ᠤᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠠᠪᠴᠢᠷᠠᠵᠤ ᠥᠭᠭᠦᠭᠰᠡᠨ ᠢᠶᠠᠷ ᠪᠠᠷᠠᠬᠤ ᠦᠭᠡᠢ᠂ ᠪᠠᠰᠠ ᠬᠠᠮᠤᠭ ᠤᠨ ᠴᠢᠩ ᠦᠨᠡᠨᠴᠢ ᠰᠢᠨ᠎ᠡ ᠵᠢᠯ ᠤᠨ ᠢᠷᠦᠭᠡᠯ ᠳᠡᠪᠰᠢᠭᠦᠯᠦᠭᠰᠡᠨ ᠪᠠᠶᠢᠨ᠎ᠠ᠂ ᠰᠢᠷᠡᠭᠡᠨ ᠤ ᠲᠣᠭᠠᠯᠠᠯ ᠤᠨ ᠪᠢᠴᠢᠭ ᠨᠢ ᠬᠡᠳᠦᠶᠢᠪᠡᠷ ᠪᠠᠭ᠎ᠠ ᠪᠣᠯᠪᠠᠴᠤ ᠭᠦᠨ ᠵᠤᠵᠠᠭᠠᠨ ᠬᠠᠶᠢᠷ᠎ᠠ ᠬᠠᠯᠠᠮᠵᠢ ᠶᠢᠨ ᠰᠡᠳᠬᠢᠯᠭᠡ ᠪᠠᠷ ᠳᠦᠭᠦᠷᠡᠩ ᠪᠠᠶᠢᠨ᠎ᠠ᠃ᠡᠨᠡ  ᠨᠢ ᠵᠥᠪᠬᠡᠨ ᠵᠢᠵᠢᠭᠬᠡᠨ ᠬᠤᠷᠢᠶᠠᠯᠠᠯ ᠲᠡᠳᠦᠢ ᠪᠢᠰᠢ᠂ ᠨᠠᠩ ᠴᠤ ᠨᠡᠶᠢᠭᠡᠮ ᠲᠣᠭᠤᠷᠢᠭ ᠪᠣᠯᠣᠨ ᠰᠠᠭᠤᠭᠠᠯᠢ ᠠᠷᠠᠳ ᠤᠨ ᠬᠤᠭᠤᠷᠣᠨᠳᠣᠬᠢ ᠬᠥᠭᠦᠷᠭᠡ ᠬᠤᠯᠪᠣᠭᠠᠰᠤ ᠶᠢ ᠬᠤᠯᠪᠣᠵᠤ᠂ ᠬᠠᠷᠢᠶᠠᠲᠤ ᠣᠷᠣᠨ ᠤ ᠪᠠᠨ ᠰᠠᠭᠤᠭᠠᠯᠢ ᠠᠷᠠᠳ ᠲᠤ ᠰᠢᠨ᠎ᠡ ᠵᠢᠯ ᠤᠨ ᠠᠭᠤᠷ ᠠᠮᠢᠰᠬᠤᠯ ᠢ ᠮᠡᠳᠡᠷᠡᠭᠦᠯᠦᠭᠰᠡᠨ ᠪᠠᠶᠢᠨ᠎ᠠ᠃ᠰᠢᠨ᠎ᠡ ᠨᠢᠭᠡᠨ ᠵᠢᠯ ᠳᠤ᠂ ᠱᠦᠨ ᠳ᠋ᠡ ᠯᠦ ᠨᠡᠶᠢᠭᠡᠮ ᠲᠣᠭᠤᠷᠢᠭ ᠴᠤ ᠰᠠᠭᠤᠭᠠᠯᠢ ᠠᠷᠠᠳ ᠤᠨ ᠰᠠᠨᠠᠯ ᠰᠠᠨᠠᠭᠤᠯᠭ᠎ᠠ ᠶᠢ ᠨᠡᠩ ᠰᠠᠶᠢᠲᠤᠷ ᠰᠣᠨᠣᠰᠴᠤ᠂ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠵᠦ᠂ ᠡᠶ᠎ᠡ ᠵᠣᠬᠢᠴᠠᠩᠭᠤᠢ ᠰᠠᠶᠢᠨ ᠰᠠᠶᠢᠬᠠᠨ ᠨᠡᠶᠢᠭᠡᠮ ᠲᠣᠭᠤᠷᠢᠭ ᠢ ᠬᠠᠮᠲᠤᠪᠠᠷ ᠪᠦᠲᠦᠭᠡᠨ ᠪᠠᠶᠢᠭᠤᠯᠬᠤ ᠪᠣᠯᠣᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1