ᠲᠢᠶᠠᠨ ᠵᠢᠶᠣᠣ ᠵᠡᠭᠡᠯᠢ ᠭᠤᠳᠤᠮᠵᠢ ᠶᠢᠨ ᠱᠦᠨ ᠳ᠋ᠡ ᠵᠠᠮ ᠤᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ︽ᠬᠡᠦᠬᠡᠳ ᠤᠨ ᠰᠡᠳᠬᠢᠯ ᠢᠶᠠᠷ ᠨᠠᠮ ᠳᠠᠭᠠᠨ ᠬᠠᠨᠳᠤᠬᠤ︾ᠰᠢᠨ᠎ᠡ ᠵᠢᠯ ᠢ ᠤᠭᠲᠤᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/1/17
ᠲᠢᠶᠠᠨ ᠵᠢᠶᠣᠣ ᠵᠡᠭᠡᠯᠢ ᠭᠤᠳᠤᠮᠵᠢ ᠶᠢᠨ ᠱᠦᠨ ᠳ᠋ᠡ ᠵᠠᠮ ᠤᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨᠦᠢᠯᠡᠳᠦᠯᠭᠡ ᠶᠢᠨ ᠦᠷᠳᠡᠭᠡ ︽ᠬᠡᠦᠬᠡᠳ ᠤᠨ ᠰᠡᠳᠬᠢᠯ ᠢᠶᠠᠷ ᠨᠠᠮ ᠳᠤ ᠬᠠᠨᠳᠤᠬᠤ︾ᠰᠢᠨ᠎ᠡ ᠵᠢᠯ ᠢ ᠤᠭᠲᠤᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠵᠤ᠂ 2023 ᠣᠨ ᠢ ᠪᠠᠶᠠᠷᠯᠠᠨ ᠤᠭᠲᠤᠵᠤ᠂ ᠱᠦᠨ ᠳ᠋ᠡ ᠵᠠᠮ ᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠡᠶᠢᠭᠡᠮ ᠲᠣᠭᠤᠷᠢᠭ ᠤᠨ ᠬᠥᠷᠰᠢ ᠵᠡᠷᠭᠡᠯᠡᠳᠡᠭᠡ ᠶᠢᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠪᠤᠢ ᠪᠣᠯᠭᠠᠬᠤ ᠶᠢᠨ ᠲᠥᠯᠥᠭᠡ᠂ 12 ᠰᠠᠷ᠎ᠠ ᠶᠢᠨ 30  ᠤ ᠦᠳᠡ ᠶᠢᠨ ᠡᠮᠦᠨ᠎ᠡ᠂ ᠲᠢᠶᠠᠨ ᠵᠢᠶᠣᠣ ᠵᠡᠭᠡᠯᠢ ᠭᠤᠳᠤᠮᠵᠢ ᠶᠢᠨ ᠱᠦᠨ ᠳ᠋ᠡ ᠵᠠᠮ ᠤᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠵᠣᠬᠢᠶᠠᠨ ᠪᠠᠶᠢᠭᠤᠯᠤᠯᠲᠠ ᠲᠠᠢ ᠪᠠᠷ︽ᠬᠡᠦᠬᠡᠳ ᠤᠨ ᠰᠡᠳᠬᠢᠯ ᠢᠶᠠᠷ ᠨᠠᠮ ᠳᠠᠭᠠᠨ ᠬᠠᠨᠳᠤᠬᠤ︾ᠰᠢᠨ᠎ᠡ ᠵᠢᠯ ᠢ ᠤᠭᠲᠤᠬᠤ ᠭᠤᠣᠯ ᠰᠡᠳᠦᠪᠲᠦ ᠠᠵᠢᠯᠯᠠᠭ᠎ᠠ ᠶᠢ ᠡᠷᠬᠢᠯᠡᠪᠡ᠃ᠬᠠᠷᠢᠶᠠᠲᠤ ᠣᠷᠣᠨ ᠤ ᠰᠠᠶᠢᠨ ᠳᠤᠷ᠎ᠠ ᠶᠢᠨ ᠠᠵᠢᠯᠯᠠᠭᠴᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ 20 ᠭᠠᠷᠤᠢ ᠬᠥᠮᠥᠨ ᠡᠨᠡ ᠤᠳᠠᠭᠠᠨ ᠤ ᠠᠵᠢᠯᠯᠠᠭ᠎ᠠ ᠳᠤ ᠣᠷᠣᠯᠴᠠᠵᠠᠢ᠃      ᠱᠦᠨ ᠳ᠋ᠡ ᠵᠠᠮ ᠤᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠮᠠ ᠯᠢ ᠶᠤᠸᠠᠨ ᠨᠡᠶᠢᠭᠡᠮ ᠲᠣᠭᠤᠷᠢᠭ ᠤᠨ ᠪᠦᠬᠦ ᠠᠵᠢᠯᠲᠠᠳ ᠢ ᠲᠥᠯᠥᠭᠡᠯᠡᠨ ᠰᠠᠭᠤᠭᠠᠯᠢ ᠠᠷᠠᠳ ᠲᠤ ᠪᠠᠶᠠᠷ ᠤᠨ ᠡᠳᠦᠷ ᠤᠨ ᠵᠥᠩᠨᠡᠯ ᠪᠠ ᠮᠡᠨᠳᠦᠴᠢᠯᠡᠯ ᠳᠡᠪᠰᠢᠭᠦᠯᠬᠦ ᠶᠢᠨ ᠬᠠᠮᠲᠤ ᠱᠦᠨ ᠳ᠋ᠡ ᠵᠠᠮ ᠤᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢ ᠲᠥᠯᠥᠭᠡᠯᠡᠨ ᠬᠠᠷᠢᠶ᠎ᠠ ᠣᠷᠣᠨ ᠤ ᠪᠠᠨ ᠭᠤᠷᠪᠠᠨ ᠬᠦᠴᠢᠷᠳᠡᠯᠲᠡᠢ ᠬᠡᠦᠬᠡᠳ ᠤᠨ ᠭᠡᠷ ᠪᠦᠯᠢ ᠳᠤ ᠲᠣᠬᠤᠨᠢᠭᠤᠯᠬᠤ ᠪᠣᠳᠠᠰ ᠲᠦᠭᠡᠭᠡᠵᠦ᠂ ᠨᠠᠮ ᠪᠠ ᠵᠠᠰᠠᠭ ᠤᠨ ᠣᠷᠳᠣᠨ ᠠᠴᠠ ᠲᠡᠳᠡᠨ ᠳᠤ ᠥᠭᠭᠦᠭᠰᠡᠨ ᠬᠠᠶᠢᠷ᠎ᠠ ᠬᠠᠯᠠᠮᠵᠢ ᠶᠢ ᠳᠠᠮᠵᠢᠭᠤᠯᠵᠠᠢ᠃ᠬᠠᠷᠢᠶᠠᠲᠤ ᠣᠷᠣᠨ ᠤ ᠪᠢᠴᠢᠬᠠᠨ ᠨᠠᠶᠢᠵᠠ ᠨᠠᠷ ︽ᠲᠡᠨᠦᠭᠦᠯ ᠬᠡᠦᠬᠡᠳ ᠤᠨ ᠭᠢᠩᠰᠢᠯ︾᠂ ︽ᠨᠠᠮ ᠰᠥᠨᠢ ᠶᠢᠨ ᠮᠥᠷᠥᠭᠡᠳᠦᠯ︾ ᠢ ᠤᠶᠠᠩᠭᠠᠯᠠᠨ ᠤᠶᠠᠩᠭᠠᠯᠠᠵᠤ᠂ ᠳᠠᠭᠤᠤ ᠶᠢᠨ ᠲᠣᠭᠯᠠᠯᠲᠠ ︽ᠳᠡᠯᠡᠬᠡᠢ ᠳ᠋ᠠᠬᠢᠨ ᠳᠤ ᠲᠡᠶᠢᠮᠦ ᠶᠡᠭᠡ ᠪᠠᠶᠢᠲᠠᠯ᠎ᠠ ᠶᠠᠭᠠᠬᠢᠭᠠᠳ ᠴᠢᠮ᠎ᠠ ᠲᠠᠢ ᠤᠴᠠᠷᠠᠭᠰᠠᠨ ᠪᠤᠢ︾ᠵᠡᠷᠭᠡ ᠨᠢ ᠲᠤᠬᠠᠢ ᠶᠢᠨ ᠲᠠᠯᠠᠪᠠᠢ ᠳᠤ ᠪᠠᠶᠢᠭᠰᠠᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠣᠭᠰᠠᠨ ᠪᠥᠭᠡᠳ ᠲᠣᠭᠯᠠᠯᠲᠠ ᠶᠢᠨ ᠳᠤᠮᠳᠠ ᠪᠠᠰᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠮᠡᠳᠡᠯᠭᠡ ᠶᠢᠨ ᠥᠷᠢᠰᠦᠯᠳᠦᠭᠡᠨ ᠤ ᠭᠤᠭᠴᠤᠭ᠎ᠠ ᠶᠢ ᠬᠠᠳᠬᠤᠨ ᠣᠷᠣᠭᠤᠯᠵᠤ᠂ ᠬᠤᠷᠢᠳᠤᠭᠠᠷ ᠶᠡᠭᠡ ᠬᠤᠷᠠᠯ ᠤᠨ ᠮᠡᠳᠡᠯᠭᠡ ᠶᠢᠨ ᠤᠯᠠᠨ ᠲᠦᠮᠡᠨ ᠤ ᠳᠤᠮᠳᠠ ᠲᠦᠭᠡᠮᠡᠯᠵᠢᠬᠦ ᠨᠤᠷᠮ᠎ᠠ ᠶᠢ ᠳᠡᠭᠡᠭᠰᠢᠯᠡᠭᠦᠯᠵᠦ᠂ ᠠᠮᠢᠳᠤᠯᠢᠭ ᠬᠡᠯᠪᠡᠷᠢ ᠪᠠᠷ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠭᠤᠭᠠᠯᠢ ᠠᠷᠠᠳ ᠤᠨ ᠳᠤᠮᠳᠠ ᠤᠯᠠᠮᠵᠢᠯᠠᠪᠠ᠃      ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠳᠤ ᠭᠤᠣᠯ ᠰᠡᠳᠦᠪ ᠨᠢ ᠲᠣᠪᠣᠶᠢᠮ᠎ᠠ᠂ ᠠᠭᠤᠯᠭ᠎ᠠ ᠨᠢ ᠪᠠᠶᠠᠯᠢᠭ᠂ ᠥᠲᠡᠯᠦᠭᠰᠡᠨ ᠵᠠᠯᠠᠭᠤᠴᠤᠳ ᠲᠤ ᠴᠥᠮ ᠲᠣᠬᠢᠷᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠰᠢᠨ᠎ᠡ ᠵᠢᠯ ᠤᠨ ᠰᠣᠶᠣᠯ ᠤᠨ ᠲᠠᠩᠰᠤᠭ ᠬᠤᠭᠤᠯᠠ ᠬᠦᠷᠭᠡᠭᠰᠡᠨ ᠢᠶᠠᠷ ᠪᠠᠷᠠᠬᠤ ᠦᠭᠡᠢ ᠪᠠᠰᠠ ᠨᠡᠶᠢᠭᠡᠮ ᠲᠣᠭᠤᠷᠢᠭ ᠤᠨ ᠺᠠᠳ᠋ᠷ᠂ ᠰᠠᠭᠤᠭᠠᠯᠢ ᠠᠷᠠᠳ ᠤᠨ ᠬᠤᠭᠤᠷᠣᠨᠳᠤ ᠰᠠᠨᠠᠯ ᠢᠶᠠᠨ ᠰᠣᠯᠢᠯᠴᠠᠵᠤ ᠨᠡᠪᠲᠡᠷᠡᠯᠴᠡᠬᠦ ᠲᠠᠪᠴᠠᠩ ᠪᠠᠶᠢᠭᠤᠯᠵᠤ ᠥᠭᠭᠦᠭᠰᠡᠨ ᠪᠠᠶᠢᠨ᠎ᠠ᠃ᠲᠣᠬᠤᠨᠢᠭᠤᠯᠬᠤ ᠬᠡᠯᠪᠡᠷᠢ ᠪᠠᠷ ᠳᠠᠮᠵᠢᠭᠤᠯᠤᠨ᠂ ᠬᠦᠴᠢᠷᠳᠡᠯᠲᠡᠢ ᠬᠡᠦᠬᠡᠳ ᠤᠨ ᠭᠡᠷ ᠪᠦᠯᠢ ᠶᠢ ᠪᠠᠶᠠᠷ ᠬᠥᠷ ᠲᠠᠢ᠂ ᠥᠯᠵᠡᠢ ᠪᠡᠯᠭᠡ ᠲᠠᠢ ᠰᠢᠨ᠎ᠡ ᠵᠢᠯ ᠢ ᠥᠩᠭᠡᠷᠡᠭᠦᠯᠬᠦ ᠬᠡᠷᠡᠭᠲᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1