ᠲᠢᠶᠠᠨ ᠵᠢᠶᠣᠣ ᠵᠡᠭᠡᠯᠢ ᠭᠤᠳᠤᠮᠵᠢ ᠶᠢᠨ ᠲᠢᠶᠠᠨ ᠵᠢᠶᠣᠣ ᠨᠡᠶᠢᠭᠡᠮ ᠲᠣᠭᠤᠷᠢᠭ ᠤᠨ 2022 ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠥᠬᠢᠭᠦᠯᠦᠨ ᠰᠠᠶᠢᠰᠢᠶᠠᠬᠤ ᠬᠤᠷᠠᠯ
ᠨᠡᠶᠢᠲᠡᠯᠡᠭᠰᠡᠨ ᠴᠠᠭ᠄
2023/1/17
ᠲᠢᠶᠠᠨ ᠵᠢᠶᠣᠣ ᠵᠡᠭᠡᠯᠢ ᠭᠤᠳᠤᠮᠵᠢ ᠶᠢᠨ ᠲᠢᠶᠠᠨ ᠵᠢᠶᠣᠣ ᠨᠡᠶᠢᠭᠡᠮ ᠲᠣᠭᠤᠷᠢᠭ ᠤᠨ 2022 ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠥᠬᠢᠭᠦᠯᠦᠨ ᠰᠠᠶᠢᠰᠢᠶᠠᠬᠤ ᠬᠤᠷᠠᠯ      ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠭᠰᠠᠨ  ᠠᠴᠠ ᠨᠠᠰᠢ᠂ ᠲᠢᠶᠠᠨ ᠵᠢᠶᠣᠣ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠠᠶᠢᠨ ᠳᠤᠷ᠎ᠠ  ᠶᠢᠨ ᠠᠵᠢᠯᠯᠠᠭᠴᠢᠳ ᠰᠠᠨᠠᠭᠠᠴᠢᠯᠠᠭ᠎ᠠ  ᠠᠴᠠ ᠪᠠᠨ ᠭᠤᠶᠤᠴᠢᠯᠠᠯ ᠭᠠᠷᠭᠠᠵᠤ᠂ ᠨᠢᠭᠡᠳᠦᠭᠡᠷ ᠹᠷᠣᠨᠲ ᠲᠤ ᠭᠠᠪᠰᠢᠭᠠᠶᠢᠯᠠᠨ᠂ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠬᠠᠮᠤᠭ ᠤᠨ ᠡᠮᠦᠨ᠎ᠡ ᠹᠷᠣᠨᠲ ᠲᠤ ᠢᠳᠡᠪᠬᠢᠲᠡᠢ ᠪᠠᠷ ᠣᠷᠣᠯᠴᠠᠵᠤ᠂ ᠨᠡᠶᠢᠭᠡᠮ ᠲᠣᠭᠤᠷᠢᠭ ᠲᠠᠢ ᠮᠥᠷᠥ ᠵᠡᠷᠭᠡᠴᠡᠨ ᠪᠠᠶᠢᠯᠳᠤᠵᠤ᠂ ᠲᠦᠭ ᠲᠦᠮᠡᠨ ᠠᠶᠢᠯ ᠡᠷᠦᠬᠡ  ᠶᠢᠨ ᠠᠮᠢ ᠨᠠᠰᠤ ᠡᠷᠡᠭᠦᠯ ᠮᠡᠨᠳᠦ  ᠶᠢ ᠬᠠᠮᠲᠤ ᠪᠠᠷ ᠰᠠᠬᠢᠨ ᠬᠠᠮᠠᠭᠠᠯᠠᠵᠤ ᠪᠠᠶᠢᠨ᠎ᠠ ᡽ᠲᠡᠳᠡ ᠥᠴᠥᠬᠡᠨ ᠭᠡᠷ ᠢᠶᠠᠨ ᠤᠯᠠᠨ ᠤ ᠲᠥᠯᠥᠭᠡ ᠤᠷᠬᠢᠵᠤ᠂ ᠡᠷᠡᠯᠬᠡᠭ ᠪᠠᠭᠠᠲᠤᠷᠯᠢᠭ ᠪᠥᠭᠡᠳ ᠦᠭᠡ ᠳᠠᠭᠤᠨ ᠦᠭᠡᠢ ︽ᠰᠥᠷᠭᠡᠦ ᠠᠵᠢᠯᠯᠠᠭᠴᠢ︾ ᠮᠥᠨ;ᠲᠡᠳᠡ ᠬᠢᠨᠠᠨ ᠬᠡᠮᠵᠢᠬᠦ ᠴᠡᠭ  ᠢ ᠪᠠᠶᠢᠷᠢᠯᠠᠭᠤᠯᠬᠤ᠂ ᠪᠥᠭᠡᠮ ᠬᠦᠴᠢᠯ ᠤᠨ ᠦᠯᠢᠭᠡᠷ ᠠᠪᠬᠤ᠂ ᠮᠡᠳᠡᠭᠡ ᠵᠠᠩᠭᠢ ᠣᠷᠣᠭᠤᠯᠬᠤ᠂ ᠡᠮᠬᠢ ᠳᠢᠭᠯᠢᠮ  ᠢ ᠬᠠᠮᠠᠭᠠᠯᠠᠬᠤ᠂ ᠲᠣᠭᠤᠷᠢᠨ ᠴᠠᠭᠳᠠᠵᠤ ᠠᠰᠠᠷ ᠳᠠᠭᠤᠳᠠᠬᠤ᠂ ᠴᠠᠭᠳᠠᠵᠤ ᠵᠢᠵᠢᠭᠦᠷᠯᠡᠬᠦ᠂ ᠲᠥᠷᠥ  ᠶᠢᠨ ᠪᠣᠳᠣᠯᠭ᠎ᠠ  ᠶᠢ ᠤᠬᠠᠭᠤᠯᠬᠤ ᠵᠡᠷᠭᠡ ᠠᠵᠢᠯ  ᠢ ᠰᠠᠨᠠᠭᠠᠴᠢᠯᠠᠭ᠎ᠠ  ᠠᠴᠠ ᠪᠠᠨ ᠡᠭᠦᠷᠭᠡᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠲᠡᠮᠦᠷ ᠬᠡᠷᠡᠮ ᠲᠡᠮᠦᠷ ᠬᠠᠨ᠎ᠠ  ᠶᠢ ᠴᠣᠭᠴᠠᠯᠠᠭᠰᠠᠨ ᠪᠠᠶᠢᠨ᠎ᠠ᠃      ᠰᠠᠳᠠᠷᠠᠬᠤ ᠨᠢ ᠲᠡᠭᠷᠢ ᠳᠤ ᠲᠦᠭᠡᠵᠦ᠂ ᠴᠤᠭᠯᠠᠷᠠᠬᠤ ᠨᠢ ᠭᠠᠯ ᠳᠤ ᠲᠦᠢᠮᠡᠷ᠃ᠲᠣᠰ ᠤᠳᠠᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠬᠠᠮᠤᠭ ᠤᠨ ᠭᠤᠶᠣ ᠰᠠᠶᠢᠨ ᠳᠤᠷ᠎ᠠ ᠶᠢᠨ ᠠᠵᠢᠯᠯᠠᠭᠴᠢ ᠶᠢ ᠬᠥᠬᠢᠭᠦᠯᠦᠨ ᠰᠠᠶᠢᠰᠢᠶᠠᠪᠠ᠂ ᠡᠭᠦᠨ ᠤ ᠵᠣᠷᠢᠯᠭ᠎ᠠ ᠨᠢ ᠰᠠᠶᠢᠨ ᠳᠤᠷ᠎ᠠ ᠶᠢᠨ ᠠᠵᠢᠯᠯᠠᠭᠴᠢ ᠶᠢᠨ ᠭᠤᠶᠠᠴᠢ ᠦᠭᠡᠢ ᠵᠢᠳᠬᠦᠭᠰᠡᠨ᠂ ᠬᠥᠮᠥᠰ ᠢ ᠤᠷᠮᠠᠰᠢᠭᠤᠯᠤᠨ ᠤᠷᠤᠭᠰᠢᠯᠠᠭᠤᠯᠤᠭᠰᠠᠨ ᠲᠡᠷᠢᠭᠦᠨ ᠤ ᠵᠢᠱᠢᠶᠡᠴᠢ ᠦᠶᠯᠡ ᠠᠵᠢᠯᠯᠠᠭ᠎ᠠ ᠶᠢ ᠰᠤᠷᠤᠯᠴᠠᠵᠤ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠪᠣᠶ ᠪᠣᠯᠭᠠᠭᠰᠠᠨ ᠡᠷᠬᠢᠮ ᠳᠡᠭᠡᠳᠦ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠠᠭ ᠤᠨ ᠪᠡᠷᠬᠡ ᠶᠢ ᠬᠠᠮᠲᠤ ᠪᠠᠷ ᠳᠤᠭᠤᠯᠬᠤ ᠰᠦᠷ ᠳᠠᠯᠠᠶᠢᠴᠠᠲᠠᠢ ᠬᠦᠴᠦᠨ ᠢ ᠥᠷᠭᠡᠨ ᠢᠶᠠᠷ ᠨᠢᠭᠲᠠᠷᠠᠭᠤᠯᠬᠤ ᠶᠢᠨ ᠲᠥᠯᠥᠭᠡ ᠶᠤᠮ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1