ᠰᠤᠪᠤᠷᠭᠠᠨ ᠳᠡᠭᠦᠵᠢᠩ ᠰᠡᠬᠦᠶᠢᠨ ᠰᠦᠨᠳᠡᠷᠯᠡᠵᠦ᠂ ᠨᠢᠰᠬᠡᠯ ᠤᠨ ᠳᠠᠭᠤᠨ ᠨᠢᠵᠢᠭᠢᠨᠡᠵᠦ᠂ ᠪᠠᠷᠢᠯᠭ᠎ᠠ ᠶᠢᠨ | ᠲᠡᠷᠭᠡ ᠬᠥᠰᠬᠡ ᠣᠷᠣᠵᠤ ᠭᠠᠷᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠯᠠᠪᠤᠷ ᠲᠤ ᠶᠠᠭᠠᠷᠠᠯᠲᠠᠢ | ᠪᠠᠶᠢᠳᠠᠯ ᠢᠯᠡᠷᠡᠵᠦ᠂ ᠣᠶᠢᠷ᠎ᠠ ᠶᠢᠨ ᠡᠳᠦᠷ ᠤᠳ ᠲᠤ᠂ ᠳ᠋ᠦᠩ ᠾᠧ ᠲᠣᠭᠤᠷᠢᠭ ᠤᠨ ᠡᠯ᠎ᠡ ᠭᠤᠣᠯᠳᠠᠯᠭ᠎ᠠ ᠲᠠᠢ ᠠᠵᠤ | ᠦᠢᠯᠡᠰ ᠤᠨ ᠲᠦᠷᠦᠯ ᠵᠦᠢᠯ ᠬᠦᠢᠲᠡᠨ ᠢ ᠰᠥᠷᠦᠨ ᠤᠷᠤᠭᠰᠢᠯᠠᠵᠤ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ | ᠪᠦᠲᠦᠭᠡᠨ ᠪᠠᠶᠢᠭᠤᠯᠤᠯᠲᠠ ᠶᠢ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠠᠵᠢᠯ | ᠶᠠᠪᠤᠳᠠᠯ ᠬᠢᠵᠦ ᠦᠢᠯᠡᠰ ᠪᠣᠰᠬᠠᠬᠤ ᠳᠡᠭᠡᠷ᠎ᠡ ᠲᠤᠤᠱᠯᠠᠭᠤᠯᠤᠨ ᠨᠠᠶᠢᠳᠠᠪᠤᠷᠢᠵᠢᠭᠤᠯᠵᠤ᠂︽ᠪᠤᠭᠤᠲᠤ ᠪᠠᠨ ᠬᠠᠶᠢᠷᠠᠯᠠᠵᠤ᠂ | ᠬᠤᠪᠢ ᠨᠡᠮᠡᠷᠢ ᠦᠵᠡᠭᠦᠯᠬᠦ︾ᠲᠡᠮᠡᠴᠡᠯ ᠤᠨ ᠵᠣᠷᠢᠭ ᠪᠣᠯᠣᠨ ᠡᠷᠴᠢ ᠵᠣᠷᠢᠭ ᠢᠶᠠᠷ ᠪᠦᠬᠦ ᠵᠢᠯ ᠤᠨ ᠡᠭᠦᠷᠭᠡ | ᠬᠠᠷᠠᠯᠲᠠ ᠪᠠᠨ ᠪᠡᠶᠡᠯᠡᠭᠦᠯᠵᠦ᠂ ᠲᠡᠭᠦᠰᠬᠡᠯ ᠤᠨ ᠳᠠᠶᠢᠯᠠᠯᠳᠤᠭᠠᠨ ᠤ ᠢᠯᠠᠯᠲᠠ ᠶᠢ ᠣᠯᠬᠤ ᠪᠠᠷ ᠴᠢᠷᠮᠠᠶᠢᠪᠠ᠃ | | | ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠤᠨ ᠪᠦ᠋ᠲᠦᠭᠡᠨ ᠪᠠᠶᠢᠭᠤᠯᠤᠯᠲᠠ | ᠤᠮᠠᠷᠠᠲᠤ ᠶᠢᠨ ᠬᠥᠩᠭᠡᠨ ᠴᠠᠭᠠᠨ ᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ 9.1 ᠲᠦᠮᠡᠨ ᠲᠣᠨ ᠥᠨᠳᠥᠷ ᠴᠢᠳᠠᠪᠬᠢᠲᠤ ᠬᠥᠩᠭᠡᠨ ᠴᠠᠭᠠᠨ ᠤ ᠬᠠᠶᠢᠯᠤᠰᠢ ᠶᠢᠨ ᠬᠡᠪᠰᠢᠭᠦᠯᠭᠡ ᠶᠢᠨ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠪᠦᠲᠦᠭᠡᠨ | ᠪᠠᠶᠢᠭᠤᠯᠤᠯᠲᠠ ᠶᠢᠨ ᠡᠩᠨᠡᠭᠡ ᠶᠠᠭ ᠦᠨᠳᠦᠰᠦᠨ ᠪᠦᠲᠦᠭᠡᠨ ᠪᠠᠷᠢᠯᠭ᠎ᠠ ᠪᠠᠷᠢᠬᠤ᠃ ︽ᠲᠦᠷᠦᠯ ᠵᠦᠢᠯ ᠤᠨ ᠶᠡᠷᠦᠩᠬᠡᠢ | ᠪᠡᠯᠡ ᠣᠷᠣᠭᠤᠯᠤᠯᠲᠠ 12.82 ᠳ᠋ᠦᠩᠰᠢᠭᠤᠷ ᠲᠥᠭᠦᠷᠢᠭ ᠲᠤ ᠬᠦᠷᠴᠦ᠂ ᠬᠤᠶᠠᠷ ᠬᠤᠭᠤᠴᠠᠭ᠎ᠠ ᠬᠤᠪᠢᠶᠠᠨ | ᠪᠦᠲᠦᠭᠡᠨ ᠪᠠᠶᠢᠭᠤᠯᠵᠤ᠂ ᠨᠢᠭᠡᠳᠦᠭᠡᠷ ᠬᠤᠭᠤᠴᠠᠭᠠᠨ ᠤ ᠪᠡᠯᠡ ᠣᠷᠣᠭᠤᠯᠤᠯᠲᠠ 2.82 ᠳ᠋ᠦᠩᠰᠢᠭᠤᠷ ᠲᠥᠭᠦᠷᠢᠭ ᠲᠤ | ᠬᠦᠷᠴᠦ᠂ ᠰᠢᠨ᠎ᠡ ᠪᠠᠷ ᠪᠠᠶᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ 4.1 ᠲᠦᠮᠡᠨ ᠲᠡᠭᠰᠢ ᠳᠥᠷᠪᠡᠯᠵᠢᠨ | ᠮᠧᠲᠷ ᠲᠤ ᠬᠦᠷᠴᠦ᠂ 100 ᠮᠦ ᠭᠠᠵᠠᠷ ᠡᠵᠡᠯᠡᠨ᠎ᠡ︔ᠬᠤᠶᠠᠳᠤᠭᠠᠷ ᠬᠤᠭᠤᠴᠠᠭᠠᠨ ᠳᠤ 10 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ 120 ᠮᠦ ᠭᠠᠵᠠᠷ ᠡᠵᠡᠯᠡᠵᠦ᠂ 4.2 ᠲᠦᠮᠡᠨ ᠲᠡᠭᠰᠢ ᠳᠥᠷᠪᠡᠯᠵᠢᠨ | ᠮᠧᠲᠷ ᠤᠨ ᠦᠢᠯᠡᠳᠪᠦᠷᠢ ᠶᠢᠨ ᠪᠠᠶᠢᠰᠢᠩ ᠢ ᠰᠢᠨ᠎ᠡ ᠪᠠᠷ ᠪᠠᠶᠢᠭᠤᠯᠪᠠ᠃ᠲᠦᠷᠦᠯ ᠵᠦᠢᠯ ᠢ ᠣᠳᠣᠬᠠᠨ ᠳᠤ ᠶᠠᠭ | ᠪᠣᠯᠣᠳ ᠪᠦᠲᠦᠴᠡ ᠲᠠᠢ ᠦᠢᠯᠡᠳᠪᠦᠷᠢ ᠶᠢᠨ ᠪᠠᠶᠢᠰᠢᠩ ᠤᠨ ᠪᠠᠷᠢᠯᠭ᠎ᠠ ᠪᠠᠷᠢᠵᠤ᠂ 2023 ᠣᠨ ᠤ 3 ᠰᠠᠷ᠎ᠠ ᠳᠤ | ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠤᠢ᠃ᠣᠨ ᠤ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠶᠢᠨ ᠲᠥᠯᠥᠭᠡ᠂ ᠠᠵᠢᠯᠴᠢᠳ ᠡᠪᠦᠯ ᠤᠨ ᠤᠯᠠᠷᠢᠯ ᠤᠨ ᠬᠠᠬᠢᠷ | ᠬᠦᠢᠲᠡᠨ ᠠᠭᠤᠷ ᠠᠮᠢᠰᠬᠤᠯ ᠢ ᠢᠯᠠᠨ ᠳᠠᠪᠠᠭ᠋ᠤ ᠪᠠᠶᠢᠳᠠᠯ ᠳᠣᠣᠷ᠎ᠠ ᠥᠪᠡᠷ ᠤᠨ ᠠᠵᠢᠯ ᠤᠨ ᠪᠠᠶᠢᠷᠢ ᠪᠠᠨ ᠪᠠᠲᠤ | ᠰᠠᠬᠢᠵᠤ᠂ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠠᠵᠢᠯ ᠢᠶᠠᠨ ᠡᠳᠦᠷ ᠰᠥᠨᠢ ᠦᠭᠡᠢ ᠬᠢᠵᠦ᠂ ᠳᠥᠷᠪᠡᠳᠦᠭᠡᠷ | ᠤᠯᠠᠷᠢᠯ ᠤᠨ ᠬᠠᠷᠠᠯᠲᠠ ᠶᠢ ᠰᠢᠪᠲᠤᠯᠬᠤ ᠶᠢᠨ ᠲᠥᠯᠥᠭᠡ ᠪᠦᠬᠦ ᠬᠦᠴᠦᠨ ᠢᠶᠠᠷ ᠢᠶᠠᠨ ᠴᠢᠷᠮᠠᠶᠢᠪᠠ᠃ | ᠬᠠᠬᠢᠷ ᠬᠦᠢᠲᠡᠨ ᠳᠤ ᠡᠷᠴᠢ ᠵᠣᠷᠢᠭ ᠨᠢ ᠪᠠᠭᠤᠷᠠᠬᠤ ᠦᠭᠡᠢ ᠪᠠᠶᠢᠵᠤ᠂ ᠡᠷᠡᠯᠬᠡᠭᠯᠡᠨ ᠰᠢᠪᠲᠤᠯᠬᠤ ᠬᠠᠨᠳᠤᠰᠢ | ᠭᠦᠢᠴᠡᠳ ᠪᠠᠶᠢᠨ᠎ᠠ᠃ ᠡᠨᠡ ᠬᠤᠭᠤᠴᠠᠭᠠᠨ ᠠᠴᠠ ᠨᠠᠰᠢ᠂ ᠳ᠋ᠦᠩ ᠾᠧ ᠲᠣᠭᠤᠷᠢᠭ ᠤᠨ ᠬᠢᠨ ᠪᠦᠬᠦ ᠬᠤᠲᠠ ᠶᠢᠨ | ᠴᠢᠬᠤᠯᠠ ᠶᠡᠭᠡ ᠲᠥᠷᠥᠯ ᠵᠦᠢᠯ ᠤᠨ ᠦᠵᠡᠭᠦᠯᠦᠯᠭᠡ ᠶᠢᠨ ᠴᠤᠭᠯᠠᠭᠠᠨ ᠤ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠷᠰᠢᠯᠭ᠎ᠠ ᠪᠠᠨ ᠳ᠋ᠦᠩᠨᠡᠵᠦ᠂ ᠡᠷᠴᠢ ᠵᠣᠷᠢᠭ ᠢᠶᠠᠨ ᠬᠥᠪᠴᠢᠯᠡᠵᠦ᠂ | ᠪᠠᠶᠢᠳᠠᠯ ᠢ ᠰᠢᠯᠢᠳᠡᠭᠵᠢᠭᠦᠯᠦᠨ᠂ ᠦᠷᠭᠦᠯᠵᠢᠯᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ | ᠪᠣᠯᠭᠠᠵᠤ᠂ ᠬᠥᠩᠭᠡᠨ ᠴᠠᠭᠠᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ | ᠬᠡᠯᠬᠢᠶ᠎ᠡ ᠶᠢ ᠴᠢᠩᠭᠠᠳᠬᠠᠬᠤ᠂ ᠬᠥᠩᠭᠡᠨ ᠴᠠᠭᠠᠨ ᠢ ᠨᠠᠷᠢᠯᠢᠭ ᠭᠦᠨᠵᠡᠭᠡᠢ ᠡᠳ᠋ᠰᠢᠭᠦᠯᠬᠦ ᠠᠵᠤ ᠦᠢᠯᠡᠰ ᠤᠨ | ᠰᠦᠷᠦᠭᠵᠢᠯ ᠢ ᠪᠣᠶ ᠪᠣᠯᠭᠠᠬᠤ ᠵᠡᠷᠭᠡ ᠲᠣᠮᠣ ᠠᠵᠢᠯ ᠢ ᠰᠠᠶᠢᠲᠤᠷ ᠬᠢᠵᠦ᠂ ︽ᠬᠤᠶᠠᠷ ᠰᠢᠨ᠎ᠡ︾ ᠶᠢᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠬᠥᠭᠵᠢᠯᠲᠡ ᠶᠢᠨ ᠰᠡᠯᠭᠦᠬᠦ ᠬᠦᠴᠦᠨ ᠢ | ᠲᠠᠰᠤᠷᠠᠯᠲᠠ ᠦᠭᠡᠢ ᠴᠢᠩᠭᠠᠷᠠᠭᠤᠯᠵᠤ᠂ ᠪᠥᠬᠦ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠬᠦᠴᠦᠯᠡᠨ ᠠᠬᠢᠭᠤᠯᠤᠨ᠎ᠠ᠃ | | | | | ᠤᠮᠠᠷᠠᠲᠤ ᠶᠢᠨ ᠬᠥᠩᠭᠡᠨᠴᠠᠭᠠᠨ ᠤ ᠦᠢᠯᠡᠳᠪᠦᠷᠢᠯᠡᠯ ᠦᠨᠦᠢᠯᠡᠳᠪᠦᠷᠢ ᠶᠢᠨ ᠲᠠᠰᠤᠭ | ᠤᠯᠠᠨ ᠡᠰᠢᠲᠦ ᠳᠦᠷᠦ ᠶᠢᠨ ᠪᠣᠳᠣᠯᠭ᠎ᠠ ᠪᠠᠷ ᠳᠡᠮᠵᠢᠬᠦ᠂ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠬᠦ ᠠᠴᠠ ᠠᠵᠢᠯ ᠤᠨ ᠰᠤᠷᠲᠠᠯ ᠢ ᠬᠤᠪᠢᠷᠠᠭᠤᠯᠬᠤ ᠬᠦᠷᠲᠡᠯ᠎ᠡ᠂ ᠳ᠋ᠦᠩ ᠾᠧ ᠲᠣᠭᠤᠷᠢᠭ ᠤᠨ | ᠭᠤᠣᠯᠳᠠᠯᠭ᠎ᠠ ᠲᠠᠢ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠯ᠎ᠡ ᠬᠤᠯᠪᠣᠭᠳᠠᠯ ᠪᠦᠬᠦᠢ ᠨᠢᠭᠡᠴᠡ ᠶᠢᠨ | ᠬᠦᠴᠦᠲᠡᠢ ᠬᠠᠪᠰᠤᠷᠤᠯᠭ᠎ᠠ ᠳᠡᠮᠵᠢᠯᠭᠡ ᠪᠠᠷ ᠲᠦᠷᠭᠡᠨ ᠠᠬᠢᠭᠤᠯᠵᠤ᠂ ᠤᠯᠠᠨ ᠢᠶᠠᠷ ᠢᠶᠠᠨ ᠬᠠᠮᠲᠤᠪᠠᠷ ᠠᠵᠢᠯᠯᠠᠵᠤ᠂ | ᠬᠠᠮᠲᠤᠪᠠᠷ ᠬᠢᠵᠦ᠂ ᠭᠤᠣᠯᠳᠠᠯᠭ᠎ᠠ ᠲᠠᠢ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ | ᠪᠡᠶᠡᠯᠡᠭᠦᠯᠬᠦ ᠳᠤ ᠬᠦᠴᠦ ᠨᠡᠮᠡᠷᠢᠯᠡᠵᠦ᠂ ᠬᠤᠷᠳᠤᠴᠠ ᠶᠢ ᠳᠡᠭᠡᠭᠰᠢᠯᠡᠭᠦᠯᠦᠨ ᠴᠢᠨᠠᠷ ᠢ ᠪᠠᠲᠤᠯᠠᠵᠤ᠂ ᠳᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ᠡᠭᠦᠨ ᠤ | ᠬᠠᠮᠲᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠲᠤᠯᠭᠠᠷᠠᠭᠰᠠᠨ ᠪᠡᠯᠡ | ᠣᠷᠣᠭᠤᠯᠤᠯᠲᠠ ᠪᠡᠯᠡ ᠲᠣᠬᠢᠷᠠᠭᠤᠯᠭ᠎ᠠ᠂ ᠬᠠᠮᠲᠤᠷᠠᠯᠴᠠᠭ᠎ᠠ᠂ ᠭᠠᠷ ᠭᠦᠢᠴᠡᠳᠬᠡᠯ᠂ ᠠᠵᠢᠯᠴᠢᠨ ᠬᠡᠷᠡᠭᠯᠡᠬᠦ᠂ ᠤᠰᠤ | ᠴᠠᠬᠢᠯᠭᠠᠨ ᠬᠡᠢ ᠳᠤᠯᠠᠭᠠᠯᠭ᠎ᠠ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ ᠲᠥᠯᠥᠭᠡ᠂ ᠨᠢᠭᠡ ᠪᠦᠯᠦᠭ ᠪᠡᠯᠡ | ᠣᠷᠣᠭᠤᠯᠤᠯᠲᠠ ᠶᠢᠨ ᠪᠠᠭᠲᠠᠭᠠᠮᠵᠢ ᠶᠡᠭᠡ᠂ ᠠᠵᠤ ᠠᠬᠤᠢ ᠶᠢᠨ ᠦᠷ᠎ᠡ ᠠᠰᠢᠭ ᠰᠠᠶᠢᠨ᠂ ᠳᠠᠶᠢᠴᠢᠯᠠᠬᠤ ᠴᠢᠨᠠᠷ ᠢᠶᠠᠷ | ᠴᠢᠩᠭ᠎ᠠ ᠨᠥᠬᠦᠪᠦᠷᠢ ᠶᠢᠨ ᠬᠡᠯᠬᠢᠶ᠎ᠡ᠂ ᠤᠷᠲᠤᠳᠬᠠᠯ ᠤᠨ ᠬᠡᠯᠬᠢᠶ᠎ᠡ ᠶᠢᠨ ᠲᠥᠷᠥᠯ ᠵᠦᠢᠯ ᠢ ᠲᠣᠭᠲᠠᠭᠤᠨ ᠢᠶᠠᠷ | ᠪᠦᠲᠦᠭᠡᠨ ᠪᠠᠶᠢᠭᠤᠯᠬᠤ ᠶᠢ ᠪᠠᠲᠤᠯᠠᠵᠤ᠂ ᠳ᠋ᠦᠩ ᠡᡁᠸ ᠲᠣᠭᠤᠷᠢᠭ ᠤᠨ ᠬᠢᠨ ︽ᠤᠬᠠᠪᠤᠷᠢᠯᠠᠬᠤ ᠰᠡᠳᠬᠢᠬᠦᠢ︾᠂ | ︽ᠤᠬᠠᠪᠤᠷᠢᠯᠠᠬᠤ ᠰᠡᠳᠬᠢᠬᠦᠢ︾ ᠶᠢ ᠪᠠᠷᠢᠮᠲᠠᠯᠠᠵᠤ᠂ ᠯᠠᠪᠳᠠᠭᠤᠨ ᠪᠠᠲᠤᠲᠠᠢ ᠬᠠᠲᠠᠭᠤᠵᠢᠯᠲᠠᠢ ᠠᠵᠢᠯᠯᠠᠵᠤ ᠪᠣᠳᠠᠲᠠᠢ | ᠠᠵᠢᠯᠯᠠᠵᠤ᠂ ᠤᠷᠢᠳ ᠬᠤᠵᠢᠳ ᠲᠦᠩᠪᠢᠶᠤᠤ᠂ ᠬᠤᠩ ᠴᠢ ᠵᠡᠷᠭᠡ ᠠᠵᠤ ᠠᠬᠤᠶᠢᠯᠠᠯ ᠳᠤ ᠤᠰᠤ᠂ ᠴᠠᠬᠢᠯᠭᠠᠨ᠂ ᠬᠡᠢ | ᠵᠡᠷᠭᠡ ᠵᠦᠢᠯᠡᠰ ᠢ ᠵᠣᠬᠢᠴᠠᠭᠤᠯᠵᠤ᠂ ᠪᠣᠳᠠᠲᠠᠢ ᠪᠦᠲᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠠᠰᠠᠭᠤᠳᠠᠯ᠂ | ᠬᠦᠴᠢᠷ ᠪᠣᠭᠤᠮᠲᠠ ᠶᠢ ᠬᠠᠪᠰᠤᠷᠤᠨ ᠰᠢᠢᠳᠪᠦᠷᠢᠯᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠰᠤᠯᠠᠷᠠᠭᠤᠯᠬᠤ ᠦᠭᠡᠢ᠂ ᠬᠤᠷᠳᠤᠴᠠ ᠶᠢ ᠪᠠᠭᠤᠷᠠᠭᠤᠯᠬᠤ ᠦᠭᠡᠢ ᠪᠠᠷ ︽ᠠᠷᠤ ᠲᠠᠯ᠎ᠠ ᠶᠢᠨ | ᠪᠠᠲᠤᠯᠠᠭ᠎ᠠ︾ ᠶᠢ ᠰᠠᠶᠢᠲᠤᠷ ᠬᠢᠵᠦ ᠥᠭᠴᠡᠢ᠃ | ᠰᠠᠶᠢᠨ ᠲᠦᠷᠦᠯ ᠵᠦᠢᠯ ᠢ ᠪᠠᠶᠢᠭᠤᠯᠵᠤ ᠨᠠᠶᠢᠳᠠᠪᠤᠷᠢᠵᠢᠭᠤᠯᠤᠭᠰᠠᠨ ᠤ ᠠᠷᠤ ᠳᠤ ᠪᠦᠲᠦᠮᠵᠢᠲᠡᠢ | ᠦᠢᠯᠡᠴᠢᠯᠡᠭᠡᠨ ᠤ ᠪᠠᠲᠤᠯᠠᠭ᠎ᠠ ᠪᠠ ᠳᠡᠮᠵᠢᠯᠭᠡ ᠠᠴᠠ ᠪᠣᠯᠵᠤ᠂ ᠳ᠋ᠦᠩ ᠾᠧ ᠲᠣᠭᠤᠷᠢᠭ ᠤᠨ ᠬᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠦᠷᠲᠡᠭᠡ ᠪᠠᠶᠢᠭᠤᠯᠬᠤ ᠪᠠᠷ ᠳᠠᠮᠵᠢᠭᠤᠯᠵᠤ᠂ ᠲᠦᠷᠦᠯ ᠵᠦᠢᠯ ᠤᠨ | ᠬᠠᠮᠢᠶᠠᠷᠤᠯᠲᠠ ᠶᠢᠨ ᠦᠢᠯᠡᠴᠢᠯᠡᠭᠡ ᠶᠢ ᠲᠠᠰᠤᠷᠠᠯᠳᠡ ᠦᠭᠡᠢ ᠰᠢᠯᠢᠳᠡᠭᠵᠢᠭᠦᠯᠵᠦ᠂ ᠳᠤᠮᠳᠠ ᠪᠠᠭ᠎ᠠ ᠠᠵᠤ ᠠᠬᠤᠶᠢᠯᠠᠯ ᠢ | ᠬᠠᠪᠰᠤᠷᠴᠤ︽ᠬᠥᠭᠦᠷᠭᠡ ᠬᠤᠯᠪᠣᠭᠠᠰᠤ︾ᠪᠣᠯᠵᠤ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠲᠠᠪᠴᠠᠩ ᠢ ᠡᠭᠦᠳᠦᠨ | ᠪᠠᠶᠢᠭᠤᠯᠵᠠᠢ᠃ᠠᠭᠤᠯᠠ ᠤᠰᠤᠨ ᠤ ᠱᠧᠩ ᠶᠠᠩ ᠤᠨ ᠤᠯᠠᠭᠠᠨ ᠤ ᠭᠠᠳᠠᠨᠠᠬᠢ ᠴᠠᠬᠢᠯᠭᠠᠨ ᠢᠶᠠᠷ ᠳᠤᠯᠠᠭᠠᠯᠠᠬᠤ | ᠪᠦᠲᠦᠭᠡᠭᠳᠡᠬᠦᠨ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠵᠢᠴᠢ ᠤᠭᠰᠠᠷᠠᠮᠠᠯ ᠪᠠᠷᠢᠯᠭ᠎ᠠ ᠶᠢᠨ ᠮᠠᠲ᠋ᠧᠷᠢᠶᠠᠯ ᠤᠨ | ᠰᠠᠭᠤᠷᠢᠨ ᠭᠠᠵᠠᠷ ᠤᠨ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 1.1 ᠳ᠋ᠦᠩᠰᠢᠭᠤᠷ ᠲᠥᠭᠦᠷᠢᠭ ᠲᠤ | ᠬᠦᠷᠴᠦ᠂ ᠢᠷᠡᠬᠦ ᠵᠢᠯ ᠤᠨ ᠨᠢᠭᠡᠳᠦᠭᠡᠷ ᠤᠯᠠᠷᠢᠯ ᠳᠤ ᠲᠤᠷᠰᠢᠨ ᠦᠢᠯᠡᠳᠪᠦᠷᠢᠯᠡᠬᠦ ᠪᠠᠷ ᠪᠤᠢ᠃ ︽ᠵᠠᠰᠠᠭ ᠤᠨ | ᠣᠷᠳᠣᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠠᠴᠢ ᠪᠠᠷ ᠮᠠᠨ ᠤ ᠪᠦᠲᠦᠭᠡᠨ ᠪᠠᠶᠢᠭᠤᠯᠤᠯᠲᠠ ᠶᠢᠨ | ᠵᠦᠢᠯᠡᠰ ᠰᠠᠶ᠋ᠢ ᠪᠣᠳᠠᠲᠠᠢ ᠦᠷ᠎ᠡ ᠪᠦᠲᠦᠮᠵᠢ ᠣᠯᠵᠤ᠂ ᠮᠠᠨ ᠤ ᠴᠠᠬᠢᠯᠭᠠᠨ ᠳᠤᠯᠠᠭᠠᠯᠠᠭ᠎ᠠ ᠶᠢᠨ ᠦᠢᠯᠡᠳᠬᠦᠨ ᠰᠠᠶ᠋ᠢ | ᠢᠦᠢ ᠳ᠋ᠧ ᠨᠡᠷᠡᠮᠵᠢᠲᠦ ᠬᠥᠩᠭᠡᠨ ᠴᠠᠭᠠᠨ ᠤ ᠦᠢᠯᠡᠰ ᠵᠡᠷᠭᠡ ᠠᠵᠤ ᠠᠬᠤᠶᠢᠯᠠᠯ᠂ ᠪᠢᠴᠢᠯ ᠡᠮᠨᠡᠯᠭᠡ ᠶᠢᠨ ᠰᠠᠯᠠᠭ᠎ᠠ | ᠵᠡᠷᠭᠡ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠠᠷᠢᠯᠭ᠎ᠠ ᠶᠢᠨ ᠭᠠᠵᠠᠷ ᠲᠤ ᠥᠷᠭᠡᠨ ᠢᠶᠠᠷ ᠬᠡᠷᠡᠭᠯᠡᠭᠳᠡᠵᠦ | ᠪᠠᠶᠢᠨ᠎ᠠ︾᠃ ᠭᠡᠵᠦ ᠱᠠᠨ ᠴᠤᠸᠠᠨ ᠤ ᠱᠧᠩ ᠶᠠᠩ ᠤᠨ ᠤᠯᠠᠭᠠᠨ ᠤ ᠭᠠᠳᠠᠨᠠᠬᠢ ᠴᠠᠬᠢᠯᠭᠠᠨ ᠳᠤᠯᠠᠭᠠᠯᠠᠭ᠎ᠠ ᠶᠢᠨ | ᠲᠦᠷᠦᠯ ᠵᠦᠢᠯ ᠤᠨ ᠬᠠᠷᠢᠭᠤᠴᠠᠯᠭᠠᠲᠠᠨ ᠬᠡᠯᠡᠪᠡ᠃ | ᠬᠦ᠋ᠩᠬ᠋ᠡᠨ ᠴᠠᠭᠠᠨ ᠤ ᠦᠢᠯᠡᠰ ᠤᠨ ᠲᠣᠭᠤᠷᠢᠭ ᠤᠨ ᠵᠢᠷᠤᠭ | ︽ᠪᠢᠳᠡ ᠰᠢᠨ᠎ᠡ ᠨᠡᠮᠡᠭᠳᠡᠯ ᠤᠨ ᠬᠡᠮᠵᠢᠶ᠎ᠡ ᠶᠢ ᠪᠣᠶᠢᠵᠢᠭᠤᠯᠬᠤ ᠶᠢ ᠡᠷᠡᠰ ᠭᠤᠶᠢᠪᠢᠰᠢ ᠦᠭᠡᠢ ᠲᠦᠷᠭᠡᠳᠬᠡᠵᠦ᠂ | ︿ᠬᠤᠶᠠᠷ ᠰᠢᠨ᠎ᠡ﹀ ᠶᠢᠨ ᠤᠳᠤᠷᠢᠳᠤᠮᠵᠢ ᠶᠢ ᠪᠠᠷᠢᠮᠲᠠᠯᠠᠨ᠂ ᠬᠥᠩᠭᠡᠨ ᠴᠠᠭᠠᠨ ᠤ ᠨᠠᠷᠢᠯᠢᠭ ᠭᠦᠨᠵᠡᠭᠡᠢ ᠡᠳ᠋ᠰᠢᠭᠦᠯᠬᠦ | ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠵᠤ᠂ ᠬᠥᠩᠭᠡᠨ ᠴᠠᠭᠠᠨ ᠤ ᠠᠵᠤ ᠦᠢᠯᠡᠰ ᠤᠨ ᠬᠡᠯᠬᠢᠶᠡᠵᠢᠯ ᠢ | ᠤᠷᠲᠤᠳᠬᠠᠬᠤ᠂ ᠬᠡᠯᠬᠢᠶᠡᠵᠢᠯ ᠢ ᠨᠥᠬᠦᠪᠦᠷᠢᠯᠡᠬᠦ᠂ ᠬᠡᠯᠬᠢᠶᠡᠵᠢᠯ ᠢ ᠴᠢᠩᠭᠠᠳᠬᠠᠬᠤ ᠶᠢ ᠪᠡᠶᠡᠯᠡᠭᠦᠯᠦᠨ᠎ᠡ᠃ ᠡᠭᠦᠨ ᠤ | ᠬᠠᠮᠲᠤ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠣᠲᠣ ᠶᠢᠨ ᠪᠠᠶᠢᠭ᠎ᠠ ᠠᠳᠠᠯ ᠦᠢᠯᠡᠰ ᠴᠣᠭᠴᠠᠯᠠᠬᠤ᠂ ᠠᠵᠤ ᠦᠢᠯᠡᠰ ᠢᠶᠠᠷ ᠲᠡᠳᠬᠦᠨ ᠳᠡᠮᠵᠢᠬᠦ | ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠂ ᠴᠢᠨᠠᠷ | ᠰᠠᠶᠢᠲᠠᠢ ᠥᠨᠳᠥᠷ ᠪᠦᠲᠦᠮᠵᠢᠲᠡᠶ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡ ᠪᠠᠷ ᠠᠵᠤ ᠠᠬᠤᠶᠢᠯᠠᠯ ᠳᠤ ᠦᠢᠯᠡᠴᠢᠯᠡᠬᠦ | ᠠᠷᠭ᠎ᠠ ᠬᠡᠮᠵᠢᠶ᠎ᠡ ᠶᠢ ᠨᠠᠩ ᠰᠠᠶᠢᠨ ᠪᠠᠶᠠᠯᠢᠭᠵᠢᠭᠤᠯᠤᠨ᠎ᠠ᠃ ᠣᠲᠣ ᠪᠣᠯᠲᠠᠯ᠎ᠠ᠂ ︿ᠮᠠᠰᠲ᠋ᠧᠷ ᠤᠨ ᠠᠩᠭᠢ﹀ ︿ | ᠵᠠᠬᠢᠶᠠᠯᠠᠭ᠎ᠠ ᠶᠢᠨ ᠠᠩᠭᠢ﹀ ᠪᠠᠶᠢᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ | ᠠᠬᠤᠶᠢᠯᠠᠯ ᠳᠤ ᠬᠠᠨᠳᠤᠯᠭᠠᠲᠤ ᠴᠢᠨᠠᠷᠲᠠᠢ ᠪᠠᠷ ᠴᠢᠳᠠᠪᠤᠷᠢᠲᠠᠨ ᠬᠦᠷᠭᠡᠵᠦ᠂ ᠠᠵᠤ ᠠᠬᠤᠶᠢᠯᠠᠯ ᠳᠤ ᠨᠡᠶᠢᠲᠡ 1500 | ᠭᠠᠷᠤᠢ ᠬᠥᠮᠥᠨ ᠬᠦᠷᠭᠡᠵᠦ ᠪᠠᠶᠢᠨ᠎ᠠ︾ ᠭᠡᠵᠦ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠵᠡᠢ᠃ | ᠲᠠᠨᠢᠯᠴᠠᠭᠤᠯᠤᠭᠰᠠᠨ ᠢᠶᠠᠷ᠂ ᠵᠢᠱᠢᠯᠲᠡ ᠪᠠᠷ 2022 ᠣᠨ ᠳᠤ ᠬᠦᠷᠢᠶᠡᠯᠡᠩ ᠲᠣᠭᠤᠷᠢᠭ ᠤᠨ ᠠᠵᠤ | ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ ᠢ 495 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠨᠢᠳᠤᠨᠤᠨ ᠤ ᠬᠢ ᠠᠴᠠ 19% ᠣᠷᠴᠢᠮ ᠨᠡᠮᠡᠭᠳᠡᠬᠦ ᠪᠣᠯᠣᠨ᠎ᠠ︔ᠳᠡᠭᠡᠭᠰᠢ ᠲᠤᠰᠢᠶᠠᠬᠤ ᠭᠠᠶᠢᠯᠢ ᠶᠢᠨ ᠮᠥᠩᠭᠦ 12. | 5 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠬᠢ ᠠᠴᠠ 4% ᠣᠷᠴᠢᠮ ᠢᠶᠠᠷ ᠨᠡᠮᠡᠭᠳᠡᠪᠡ;ᠲᠣᠭᠲᠠᠮᠠᠯ | ᠬᠦ᠋ᠷᠦᠩᠬ᠋ᠡ ᠶᠢᠨ ᠪᠡᠯᠡ ᠣᠷᠣᠭᠤᠯᠤᠯᠲᠠ ᠶᠢ ᠵᠢᠱᠢᠯᠲᠡ ᠪᠠᠷ 19 ᠳ᠋ᠦᠩᠰᠢᠭᠤᠷ ᠲᠥᠭᠦᠷᠢᠭ ᠣᠷᠴᠢᠮ ᠳᠤ ᠬᠦᠷᠭᠡᠵᠦ᠂ | ᠨᠢᠳᠤᠨᠤᠨ ᠤ ᠬᠢ ᠠᠴᠠ 37% ᠣᠷᠴᠢᠮ ᠢᠶᠠᠷ ᠨᠡᠮᠡᠭᠳᠡᠭᠦᠯᠦᠨ᠎ᠡ;ᠬᠡᠪᠴᠢᠶ᠎ᠡ ᠶᠢᠨ ᠲᠠᠯ᠎ᠠ ᠪᠠᠷ 30 ᠡᠷᠦᠬᠡ ᠳᠤ | ᠬᠦᠷᠴᠦ ᠪᠣᠯᠣᠨ᠎ᠠ᠃ | | | | |